2017 ᠣᠨ ᠤ ᠨᠡᠶᠢᠭᠡᠮ ᠤᠨ ᠠᠮᠢᠳᠤᠷᠠᠯ ᠤᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2018/7/4
      ᠪᠦᠬᠦ ᠵᠢᠯ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 35.9 ᠳ᠋ᠦᠩᠰᠢᠭᠤᠷ ᠲᠥᠭᠦᠷᠢᠭ ᠪᠠᠶᠢᠵᠤ᠂ ᠡᠳ᠋ ᠤᠨ ᠵᠠᠰᠠᠭ ᠤᠨ ᠲᠥᠰᠦᠪ ᠤᠨ ᠶᠡᠷᠦᠩᠬᠡᠶ ᠵᠠᠷᠤᠯᠭ᠎ᠠ ᠶᠢᠨ 81.5% ᠢ ᠡᠵᠡᠯᠡᠨ᠎ᠡ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠤ ᠲᠤᠭ᠎ᠠ 4997 ᠬᠦᠮᠦᠨ ᠨᠡᠮᠡᠭᠳᠡᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.54% ᠳᠤ ᠬᠢᠵᠠᠭᠠᠷᠯᠠᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠶᠢ 5.6 ᠳ᠋ᠦᠩᠰᠢᠭᠤᠷ ᠲᠥᠭᠦᠷᠢᠭ ᠲᠠᠷᠬᠠᠭᠠᠵᠠᠢ︔ ᠬᠤᠳᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠲᠤ ᠰᠠᠷ᠎ᠠ ᠪᠦᠷᠢ 75 ᠲᠥᠭᠦᠷᠢᠭ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠨ ᠪᠦᠷᠢ ᠵᠢᠯ ᠳᠤ 492 ᠲᠥᠭᠦᠷᠢᠭ ᠳᠡᠭᠡᠭᠰᠢᠯᠡᠭᠦᠯᠪᠡ᠃ ᠬᠤᠳᠠ ᠶᠢᠨ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠪᠥᠷᠢ ᠶᠢ 23.9 ᠲᠦᠮᠡᠨ ᠲᠥᠭᠦᠷᠢᠭ ᠲᠠᠷᠬᠠᠭᠠᠵᠠᠢ︔ ᠬᠥᠳᠡᠭᠡ ᠲᠣᠰᠬᠤᠨ ᠤ 2381 ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠵᠠᠢ᠃ ᠣᠷᠣᠯᠭ᠎ᠠ ᠪᠠᠭᠠᠲᠠᠶ ᠲᠠᠷᠢᠶᠠᠴᠢᠨ ᠡᠷᠦᠬᠡ ᠶᠢᠨ ᠨᠡᠭᠦᠷᠡᠰᠦᠨ ᠤ ᠨᠥᠬᠦᠪᠥᠷᠢ ᠶᠢ 4202 ᠲᠦᠮᠡᠨ ᠲᠥᠭᠦᠷᠢᠭ ᠲᠠᠷᠬᠠᠭᠠᠵᠤ᠂ 745 ᠲᠦᠮᠡᠨ ᠲᠥᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠢ ᠲᠣᠷᠤᠭᠰᠢ ᠪᠠᠭᠤᠯᠭᠠᠵᠤ᠂ ᠭᠠᠮᠰᠢᠭᠳᠠᠭᠰᠠᠨ ᠠᠷᠠᠳ ᠢ 3. 5 ᠲᠦᠮᠡ ᠢᠯᠡᠭᠦᠦ ᠬᠥᠮᠦᠨ ᠤᠳᠠᠭ᠎ᠠ ᠠᠪᠤᠷᠠᠨ ᠲᠤᠰᠠᠯᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号