ᠨᠢᠭᠡᠳᠦᠭᠡᠷ ᠵᠦᠢᠯ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠰᠠᠶᠢᠲᠤᠷ ᠬᠢᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ | ᠲᠣᠭᠲᠠᠭᠠᠯ ᠢ ᠦᠨᠳᠦᠰᠦᠯᠡᠵᠦ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠢ ᠪᠦᠬᠦ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠦᠢᠯᠡᠳᠦᠭᠰᠡᠨ ᠪᠤᠶᠤ ᠣᠯᠤᠭᠰᠠᠨ᠂ | ᠵᠣᠬᠢᠬᠤ ᠬᠡᠯᠪᠡᠷᠢ ᠪᠠᠷ ᠲᠡᠮᠳᠡᠭᠯᠡᠵᠦ᠂ ᠬᠠᠳᠠᠭᠠᠯᠠᠭᠰᠠᠨ ᠮᠡᠳᠡᠭᠡ ᠵᠠᠩᠭᠢ ᠶᠢ ᠢᠯᠡ ᠪᠣᠯᠭᠠᠬᠤ ᠠᠴᠠ ᠡᠮᠦᠨᠡᠬᠢ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ | ᠬᠢᠨᠠᠨ ᠪᠠᠶᠢᠴᠠᠭᠠᠯᠲᠠ ᠨᠢ ︽ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠢᠯᠡ ᠪᠣᠯᠭᠠᠪᠠᠯ᠂ ᠬᠡᠨ | ᠬᠢᠨᠠᠨ ᠪᠠᠶᠢᠴᠠᠭᠠᠬᠤ︾ ᠵᠠᠷᠴᠢᠮ ᠢ ᠪᠠᠷᠢᠮᠲᠠᠯᠠᠬᠤ ᠬᠡᠷᠡᠭᠲᠡᠶ᠃ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ | ᠵᠠᠰᠠᠭ ᠤᠨ ᠣᠷᠳᠣᠨ ᠤ ᠮᠡᠳᠡᠭᠡ ᠵᠠᠩᠭᠢ ᠨᠢ ᠪᠦᠷ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠯᠭᠡᠬᠦ ᠬᠡᠷᠡᠭᠲᠡᠶ | ᠃ | ᠳᠥᠷᠪᠡᠳᠦᠭᠡᠷ ᠵᠦᠢᠯ ᠪᠠᠯᠭᠠᠰᠤ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢᠭᠤᠴᠠ ᠶᠢ ᠬᠠᠮᠠᠭᠠᠯᠠᠬᠤ ᠠᠵᠢᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠬᠠᠷᠢᠶ᠎ᠠ ᠣᠷᠣᠨ ᠤ | ᠳᠣᠲᠣᠷ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠬᠤ ᠠᠵᠢᠯ ᠢ ᠵᠣᠬᠢᠴᠠᠭᠤᠯᠵᠤ᠂ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ | ᠲᠠᠪᠤᠳᠤᠭᠠᠷ ᠵᠦᠢᠯ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠪᠠ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠲᠥᠪ ᠤᠨ ᠲᠦᠷᠦ ᠶᠢᠨ | ᠪᠠᠶᠢᠭᠤᠯᠭ᠎ᠠ ᠲᠠᠢ ᠬᠠᠮᠲᠤᠷᠠᠨ ᠲᠣᠭᠲᠠᠭᠠᠭᠰᠠᠨ ︽ᠤᠯᠤᠰ ᠤᠨ ᠨᠢᠭᠤᠴᠠ ᠪᠣᠯᠤᠨ ᠲᠡᠭᠦᠨ ᠤ ᠨᠢᠭᠤᠴᠠ ᠶᠢᠨ | ᠲᠡᠰ ᠤᠨ ᠪᠣᠳᠠᠲᠠᠶ ᠬᠡᠪᠴᠢᠶ᠎ᠡ ᠶᠢᠨ ᠲᠣᠭᠲᠠᠭᠠᠯ︾ ᠢᠶᠠᠷ ᠦᠨᠳᠦᠰᠦ ᠪᠠᠷᠢᠮᠲᠠ ᠪᠠᠨ ᠪᠣᠯᠭᠠᠭᠰᠠᠨ ᠪᠠᠶᠢᠨ᠎ᠠ᠃ | ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠨᠡᠶᠢᠲᠡᠯᠡᠬᠦ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠲᠤᠰ ᠳᠦᠷᠢᠮ ᠤᠨ ᠱᠠᠭᠠᠷᠳᠠᠯᠭ᠎ᠠ | ᠶᠣᠰᠣᠭᠠᠷ᠂ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠶᠠᠪᠤᠴᠠ ᠬᠢᠭᠡᠳ | ᠣᠨᠴᠠᠯᠢᠭ ᠲᠠᠢ ᠤᠶᠠᠯᠳᠤᠭᠤᠯᠤᠨ᠂ ᠬᠢᠨᠠᠨ ᠪᠠᠶᠢᠴᠠᠭᠠᠬᠤ ᠵᠢᠷᠤᠮ ᠪᠠ ᠬᠠᠷᠢᠭᠤᠴᠠᠯᠭ᠎ᠠ ᠶᠢ ᠲᠣᠳᠣᠷᠬᠠᠶ ᠪᠣᠯᠭᠠᠨ᠂ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠲᠤᠰᠬᠠᠢ ᠬᠠᠷᠢᠭᠤᠴᠠᠯᠭᠠᠲᠠᠨ ᠲᠣᠭᠲᠠᠭᠠᠨ᠂ ᠨᠢᠭᠤᠴᠠ ᠶᠢ ᠬᠠᠮᠠᠭᠠᠯᠠᠬᠤ ᠬᠢᠨᠠᠨ | ᠪᠠᠶᠢᠴᠠᠭᠠᠬᠤ ᠠᠵᠢᠯ ᠢ ᠬᠤᠪᠢᠳᠠᠨ ᠬᠠᠮᠢᠶᠠᠷᠴᠤ᠂ ᠵᠢᠭᠠᠨ ᠲᠣᠭᠲᠠᠭᠠᠭᠰᠠᠨ ᠪᠠᠶᠢᠭᠤᠯᠤᠮᠵᠢ ᠠᠴᠠ ᠨᠢᠭᠤᠴᠠ ᠶᠢ | ᠬᠠᠮᠠᠭᠠᠯᠠᠬᠤ ᠬᠢᠨᠠᠨ ᠪᠠᠶᠢᠴᠠᠭᠠᠯᠲᠠ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠨᠢ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠥᠷᠨᠢᠭᠦᠯᠬᠦ ᠳᠤ᠂ ᠬᠢᠨᠠᠨ | ᠪᠠᠶᠢᠴᠠᠭᠠᠬᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ᠃ | ᠳᠣᠯᠣᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠤᠯᠤᠰ ᠤᠨ ᠨᠢᠭᠤᠴᠠ ᠳᠤ | ᠬᠤᠯᠪᠣᠭᠳᠠᠬᠤ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠦᠭᠡᠶ᠂ ᠳᠣᠣᠷ᠎ᠠ ᠵᠢᠭᠰᠠᠭᠠᠭᠰᠠᠨ ᠨᠢ᠄ | ︵ᠨᠢᠭᠡ︶ ᠤᠯᠤᠰ ᠤᠨ ᠨᠢᠭᠤᠴᠠ ᠶᠢ ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠨᠢᠭᠤᠴᠠ ᠶᠢ ᠲᠣᠭᠲᠠᠭᠠᠬᠤ | ᠲᠤᠬᠠᠶ ᠲᠣᠭᠲᠠᠭᠠᠯ ᠶᠣᠰᠣᠭᠠᠷ᠂ ᠲᠣᠳᠣᠷᠬᠠᠶ ︽ᠨᠢᠭᠤᠴᠠ︾᠂ ︽ᠨᠠᠷᠢᠨ ᠨᠢᠭᠤᠴᠠ︾᠂ ︽ᠲᠠᠰᠤ ᠨᠢᠭᠤᠴᠠ︾ | ᠬᠡᠮᠡᠬᠦ ᠢᠯᠡᠳᠬᠡᠭᠴᠢ ᠳᠡᠮᠳᠡᠭ ᠲᠠᠢ ᠮᠡᠳᠡᠭᠡ ᠵᠠᠩᠭᠢ︔ | ︵ᠬᠤᠶᠠᠷ︶ ᠬᠡᠳᠦ᠋ᠢᠪᠡᠷ ᠢᠯᠡᠳᠬᠡᠭᠴᠢ ᠳᠡᠮᠳᠡᠭ ᠬᠠᠳᠠᠬᠰᠠᠨ ᠦᠬᠡᠢ᠂ ᠭᠡᠪᠡᠴᠦ ᠠᠭᠤᠯᠭ᠎ᠠ ᠨᠢ ᠤᠯᠤᠰ ᠤᠨ | ᠨᠢᠭᠤᠴᠠ᠂ ᠬᠤᠳᠠᠯᠳᠤᠭᠠᠨ ᠤ ᠨᠢᠭᠤᠴᠠ , ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ︔ | ︵ᠭᠤᠷᠪᠠ︶ ᠪᠤᠰᠤᠳ ᠢᠯᠡ ᠪᠣᠯᠭᠠᠭᠰᠠᠨ ᠤ ᠳᠠᠷᠠᠭ᠎ᠠ ᠤᠯᠤᠰ ᠣᠷᠣᠨ ᠤ ᠠᠮᠤᠷ ᠲᠦᠪᠰᠢᠨ᠂ ᠨᠡᠶᠢᠲᠡ ᠶᠢᠨ | ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠣᠷ | ᠬᠥᠨᠥᠭᠡᠯ ᠤᠴᠠᠷᠠᠭᠤᠯᠵᠤ ᠮᠡᠳᠡᠬᠦ ᠮᠡᠳᠡᠭᠡ ᠵᠠᠩᠭᠢ ᠶᠢ ᠵᠢᠭᠠᠵᠤ ᠪᠠᠶᠢᠨ᠎ᠠ᠃ | ᠨᠠᠶᠢᠮᠠᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ | ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠳᠣᠣᠷᠠᠬᠢ ᠵᠢᠷᠤᠮ ᠢᠶᠠᠷ ᠶᠠᠪᠤᠭᠤᠯᠬᠤ | ᠬᠡᠷᠡᠭᠲᠡᠶ᠄ | ︵ᠨᠢᠭᠡ︶ ᠮᠡᠳᠡᠭᠡ ᠵᠠᠩᠭᠢ ᠪᠤᠢ ᠪᠣᠯᠤᠭᠰᠠᠨ ᠪᠠᠶᠢᠭᠤᠯᠤᠮᠵᠢ ᠠᠴᠠ ᠢᠯᠡ ᠪᠣᠯᠭᠠᠬᠤ ᠡᠰᠡᠬᠦ ᠶᠢᠨ ᠲᠤᠬᠠᠢ | ᠠᠩᠬ᠎ᠠ ᠠᠯᠬᠤᠮ ᠤᠨ ᠰᠠᠨᠠᠯ ᠪᠠᠨ ᠳᠤᠷᠠᠳᠤᠨ ᠭᠠᠷᠭᠠᠨ᠎ᠠ︔ | ︵ᠬᠤᠶᠠᠷ︶ ᠮᠡᠳᠡᠭᠡ ᠵᠠᠩᠭᠢ ᠪᠤᠢ ᠪᠣᠯᠤᠭᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠯᠡ ᠪᠣᠯᠭᠠᠬᠤ ᠡᠰᠡᠬᠦ | ᠲᠤᠬᠠᠶ ᠬᠢᠨᠠᠨ ᠪᠠᠶᠢᠴᠠᠭᠠᠭᠰᠠᠨ ᠰᠠᠨᠠᠯ ᠲᠤᠷᠠᠲᠤᠨᠠ︔ | ︵ᠭᠤᠷᠪᠠ︶ ᠪᠠᠶᠢᠭᠤᠯᠤᠯᠭ᠎ᠠ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠤᠨ ᠪᠠᠶᠢᠭᠤᠯᠤᠮᠵᠢ | ᠬᠢᠨᠠᠨ ᠪᠠᠶᠢᠴᠠᠭᠠᠭᠰᠠᠨ ᠰᠠᠨᠠᠯ ᠳᠤᠷᠠᠳᠬᠤ ᠬᠡᠷᠡᠭᠲᠡᠶ︔ | ︵ᠲᠦᠷᠪᠡ︶ ᠪᠠᠶᠢᠭᠤᠯᠤᠯᠭ᠎ᠠ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠠᠷ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ | ᠶᠢᠰᠦᠳᠦᠭᠡᠷ ᠵᠦᠢᠯ ᠠᠳᠠᠯᠢ ᠪᠤᠰᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠦᠷᠢᠯᠳᠦᠭᠰᠡᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠦᠶ᠎ᠡ ᠳᠤ᠂ ᠭᠤᠣᠯ ᠡᠷᠬᠢᠯᠡᠵᠦ | ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠬᠠᠷᠢᠭᠤᠴᠠᠵᠤ ᠨᠡᠶᠢᠲᠡᠯᠡᠬᠦ ᠠᠴᠠ ᠡᠮᠦᠨ᠎ᠡ ᠨᠢᠭᠤᠴᠠ ᠶᠢ ᠬᠠᠮᠠᠭᠠᠯᠠᠬᠤ | ᠬᠢᠨᠠᠨ ᠪᠠᠶᠢᠴᠠᠭᠠᠯᠲᠠ ᠬᠢᠬᠦ ᠪᠥᠭᠡᠳ ᠪᠢᠴᠢᠭ ᠤᠨ ᠬᠡᠯᠪᠡᠷᠢ ᠪᠠᠷ ᠳᠠᠮᠵᠢᠭᠤᠯᠵᠤ ᠪᠤᠰᠤᠳ ᠪᠠᠶᠢᠭᠤᠯᠭ᠎ᠠ ᠨᠢᠭᠡᠴᠢ ᠶᠢᠨ | ᠵᠥᠪᠰᠢᠶᠡᠷᠡᠯ ᠢ ᠣᠯᠤᠭᠰᠠᠨ ᠤ ᠲᠠᠷᠠᠭ᠎ᠠ ᠰᠠᠶ᠋ᠢ ᠢᠯᠡ ᠪᠣᠯᠭᠠᠬᠤ ᠬᠡᠷᠡᠭᠲᠡᠶ᠃ | ᠠᠷᠪᠠᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ | ᠮᠡᠳᠡᠭᠡ ᠵᠠᠩᠭᠢ ᠨᠢ ᠤᠯᠤᠰ ᠤᠨ ᠨᠢᠭᠤᠴᠠ ᠳᠤ ᠲᠣᠭᠠᠴᠠᠭᠳᠠᠬᠤ ᠡᠰᠡᠬᠦ ᠪᠠ ᠠᠯᠢ ᠲᠡᠰ ᠲᠤ ᠲᠣᠭᠠᠴᠠᠭᠳᠠᠬᠤ | ᠨᠢᠭᠤᠴᠠ ᠶᠢᠨ ᠲᠡᠰ ᠨᠢ ᠲᠣᠳᠣᠷᠬᠠᠶ ᠤᠶᠢᠭᠡᠢ ᠪᠠᠶᠢᠪᠠᠯ᠂ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ | ᠲᠠᠯ᠎ᠠ ᠳᠤ ᠪᠠᠭᠲᠠᠵᠤ᠂ ᠱᠠᠳᠤ ᠳᠠᠷᠠᠭᠠᠯᠠᠨ ᠮᠡᠳᠡᠭᠦᠯᠵᠦ ᠲᠤᠰ ᠵᠦᠢᠯᠡᠰ ᠤᠨ ᠨᠢᠭᠤᠴᠠ ᠶᠢᠨ ᠲᠡᠰ ᠢ ᠲᠣᠭᠲᠠᠭᠠᠬᠤ | ᠡᠷᠬᠡ ᠲᠠᠢ ᠳᠡᠭᠡᠷ᠎ᠡ ᠱᠠᠲᠤᠨ ᠤ ᠪᠠᠶᠢᠭᠤᠯᠭ᠎ᠠ ᠪᠤᠶᠤ ᠨᠢᠭᠤᠴᠠ ᠬᠠᠮᠠᠭᠠᠯᠠᠬᠤ ᠠᠵᠢᠯ ᠤᠨ ᠰᠠᠯᠠᠭ᠎ᠠ ᠮᠥᠴᠢᠷ | ᠲᠣᠭᠲᠠᠭᠠᠨ᠎ᠠ︔ ᠪᠤᠰᠤᠳ ᠲᠠᠯ᠎ᠠ ᠶᠢᠨ ᠵᠦᠢᠯᠡᠰ ᠢ ᠱᠠᠳᠤ ᠳᠠᠷᠠᠭᠠᠯᠠᠨ ᠮᠡᠳᠡᠭᠦᠯᠵᠦ ᠲᠤᠰ ᠵᠦᠢᠯᠡᠰ ᠤᠨ | ᠨᠢᠭᠤᠴᠠ ᠶᠢᠨ ᠲᠡᠰ ᠢ ᠲᠣᠭᠲᠠᠭᠠᠬᠤ ᠡᠷᠬᠡ ᠲᠠᠢ ᠨᠢᠭᠤᠴᠠ ᠬᠠᠮᠠᠭᠠᠯᠠᠬᠤ ᠠᠵᠢᠯ ᠤᠨ ᠰᠠᠯᠠᠭ᠎ᠠ ᠮᠥᠴᠢᠷ ᠲᠣᠭᠲᠠᠭᠠᠨ᠎ᠠ | ᠃ | ᠠᠷᠪᠠᠨ ᠨᠢᠭᠡᠳᠦᠭᠡᠷ ᠵᠦᠢᠯ ᠨᠢᠭᠡᠨᠲᠡ ᠤᠯᠤᠰ ᠤᠨ ᠨᠢᠭᠤᠴᠠ ᠪᠠᠷ ᠲᠣᠭᠲᠠᠭᠠᠭᠰᠠᠨ ᠭᠡᠪᠡᠴᠦ ᠨᠢᠭᠡᠨᠲᠡ | ᠨᠢᠭᠤᠴᠠ ᠶᠢ ᠬᠠᠮᠠᠭᠠᠯᠠᠬᠤ ᠬᠤᠭᠤᠴᠠᠭ᠎ᠠ ᠬᠡᠲᠦᠷᠡᠭᠰᠡᠨ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ | ᠣᠷᠳᠣᠨ ᠤ ᠮᠡᠳᠡᠭᠡ ᠵᠠᠩᠭᠢ ᠶᠢ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠵᠤ ᠪᠣᠯᠬᠤ ᠡᠰᠡᠬᠦ ᠶᠢ ᠬᠢᠨᠠᠨ | ᠪᠠᠶᠢᠴᠠᠭᠠᠵᠤ ᠨᠤᠲᠠᠯᠠᠨ ᠵᠥᠪᠰᠢᠶᠡᠷᠡᠭᠰᠡᠨ ᠤ ᠳᠠᠷᠠᠭ᠎ᠠ᠂ ᠨᠢᠭᠤᠴᠠ ᠶᠢ ᠬᠠᠮᠠᠭᠠᠯᠠᠬᠤ ᠲᠣᠭᠲᠠᠭᠠᠯ ᠶᠣᠰᠣᠭᠠᠷ ᠨᠢᠭᠤᠴᠠ | ᠲᠠᠶᠢᠯᠬᠤ ᠭᠠᠷ ᠭᠦᠢᠴᠡᠳᠬᠡᠯ ᠬᠢᠵᠦ᠂ ᠲᠠᠬᠢᠨ ᠢᠯᠡ ᠪᠣᠯᠭᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠬᠠᠶᠢᠯᠠᠭᠰᠠᠨ | ᠠᠵᠢᠯ ᠤᠨ ᠪᠠᠶᠢᠭᠤᠯᠤᠮᠵᠢ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠣᠢ ᠪᠣᠯᠭᠠᠨ᠂ ᠬᠢᠨᠠᠵᠤ ᠲᠡᠭᠦᠨ ᠳᠤ | ᠭᠠᠷ ᠤᠨ ᠦᠰᠦᠭ ᠵᠢᠷᠤᠬᠤ ᠦᠶᠡᠰ ᠨᠢᠭᠤᠴᠠ ᠶᠢ ᠬᠠᠮᠠᠭᠠᠯᠠᠬᠤ ᠤᠴᠢᠷ ᠶᠠᠪᠤᠳᠠᠯ ᠳᠤ ᠬᠠᠷᠢᠶᠠᠯᠠᠭᠳᠠᠬᠤ ᠡᠰᠡᠬᠦ ᠢ | ᠲᠣᠳᠣᠷᠬᠠᠶᠢᠯᠠᠭᠰᠠᠨ ᠪᠠᠶᠢᠬᠤ ᠬᠡᠷᠡᠭᠲᠡᠢ︔ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠬᠢᠬᠦ ᠦᠶ᠎ᠡ ᠳᠤ᠂ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠪᠠ ᠬᠥᠮᠦᠰ ︽ | ᠢᠯᠡ ᠪᠣᠯᠭᠠᠬᠤ︾᠂ ︽ᠢᠯᠡ ᠪᠣᠯᠭᠠᠬᠤ ᠠᠴᠠ ᠬᠡᠯᠳᠦᠷᠢᠭᠦᠯᠬᠦ︾᠂ ︽ᠬᠢᠨᠠᠨ ᠮᠡᠳᠡᠭᠳᠡᠬᠦ ᠴᠢᠬᠤᠯᠠᠲᠠᠶ︾ ᠵᠡᠷᠭᠡ | ᠬᠢᠨᠠᠨ ᠪᠠᠶᠢᠴᠠᠭᠠᠭᠰᠠᠨ ᠰᠠᠨᠠᠯ ᠢᠶᠠᠨ ᠮᠡᠳᠡᠭᠦᠯᠦᠨ ᠬᠢᠨᠠᠭᠤᠯᠬᠤ ᠪᠥᠭᠡᠳ ᠦᠨᠳᠦᠰᠦᠯᠡᠯ ᠪᠠ ᠤᠴᠢᠷ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠬᠠᠷᠢᠭᠤᠴᠠᠵᠤ ᠨᠢᠭᠤᠴᠠ ᠶᠢ | ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠤᠨ ᠪᠠᠶᠢᠭᠤᠯᠤᠮᠵᠢ ᠣᠯᠵᠤ ᠠᠪᠤᠭᠰᠠᠨ ᠮᠡᠳᠡᠭᠡ ᠵᠠᠩᠭᠢ ᠭᠤᠶᠤᠴᠢᠯᠠᠯ ᠢ | ᠬᠢᠨᠠᠨ ᠪᠠᠶᠢᠴᠠᠭᠠᠭᠰᠠᠨ ᠤ ᠳᠠᠷᠠᠭ᠎ᠠ᠂ 15 ᠠᠵᠢᠯ ᠤᠨ ᠡᠳᠦᠷ ᠤᠨ ᠳᠣᠲᠣᠷ᠎ᠠ ᠬᠢᠨᠠᠨ ᠪᠠᠶᠢᠴᠠᠭᠠᠵᠤ ᠨᠤᠲᠠᠯᠠᠨ | ᠵᠥᠪᠰᠢᠶᠡᠷᠡᠭᠰᠡᠨ ᠰᠠᠨᠠᠯ ᠳᠤᠷᠠᠳᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ | ᠵᠠᠩᠭᠢ ᠳᠤ ᠬᠡᠰᠡᠭ ᠪᠦᠯᠦᠭ ᠨᠢᠭᠤᠴᠠ ᠳᠤ ᠬᠤᠯᠪᠣᠭᠳᠠᠬᠤ ᠠᠭᠤᠯᠭ᠎ᠠ ᠠᠭᠤᠯᠵᠤ ᠪᠠᠶᠢᠭ᠎ᠠ ᠪᠣᠯ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠨᠢᠭᠤᠴᠠ ᠪᠤᠰᠤ ᠢᠶᠠᠷ ᠰᠢᠶᠳᠪᠦᠷᠢᠯᠡᠬᠦ ᠬᠡᠷᠡᠭᠲᠡᠶ᠂ ᠤᠯᠤᠰ ᠤᠨ ᠨᠢᠭᠤᠴᠠ ᠳᠤ | ᠲᠣᠭᠠᠴᠠᠭᠳᠠᠬᠤ ᠬᠡᠰᠡᠭ ᠢ ᠨᠢ ᠢᠯᠡ ᠢᠯᠡ ᠪᠣᠯᠭᠠᠬᠤ ᠦᠭᠡᠢ᠂ ᠦᠯᠡᠳᠡᠭᠰᠡᠨ ᠬᠡᠰᠡᠭ ᠢ ᠨᠢ ᠢᠯᠡ ᠪᠣᠯᠭᠠᠬᠤ | ᠠᠷᠭ᠎ᠠ ᠪᠠᠷ ᠰᠢᠶᠳᠪᠦᠷᠢᠯᠡᠵᠦ ᠪᠣᠯᠤᠨ᠎ᠠ᠃ | ᠠᠷᠪᠠᠨ ᠲᠠᠪᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠨᠢᠭᠤᠴᠠ ᠶᠢ | ᠬᠠᠮᠠᠭᠠᠯᠠᠬᠤ ᠠᠰᠠᠭᠤᠳᠠᠯ ᠠᠴᠠ ᠪᠣᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠢ ᠢᠯᠡ ᠪᠣᠯᠭᠠᠬᠤ ᠦᠭᠡᠢ ᠳᠤ | ᠮᠠᠳᠠᠭ ᠲᠠᠢ ᠪᠣᠯ᠂ ᠵᠠᠰᠠᠭ ᠤᠨ ᠣᠷᠳᠣᠨ ᠤ ᠮᠡᠳᠡᠭᠡ ᠵᠠᠩᠭᠢ ᠪᠤᠢ ᠪᠣᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ | ᠭᠤᠶᠤᠴᠢᠯᠠᠯ ᠭᠠᠷᠭᠠᠵᠤ᠂ ᠲᠡᠷᠡ ᠪᠠᠶᠢᠭᠤᠯᠭ᠎ᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠯᠦ ᠢᠯᠡ ᠪᠣᠯᠭᠠᠬᠤ | ᠦᠨᠳᠦᠰᠦᠯᠡᠯ ᠪᠠ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠲᠣᠲᠤᠷᠬᠠᠶᠢᠯᠠᠭᠤᠯᠬᠤ ᠪᠠᠷ ᠱᠠᠭᠠᠷᠳᠠᠵᠤ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠨᠢᠭᠤᠴᠠ ᠬᠠᠮᠠᠭᠠᠯᠠᠬᠤ ᠠᠵᠢᠯ ᠤᠨ ᠰᠠᠯᠠᠭ᠎ᠠ ᠮᠥᠴᠢᠷ ᠨᠢ | ᠬᠠᠤᠯᠢ ᠶᠣᠰᠣᠭᠠᠷ ᠠᠳᠠᠯᠢ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠᠬᠢ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠳᠤ ᠬᠢᠨᠠᠯᠲᠠ | ᠲᠠᠯᠪᠢᠨ ᠪᠠᠶᠢᠴᠠᠭᠠᠯᠲᠠ ᠬᠢᠵᠦ᠂ ᠤᠯᠤᠰ ᠤᠨ ᠨᠢᠭᠤᠴᠠ ᠶᠢ ᠬᠠᠮᠠᠭᠠᠯᠠᠬᠤ ᠲᠣᠭᠲᠠᠭᠠᠯ ᠢ ᠵᠥᠷᠢᠴᠡᠭᠰᠡᠨ ᠪᠠᠶᠢᠬᠤ ᠶᠢ | ᠣᠯᠵᠤ ᠮᠡᠳᠡᠪᠡᠯ ᠵᠠᠯᠠᠷᠠᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ ᠶᠢ ᠲᠣᠭᠲᠠᠭᠠᠭᠰᠠᠨ ᠦᠭᠡᠢ ᠡᠰᠡᠭᠦᠯ᠎ᠡ | ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠳᠦᠷᠢᠮ ᠢ ᠰᠠᠶᠢᠲᠤᠷ ᠬᠡᠷᠡᠭᠵᠢᠭᠦᠯᠦᠭᠰᠡᠨ ᠦᠭᠡᠢ ᠪᠣᠯ᠂ ᠬᠢᠨᠠᠨ | ᠪᠠᠶᠢᠴᠠᠭᠠᠬᠤ ᠪᠠᠶᠢᠭᠤᠯᠭ᠎ᠠ᠂ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠭᠤᠣᠯ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠶᠳᠬᠡᠯ ᠥᠭᠭᠦᠨ᠎ᠡ . | ᠠᠷᠪᠠᠨ ᠨᠠᠶᠢᠮᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠣᠭᠳᠠᠯ ᠪᠦᠬᠦᠢ ᠲᠣᠭᠲᠠᠭᠠᠯ ᠢ | ᠵᠥᠷᠢᠴᠡᠵᠦ᠂ ᠤᠯᠤᠰ ᠤᠨ ᠨᠢᠭᠤᠴᠠ ᠳᠤ ᠬᠤᠯᠪᠣᠭᠳᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠪᠣᠯᠤᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠠᠶᠢᠴᠠᠭᠠᠵᠤ ᠰᠢᠶᠳᠪᠦᠷᠢᠯᠡᠨ᠎ᠡ︔ ᠤᠶᠢᠢᠯᠠ ᠪᠠᠶᠢᠳᠠᠯ ᠨᠢ ᠬᠦᠨᠳᠦ ᠨᠣᠴᠢᠲᠠᠶ ᠪᠣᠯ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠ ᠶᠢᠰᠦᠳᠦᠭᠡᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |