ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠶᠢ ᠵᠣᠬᠢᠴᠠᠭᠤᠯᠬᠤ ᠳᠦᠷᠢᠮ
ᠨᠡᠶᠢᠲᠡᠯᠡᠭᠰᠡᠨ ᠴᠠᠭ᠄
2018/8/20
     ᠨᠢᠭᠡᠳᠦᠭᠡᠷ ᠵᠦᠢᠯ   ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠴᠠᠭ ᠲᠤᠬᠠᠶ ᠳᠤᠨᠢ᠂ ᠣᠨᠣᠪᠴᠢᠲᠠᠶ᠂ ᠨᠢᠭᠡᠳᠦᠯᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠪᠣᠯᠤᠨ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ ᠲᠤᠰ ᠳᠦᠷᠢᠮ ᠢ ᠲᠣᠭᠲᠠᠭᠠᠵᠠᠢ᠃     ᠬᠤᠶᠠᠳᠤᠭᠠᠷ ᠵᠦᠢᠯ   ᠲᠤᠰ ᠳᠦᠷᠢᠮ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠦᠢᠯᠡᠳᠦᠭᠰᠡᠨ ᠪᠤᠶᠤ ᠣᠯᠤᠭᠰᠠᠨ᠂ ᠵᠣᠬᠢᠬᠤ ᠬᠡᠯᠪᠡᠷᠢ ᠪᠠᠷ ᠲᠡᠮᠳᠡᠭᠯᠡᠵᠦ᠂ ᠬᠠᠳᠠᠭᠠᠯᠠᠭᠰᠠᠨ ᠮᠡᠳᠡᠭᠡ ᠵᠠᠩᠭᠢ ᠶᠢ ᠵᠢᠭᠠᠨ᠎ᠠ᠃     ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ ᠳᠤ ᠪᠦᠬᠦ ᠲᠣᠭᠤᠷᠢᠭ ᠤᠨ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠦᠢᠴᠡᠳᠬᠡᠭᠰᠡᠨ ᠬᠤᠯᠪᠣᠭᠳᠠᠯ ᠪᠦᠬᠦᠢ ᠠᠵᠤ ᠠᠬᠤᠶ ᠶᠢ ᠲᠣᠬᠢᠷᠠᠭᠤᠯᠬᠤ᠂ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠨᠡᠶᠢᠭᠡᠮ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠶᠢᠨ ᠡᠭᠦᠷᠭᠡ ᠪᠣᠯᠤᠨ᠎ᠠ᠃     ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ᠂ ᠨᠢᠭᠡᠳᠦᠯᠲᠠᠢ᠂ ᠠᠷᠠᠳ ᠲᠤ ᠳᠦᠭᠦᠮ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠠᠵᠢᠯ ᠤᠨ ᠦᠷ᠎ᠡ ᠪᠦᠲᠦᠭᠡᠯ ᠢᠶᠠᠨ ᠳᠡᠭᠡᠭᠰᠢᠯᠡᠭᠦᠯᠵᠦ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠬᠡᠷᠡᠭᠲᠡᠶ᠃     ᠳᠥᠷᠪᠡᠳᠦᠭᠡᠷ ᠵᠦᠢᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠣᠭᠤᠷᠢᠭ ᠤᠨ ᠲᠤᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠣᠬᠢᠴᠠᠭᠤᠯᠬᠤ᠂ ᠨᠡᠶᠢᠲᠡᠯᠡᠬᠦ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠪᠠᠶᠢᠭᠤᠯᠤᠯᠭ᠎ᠠ ᠶᠢᠨ ᠬᠢᠨ ᠲᠤᠰᠬᠠᠶ ᠪᠠᠶᠢᠭᠤᠯᠤᠮᠵᠢ ᠵᠢᠭᠠᠨ ᠲᠣᠭᠲᠠᠭᠠᠨ᠂ ᠲᠣᠳᠣᠷᠬᠠᠶ ᠲᠤᠰᠬᠠᠶ ᠲᠤᠰᠢᠶᠠᠯᠲᠤ ᠠᠵᠢᠯᠲᠠᠨ ᠲᠣᠬᠢᠷᠠᠭᠤᠯᠵᠤ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃     ᠲᠠᠪᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠭᠠᠳ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠨᠢ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠭᠠᠳ ᠢᠯᠡ ᠨᠡᠶᠢᠲᠡᠯᠡᠬᠦ ᠳᠦᠷᠢᠮ ︵ᠲᠤᠷᠰᠢᠨ ᠬᠡᠷᠡᠭᠵᠢᠭᠦᠯᠬᠦ︶︾ ᠳᠤ ᠲᠣᠭᠲᠠᠭᠠᠭᠰᠠᠨ ᠵᠢᠷᠤᠮ ᠪᠠ ᠱᠠᠭᠠᠷᠳᠠᠯᠭ᠎ᠠ ᠶᠣᠰᠤᠭᠠᠷ ᠣᠯᠠᠨ ᠲᠦᠮᠡᠨ ᠳᠤ ᠥᠷᠭᠡᠨ ᠪᠠᠷ ᠮᠡᠳᠡᠭᠦᠯᠵᠦ ᠳᠡᠶᠢᠯᠬᠦ ᠬᠡᠯᠪᠡᠷᠢ ᠪᠠᠷ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃     ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠣᠨᠢᠨ ᠮᠡᠳᠡᠭᠡ ᠨᠡᠶᠢᠲᠡᠯᠡᠭᠴᠢ ᠢ ᠵᠢᠭᠠᠨ ᠲᠣᠭᠲᠠᠭᠠᠨ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠲᠤᠰ ᠰᠠᠯᠠᠭ᠎ᠠ ᠮᠥᠴᠢᠷ ᠲᠤᠨᠢ ᠴᠢᠬᠤᠯᠠ ᠶᠡᠭᠡ ᠣᠯᠠᠨ ᠨᠡᠶᠢᠲᠡ ᠶᠢᠨ ᠬᠡᠷᠡᠭ᠂ ᠰᠡᠷᠡᠮᠵᠢᠯᠡᠭᠦᠯᠬᠦ ᠮᠡᠳᠡᠭᠡ ᠵᠠᠩᠭᠢ ᠵᠢᠴᠢ ᠪᠤᠰᠤᠳ ᠤᠯᠠᠨ ᠨᠡᠶᠢᠲᠡ ᠶᠢᠨ ᠴᠠᠭ ᠲᠤᠬᠠᠶ ᠳᠤᠨᠢ ᠮᠡᠳᠡᠬᠦ ᠴᠢᠬᠤᠯᠠᠲᠠᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ᠂ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠰᠣᠨᠢᠨ ᠮᠡᠳᠡᠭᠡ ᠨᠡᠶᠢᠲᠡᠯᠡᠬᠦ ᠬᠤᠷᠠᠯ ᠪᠠᠷ ᠳᠠᠮᠵᠢᠭᠤᠯᠤᠨ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃     ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠲᠣᠣᠷ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠶᠢᠨ ᠠᠳᠠᠯᠢ ᠨᠢᠭᠡᠨ ᠬᠡᠷᠡᠭ ᠶᠠᠪᠤᠳᠠᠯ ᠤᠨ ᠮᠡᠳᠡᠭᠡ ᠵᠠᠩᠭᠢ ᠢ ᠨᠡᠶᠢᠲᠡᠯᠡᠭᠰᠡᠨ ᠨᠢ ᠣᠨᠣᠪᠴᠢᠲᠠᠶ ᠨᠢᠭᠡᠳᠦᠯᠲᠡᠶ ᠪᠠᠶᠢᠬᠤ ᠬᠡᠷᠡᠭᠲᠡᠶ᠃     ᠳᠣᠯᠣᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃     ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠦᠢᠯᠡᠳᠦᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠳᠠᠭᠠᠯᠠᠵᠤ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠦᠢᠯᠡᠳᠦᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠬᠤ ᠶᠢ ᠬᠠᠷᠢᠭᠤᠴᠠᠨ᠎ᠠ᠃     ᠵᠠᠰᠠᠭ ᠵᠠᠬᠢᠷᠭᠠᠨ ᠤ ᠪᠠᠶᠢᠭᠤᠯᠭ᠎ᠠ ᠡᠷᠬᠡ ᠲᠤᠰᠢᠶᠠᠯ ᠢᠶᠠᠨ ᠦᠨᠳᠦᠰᠦᠯᠡᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠣᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠳᠠᠭᠠᠯᠠᠬᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠢᠯᠡ ᠪᠣᠯᠭᠠᠬᠤ ᠶᠢ ᠬᠠᠷᠢᠭᠤᠴᠠᠨ᠎ᠠ᠃     ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠲᠠᠢ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠰᠤᠭᠳᠠᠭᠰᠠᠨ᠂ ᠬᠤᠪᠢᠷᠠᠯᠲᠠ ᠭᠠᠷᠤᠭᠰᠠᠨ ᠪᠠᠶᠢᠪᠠᠯ᠂ ᠲᠤᠰᠢᠶᠠᠯ ᠬᠠᠷᠢᠭᠤᠴᠠᠯᠭ᠎ᠠ ᠬᠦᠯᠢᠶᠡᠬᠦ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠬᠤ ᠶᠢ ᠬᠠᠷᠢᠭᠤᠴᠠᠨ᠎ᠠ᠃ ᠬᠦᠴᠦᠨ ᠦᠭᠡᠢ ᠪᠣᠯᠭᠠᠭᠰᠠᠨ᠂ ᠬᠤᠪᠢᠷᠠᠭᠤᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠲᠠᠬᠢᠵᠤ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠳᠠᠭᠠᠭᠠᠯᠭᠠᠬᠤ ᠦᠭᠡᠢ᠂ ᠬᠦᠴᠦᠨ ᠦᠭᠡᠢ ᠪᠣᠯᠭᠠᠬᠤ᠂ ᠬᠤᠪᠢᠷᠠᠭᠤᠯᠬᠤ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠬᠤ ᠶᠢ ᠬᠠᠷᠢᠭᠤᠴᠠᠨ᠎ᠠ᠃     ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠲᠥᠷ ᠴᠠᠭ ᠶᠢᠨ ᠪᠠᠶᠢᠭᠤᠯᠤᠮᠵᠢ ᠪᠠᠶᠢᠭᠤᠯᠵᠤ᠂ ᠣᠯᠤᠭᠰᠠᠨ ᠪᠥᠭᠡᠳ ᠬᠠᠳᠠᠭᠠᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ᠂ ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠤᠨ ᠶᠣᠰᠤᠭᠠᠷ ᠬᠡᠷᠡᠭᠵᠢᠭᠦᠯᠬᠦ ᠬᠡᠷᠡᠭᠲᠡᠶ᠃     ᠨᠠᠶᠢᠮᠠᠳᠤᠭᠠᠷ ᠵᠦᠢᠯ   ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠵᠦ᠂ ᠭᠤᠣᠯ ᠴᠣᠭᠴᠠ ᠲᠣᠳᠣᠷᠬᠠᠶ ᠪᠥᠭᠡᠳ ᠪᠣᠳᠠᠲᠠᠶ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃     ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠤᠯᠢ ᠴᠠᠭᠠᠵᠠ᠂ ᠵᠠᠷᠯᠢᠭ᠂ ᠳᠦᠷᠢᠮ ᠲᠣᠭᠲᠠᠭᠠᠯ ᠪᠤᠶᠤ ᠪᠤᠰᠤᠳ ᠬᠤᠯᠪᠣᠭᠳᠠᠯ ᠪᠦᠬᠦᠢ ᠲᠣᠭᠲᠠᠭᠠᠯ ᠢᠶᠠᠷ ᠵᠥᠪᠰᠢᠶᠡᠷᠡᠭᠦᠯᠬᠦ ᠴᠢᠬᠤᠯᠠ ᠲᠠᠢ᠂ ᠲᠣᠭᠲᠠᠭᠠᠭᠰᠠᠨ ᠵᠢᠷᠤᠮ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠨᠡᠶᠢᠲᠡᠯᠡᠵᠦ ᠪᠣᠯᠤᠨ᠎ᠠ ᠂ ᠡᠰᠡ ᠵᠥᠪᠰᠢᠶᠡᠷᠡᠭᠰᠡᠨ ᠢ ᠨᠡᠶᠢᠲᠡᠯᠡᠵᠦ ᠪᠣᠯᠬᠤ ᠦᠭᠡᠶ᠃     ᠶᠢᠰᠦᠳᠦᠭᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠮᠡᠭᠴᠡ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ᠂ ᠨᠡᠶᠢᠭᠡᠮ ᠤᠨ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠬᠤ ᠬᠤᠳᠠᠯ ᠬᠠᠭᠤᠷᠮᠠᠭ ᠪᠤᠶᠤ ᠪᠦᠷᠢᠨ ᠪᠤᠰᠤ ᠮᠡᠳᠡᠭᠡ ᠵᠠᠩᠭᠢ᠂ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠵᠥᠪ ᠣᠨᠣᠪᠴᠢᠲᠠᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡᠯᠡᠵᠦ ᠲᠣᠳᠣᠷᠬᠠᠶᠢᠯᠠᠬᠤ ᠬᠡᠷᠡᠭᠲᠡᠶ᠃     ᠠᠷᠪᠠᠳᠤᠭᠠᠷ ᠵᠦᠢᠯ   ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠤᠯᠭ᠎ᠠ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ ᠪᠤᠢ ᠪᠣᠯᠤᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠲᠡᠭᠦᠨ ᠤ ᠳᠣᠲᠣᠷᠠᠬᠢ ᠠᠯᠢ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠵᠤ ᠪᠠᠶᠢᠭᠠᠳ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠢ ᠣᠯᠵᠤ ᠪᠣᠯᠤᠨ᠎ᠠ᠃     ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ᠂ ᠲᠡᠭᠦᠨ ᠤ ᠳᠣᠲᠣᠷᠠᠬᠢ ᠠᠯᠢ ᠨᠢᠭᠡᠨ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠮᠦᠨ᠎ᠡ᠂ ᠨᠢ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠬᠤᠯᠪᠣᠭᠳᠠᠭᠰᠠᠨ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠲᠠᠢ ᠨᠡᠪᠲᠡᠷᠡᠯᠴᠡᠵᠦ᠂ ᠨᠤᠲᠠᠯᠠ ᠵᠥᠪᠰᠢᠶᠡᠷᠡᠬᠦ᠂ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠥᠪ ᠣᠨᠣᠪᠴᠢᠲᠠᠶ ᠨᠢᠭᠡᠳᠦᠯᠲᠡᠶ ᠪᠠᠲᠤᠯᠠᠬᠤ ᠬᠡᠷᠡᠭᠲᠡᠶ᠃     ᠠᠷᠪᠠᠨ ᠬᠤᠶᠠᠳᠤᠭᠠᠷ ᠵᠦᠢᠯ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠬᠤᠯᠪᠣᠭᠳᠠᠭᠰᠠᠨ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠰᠠᠨᠠᠯ ᠬᠤᠷᠢᠶᠠᠬᠤ ᠪᠢᠴᠢᠭ ︵ᠵᠠᠬᠢᠳᠠᠯ ᠢᠶᠠᠷ︶ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠄     ︵ᠨᠢᠭᠡ︶ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠨᠳᠦᠰᠦᠨ ᠪᠠᠶᠢᠳᠠᠯ     ︵ᠬᠤᠶᠠᠷ︶ ᠢᠯᠡ ᠪᠣᠯᠭᠠᠬᠤ ᠪᠠᠷ ᠲᠤᠭᠤᠷᠪᠢᠵᠤ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠯ ᠢ ᠪᠠ ᠦᠨᠳᠦᠰᠦ ᠪᠠᠷᠢᠮᠲᠠ ᠪᠣᠯᠭᠠᠬᠤ ᠬᠡᠷᠡᠭᠲᠡᠶ᠃     ᠠᠷᠪᠠᠨ ᠭᠤᠷᠪᠠᠳᠤᠭᠠᠷ ᠵᠦᠢᠯ ᠰᠠᠨᠠᠯ ᠬᠤᠷᠢᠶᠠᠬᠤ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠱᠠᠭᠠᠷᠳᠠᠭᠰᠠᠨ ᠪᠠᠶᠢᠭᠤᠯᠭ᠎ᠠ ᠵᠢᠨᠰᠠᠨᠠᠯ ︵ᠵᠠᠬᠢᠳᠠᠯ︶ ᠤᠨ ᠪᠢᠴᠢᠭ ᠢ ᠬᠤᠷᠢᠶᠠᠵᠤ ᠣᠯᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠱᠠᠭᠠᠷᠳᠠᠭᠰᠠᠨ ᠪᠠᠶᠢᠭᠤᠯᠭ᠎ᠠ ᠳᠤ ᠪᠢᠴᠢᠭ ᠤᠨ ᠬᠡᠯᠪᠡᠷᠢ ᠪᠠᠷ ᠬᠠᠷᠢᠭᠤ ᠰᠠᠨᠠᠯ ᠳᠡᠪᠰᠢᠭᠦᠯᠬᠦ ᠬᠡᠷᠡᠭᠲᠡᠶ᠃ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠬᠠᠷᠢᠭᠤᠯᠲᠠ ᠥᠭᠭᠦᠭᠰᠡᠨ ᠦᠭᠡᠢ ᠪᠠᠶᠢᠪᠠᠯ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠵᠥᠪᠰᠢᠶᠡᠷᠡᠭᠰᠡᠨ ᠢᠶᠠᠷ ᠪᠤᠳᠤᠨ᠎ᠠ᠃     ᠠᠷᠪᠠᠨ ᠳᠥᠷᠪᠡᠳᠦᠭᠡᠷ ᠵᠦᠢᠯ   ᠵᠠᠰᠠᠭ ᠤᠨ ᠣᠷᠳᠣᠨ ᠤ ᠮᠡᠳᠡᠭᠡ ᠵᠠᠩᠭᠢ ᠨᠢ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ᠂ ᠠᠳᠠᠯᠢ ᠪᠤᠰᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠭᠤᠷᠣᠨᠳᠣᠬᠢ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠠᠳᠠᠯᠢ ᠪᠤᠰᠤ ᠰᠠᠨᠠᠯ ᠣᠷᠣᠰᠢᠵᠤ ᠪᠠᠶᠢᠬᠤ ᠡᠰᠡᠬᠦ ᠶᠢ᠂ ᠬᠠᠮᠲᠤ ᠶᠢᠨ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠦᠯᠵᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠰ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠲᠣᠭᠲᠠᠭᠠᠬᠤ ᠬᠡᠷᠡᠭᠲᠡᠶ᠃     ᠠᠷᠪᠠᠨ ᠲᠠᠪᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠳᠦᠷᠢᠮ ᠢ ᠵᠥᠷᠢᠴᠡᠵᠦ᠂ ᠬᠦᠨᠳᠦ ᠨᠣᠴᠢᠲᠠᠶ ᠦᠷ᠎ᠡ ᠤᠷᠰᠢᠭ ᠪᠠ ᠨᠡᠶᠢᠭᠡᠮ ᠤᠨ ᠮᠠᠭᠤ ᠨᠥᠯᠥᠭᠡ ᠦᠵᠡᠭᠦᠯᠦᠭᠰᠡᠨ ᠪᠠᠶᠢᠪᠠᠯ᠂ ᠠᠳᠠᠯᠢ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠳᠠᠯᠢ ᠱᠠᠲᠤᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ︵ᠲᠤᠷᠰᠢᠨ ᠬᠡᠷᠡᠭᠵᠢᠭᠦᠯᠬᠦ︶︾ ᠶᠢᠨ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃     ᠠᠷᠪᠠᠨ ᠵᠢᠷᠭᠤᠳᠤᠭᠠᠷ ᠵᠦᠢᠯ   ᠲᠤᠰ ᠳᠦᠷᠢᠮ ᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠪᠦᠬᠦᠢ ᠵᠣᠬᠢᠶᠠᠨ ᠪᠠᠶᠢᠭᠤᠯᠤᠯᠲᠠ ᠳᠤ ᠬᠡᠷᠡᠭᠯᠡᠨ᠎ᠡ᠃     ᠠᠷᠪᠠᠨ ᠳᠣᠯᠣᠳᠤᠭᠠᠷ ᠵᠦᠢᠯ   ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂  ᠣᠷᠴᠢᠨ ᠲᠣᠭᠤᠷᠢᠨ ᠤ ᠬᠠᠮᠠᠭᠠᠯᠠᠯᠲᠠ᠂ ᠲᠧᠯᠸᠢᠰ᠂ ᠴᠢᠮᠡᠭᠡ ᠬᠤᠯᠪᠣᠭ᠎ᠠ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠲᠦᠮᠡᠨ ᠤ ᠠᠰᠢᠭ ᠲᠤᠰᠠ ᠲᠠᠢ ᠨᠢᠭᠲᠠ ᠬᠠᠷᠢᠴᠠᠭ᠎ᠠ ᠲᠠᠢ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠠᠬᠢ ᠮᠡᠳᠡᠭᠡ ᠵᠠᠩᠭᠢ ᠶᠢ ᠨᠡᠶᠢᠲᠡᠯᠡᠬᠦ ᠶᠢ ᠵᠣᠬᠢᠴᠠᠭᠤᠯᠬᠤ ᠳᠤ᠂ ᠲᠤᠰ ᠳᠦᠷᠢᠮ ᠢ ᠦᠨᠳᠦᠰᠦᠯᠡᠨ ᠬᠡᠷᠡᠭᠵᠢᠭᠦᠯᠬᠦ ᠬᠡᠷᠡᠭᠲᠡᠶ᠃     ᠠᠷᠪᠠᠨ ᠨᠠᠶᠢᠮᠠᠳᠤᠭᠠᠷ ᠵᠦᠢᠯ   ᠳᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号