ᠮᠠᠨ ᠤ ᠤᠷᠤᠨ ᠤ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠭᠵᠢᠯᠳᠠ ᠶᠢᠨ | ᠶᠠᠪᠤᠴᠠ ᠳᠤ᠂ ᠬᠤᠳᠠ ᠬᠦᠳᠡᠭᠡ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠪᠠᠶᠢᠭ᠎ᠠ ᠬᠦᠴᠦᠨ ᠤ | ᠲᠠᠷᠬᠠᠯᠳᠠ ᠲᠡᠩᠴᠡᠭᠦᠷᠢ ᠦᠭᠡᠢ᠂ ᠤᠯᠠᠨ ᠲᠦᠮᠡᠨ ᠤ ᠤᠯᠠᠨ ᠲᠡᠰ ᠲᠠᠪᠬᠤᠷᠭ᠎ᠠ ᠶᠢᠨ ᠪᠦᠭᠡᠳ ᠲᠤᠰᠬᠠᠶᠢᠢᠵᠢᠬᠰᠠᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠱᠠᠭᠠᠷᠳᠠᠯᠭ᠎ᠠ ᠶᠢ ᠬᠠᠨᠭ᠍ᠭᠠᠵᠦ ᠲᠡᠶᠢᠯᠭᠦ ᠦᠭᠡᠢ ᠪᠠᠶᠢᠳᠠᠯ ᠮᠦᠨ ᠬᠦ | ᠤᠷᠤᠰᠢᠬᠰᠠᠭᠠᠷ ᠪᠠᠶᠢᠵᠦ᠂ ᠤᠨᠴᠠᠭᠠᠶᠢᠢᠯᠠᠨ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ | ᠦᠢᠯᠡᠴᠢᠯᠡᠭᠡ ᠶᠢᠨ ᠲᠤᠳᠠᠭᠤᠳᠠᠯ ᠮᠠᠰᠢ ᠢᠯᠡᠷᠭᠡᠢ ᠪᠠᠶᠢᠭ᠎ᠠ ᠶᠤᠮ᠃ ᠡᠨᠡ ᠬᠦ ᠪᠠᠶᠢᠳᠠᠯ ᠳᠤ ᠴᠢᠭᠯᠡᠭᠦᠯᠵᠦ᠂ ᠬᠤᠳᠠ | ᠬᠦᠳᠡᠭᠡ ᠶᠢᠨ ᠰᠠᠭᠤᠭᠠᠯᠢ ᠠᠷᠠᠳ ᠲᠤ ᠴᠢᠨᠠᠷᠯᠢᠭ ᠡᠭᠢ ᠪᠠᠶᠠᠯᠢᠭ ᠢ ᠬᠠᠮᠳᠤ ᠪᠠᠷ ᠡᠳ᠋ᠯᠡᠭᠦᠯᠭᠦ ᠦᠢᠯᠡᠴᠢᠯᠡᠭᠡ ᠬᠠᠨᠭ᠍ᠭᠠᠨ | ᠤᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠬᠤ ︽ᠡᠴᠦᠰ ᠤᠨ ᠨᠢᠭᠡ ᠺᠢᠯᠤᠮᠧᠳ᠋ᠷ︾ ᠢ | ᠨᠡᠪᠳᠡᠷᠡᠭᠦᠯᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠶᠢᠢᠷ᠎ᠠ ᠶᠢᠨ | ᠵᠢᠯ ᠠᠴᠠ ᠨᠠᠰᠢ ᠠᠯᠢ ᠤᠯᠠᠨ ᠠᠷᠭ᠎ᠠ ᠠᠪᠴᠠᠯ ᠠᠪᠴᠤ᠂ ᠠᠰᠢᠭᠦᠢ ᠰᠠᠶᠢᠨ ᠦᠷ᠎ᠠ ᠪᠦᠲᠦᠮᠵᠢ ᠭᠠᠷᠭᠠᠪᠠ᠃ | ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠠᠴᠠ ᠮᠤᠩᠭᠤᠯ ᠬᠢᠳᠠᠳ ᠬᠤᠤᠰ ᠬᠡᠯᠡᠨ ᠤ | ᠴᠢᠳᠠᠪᠤᠷᠢᠳᠠᠨ ᠬᠦᠮᠦᠵᠢᠭᠦᠯᠭᠦ ᠠᠵᠢᠯ ᠢ ᠬᠠᠤᠯᠢ ᠪᠠᠷ ᠤᠷᠤᠨ ᠢᠶᠠᠨ ᠵᠠᠰᠠᠬᠤ ᠠᠬᠢᠴᠠ ᠶᠢ ᠠᠬᠢᠭᠤᠯᠬᠤ᠂ ︽ | ᠬᠠᠤᠯᠢᠵᠢᠯ ᠤᠨ ᠦᠪᠤᠷ ᠮᠤᠩᠭᠤᠯ︾ ᠤᠨ ᠪᠦᠲᠦᠭᠡᠨ ᠪᠠᠶᠢᠭᠤᠯᠤᠯᠳᠠ ᠳᠤ ᠦᠢᠯᠡᠴᠢᠯᠡᠭᠦ ᠦᠨᠳᠦᠷᠴᠠ ᠲᠤ ᠲᠠᠯᠪᠢᠵᠤ᠂ | ᠪᠦᠭᠦ ᠤᠷᠤᠨ ᠤ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠪᠤᠯᠪᠠᠰᠤᠷᠠᠯ ᠤᠨ ᠰᠢᠰᠲ᠋ᠧᠮ ᠤᠨ ᠨᠢᠭᠡ ᠴᠢᠬᠤᠯᠠ | ᠠᠵᠢᠯ ᠪᠤᠯᠭᠠᠨ ᠠᠳᠬᠤᠪᠠ᠃ 2016 ᠤᠨ ᠤ ᠡᠴᠦᠰ ᠪᠤᠯᠳᠠᠯ᠎ᠠ᠂ ᠪᠦᠭᠦ ᠤᠷᠤᠨ ᠳᠤ ᠨᠡᠶᠢᠳᠡ 6117 | ᠲᠤᠬᠠᠶᠢᠢᠯᠠᠬᠰᠠᠨ ᠠᠵᠢᠯ ᠤᠨ ᠬᠠᠤᠯᠢᠴᠢ ᠲᠠᠢ ᠪᠠᠶᠢᠵᠦ᠂ ᠡᠭᠦᠨ ᠳᠤ ᠮᠤᠩᠭᠤᠯ ᠬᠢᠳᠠᠳ ᠬᠤᠤᠰ ᠬᠡᠯᠡ ᠪᠠᠷ ᠬᠠᠤᠯᠢ | ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠴᠢᠳᠠᠬᠤ ᠨᠢ ᠵᠦᠪᠭᠡᠨ 265 ᠬᠦᠮᠦᠨ ᠪᠠᠶᠢᠵᠦ᠂ ᠪᠦᠭᠦ ᠤᠷᠤᠨ ᠤ | 2253 ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠠᠵᠢᠯᠳᠠᠨ ᠤ ᠲᠤᠳᠤᠷ᠎ᠠ ᠮᠤᠩᠭᠤᠯ | ᠬᠢᠳᠠᠳ ᠬᠤᠤᠰ ᠬᠡᠯᠡ ᠪᠠᠷ ᠬᠠᠤᠯᠢ ᠴᠠᠭᠠᠵᠠ ᠶᠢᠨ ᠦᠢᠯᠡᠴᠢᠯᠡᠭᠡ ᠬᠠᠨᠭ᠍ᠭᠠᠵᠦ ᠴᠢᠳᠠᠬᠤ ᠨᠢ ᠵᠦᠪᠭᠡᠨ 221 ᠬᠦᠮᠦᠨ | ᠪᠤᠢ᠃ ᠡᠳᠡᠭᠡᠷ ᠠᠰᠠᠭᠤᠳᠠᠯ ᠤᠳ ᠢ ᠰᠢᠢᠳᠪᠤᠷᠢᠯᠡᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ ᠬᠠᠤᠯᠢ | ᠴᠠᠭᠠᠵᠠ ᠶᠢᠨ ᠲᠢᠩᠭᠢᠮ ᠠᠴᠠ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠲᠤᠯᠢ ᠪᠢᠴᠢᠭ | ᠨᠠᠶᠢᠷᠠᠭᠤᠯᠬᠤ᠂ ᠮᠤᠩᠭᠤᠯ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠦᠯᠵᠢᠶᠠᠨ ᠨᠢᠭᠤᠷ ᠢ ᠨᠡᠮᠡᠵᠦ | ᠨᠡᠭᠡᠭᠡᠭᠦ᠂ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠬᠤᠤᠰ ᠬᠡᠯᠡᠨ ᠤ ᠬᠠᠷᠢᠯᠴᠠᠨ ᠤᠷᠴᠢᠭᠤᠯᠬᠤ | ᠰᠢᠰᠲ᠋ᠧᠮ ᠢ ᠰᠦᠪᠡᠭᠴᠢᠯᠡᠨ ᠬᠡᠷᠡᠭᠯᠡᠭᠦ᠂ ᠮᠤᠩᠭᠤᠯ ᠬᠢᠳᠠᠳ ᠬᠤᠤᠰ ᠬᠡᠯᠡᠨ ᠤ ᠵᠠᠯᠠᠭᠤ ᠬᠠᠤᠯᠢᠴᠢ ᠶᠢᠨ | ᠪᠤᠯᠪᠠᠰᠤᠷᠠᠯ ᠤᠨ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠬᠤ᠂ ᠵᠢᠯ ᠪᠦᠷᠢ 100 ᠮᠤᠩᠭᠤᠯ ᠬᠢᠳᠠᠳ | ᠬᠤᠤᠰ ᠬᠡᠯᠡᠨ ᠤ ᠬᠠᠤᠯᠢᠴᠢ ᠳᠤ ᠪᠤᠯᠪᠠᠰᠤᠷᠠᠯ ᠬᠦᠷᠳᠡᠭᠡᠭᠦ ᠵᠡᠷᠭᠡ ᠠᠯᠢ ᠤᠯᠠᠨ ᠠᠷᠭ᠎ᠠ ᠠᠪᠴᠠᠯ ᠢ ᠠᠪᠴᠠᠢ᠃ | 2017 ᠤᠨ ᠳᠤ᠂ ᠮᠠᠨ ᠤ ᠤᠷᠤᠨ ᠤ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠮᠠᠰᠢ ᠠᠬᠢᠴᠠ ᠲᠠᠢ ᠪᠤᠯᠪᠠ᠃ ᠲᠤᠰ ᠵᠢᠯ ᠳᠤ᠂ ᠮᠠᠨ ᠤ ᠤᠷᠤᠨ ᠤ | ᠠᠩᠬᠠᠳᠠᠬᠴᠢ ᠮᠤᠩᠭᠤᠯ ᠬᠢᠳᠠᠳ ᠬᠤᠤᠰ ᠬᠡᠯᠡᠨ ᠤ ᠨᠡᠶᠢᠳᠡ ᠶᠢᠨ ᠠᠰᠠᠷᠠᠮᠵᠢ ᠶᠢᠨ ᠬᠠᠤᠯᠢᠴᠢ ᠶᠢᠨ ᠦᠢᠯᠡᠴᠢᠯᠡᠭᠡ | ᠦᠪᠤᠷ ᠮᠤᠩᠭᠤᠯ ᠤᠨ 2017 ᠤᠨ ᠤ ᠠᠷᠪᠠᠨ ᠶᠡᠭᠡ ᠬᠠᠤᠯᠢᠵᠢᠯ ᠤᠨ ᠬᠡᠷᠡᠭ ᠶᠠᠪᠤᠳᠠᠯ ᠢᠶᠠᠷ ᠰᠤᠩᠭᠤᠬᠳᠠᠵᠦ᠂ | ᠪᠦᠭᠦ ᠤᠯᠤᠰ ᠤᠨ ᠠᠩᠬᠠᠳᠠᠬᠴᠢ ᠮᠤᠩᠭᠤᠯ ᠬᠢᠳᠠᠳ ᠬᠤᠤᠰ ᠬᠡᠯᠡᠨ ᠤ ᠬᠠᠤᠯᠢᠴᠢ ᠶᠢᠨ ᠨᠡᠶᠢᠳᠡ ᠶᠢᠨ ᠠᠰᠠᠷᠠᠮᠵᠢ ᠶᠢᠨ | ᠦᠢᠯᠡᠴᠢᠯᠡᠭᠡᠨ ᠤ ᠦᠷᠳᠡᠭᠡ ᠰᠦᠯᠵᠢᠶᠠᠨ ᠳᠤ ᠭᠠᠷᠴᠤ᠂ ᠠᠩᠬᠠᠳᠠᠬᠴᠢ ᠬᠠᠤᠯᠢᠴᠢ ᠶᠢᠨ ᠨᠡᠶᠢᠳᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠡᠷᠬᠢᠯᠡᠭᠦ ᠭᠠᠵᠠᠷ ᠮᠠᠨ ᠤ ᠤᠷᠤᠨ ᠳᠤ ᠪᠤᠢ ᠪᠤᠯᠪᠠ᠃ | ᠡᠭᠦᠨ ᠠᠴᠠ ᠭᠠᠳᠠᠨ᠎ᠠ᠂ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠡᠯ᠎ᠠ ᠲᠦᠷᠦᠯ ᠤᠨ ᠡᠭᠢ ᠪᠠᠶᠠᠯᠢᠭ ᠢ | ᠬᠠᠮᠳᠤ ᠪᠠᠷ ᠪᠠᠶᠢᠭᠤᠯᠵᠦ᠂ ᠬᠠᠮᠳᠤ ᠪᠠᠷ ᠡᠳ᠋ᠯᠡᠵᠦ᠂ ᠬᠠᠮᠳᠤ ᠪᠠᠷ ᠬᠡᠷᠡᠭᠯᠡᠭᠦ ᠶᠢ ᠪᠡᠶᠡᠯᠡᠭᠦᠯᠭᠦ ᠶᠢᠨ ᠲᠦᠯᠦᠭᠡ᠂ | ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠨᠢᠳᠤᠨᠤᠨ ᠪᠠᠰᠠ ᠪᠦᠭᠦ ᠤᠯᠤᠰ ᠤᠨ ᠠᠩᠬᠠᠳᠠᠬᠴᠢ | ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠵᠠᠰᠠᠬ ᠵᠠᠬᠢᠷᠭᠠᠨ ᠤ ᠵᠠᠭᠤᠴᠢᠯᠠᠭᠤᠷ ᠤᠨ ᠡᠭᠢ ᠪᠠᠶᠠᠯᠢᠭ | ᠪᠤᠯᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠬᠦᠮᠦᠷᠭᠡ ᠶᠢᠨ ᠪᠠᠶᠢᠭᠤᠯᠤᠯᠳᠠ ᠶᠢ ᠡᠬᠢᠯᠡᠭᠦᠯᠪᠠ᠃ | ᠵᠠᠭᠤᠴᠢᠯᠠᠭᠤᠷ ᠤᠨ ᠡᠭᠢ ᠪᠠᠶᠠᠯᠢᠭ ᠤᠨ ᠬᠦᠮᠦᠷᠭᠡ ᠪᠤᠯᠤᠨ ᠬᠡᠷᠡᠭ ᠤᠨ ᠮᠠᠲ᠋ᠧᠷᠢᠶᠠᠯ ᠤᠨ ᠬᠦᠮᠦᠷᠭᠡ ᠶᠢᠨ | ᠪᠠᠶᠢᠭᠤᠯᠤᠯᠳᠠ ᠨᠢ ᠮᠤᠩᠭᠤᠯ ᠬᠢᠳᠠᠳ ᠬᠤᠤᠰ ᠬᠡᠯᠡᠨ ᠤ ᠬᠠᠤᠯᠢᠵᠢᠯ ᠤᠨ ᠤᠬᠠᠭᠤᠯᠭ᠎ᠠ ᠶᠢᠨ ᠦᠰᠦᠭ᠂ ᠵᠢᠷᠤᠭ | ᠲᠦᠷᠰᠦ ᠸᠢᠳᠢᠣ᠋ ᠮᠠᠲ᠋ᠧᠷᠢᠶᠠᠯ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭ ᠤᠨ ᠮᠠᠲ᠋ᠧᠷᠢᠶᠠᠯ ᠢ ᠬᠠᠳᠠᠭᠠᠯᠠᠬᠤ | ᠪᠠ ᠬᠠᠮᠠᠭᠠᠯᠠᠬᠤ᠂ ᠤᠳᠤ ᠪᠠᠶᠢᠭ᠎ᠠ ᠮᠠᠲ᠋ᠧᠷᠢᠶᠠᠯ ᠢ ᠨᠢᠭᠡᠲᠦᠯᠳᠡᠢ ᠲᠦᠪᠯᠡᠷᠡᠭᠦᠯᠵᠦ ᠲᠦᠷᠢᠮᠵᠢᠭᠦᠯᠭᠦ᠂ ᠲᠤᠭᠠᠴᠢᠯᠠᠬᠰᠠᠨ | ᠬᠠᠮᠢᠶᠠᠷᠤᠯᠳᠠ ᠬᠢᠬᠦ᠂ ᠡᠬᠢ ᠪᠠᠶᠠᠯᠢᠭ ᠢ ᠬᠠᠮᠳᠤ ᠪᠠᠷ ᠡᠳ᠋ᠯᠡᠭᠦ᠂ ᠬᠠᠷᠢᠯᠴᠠᠨ ᠨᠡᠪᠳᠡᠷᠡᠯᠴᠡᠭᠦᠯᠭᠦ ᠪᠠ ᠬᠠᠤᠯᠢ | ᠴᠠᠭᠠᠵᠠ ᠶᠢᠨ ᠶᠠᠮᠤᠨ ᠳᠤ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠮᠠᠲ᠋ᠧᠷᠢᠶᠠᠯ ᠢ ᠴᠠᠭ ᠲᠤᠬᠠᠢ ᠳᠤᠨᠢ ᠬᠠᠨᠭ᠍ᠭᠠᠵᠦ᠂ ᠪᠢᠴᠢᠭ ᠮᠠᠲ᠋ᠧᠷᠢᠶᠠᠯ ᠤᠨ ᠬᠡᠷᠡᠭᠯᠡᠯᠳᠡ ᠶᠢᠨ ᠨᠤᠷᠮ᠎ᠠ ᠶᠢ | ᠲᠡᠭᠡᠭᠰᠢᠯᠡᠭᠦᠯᠵᠦ᠂ ᠮᠤᠩᠭᠤᠯ ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠤᠶᠤᠯ ᠢ | ᠪᠠᠳᠠᠷᠠᠭᠤᠯᠬᠤ ᠳᠤ ᠴᠢᠬᠤᠯᠠ ᠠᠴᠢ ᠬᠤᠯᠪᠤᠬᠳᠠᠯ ᠦᠵᠡᠬᠦᠯᠵᠤ ᠪᠠᠶᠢᠨ᠎ᠠ᠃ | 2017 ᠤᠨ ᠤ 7 ᠰᠠᠷ᠎ᠠ ᠳᠤ ᠬᠠᠷᠠᠮᠦ᠋ᠷᠡᠨ ᠳᠤ ᠬᠤᠷᠠᠯᠳᠤᠬᠰᠠᠨ ᠪᠦᠭᠦ ᠤᠯᠤᠰ ᠤᠨ ᠬᠠᠤᠯᠢ ᠴᠠᠭᠠᠵᠠ ᠶᠢᠨ | ᠲᠢᠩᠭᠢᠮ ︵ᠲᠤᠪᠴᠢᠶ᠎ᠠ︶ ᠤᠨ ᠲᠠᠷᠤᠭ᠎ᠠ ᠨᠠᠷ ᠤᠨ ᠶᠠᠷᠢᠯᠴᠠᠬᠤ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ | ᠬᠠᠤᠯᠢ ᠴᠠᠭᠠᠵᠠ ᠶᠢᠨ ᠲᠢᠩᠭᠢᠮ ᠤᠨ ᠲᠠᠷᠤᠭ᠎ᠠ ᠪᠢᠯᠢᠭᠭᠦᠦ ᠦᠪᠡᠷᠳᠡᠭᠡᠨ ᠵᠠᠰᠠᠬᠤ ᠤᠷᠤᠨ ᠤ ᠮᠤᠩᠭᠤᠯ ᠬᠢᠳᠠᠳ | ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢᠨ ᠤᠳᠤᠬᠠᠨ ᠤ | ᠪᠠᠶᠢᠳᠠᠯ᠂ ᠢᠷᠡᠭᠡᠳᠦᠢ ᠶᠢᠨ ᠬᠦᠭᠵᠢᠯᠳᠠ ᠪᠠ ᠠᠴᠢ ᠬᠤᠯᠪᠤᠬᠳᠠᠯ ᠢ ᠶᠠᠷᠢᠵᠦ᠂ ᠡᠨᠡ ᠲᠤᠭᠤᠷᠢᠨ ᠤ ᠬᠤᠶᠢᠰᠢᠳᠠ ᠶᠢᠨ | ᠠᠵᠢᠯ ᠤᠨ ᠰᠡᠳᠭᠢᠴᠠ ᠶᠢ ᠲᠤᠷᠠᠳᠤᠨ ᠭᠠᠷᠭᠠᠪᠠ᠃ ᠲᠡᠷᠡ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ | ᠲᠢᠩᠭᠢᠮ ᠪᠦᠭᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠡᠭᠦᠷᠭᠡ ᠪᠤᠯᠤᠨ ᠬᠠᠤᠯᠢ ᠴᠠᠭᠠᠵᠠ ᠶᠢᠨ ᠵᠠᠰᠠᠬ | ᠵᠠᠬᠢᠷᠭᠠᠨ ᠤ ᠦᠭᠡᠷᠡᠴᠢᠯᠠᠯᠳᠠ ᠶᠢᠨ ᠬᠠᠷᠠᠯᠳᠠ ᠶᠢ ᠨᠠᠶᠢᠳᠠᠪᠤᠷᠢᠵᠢᠭᠤᠯᠬᠤ ᠲᠡᠭᠡᠷ᠎ᠠ ᠬᠦᠴᠦᠯᠡᠵᠦ᠂ ︽ᠦᠨᠳᠦᠰᠦᠳᠡᠨ ᠤ | ᠤᠷᠤᠨ ᠤ ᠦᠪᠡᠷᠳᠡᠭᠡᠨ ᠵᠠᠰᠠᠬᠤ ᠬᠠᠤᠯᠢ︾ ᠶᠢᠨ ᠬᠠᠮᠢᠶ᠎ᠠ ᠪᠦᠭᠦᠢ ᠱᠠᠭᠠᠷᠳᠠᠯᠭ᠎ᠠ ᠶᠢ ᠲᠤᠭᠤᠰᠢᠯᠠᠭᠤᠯᠵᠦ᠂ ᠮᠤᠩᠭᠤᠯ | ᠬᠢᠳᠠᠳ ᠬᠤᠤᠰ ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠴᠢᠶᠠᠯᠠᠪᠤᠷᠢ ᠶᠢ ᠪᠦᠷᠢᠨᠰᠢᠭᠦᠯᠤᠨ᠂ ᠬᠤᠤᠰ | ᠬᠡᠯᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠡᠩᠨᠡᠭᠡ ᠶᠢ ᠶᠡᠭᠡ ᠪᠠᠷ ᠬᠦᠮᠦᠵᠢᠭᠦᠯᠵᠦ᠂ ᠲᠠᠷᠠᠭᠠᠴᠢ ᠪᠠᠷ | ᠮᠠᠯᠵᠢᠬᠤ ᠲᠠᠷᠢᠶᠠᠯᠠᠬᠤ ᠤᠷᠤᠨ ᠳᠠᠬᠢ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠢ | ᠬᠦᠭᠵᠢᠭᠦᠯᠵᠦ᠂ ᠰᠦᠯᠵᠢᠶᠠᠨ ᠲᠡᠭᠡᠷ᠎ᠠ ᠬᠠᠤᠯᠢ ᠴᠠᠭᠠᠵᠠ ᠶᠢᠨ ᠠᠰᠠᠭᠤᠨ ᠯᠠᠪᠯᠠᠭ᠎ᠠ ᠬᠠᠨᠭ᠍ᠭᠠᠵᠦ᠂ ᠦᠨᠳᠦᠰᠦᠨ | ᠱᠠᠳᠤᠨ ᠤ ᠬᠠᠤᠯᠢ ᠴᠠᠭᠠᠵᠠ ᠶᠢᠨ ᠴᠢᠳᠠᠪᠤᠷᠢᠳᠠᠨ ᠬᠦᠢᠴᠡᠳ ᠦᠭᠡᠢ᠂ ᠲᠤᠰᠬᠠᠢ ᠮᠡᠷᠭᠡᠵᠢᠯ ᠤᠨ ᠲᠦᠪᠰᠢᠨ ᠦᠨᠳᠤᠷ | ᠪᠢᠰᠢ ᠵᠡᠷᠭᠡ ᠲᠤᠳᠠᠭᠤᠳᠠᠯ ᠢ ᠨᠦᠭᠦᠪᠦᠷᠢᠯᠡᠨ᠎ᠠ ᠭᠡᠵᠦ ᠲᠤᠷᠠᠳᠤᠭᠰᠠᠨ ᠪᠠᠶᠢᠨ᠎ᠠ᠃ | ᠵᠣᠬᠢᠶᠠᠭᠴᠢ᠄ ᠰᠠᠷᠠᠨᠳᠤᠶᠠᠭ᠎ᠠ |