ᠬᠤᠶᠢᠳᠤ ᠬᠤᠲᠠᠨ ᠳᠤ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠬᠢᠵᠦ᠂ ︽ᠬᠤᠶᠠᠷ | ᠬᠦᠷᠢᠶᠡᠯᠡᠩ ᠲᠦᠷᠪᠡᠨ ᠵᠡᠭᠡᠯᠢ ᠲᠦᠷᠪᠡᠨ ᠵᠠᠮ︾ ᠤᠨ 65 ᠲᠦᠮᠡᠨ ᠲᠡᠭᠰᠢ ᠳᠥᠷᠪᠡᠯᠵᠢᠨ ᠮᠧᠳ᠋ᠷ ᠨᠣᠭᠤᠭᠠᠷᠠᠭᠤᠯᠬᠤ | ᠠᠵᠢᠯ ᠢ ᠬᠡᠷᠡᠭᠵᠢᠭᠦᠯᠵᠦ᠂ ︽ᠵᠢᠷᠭᠤᠭᠠᠨ ᠵᠠᠮ ᠬᠤᠶᠠᠷ ᠵᠡᠭᠡᠯᠢ︾ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠬᠥᠭᠦᠷᠭᠡᠨ ᠤ ᠬᠤᠶᠢᠳᠤ ᠲᠠᠯ᠎ᠠ᠂ ᠰᠢᠨ᠎ᠡ ᠬᠤᠲᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ | ᠬᠤᠲᠠ ᠶᠢ ᠬᠤᠯᠪᠤᠭᠰᠠᠨ ᠬᠤᠳᠠ ᠶᠢᠨ ᠵᠠᠮ ᠲᠣᠣᠷ ᠤᠨ ᠰᠢᠨ᠎ᠡ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠠᠢ᠃ | ᠡᠮᠦᠨ᠎ᠡ ᠬᠤᠲᠠ ᠳᠤ 1608 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠬᠢᠵᠦ᠂ ᠮᠦᠯᠠᠨ ᠵᠡᠭᠡᠯᠢ ᠶᠢᠨ ᠵᠡᠭᠦᠨ | ᠬᠡᠰᠡᠭ ᠤᠨ ᠵᠠᠰᠠᠨ ᠥᠭᠡᠷᠡᠴᠢᠯᠡᠬᠦ ᠠᠵᠢᠯ ᠢ ᠳᠠᠭᠤᠰᠬᠠᠵᠤ᠂ ᠨᠠᠢᠮᠠᠨ ᠵᠢᠵᠢᠭ ᠵᠠᠭᠡᠯᠢ ᠭᠤᠳᠤᠮᠵᠢ ᠶᠢ ᠵᠠᠰᠠᠨ | ᠴᠡᠭᠴᠡᠯᠡᠪᠡ᠃ 1197 ᠲᠦᠮᠡᠨ ᠲᠦᠭᠦᠷᠢᠭ ᠤᠨ ᠪᠡᠯᠡ ᠣᠷᠤᠭᠤᠯᠵᠤ᠂ ᠰᠢᠨ᠎ᠡ ᠬᠠᠭᠤᠴᠢᠨ ᠲᠣᠭᠤᠷᠢᠭ ᠤᠨ | ᠶᠠᠪᠠᠭᠠᠨ ᠬᠥᠮᠦᠨ ᠤ ᠵᠠᠮ᠂ ᠡᠨᠧᠷᠭᠢ ᠠᠷᠪᠢᠯᠠᠬᠤ ᠵᠠᠮ ᠤᠨ ᠳ᠋ᠧᠩ᠂ ᠤᠰᠤ ᠭᠠᠳᠠᠭᠰᠢᠯᠠᠭᠤᠯᠬᠤ ᠵᠡᠷᠭᠡ ᠬᠤᠲᠠ | ᠲᠣᠭᠤᠷᠢᠭ ᠤᠨ ᠲᠣᠨᠤᠭ ᠳᠦᠬᠦᠭᠡᠷᠦᠮᠵᠢ ᠶᠢ ᠳᠡᠭᠦᠯᠳᠡᠷᠵᠢᠭᠦᠯᠵᠠᠢ᠃ |