2017 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠥᠵᠢᠯ᠂ ᠰᠣᠶᠣᠯ ᠪᠣᠯᠪᠠᠰᠤᠷᠠᠯ᠂ ᠪᠡᠶ᠎ᠡ ᠶᠢᠨ ᠲᠠᠮᠢᠷ ᠪᠣᠯᠤᠨ ᠡᠷᠡᠭᠦᠯ ᠬᠠᠮᠠᠭᠠᠯᠠᠯ ᠤᠨ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2018/7/6
    ᠡᠯ᠎ᠡ ᠲᠥᠷᠥᠯ ᠤᠨ ᠰᠤᠷᠭᠠᠭᠤᠯᠢ 324 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠳᠤᠭ᠎ᠠ ᠨᠢ 9.22 ᠲᠦᠮᠡᠨ ᠬᠥᠮᠦᠨ ᠪᠣᠯᠤᠨ᠎ᠠ᠃ ᠡᠭᠦᠨ ᠳᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 4 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠭ᠎ᠠ ᠨᠢ 11831 ᠬᠥᠮᠦᠨ ᠪᠣᠯᠤᠨ᠎ᠠ︔ ᠠᠵᠢᠯ ᠮᠡᠷᠭᠡᠵᠢᠯ ᠤᠨ ᠥᠨᠳᠥᠷ ᠳᠤᠮᠳᠠᠳᠤ ᠰᠤᠷᠭᠠᠭᠤᠯᠢ ᠨᠢ ᠨᠢᠭᠡ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠳᠤᠭ᠎ᠠ ᠨᠢ 7936 ᠬᠥᠮᠦᠨ ᠪᠠᠶᠢᠳᠠᠭ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 14 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ ᠨᠢ 15898 ᠬᠥᠮᠦᠨ ᠪᠣᠯᠤᠨ᠎ᠠ︔ ᠡᠩ ᠤᠨ ᠪᠠᠭ᠎ᠠ ᠰᠤᠷᠭᠠᠭᠤᠯᠢ 46 ᠰᠠᠭᠤᠷᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠤᠭ᠎ᠠ ᠨᠢ 37446 ᠬᠥᠮᠦᠨ ᠪᠣᠯᠤᠨ᠎ᠠ︔ ᠬᠡᠦᠬᠡᠳ ᠤᠨ ᠴᠡᠴᠡᠷᠯᠢᠭ ᠤᠨ 25 ᠰᠠᠭᠤᠷᠢ ᠪᠠᠶᠢᠵᠣ ᠂ ᠴᠡᠴᠡᠷᠯᠢᠭ ︵ᠠᠩᠬᠢ︶ ᠤᠨ ᠬᠡᠦᠬᠡᠳ ᠤᠨ ᠲᠤᠭ᠎ᠠ ᠨᠢ 4215 ᠬᠥᠮᠦᠨ ᠪᠣᠯᠤᠨ᠎ᠠ᠃ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠤᠷᠤᠭᠰᠠᠨ ᠨᠤᠷᠮ᠎ᠠ ᠨᠢ 100 % ᠪᠣᠯᠤᠨ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠣᠷᠤᠭᠰᠠᠨ ᠨᠤᠷᠮ᠎ᠠ ᠨᠢ 90.3% ᠳᠤ ᠬᠦᠷᠴᠡᠶ᠃ 2017 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠰᠣᠷᠣᠭᠴᠢ ᠶᠢᠨ ᠡᠯᠰᠡᠭᠳᠡᠭᠰᠡᠨ ᠬᠥᠮᠦᠨ ᠤ ᠲᠤᠭ᠎ᠠ ᠨᠢ 2681 ᠬᠥᠮᠦᠨ ᠪᠣᠯᠤᠨ᠎ᠠ᠃     ᠪᠥᠬᠦ ᠲᠣᠭᠤᠷᠢᠭ ᠳᠤ 22 ᠡᠯ᠎ᠡ ᠵᠤᠶᠢᠯ ᠤᠨ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ᠂ 11 ᠤᠷᠠᠨ ᠰᠠᠶᠢᠬᠠᠨ ᠤ ᠲᠣᠭᠯᠠᠯᠲᠠ ᠶᠢᠨ ᠲᠠᠯᠠᠪᠤᠷ᠂ 1 ᠤᠯᠠᠨ ᠨᠡᠶᠢᠲᠡ ᠶᠢᠨ ᠨᠣᠮ ᠤᠨ ᠰᠠᠩ᠂ 1 ᠰᠣᠶᠣᠯ ᠤᠨ ᠣᠷᠳᠣᠨ ᠲᠠᠢ᠃     ᠪᠦᠬᠦ ᠲᠤᠭᠤᠷᠢᠭ ᠳᠤ ᠨᠡᠶᠢᠲᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 49 ᠪᠠᠶᠢᠵᠤ᠂ ᠡᠭᠦᠨ ᠤ ᠳᠣᠲᠣᠷ᠎ᠠ ᠡᠮᠨᠡᠯᠭᠡ ᠶᠢᠨ ᠬᠤᠷᠢᠶ᠎ᠠ 2᠂ ᠡᠷᠡᠭᠦᠯ ᠬᠠᠮᠠᠭᠠᠯᠠᠯ ᠤᠨ ᠬᠤᠷᠢᠶ᠎ᠠ 29᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 7᠂ ᠡᠬᠡ ᠨᠢᠯᠬᠠᠰ ᠤᠨ ᠡᠷᠡᠭᠦᠯ ᠮᠡᠡᠳᠦ ᠶᠢ ᠬᠠᠮᠠᠭᠠᠯᠠᠬᠤ ᠪᠠᠶᠢᠭᠤᠯᠤᠮᠵᠢ 1 ᠂ ᠲᠤᠰᠬᠠᠶ ᠰᠠᠯᠠᠭᠠᠨ ᠤ ᠰᠡᠷᠭᠡᠶᠢᠯᠡᠨ ᠵᠠᠰᠠᠬᠤ ᠭᠠᠵᠠᠷ ᠤᠨ ᠥᠷᠲᠡᠭᠡ 1᠂ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ 1᠂ ᠳᠤᠮᠳᠠ ᠵᠡᠷᠭᠡ ᠶᠢᠨ ᠡᠮᠨᠡᠯᠭᠡ ᠶᠢᠨ ᠬᠤᠷᠢᠶ᠎ᠠ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ 1 ᠪᠠᠶᠢᠨ᠎ᠠ᠃ ᠪᠦᠬᠦ ᠲᠤᠭᠤᠷᠢᠭ ᠨᠡᠶᠢᠲᠡ 1651 ᠣᠷᠣ ᠶᠢᠨ ᠲᠤᠭ᠎ᠠ ᠲᠠᠢ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠳᠠᠨ 1931 ᠬᠥᠮᠦᠨ ᠪᠣᠢ᠂ ᠡᠭᠦᠨ ᠤ ᠳᠣᠲᠣᠷ᠎ᠠ ᠠᠵᠢᠯ ᠡᠷᠭᠢᠯᠡᠬᠦ ᠡᠮᠴᠢ 691 ᠬᠥᠮᠦᠨ ᠪᠠᠶᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠤᠷᠤᠭᠰᠠᠨ ᠬᠥᠮᠦᠨ ᠤ ᠲᠤᠭ᠎ᠠ 39.5 ᠲᠦᠮᠡᠨ ᠬᠥᠮᠦᠨ ᠪᠣᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号