2017 ᠣᠨ ᠤ ᠵᠠᠮ ᠬᠠᠷᠢᠯᠴᠠᠭ᠎ᠠ ᠪᠠ ᠰᠢᠤᠳᠠᠨ ᠴᠠᠬᠢᠯᠭᠠᠨ ᠤ ᠦᠢᠯᠡᠰ ᠤᠨ ᠲᠣᠶᠢᠮᠤ ᠪᠠᠶᠢᠳᠠᠯ
ᠨᠡᠶᠢᠲᠡᠯᠡᠭᠰᠡᠨ ᠴᠠᠭ᠄
2018/7/6
     ᠪᠦᠬᠦ ᠲᠣᠭᠤᠷᠢᠭ ᠤᠨ ᠵᠠᠰᠠᠮᠠᠯ ᠵᠠᠮ ᠤᠨ ᠳᠡᠷᠭᠡ ᠨᠡᠪᠳᠡᠷᠡᠬᠦ ᠵᠠᠮ ᠤᠨ ᠤᠷᠲᠤ ᠨᠢ 1809.7 ᠺᠢᠯᠣᠮᠧᠳ᠋ᠷ ᠪᠣᠯᠤᠨ᠎ᠠ᠃ ᠪᠦᠬᠦ ᠵᠢᠯ ᠤᠨ ᠵᠠᠰᠠᠮᠠᠯ ᠵᠠᠮ ᠤᠨ ᠠᠶᠠᠨᠴᠢᠨ ᠵᠥᠭᠡᠭᠡᠪᠦᠷᠢᠯᠡᠬᠦ ᠬᠡᠮᠵᠢᠶ᠎ᠡ ᠨᠢ 476 ᠲᠦᠮᠡᠨ ᠬᠥᠮᠦᠨ ᠪᠠᠶᠢᠵᠤ᠂ ᠳᠡᠭᠡᠷ᠎ᠡ ᠵᠢᠯ ᠠᠴᠠ 2.4% ᠪᠠᠷ ᠨᠡᠮᠡᠭᠳᠡᠵᠡᠢ᠂ ᠠᠶᠠᠨᠴᠢᠨ ᠵᠥᠭᠡᠭᠡᠪᠦᠷᠢᠯᠡᠬᠦ ᠡᠷᠭᠢᠯᠲᠡ ᠶᠢᠨ ᠬᠡᠮᠵᠢᠶ᠎ᠡ ᠨᠢ 70500 ᠲᠦᠮᠡᠨ ᠬᠦᠮᠦᠨ ᠺᠢᠯᠣᠮᠧᠳ᠋ᠷ ᠲᠤ ᠬᠦᠷᠴᠦ᠂ ᠲᠦᠷᠦᠭᠦᠦ ᠵᠢᠯ ᠤᠨ ᠬᠢ ᠠᠴᠠ 2.9% ᠢᠶᠠᠷ ᠨᠡᠮᠡᠭᠳᠡᠵᠡᠢ᠃ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 420 ᠲᠦᠮᠡᠨ ᠲᠣᠨ ᠳᠤ ᠬᠦᠷᠴᠦ᠂ ᠲᠦᠷᠦᠭᠦᠦ ᠵᠢᠯ ᠤᠨ ᠬᠢ ᠠᠴᠠ 7.7% ᠪᠠᠷ ᠨᠡᠮᠡᠭᠳᠡᠵᠦ᠂ ᠪᠠᠷᠠᠭ᠎ᠠ ᠲᠡᠭᠡᠭᠡᠪᠦᠷᠢᠯᠡᠬᠦ ᠡᠷᠭᠢᠯᠲᠡ ᠶᠢᠨ ᠬᠡᠮᠵᠢᠶ᠎ᠡ 22000 ᠲᠣᠨ ᠺᠢᠯᠣᠮᠧᠳ᠋ᠷ ᠲᠤ ᠭᠦᠷᠴᠦ᠂ ᠲᠦᠷᠦᠭᠦᠦ ᠵᠢᠯ ᠤᠨ ᠬᠢ ᠠᠴᠠ 11.1% ᠪᠠᠷ ᠨᠡᠮᠡᠭᠳᠡᠵᠡᠢ᠃     ᠪᠦᠬᠦ ᠵᠢᠯ ᠳᠤ ᠰᠢᠤᠳᠠᠨ ᠴᠠᠬᠢᠯᠭᠠᠨ ᠤ ᠦᠢᠯᠡᠰ ᠤᠨ ᠶᠡᠷᠦᠩᠬᠡᠢ ᠬᠡᠮᠵᠢᠶ᠎ᠡ ᠨᠢ 3.2 ᠳ᠋ᠦᠩᠰᠢᠭᠤᠷ ᠳᠦᠭᠦᠷᠢᠭ ᠶᠢ ᠪᠡᠶᠡᠯᠡᠭᠦᠯᠵᠦ᠂ 3.2% ᠢᠶᠠᠷ ᠨᠡᠮᠡᠭᠳᠡᠪᠡ᠃ ᠡᠭᠦᠨ ᠳᠤ᠂ ᠴᠠᠬᠢᠯᠭᠠᠨ ᠬᠤᠯᠪᠤᠭ᠎ᠠ ᠶᠢᠨ ᠦᠢᠯᠡᠰ ᠤᠨ ᠶᠡᠷᠦᠩᠬᠡᠢ ᠬᠡᠮᠵᠢᠶ᠎ᠡ ᠨᠢ 2.77 ᠳ᠋ᠦᠩᠰᠢᠭᠤᠷ ᠲᠦᠭᠦᠷᠢᠭ ᠪᠠᠶᠢᠵᠦ᠂ ᠳᠦᠷᠦᠭᠦᠦ ᠵᠢᠯ ᠬᠢ ᠠᠴᠠ 1.5% ᠪᠠᠷ ᠨᠡᠮᠡᠭᠳᠡᠪᠡ᠂ ᠰᠢᠦᠳᠠᠨ ᠠᠵᠢᠯ ᠤᠨ ᠶᠡᠷᠦᠩᠬᠡᠶ ᠬᠡᠮᠵᠢᠶ᠎ᠡ ᠨᠢ 4517 ᠲᠦᠮᠡᠨ ᠲᠥᠭᠦᠷᠢᠭ ᠪᠠᠶᠢᠵᠦ᠂ ᠲᠦᠷᠦᠭᠦᠦ ᠵᠢᠯ ᠤᠨ ᠬᠢ ᠠᠴᠠ 17 % ᠪᠠᠷ ᠨᠡᠮᠡᠭᠳᠡᠪᠡ᠃ ᠪᠥᠬᠦ ᠲᠣᠭᠤᠷᠢᠭ ᠤᠨ ᠲᠣᠭᠲᠠᠮᠠᠯ ᠤᠲᠠᠰᠤ ᠶᠢᠨ ᠲᠤᠭ᠎ᠠ ᠵᠢᠯ ᠤᠨ ᠡᠴᠦᠰ ᠪᠣᠯᠬᠤ ᠳᠤ 17000 ᠡᠷᠦᠬᠡ ᠬᠦᠷᠴᠦ᠂ ᠣᠯᠠᠨ ᠤᠯᠤᠰ ᠤᠨ ᠢᠨᠲ᠋ᠤᠷᠨᠤᠲ ᠰᠦᠯᠵᠢᠶ᠎ᠡ ᠶᠢᠨ ᠬᠡᠷᠡᠭᠯᠡᠭᠴᠢ 60000 ᠡᠷᠦᠬᠡ ᠳᠤ ᠬᠦᠷᠦᠨ᠂ 15500 ᠡᠷᠦᠬᠡ ᠨᠡᠮᠡᠭᠳᠡᠵᠦ᠂ ᠭᠠᠷ ᠤᠲᠠᠰᠤᠨ ᠤ ᠬᠡᠷᠡᠭᠯᠡᠭᠴᠢ 448000 ᠡᠷᠦᠬᠡ ᠳᠤ ᠬᠦᠷᠴᠦ᠂ 35000 ᠡᠷᠦᠬᠡ ᠨᠡᠮᠡᠭᠳᠡᠭᠰᠡᠨ ᠪᠠᠶᠢᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号