| ᠡᠯ ᠳ᠋ᠣᠣ ᠾᠧ ᠽᠢ ᠤᠰᠤᠨ ᠴᠥᠭᠦᠷᠥᠮ ᠨᠢ ᠬᠠᠭᠤᠴᠢᠨ ᠬᠤᠷᠤᠭ᠎ᠠ ᠪᠠᠯᠭᠠᠰᠤ ᠶᠢᠨ ᠬᠢᠯᠢ ᠶᠢᠨ ᠳᠣᠲᠣᠷ᠎ᠠ | ᠣᠷᠤᠰᠢᠵᠤ᠂ ᠤᠯᠠᠭᠠᠨᠬᠠᠳᠠ ᠠᠴᠠ 75 ᠺᠢᠯᠦᠮᠧᠳ᠋ᠷ ᠵᠠᠶᠢᠲᠠᠢ ᠭᠠᠵᠠᠷ ᠲᠤ ᠣᠷᠤᠰᠢᠵᠤ ᠪᠠᠶᠢᠨ᠎ᠠ᠃ ᠤᠰᠤᠨ | ᠴᠥᠭᠦᠷᠥᠮ ᠤᠨ ᠤᠰᠤᠨ ᠤ ᠴᠠᠷᠠᠭ᠎ᠠ ᠶᠢᠨ ᠲᠠᠯᠠᠪᠠᠶ ᠨᠢ 500 ᠮᠦ᠂ ᠬᠥᠮᠥᠷᠭᠡᠯᠡᠵᠦ ᠬᠠᠳᠠᠭᠠᠯᠠᠬᠤ ᠤᠰᠤᠨ ᠤ | ᠬᠡᠮᠵᠢᠶ᠎ᠡ ᠨᠢ 3000 ᠲᠦᠮᠡᠨ ᠲᠡᠭᠰᠢ ᠳᠥᠷᠪᠡᠯᠵᠢᠨ ᠮᠧᠳ᠋ᠷ ᠪᠣᠯᠤᠨ᠎ᠠ︔ ᠤᠰᠦᠠ ᠴᠥᠭᠦᠷᠥᠮ ᠤᠨ ᠬᠠᠰᠢᠯᠭ᠎ᠠ ᠨᠢ | ᠠᠤᠭ᠎ᠠ ᠰᠦᠷᠯᠢᠭ ᠪᠠᠶᠢᠵᠤ᠂ ᠬᠠᠰᠢᠯᠭ᠎ᠠ ᠶᠢᠨ ᠣᠷᠳᠣ ᠨᠢ 1500 ᠮᠧᠳ᠋ᠷ᠂ ᠥᠷᠭᠡᠨ ᠨᠢ 4 ᠮᠧᠳ᠋ᠷ᠂ ᠥᠨᠳᠥᠷ ᠨᠢ | 44.5 ᠮᠧᠳ᠋ᠷ ᠪᠣᠯᠤᠨ᠎ᠠ᠃ | ᠤᠰᠤᠨ ᠴᠥᠭᠦᠷᠥᠮ ᠤᠨ ᠡᠮᠦᠨ᠎ᠡ ᠲᠠᠯ᠎ᠠ ᠨᠢ ᠤᠯᠢᠶᠠᠰᠤᠲᠠᠢ ᠠᠭᠤᠯᠠ ᠲᠠᠢ ᠵᠠᠬ᠎ᠠ ᠨᠡᠶᠢᠯᠡᠵᠦ᠂ ᠠᠭᠤᠯᠠ | ᠤᠰᠦᠠ ᠤ ᠬᠤᠭᠤᠷᠣᠨᠳᠣ 111 ᠱᠤᠭᠤᠮ ᠤᠯᠤᠰ ᠤᠨ ᠵᠠᠮ ᠪᠠ ᠪᠡᠭᠡᠵᠢᠩ ᠠᠴᠠ ᠲᠦᠩᠯᠢᠶᠣᠤ ᠬᠦ᠋ᠷᠬᠦ ᠲᠡᠮᠦᠷ ᠵᠠᠮ᠂ | ᠠᠭᠤᠯᠠᠨ ᠵᠠᠮ᠂ ᠤᠰᠤ ᠨᠢ ᠦᠵᠡᠰᠬᠦᠯᠡᠩ ᠰᠠᠶᠢᠬᠠᠨ ᠵᠢᠷᠤᠭ ᠶᠢ ᠪᠦᠷᠢᠯᠳᠦᠭᠦᠯᠦᠭᠰᠡᠨ ᠶᠤᠮ᠃ ᠠᠳᠡᠬᠢ ᠶᠢᠨ ᠵᠤᠨ | ᠤᠯᠠᠷᠢᠯ ᠨᠢ ︽ᠪᠣᠭᠤᠮᠲᠠ ᠶᠢᠨ ᠭᠠᠳᠠᠨᠠᠬᠢ ᠯᠢᠵᠢᠶᠠᠩ︾ ᠰᠢᠭ ᠨᠣᠮᠢᠨ ᠨᠣᠭᠤᠭᠠᠨ ᠭᠤᠶᠤ ᠦᠵᠡᠰᠭᠦᠯᠡᠩ ᠪᠠᠶᠢᠵᠤ᠂ | ᠡᠪᠦᠯ ᠤᠨ ᠤᠯᠠᠷᠢᠯ ᠳᠤ ᠴᠠᠰᠤ ᠮᠦᠰᠦᠨ ᠳᠤ ᠬᠤᠴᠢᠭᠳᠠᠵᠤ ︽ᠰᠥᠩᠱᠠᠨ ᠤ ᠪᠠᠷᠠᠭᠤᠨᠲᠠᠬᠢ ᠮᠥᠰᠥᠨ ᠬᠤᠲᠠ︾ | ᠭᠡᠰᠡᠨ ᠰᠠᠶᠢᠬᠠᠨ ᠠᠯᠳᠠᠷᠲᠠᠶ ᠪᠣᠯᠵᠠᠢ᠃ ᠠᠳᠡ ᠤᠰᠤᠨ ᠴᠠᠬᠢᠯᠭᠠᠨ ᠥᠷᠲᠡᠭᠡ᠂ ᠤᠮᠪᠠᠯᠲᠠ ᠶᠢᠨ ᠲᠠᠲᠠᠭᠠᠯ᠂ | ᠵᠢᠭᠠᠰᠤ ᠭᠥᠬᠢᠳᠡᠬᠦ ᠴᠦᠭᠦᠷᠦᠮ᠂ ᠮᠥᠰᠥᠨ ᠲᠠᠯᠠᠪᠤᠷ ᠵᠡᠷᠭᠡ ᠲᠠᠯᠠᠪᠤᠷ ᠪᠠ ᠲᠥᠬᠦᠭᠡᠷᠦᠮᠵᠢ ᠲᠠᠢ᠃ ᠤᠯᠠᠭᠠᠨ | ᠲᠤᠯᠪᠠᠭ᠎ᠠ᠂ ᠠᠯᠠᠭᠠᠨ᠎ᠠ ᠰᠣᠭᠤᠰᠤ᠂ ᠮᠣᠭᠠᠶ ᠵᠢᠭᠠᠰᠤ᠂ ᠠᠮᠤᠷ ᠵᠢᠭᠠᠰᠤ ᠰᠠᠮ ᠬᠤᠷᠣᠬᠠᠶ᠂ ᠶᠠᠰᠤᠲᠤ ᠮᠡᠯᠡᠬᠡᠶ ᠵᠡᠷᠭᠡ | ᠠᠷᠪᠠᠨ ᠬᠡᠳᠦᠨ ᠵᠦᠢᠯ ᠤᠨ ᠤᠰᠤᠨ ᠤ ᠠᠮᠢᠲᠠᠨ ᠲᠠᠢ᠃ ᠵᠢᠩᠰᠡ ᠭᠤᠣ᠂ ᠠᠰᠬ᠎ᠠ ᠬᠠᠳᠠ ᠶᠢᠨ ᠮᠠᠨᠵᠤ ᠦᠰᠦᠭ | ᠵᠡᠷᠭᠡ ᠳᠣᠮᠤᠭ ᠪᠠ ᠬᠥᠮᠦᠨ ᠰᠣᠶᠣᠯ ᠤᠨ ᠦᠵᠡᠮᠵᠢ ᠨᠢ ᠭᠤᠶᠢᠲᠠ ᠰᠠᠶᠢᠬᠠᠨ ᠪᠠᠶᠢᠵᠤ᠂ ᠬᠥᠮᠦᠰ ᠳᠤ ᠨᠡᠯᠢᠶᠡᠳ | ᠰᠠᠶᠢᠨ ᠰᠡᠯᠡᠭᠦᠴᠡᠯ᠂ ᠵᠤᠭ᠎ᠠ ᠴᠡᠩᠭᠡᠯ ᠤᠨ ᠭᠠᠵᠠᠷ ᠶᠢ ᠬᠠᠩᠭᠠᠵᠠᠢ᠃ | | | | | | | | | | | ᠁ |