ᠨᠢᠭᠡᠳᠦᠭᠡᠷ ᠵᠦᠢᠯ ᠵᠠᠰᠠᠭ ᠤᠨ ᠣᠷᠳᠤᠨ ᠤ ᠮᠡᠳᠡᠭᠡ ᠵᠠᠩᠬᠢ ᠶᠢ ᠢᠯᠡ ᠪᠣᠯᠭᠠᠬᠤ ᠶᠢ ᠠᠬᠢᠭᠤᠯᠵᠤ᠂ ᠠᠷᠠᠳ | ᠢᠷᠭᠡᠨ᠂ ᠬᠠᠤᠯᠢ ᠶᠢᠨ ᠡᠷᠬᠡᠲᠡᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠮᠡᠳᠡᠬᠦ ᠡᠷᠬᠡ ᠶᠢ | ᠪᠠᠳᠤᠯᠠᠵᠤ᠂ ᠵᠠᠰᠠᠭ ᠤᠨ ᠣᠷᠲᠤᠨ ᠤ ᠮᠡᠳᠡᠭᠡ ᠵᠠᠩᠬᠢ ᠶᠢ ᠢᠯᠡ ᠪᠣᠯᠭᠠᠬᠤ ᠲᠣᠭᠲᠠᠭᠠᠯ ᠠᠴᠠ ᠵᠦᠷᠢᠴᠡᠭᠰᠡᠨ | ᠬᠠᠷᠢᠭᠤᠴᠠᠯᠭ᠎ᠠ ᠶᠢ ᠬᠠᠤᠯᠢ ᠶᠣᠰᠤᠭᠠᠷ ᠨᠡᠬᠡᠮᠵᠢᠯᠡᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠲᠣᠮᠳᠠᠲᠤ ᠠᠷᠠᠳ | ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠤᠯᠢ︾ ᠪᠠ ︽ᠪᠦᠭᠦᠳᠡ ᠨᠠᠶᠢᠷᠠᠮᠳᠠᠬᠤ ᠲᠣᠮᠳᠠᠲᠤ ᠠᠷᠠᠳ | ᠤᠯᠤᠰ ᠤᠨ ᠵᠠᠰᠠᠭ ᠤᠨ ᠣᠷᠲᠤᠨ ᠤ ᠮᠡᠳᠡᠭᠡ ᠵᠠᠩᠬᠢ ᠶᠢ ᠢᠯᠡ ᠪᠣᠯᠭᠠᠬᠤ ᠲᠣᠭᠲᠠᠭᠠᠯ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠲᠤᠰ ᠲᠦᠷᠢᠮ ᠲᠣᠭᠲᠠᠭᠠᠯ ᠢ ᠲᠣᠭᠲᠠᠭᠠᠵᠠᠢ᠃ | ᠬᠤᠶᠠᠳᠤᠭᠠᠷ ᠵᠦᠢᠯ ᠲᠤᠰ ᠳᠦᠷᠢᠮ ᠢ ᠬᠡᠯᠡᠵᠦ ᠪᠠᠶᠢᠭ᠎ᠠ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠲᠣᠭᠲᠠᠭᠠᠯ ᠢ ᠵᠥᠷᠢᠴᠡᠭᠰᠡᠨ︾ ᠭᠡᠳᠡᠭ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠪᠣᠯᠤᠨ ᠪᠤᠰᠤᠳ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠬᠠᠶ ᠲᠣᠭᠲᠠᠭᠠᠭᠰᠠᠨ ᠬᠠᠤᠯᠢ ᠴᠠᠭᠠᠵᠠ ᠬᠠᠤᠯᠢ ᠲᠦᠷᠢᠮ ᠢ | ᠵᠢᠭᠠᠨ᠎ᠠ᠃ | ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ | ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠳᠤ ᠦᠨᠡᠨ ᠬᠡᠷᠡᠭ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠤᠰᠤᠳᠴᠢ | ᠪᠥᠭᠡᠳ ᠲᠥᠪ ᠭᠤᠣᠯᠴᠢ᠂ ᠰᠤᠷᠭᠠᠵᠤ ᠬᠥᠮᠦᠵᠢᠭᠦᠯᠬᠦ ᠳᠤ ᠰᠠᠭᠤᠷᠢᠯᠠᠬᠤ᠂ ᠤᠷᠢᠳᠴᠢᠯᠠᠨ ᠰᠡᠷᠭᠡᠶᠢᠯᠡᠬᠦ ᠶᠢ | ᠪᠣᠳᠣᠯᠬᠢᠯᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠰᠠᠬᠢᠯᠭ᠎ᠠ ᠪᠠᠲᠤ ᠶᠢ ᠵᠥᠷᠢᠴᠡᠪᠡᠯ ᠵᠠᠪᠠᠯ ᠨᠡᠬᠡᠮᠵᠢᠯᠡᠬᠦ ᠬᠡᠷᠡᠭᠲᠡᠶ᠃ | | ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠨᠢ | ᠬᠦᠴᠦᠨ ᠤᠶᠢᠭᠡᠢ ᠪᠠᠶᠢᠵᠤ᠂ ᠠᠵᠢᠯ ᠢ ᠬᠠᠰᠢ ᠶᠠᠰᠢ ᠪᠠᠷ ᠠᠷᠭᠠᠴᠠᠨ᠂ ᠶᠠᠩᠵᠤ ᠭᠠᠷᠭᠠᠬᠤ᠂ ᠶᠣᠰᠣᠨ ᠲᠡᠳᠦᠶ᠂ | ᠬᠤᠳᠠᠯ ᠬᠠᠭᠤᠷᠮᠠᠭ ᠢᠶᠠᠷ ᠢᠯᠡ ᠪᠣᠯᠭᠠᠬᠤ᠂ ᠳᠡᠭᠡᠷᠡᠬᠢ ᠪᠠᠨ ᠮᠡᠬᠡᠯᠡᠵᠦ ᠳᠣᠣᠷᠠᠬᠢ ᠪᠠᠨ ᠬᠠᠭᠤᠷᠬᠤ ᠪᠠᠶᠢᠳᠠᠯ ᠭᠠᠷᠪᠠᠯ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠳᠤ ᠴᠡᠭᠡᠷᠯᠡᠭᠦᠯᠦᠨ ᠵᠣᠷᠢᠭᠵᠢᠭᠤᠯᠬᠤ ᠰᠤᠷᠭᠠᠨ ᠬᠥᠮᠦᠵᠢᠯ ᠬᠢᠵᠦ᠂ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠥᠭᠡᠷᠡᠴᠢᠯᠡᠬᠦ ᠦᠭᠡᠢ | ᠪᠣᠯ ᠵᠠᠷᠯᠠᠨ ᠰᠢᠭᠦᠮᠵᠢᠯᠡᠨ᠎ᠡ︔ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠡᠪᠴᠢᠭᠰᠡᠨ | ᠪᠠᠶᠢᠪᠠᠯ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ | ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠢᠨᠠᠨ | ᠪᠠᠶᠢᠴᠠᠭᠠᠬᠤ ᠪᠠᠶᠢᠭᠤᠯᠭ᠎ᠠ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠤᠭᠤᠯᠤᠨ᠎ᠠ︔ ᠥᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠳᠣᠲᠣᠷ᠎ᠠ ᠪᠢᠴᠢᠭ ᠢᠶᠠᠷ ᠮᠡᠳᠡᠭᠳᠡᠨ ᠰᠢᠭᠦᠮᠵᠢᠯᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠶᠳᠬᠡᠯ ᠥᠭᠭᠦᠨ᠎ᠡ : | ︵ᠨᠢᠭᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠢᠯᠭᠠᠨ ᠬᠢᠨᠠᠬᠤ᠂ | ᠨᠡᠶᠢᠭᠡᠮ ᠤᠨ ᠵᠥᠪᠳᠡᠯᠴᠡᠬᠦ ᠵᠡᠷᠭᠡ ᠠᠵᠢᠯ ᠤᠨ ᠳᠦᠷᠢᠮ ᠶᠢ ᠥᠯᠥ ᠪᠠᠶᠢᠭᠤᠯᠵᠤ ᠲᠡᠭᠦᠯᠳᠡᠷᠵᠢᠭᠦᠯᠦᠭᠰᠡᠨ ᠦᠭᠡᠢ︔ | ︵ᠬᠤᠶᠠᠷ︶ ᠡᠰᠡ ᠲᠣᠭᠲᠠᠭᠠᠯ ᠶᠣᠰᠤᠭᠠᠷ ᠬᠢ ᠠᠷᠭ᠎ᠠ ᠮᠠᠶ᠋ᠢᠭ᠂ ᠵᠢᠷᠤᠮ ᠵᠢᠴᠢ ᠴᠠᠭ ᠬᠤᠭᠤᠴᠠᠭ᠎ᠠ ᠪᠠ | ᠠᠭᠤᠯᠭ᠎ᠠ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠦᠭᠡᠢ︔ | ︵ᠭᠤᠷᠪᠠ︶ ᠬᠤᠷᠢᠶᠠᠨ ᠣᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠡᠭᠦᠷᠭᠡ ᠪᠠᠨ ᠭᠦᠢᠴᠡᠳᠬᠡᠬᠦ ᠦᠭᠡᠢ ᠢᠯᠡᠴᠢᠯᠡᠨ ᠮᠡᠳᠡᠭᠦᠯᠦᠭᠰᠡᠨ ᠲᠤ ᠢᠳᠡᠪᠬᠢᠲᠡᠶ ᠪᠠᠷ ᠰᠢᠶᠳᠪᠦᠷᠢᠯᠡᠬᠦ ᠦᠭᠡᠢ︔ | ︵ᠲᠦᠷᠪᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠦᠭᠡᠢ︔ | ︵ᠲᠠᠪᠤ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ ᠵᠡᠷᠭᠡ | ᠠᠵᠢᠯ ᠤᠨ ᠳᠦᠷᠢᠮ ᠢ ᠵᠥᠷᠢᠴᠡᠭᠰᠡᠨ︔ | ︵ᠵᠢᠷᠭᠤᠭ᠎ᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ | ᠮᠡᠳᠡᠭᠦᠯᠦᠯᠲᠡ ᠶᠢ ᠴᠠᠭ ᠲᠤᠬᠠᠶ ᠳᠤᠨᠢ ᠨᠡᠶᠢᠲᠡᠯᠡᠬᠦ ᠤᠶᠢᠭᠡᠢ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠢᠨᠠᠨ | ᠪᠠᠶᠢᠴᠠᠭᠠᠬᠤ ᠪᠠᠶᠢᠭᠤᠯᠭ᠎ᠠ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠤᠭᠤᠯᠤᠨ᠎ᠠ︔ ᠥᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠳᠣᠲᠣᠷ᠎ᠠ ᠪᠢᠴᠢᠭ ᠢᠶᠠᠷ ᠮᠡᠳᠡᠭᠳᠡᠨ ᠰᠢᠭᠦᠮᠵᠢᠯᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠰ ᠪᠠ ᠪᠤᠰᠤᠳ | ᠰᠢᠭᠤᠳ ᠬᠠᠷᠢᠭᠤᠴᠠᠯᠭ᠎ᠠ ᠲᠠᠢ ᠬᠥᠮᠦᠰ ᠲᠤ ᠬᠠᠤᠯᠢ ᠶᠣᠰᠣᠭᠠᠷ ᠰᠢᠶᠳᠬᠡᠯ ᠥᠭᠭᠦᠨ᠎ᠡ︔ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ : | ︵ᠨᠢᠭᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠪᠠᠨ ᠬᠠᠤᠯᠢ ᠶᠣᠰᠣᠭᠠᠷ | ᠭᠦᠢᠴᠡᠳᠬᠡᠬᠦ ᠦᠭᠡᠶ᠃ | ︵ᠬᠤᠶᠠᠷ︶ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠠᠷᠴᠠᠭ ᠢᠶᠠᠨ ᠴᠠᠭ ᠲᠤᠬᠠᠶ ᠳᠤᠨᠢ ᠰᠢᠨᠡᠳᠬᠡᠬᠦ ᠦᠭᠡᠶ᠃ | ︵ᠭᠤᠷᠪᠠ︶ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠬᠤ᠃ | ︵ᠳᠥᠷᠪᠡ︶ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠲᠥᠯᠥᠪᠦᠷᠢᠲᠦ ᠦᠢᠯᠡᠴᠢᠯᠡᠭᠡ ᠶᠢᠨ | ᠠᠷᠭ᠎ᠠ ᠮᠠᠶ᠋ᠢᠭ ᠢᠶᠠᠷ ᠳᠡᠮᠵᠢᠵᠦ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ᠃ | ︵ᠲᠠᠪᠤ︶ ᠢᠯᠡ ᠪᠣᠯᠭᠠᠵᠤ ᠡᠰᠡ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠃ | ︵ᠵᠢᠷᠭᠤᠭ᠎ᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ ᠵᠥᠷᠢᠴᠡᠭᠰᠡᠨ | ᠪᠤᠰᠤᠳ ᠦᠢᠯᠡ ᠠᠵᠢᠯᠯᠠᠭ᠎ᠠ᠃ | ᠳᠣᠯᠣᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠯᠥ ᠬᠠᠮᠵᠢᠯᠴᠠᠬᠤ ᠪᠤᠶᠤ ᠡᠰᠡᠷᠭᠦᠴᠡᠨ ᠬᠤᠷᠢᠭᠯᠠᠬᠤ ᠳᠤ | ᠬᠦᠷᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ | ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠃ | ᠨᠠᠶᠢᠮᠠᠳᠤᠭᠠᠷ ᠵᠦᠢᠯ ᠬᠠᠷᠢᠭᠤᠴᠠᠯᠭ᠎ᠠ ᠨᠡᠬᠡᠮᠵᠢᠯᠡᠬᠦ ᠨᠢ᠂ ᠬᠢᠨᠠᠨ ᠪᠠᠶᠢᠴᠠᠭᠠᠬᠤ ᠪᠠᠶᠢᠭᠤᠯᠭ᠎ᠠ᠂ ᠳᠡᠭᠡᠷ᠎ᠡ ᠨᠢᠭᠡ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠤᠨ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ | ᠬᠡᠷᠡᠭᠵᠢᠭᠦᠯᠵᠦ᠂ ᠲᠤᠰ ᠲᠦᠷᠢᠮ ᠢ ᠵᠦᠷᠢᠴᠡᠵᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠶᠳᠪᠦᠷᠢᠯᠡᠬᠦ | ᠬᠡᠷᠡᠭᠲᠡᠢ ᠪᠣᠯ᠂ ᠵᠣᠬᠢᠶᠠᠨ ᠪᠠᠶᠢᠭᠤᠯᠤᠯᠲᠠ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠺᠠᠳ᠋ᠷ ᠢ ᠬᠠᠮᠢᠶᠠᠷᠬᠤ | ᠡᠷᠬᠡ ᠶᠢᠨ ᠬᠡᠪᠴᠢᠶ᠎ᠡ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠶᠢᠰᠦᠳᠦᠭᠡᠷ ᠵᠦᠢᠯ ᠲᠤᠰ ᠲᠦᠷᠢᠮ ᠢ ᠮᠠᠨ ᠤ ᠲᠣᠭᠤᠷᠢᠭ ᠤᠨ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠳᠤ ᠬᠡᠷᠡᠭᠵᠢᠭᠦᠯᠬᠦ ᠪᠣᠯᠤᠨ᠎ᠠ᠃ | ᠠᠷᠪᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |