ᠨᠢᠭᠡᠳᠦᠭᠡᠷ ᠵᠦᠢᠯ ᠪᠥᠬᠦ ᠲᠣᠭᠤᠷᠢᠭ ᠤᠨ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠬᠠᠤᠯᠢ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠢ ᠪᠠᠲᠤᠯᠠᠵᠤ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠷᠠᠳ ᠲᠦᠮᠡᠨ ᠤ ᠦᠢᠯᠡᠳᠪᠦᠷᠢᠯᠡᠯ᠂ ᠠᠮᠢᠳᠤᠷᠠᠯ ᠪᠣᠯᠤᠨ ᠠᠵᠤ | ᠠᠬᠤᠶ ᠨᠡᠶᠢᠭᠡᠮ ᠤᠨ ᠠᠵᠢᠯᠯᠠᠭ᠎ᠠ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠳᠦᠷᠢᠮ︾ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ᠲᠤᠰ ᠲᠦᠷᠢᠮ ᠢ | ᠲᠣᠭᠲᠠᠭᠠᠵᠠᠢ᠃ | ᠬᠤᠶᠠᠳᠤᠭᠠᠷ ᠵᠦᠢᠯ ᠨᠡᠶᠢᠭᠡᠮ ᠤᠨ ᠵᠥᠪᠳᠡᠯᠴᠡᠬᠦ ᠠᠵᠢᠯᠯᠠᠭ᠎ᠠ ᠬᠢᠬᠦ ᠳᠤ ᠲᠣᠭᠤᠷᠢᠭ ᠤᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠵᠣᠬᠢᠶᠠᠨ ᠪᠠᠶᠢᠭᠤᠯᠵᠤ | ᠬᠡᠷᠡᠭᠵᠢᠭᠦᠯᠬᠦ ᠬᠡᠷᠡᠭᠲᠡᠶ᠃ | ᠭᠤᠷᠪᠠᠳᠤᠭᠠᠷ ᠵᠦᠢᠯ ᠨᠡᠶᠢᠭᠡᠮ ᠤᠨ ᠵᠥᠪᠳᠡᠯᠴᠡᠬᠦ ᠡᠲᠡᠭᠡᠳ ᠨᠢ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠤᠯᠭ᠎ᠠ ᠪᠣᠯᠤᠨ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠠᠷᠢᠴᠠᠭ᠎ᠠ ᠲᠠᠢ ᠨᠡᠶᠢᠲᠡ ᠶᠢᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠪᠠᠶᠢᠬᠤ ᠬᠡᠷᠡᠭᠲᠡᠢ᠃ | ᠳᠥᠷᠪᠡᠳᠦᠭᠡᠷ ᠵᠦᠢᠯ ᠨᠡᠶᠢᠭᠡᠮ ᠤᠨ ᠵᠥᠪᠯᠡᠨ ᠲᠣᠭᠲᠠᠭᠠᠬᠤ ᠨᠢ ᠤᠯᠠᠨ ᠨᠡᠶᠢᠲᠡ ᠶᠢᠨ ᠦᠨᠡᠯᠡᠨ ᠲᠣᠭᠲᠠᠭᠠᠬᠤ | ᠂ ᠣᠨᠴᠠ ᠤᠷᠢᠭᠰᠠᠨ ᠦᠨᠡᠯᠡᠨ ᠶᠠᠷᠢᠯᠴᠠᠬᠤ ᠯᠤᠭ᠎ᠠ ᠤᠶᠠᠯᠳᠤᠭᠤᠯᠤᠭᠰᠠᠨ ᠠᠷᠭ᠎ᠠ ᠮᠠᠶ᠋ᠢᠭ ᠢᠶᠠᠷ ᠲᠣᠭᠲᠠᠮᠠᠯ | ᠬᠤᠭᠤᠴᠠᠭ᠎ᠠ ᠲᠠᠢ ᠪᠠᠷ ᠬᠢᠬᠦ ᠬᠡᠷᠡᠭᠲᠡᠶ᠃ ᠤᠯᠠᠨ ᠨᠡᠶᠢᠲᠡ ᠶᠢᠨ ᠦᠨᠡᠯᠡᠨ ᠲᠣᠭᠲᠠᠭᠠᠬᠤ ᠢ ᠡᠯ᠎ᠡ ᠱᠠᠲᠤᠨ ᠤ | ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠳᠡᠭᠡᠷ᠎ᠡ ᠢᠯᠠ ᠪᠠᠷ ᠬᠢᠵᠦ ᠪᠣᠯᠤᠨ᠎ᠠ᠂ ᠪᠠᠰᠠ ᠵᠠᠭᠤᠴᠢᠯᠠᠭᠤᠷ ᠪᠤᠶᠤ | ᠬᠤᠯᠪᠣᠭᠳᠠᠯ ᠪᠦᠬᠦᠢ ᠨᠢᠭᠡᠴᠢ ᠳᠤ ᠨᠠᠶᠢᠳᠠᠵᠤ᠂ ᠵᠣᠬᠢᠶᠠᠨ ᠪᠠᠶᠢᠭᠤᠯᠵᠤ ᠠᠷᠠᠳ ᠤᠨ ᠰᠠᠨᠠᠭ᠎ᠠ ᠳᠤ ᠪᠠᠶᠢᠴᠠᠭᠠᠯᠲᠠ | ᠬᠢᠵᠦ ᠪᠣᠯᠤᠨ᠎ᠠ︔ ᠣᠨᠴᠠ ᠤᠷᠢᠭᠰᠠᠨ ᠵᠣᠬᠢᠶᠠᠨ ᠪᠠᠶᠢᠭᠤᠯᠤᠯᠲᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠶᠢᠨ | ᠠᠵᠢᠯᠲᠠᠨ᠂ ᠠᠷᠠᠳ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦ᠋ᠷᠦ ᠶᠢᠨ | ᠵᠥᠪᠯᠡᠯᠭᠡᠨ ᠤ ᠭᠡᠰᠢᠭᠦᠨ᠂ ᠤᠯᠠᠨ ᠲᠦᠮᠡᠨ ᠤ ᠲᠥᠯᠥᠭᠡᠯᠡᠭᠴᠢ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ | ᠤᠷᠢᠵᠤ ᠦᠨᠡᠯᠡᠨ ᠶᠠᠷᠢᠯᠴᠠᠵᠤ ᠪᠣᠯᠤᠨ᠎ᠠ᠃ | ᠲᠠᠪᠤᠳᠤᠭᠠᠷ ᠵᠦᠢᠯ ᠨᠡᠶᠢᠭᠡᠮ ᠤᠨ ᠵᠥᠪᠳᠡᠯᠴᠡᠬᠦ ᠭᠤᠣᠯ ᠠᠭᠤᠯᠭ᠎ᠠ ᠨᠢ᠄ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠪᠠᠶᠢᠳᠠᠯ ᠃ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠲᠣᠳᠣᠷᠬᠠᠶ ᠪᠣᠯᠭᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠᠶᠢᠬᠤ ᠡᠰᠡᠬᠦ᠂ ᠤᠳᠤᠷᠢᠳᠤᠯᠭ᠎ᠠ | ᠡᠷᠬᠢᠯᠡᠨ ᠬᠠᠮᠢᠶᠠᠷᠬᠤ᠂ ᠲᠤᠰᠬᠠᠶ ᠬᠥᠮᠦᠨ ᠢᠶᠠᠷ ᠬᠠᠷᠢᠴᠠᠭᠤᠯᠵᠤ ᠪᠠᠶᠢᠬᠤ ᠡᠰᠡᠬᠦ᠃ | ︵ᠬᠤᠶᠠᠷ︶ ᠬᠤᠯᠪᠣᠭᠳᠠᠯ ᠪᠦᠬᠦᠢ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ᠃ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠪᠠ ᠭᠤᠶᠤᠴᠢᠯᠠᠭᠠᠳ ᠢᠯᠡ ᠪᠣᠯᠭᠠᠬᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠣᠨᠢᠨ ᠮᠡᠳᠡᠭᠡ | ᠨᠡᠶᠢᠲᠡᠯᠡᠬᠦ ᠪᠠ ᠰᠣᠨᠢᠨ ᠮᠡᠳᠡᠭᠡ ᠨᠡᠶᠢᠲᠡᠯᠡᠭᠴᠢ ᠶᠢᠨ ᠲᠦᠷᠢᠮ ᠢ ᠪᠠᠷᠢᠮᠲᠠᠯᠠᠵᠤ ᠪᠠᠶᠢᠬᠤ ᠡᠰᠡᠬᠦ︔ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ | ᠣᠷᠳᠣᠨ ᠤ ᠮᠡᠳᠡᠭᠡ ᠵᠠᠩᠭᠢ ᠳᠤ ᠨᠡᠶᠢᠭᠡᠮ ᠶᠢᠨ ᠦᠨᠡᠯᠡᠨ ᠶᠠᠷᠢᠯᠴᠠᠭ᠎ᠠ ᠵᠣᠬᠢᠶᠠᠨ ᠪᠠᠶᠢᠭᠤᠯᠤᠨ ᠬᠢᠵᠦ ᠪᠠᠶᠢᠬᠤ ᠡᠰᠡᠬᠦ᠂ | ᠣᠨ ᠤ ᠠᠵᠢᠯ ᠤᠨ ᠮᠡᠳᠡᠭᠦᠯᠦᠯᠲᠡ ᠶᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠵᠤ ᠨᠡᠶᠢᠳᠡᠯᠡᠵᠦ ᠪᠠᠶᠢᠬᠤ ᠵᠡᠷᠭᠡ᠃ | | ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ ᠪᠠ ᠢᠯᠡ ᠪᠣᠯᠭᠠᠬᠤ | ᠭᠠᠷᠴᠠᠭ ᠢ ᠨᠠᠶᠢᠷᠠᠭᠤᠯᠤᠨ ᠵᠣᠬᠢᠶᠠᠵᠤ ᠪᠠᠶᠢᠢᠭ᠎ᠠ ᠪᠠᠶᠢᠳᠠᠯ᠃ ᠢᠯᠡ ᠪᠣᠯᠭᠠᠬᠤ ᠵᠦᠭᠯᠡᠭᠦᠷ ᠪᠠ ᠢᠯᠡ ᠪᠣᠯᠭᠠᠬᠤ | ᠭᠠᠷᠴᠠᠭ ᠨᠢ ᠪᠣᠳᠠᠲᠠᠶ᠂ ᠪᠦᠬᠦ ᠲᠠᠯ᠎ᠠ ᠶᠢᠨ ᠡᠰᠡᠬᠦ︔ ᠵᠠᠰᠠᠭ ᠤᠨ ᠣᠷᠳᠣᠨ ᠤ ᠰᠦᠯᠵᠢᠶᠡᠨ ᠤ ᠥᠷᠳᠡᠭᠡ ᠪᠠ | ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠠᠶᠢᠴᠠᠭᠠᠨ ᠦᠵᠡᠬᠦ ᠲᠠᠯᠠᠪᠤᠷ ᠳᠤ ᠨᠡᠶᠢᠳᠡᠯᠡᠭᠰᠡᠨ | ᠡᠰᠡᠬᠦ︔ ᠴᠠᠭ ᠲᠤᠬᠠᠶ ᠳᠤᠨᠢ ᠰᠢᠨᠡᠳᠬᠡᠵᠦ ᠪᠠᠶᠢᠬᠤ ᠡᠰᠡᠬᠦ᠃ | ︵ᠳᠥᠷᠪᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ︽ᠳᠦᠷᠢᠮ︾ ᠲᠤ ᠲᠣᠭᠲᠠᠭᠠᠭᠰᠠᠨ ᠱᠠᠭᠠᠷᠳᠠᠯᠭ᠎ᠠ ᠳᠤ | ᠬᠦᠷᠬᠦ ᠡᠰᠡᠬᠦ︔ ᠭᠤᠣᠯᠳᠠᠯᠭ᠎ᠠ ᠲᠠᠢ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠪᠣᠳᠠᠲᠠᠶ᠂ ᠪᠦᠬᠦ | ᠲᠠᠯ᠎ᠠ ᠶᠢᠨ᠂ ᠪᠣᠳᠠᠲᠤ ᠪᠠᠶᠢᠳᠠᠯ ᠲᠠᠢ ᠨᠡᠶᠢᠴᠡᠵᠦ᠂ ᠣᠷᠬᠢᠭᠳᠠᠭᠤᠯᠤᠭᠰᠠᠨ ᠵᠦᠢᠯ ᠦᠭᠡᠢ ᠪᠠᠶᠢᠬᠤ᠃ | ︵ᠲᠠᠪᠤ︶ ᠢᠯᠡ ᠪᠣᠯᠭᠠᠬᠤ ᠠᠷᠭ᠎ᠠ ᠮᠠᠶ᠋ᠢᠭ ᠪᠠ ᠵᠢᠷᠤᠮ ᠶᠢᠨ ᠪᠠᠶᠢᠳᠠᠯ᠃ ᠵᠠᠰᠠᠭ ᠤᠨ ᠣᠷᠳᠣᠨ ᠨᠢ ᠮᠡᠳᠡᠭᠡ | ᠵᠠᠩᠭᠢ ᠶᠢ ᠨᠡᠶᠢᠳᠡᠯᠡᠬᠦ ᠭᠠᠵᠠᠷ ᠪᠠᠶᠢᠭᠤᠯᠵᠤ᠂ ᠵᠣᠬᠢᠴᠠᠩᠭᠤᠶ ᠲᠤᠨᠤᠬ ᠲᠥᠬᠦᠭᠡᠷᠦᠮᠵᠢ᠂ ᠪᠡᠯᠡᠳᠬᠡᠮᠵᠢ | ᠲᠣᠬᠢᠷᠠᠭᠤᠯᠤᠭᠰᠠᠨ ᠡᠰᠡᠬᠦ︔ ᠵᠠᠰᠠᠭ ᠵᠠᠬᠢᠷᠭᠠᠨ ᠤ ᠪᠠᠶᠢᠭᠤᠯᠭ᠎ᠠ ᠨᠢ ᠣᠯᠠᠨ ᠨᠡᠶᠢᠲᠡ ᠶᠢᠨ ᠪᠠᠶᠢᠴᠠᠭᠠᠨ ᠦᠵᠡᠬᠦ ᠭᠡᠷ᠂ | ᠮᠠᠲ᠋ᠧᠷᠢᠶᠠᠯ ᠠᠪᠬᠤ ᠴᠡᠭ᠂ ᠮᠡᠳᠡᠭᠡ ᠵᠠᠩᠭᠢ ᠶᠢᠨ ᠠᠯᠪᠠᠨ ᠵᠠᠷ ᠤᠨ ᠪᠤᠯᠤᠩ᠂ ᠡᠯᠧᠺᠲᠷᠣᠨ ᠮᠡᠳᠡᠭᠡ ᠵᠠᠩᠭᠢ ᠶᠢᠨ | ᠬᠥᠰᠢᠭᠡ ᠵᠡᠷᠭᠡ ᠲᠠᠯᠠᠪᠤᠷ ᠪᠡᠯᠡᠳᠬᠡᠮᠵᠢ ᠪᠠᠶᠢᠭᠤᠯᠤᠭᠰᠠᠨ ᠡᠰᠡᠬᠦ︔ ᠬᠦᠴᠦᠨ ᠲᠠᠢ ᠬᠤᠭᠤᠴᠠᠭᠠᠨ ᠤ ᠳᠣᠲᠣᠷ᠎ᠠ᠂ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠭᠲᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠵᠤ ᠪᠠᠶᠢᠬᠤ ᠡᠰᠡᠬᠦ︔ ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠭᠤᠶᠤᠴᠢᠯᠠᠭᠴᠢ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠷᠢᠭᠤᠯᠲᠠ ᠥᠭᠬᠦ ᠡᠰᠡᠬᠦ︔ | ᠲᠣᠭᠲᠠᠭᠠᠯ ᠢ ᠵᠥᠷᠢᠴᠡᠨ ᠰᠦᠢᠳᠬᠡᠯ ᠬᠤᠷᠢᠶᠠᠬᠤ ᠡᠰᠡᠬᠦ︔ ᠪᠤᠰᠤᠳ ᠵᠣᠬᠢᠶᠠᠨ ᠪᠠᠶᠢᠭᠤᠯᠤᠯᠲᠠ ᠬᠤᠪᠢ ᠬᠥᠮᠦᠨ ᠤ | ᠲᠥᠯᠥᠪᠦᠷᠢᠲᠦ ᠦᠢᠯᠡᠴᠢᠯᠡᠭᠡ ᠶᠢᠨ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠵᠤ ᠪᠠᠶᠢᠬᠤ | ᠡᠰᠡᠬᠦ︔ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠦᠬᠡᠢ ᠡᠰᠡᠭᠦᠯ᠎ᠡ ᠴᠠᠭ ᠲᠤᠬᠠᠶ ᠳᠤᠨᠢ | ᠢᠯᠡ ᠪᠣᠯᠭᠠᠭᠰᠠᠨ ᠦᠭᠡᠢ ᠠᠴᠠ ᠪᠣᠯᠵᠤ ᠡ᠊ᠨᠳᠡᠯ ᠭᠠᠷᠤᠭᠰᠠᠨ ᠡᠰᠡᠬᠦ᠃ | ᠵᠢᠷᠭᠤᠳᠤᠭᠠᠷ ᠵᠦᠢᠯ ᠨᠡᠶᠢᠭᠡᠮ ᠤᠨ ᠵᠥᠪᠳᠡᠯᠴᠡᠬᠦ ᠭᠤᠣᠯ ᠵᠢᠷᠤᠮ᠄ | ︵ᠨᠢᠭᠡ︶ ᠨᠡᠶᠢᠭᠡᠮ ᠤᠨ ᠵᠥᠪᠳᠡᠯᠴᠡᠬᠦ ᠮᠡᠳᠡᠭᠳᠡᠯ ᠪᠠᠭᠤᠯᠭᠠᠵᠤ᠂ ᠡᠰᠡᠬᠦᠯ᠎ᠡ ᠵᠠᠰᠠᠭ ᠤᠨ ᠣᠷᠳᠣᠨ ᠤ | ᠰᠦᠯᠵᠢᠶᠡᠨ ᠥᠷᠲᠡᠭᠡ᠂ ᠬᠤᠯᠪᠣᠭᠳᠠᠯ ᠪᠦᠬᠦᠢ ᠪᠠᠶᠢᠴᠠᠭᠠᠨ ᠯᠠᠪᠯᠠᠬᠤ ᠲᠠᠪᠴᠠᠩ ᠢ ᠪᠠᠶᠢᠭᠤᠯᠵᠤ᠂ ᠨᠡᠶᠢᠭᠡᠮ ᠤᠨ | ᠵᠥᠪᠳᠡᠯᠴᠡᠬᠦ ᠵᠠᠷ ᠨᠡᠶᠢᠲᠡᠯᠡᠬᠦ ᠬᠡᠷᠡᠭᠲᠡᠶ︔ | ︵ᠬᠤᠶᠠᠷ︶ ᠨᠡᠶᠢᠭᠡᠮ ᠤᠨ ᠵᠥᠪᠳᠡᠯᠴᠡᠬᠦ ᠶᠢ ᠬᠡᠮᠵᠢᠨ ᠲᠣᠭᠲᠠᠭᠠᠬᠤ ᠬᠦᠰᠦᠨᠦᠭ ᠨᠠᠶᠢᠷᠠᠭᠤᠯᠤᠨ ᠵᠣᠬᠢᠶᠠᠬᠤ︔ | | ︵ᠭᠤᠷᠪᠠ︶ ᠨᠡᠶᠢᠭᠡᠮ ᠤᠨ ᠵᠥᠪᠯᠡᠨ ᠲᠣᠭᠲᠠᠭᠠᠬᠤ ᠳᠤ ᠣᠷᠤᠯᠴᠠᠬᠤ ᠬᠥᠮᠦᠰ ᠶᠢ ᠲᠣᠭᠲᠠᠭᠠᠬᠤ︔ | ︵ᠳᠦᠷᠪᠡ︶ ᠰᠢᠯᠭᠠᠷᠠᠭᠤᠯᠤᠯᠲᠠ ᠳᠤ ᠣᠷᠣᠯᠴᠠᠭᠰᠠᠨ ᠬᠥᠮᠦᠰ ᠶᠢ ᠵᠣᠬᠢᠶᠠᠨ ᠪᠠᠶᠢᠭᠤᠯᠵᠤ ᠮᠠᠲ᠋ᠧᠷᠢᠶᠠᠯ ᠢ | ᠰᠢᠭᠦᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠤᠰᠤᠨ᠎ᠠ︔ | ︵ᠲᠠᠪᠤ︶ ᠨᠡᠶᠢᠭᠡᠮ ᠤᠨ ᠵᠥᠪᠳᠡᠯᠴᠡᠬᠦ ᠬᠡᠮᠵᠢᠨ ᠲᠣᠭᠲᠠᠭᠠᠬᠤ ᠬᠦᠰᠦᠨᠦᠭᠲᠦ ᠢ ᠲᠠᠷᠬᠠᠭᠠᠵᠤ᠂ ᠲᠠᠭᠯᠠᠵᠤ᠂ | ᠡᠭᠡᠭᠦᠯᠦᠨ ᠬᠤᠷᠢᠶᠠᠨ᠎ᠠ︔ | ︵ᠵᠢᠷᠭᠤᠭ᠎ᠠ︶ ᠨᠡᠶᠢᠭᠡᠮ ᠤᠨ ᠵᠥᠪᠯᠡᠨ ᠶᠠᠷᠢᠯᠴᠠᠭᠰᠠᠨ ᠪᠠᠶᠢᠳᠠᠯ ︵ᠰᠦᠯᠵᠢᠶᠡᠨ ᠳᠡᠭᠡᠷ᠎ᠡ ᠰᠢᠯᠭᠠᠨ ᠦᠨᠡᠯᠡᠬᠦ︶ | ᠢ ᠬᠤᠷᠢᠶᠠᠩᠭᠤᠶᠢᠯᠠᠵᠤ᠂ ᠡᠭᠦᠨ ᠤ ᠬᠠᠮᠲᠤ ᠦᠷ᠎ᠡ ᠳ᠋ᠦᠩ ᠢᠶᠠᠨ ᠵᠣᠬᠢᠬᠤ ᠬᠦᠷᠢᠶ᠎ᠡ ᠬᠡᠪᠴᠢᠶ᠎ᠡ ᠳᠤ ᠢᠯᠡ ᠪᠣᠯᠭᠠᠨ᠎ᠠ︔ | | ︵ᠲᠤᠯᠤᠭ᠎ᠠ︶ ᠨᠡᠶᠢᠭᠡᠮ ᠤᠨ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠦᠨᠳᠦᠰᠦᠯᠡᠨ᠂ ᠵᠣᠬᠢᠰᠲᠠᠶ | ᠰᠢᠢᠳᠪᠦᠷᠢ ᠭᠠᠷᠭᠠᠬᠤ ᠬᠡᠷᠡᠭᠲᠡᠶ᠃ | ᠳᠣᠯᠣᠳᠤᠭᠠᠷ ᠵᠦᠢᠯ ᠨᠡᠶᠢᠭᠡᠮ ᠤᠨ ᠵᠥᠪᠯᠡᠨ ᠶᠠᠷᠢᠯᠴᠠᠭᠰᠠᠨ ᠦᠷ᠎ᠡ ᠳ᠋ᠦᠩ ᠢ ᠰᠢᠯᠢᠳᠡᠭ᠂ ᠰᠡᠶᠢᠢᠠ᠂ | ᠡᠩ ᠤᠨ᠂ ᠠᠨᠠᠶ ᠳᠥᠷᠪᠡᠨ ᠳᠡᠰ ᠬᠤᠪᠢᠶᠠᠨ᠎ᠠ᠃ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠪᠦᠭᠦ ᠬᠤᠳᠠ ᠶᠢᠨ | ᠬᠡᠪᠴᠢᠶᠡᠨ ᠳᠤ ᠢᠯᠡ ᠨᠡᠶᠢᠲᠡᠯᠡᠬᠦ ᠪᠥᠭᠡᠳ ᠲᠡᠭᠦᠨ ᠢ ᠵᠥᠪᠯᠡᠨ ᠲᠣᠭᠲᠠᠭᠠᠬᠤ ᠰᠠᠯᠠᠭ᠎ᠠ ᠮᠥᠴᠢᠷ᠂ ᠨᠢᠭᠡᠴᠢ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ ᠴᠢᠬᠤᠯᠠ ᠦᠨᠳᠦᠰᠦᠯᠡᠯ | ᠪᠣᠯᠭᠠᠬᠤ ᠬᠡᠷᠡᠭᠲᠡᠶ᠃ | ᠨᠠᠶᠢᠮᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |