12 ᠰᠠᠷ᠎ᠠ ᠶᠢᠨ 18 ᠤ ᠦᠳᠡ ᠶᠢᠨ ᠬᠤᠶᠢᠨ᠎ᠠ᠂ ᠺᠢᠨᠣ᠋ ︽ᠴᠠᠭᠳᠠᠭ᠎ᠠ ᠪᠤᠶᠠᠨ︾ ᠤ ᠠᠩᠬ᠎ᠠ ᠦᠵᠡᠬᠦᠯᠬᠦ | ᠶᠤᠰᠤᠯᠠᠯ ᠠᠷᠠᠳ ᠤᠨ ᠶᠡᠭᠡ ᠬᠤᠷᠠᠯ ᠤᠨ ᠳᠠᠩᠬᠢᠮ ᠳᠤ ᠶᠠᠪᠤᠭᠳᠠᠪᠠ᠃ | ᠺᠢᠨᠣ᠋ ︽ᠴᠠᠭᠳᠠᠭ᠎ᠠ ᠪᠤᠶᠠᠨ︾ ᠳᠠᠬᠢ ᠪᠤᠶᠠᠨ ᠤ ᠤᠤᠯ ᠲᠦᠷᠢ ᠨᠢ ᠦᠪᠦᠷ ᠮᠤᠩᠭᠤᠯ ᠤᠨ ᠪᠠᠶᠠᠨᠨᠠᠭᠤᠷ | ᠬᠤᠳᠠ ᠶᠢᠨ ᠤᠷᠠᠳ ᠤᠨ ᠬᠤᠶᠢᠳᠤ ᠬᠤᠰᠢᠭᠤ ᠶᠢᠨ ᠴᠤᠬᠠᠦ᠋ᠨᠳᠦᠷ ᠪᠠᠯᠭᠠᠰᠤ ᠶᠢᠨ ᠠᠷᠠᠳ ᠤᠨ ᠴᠠᠭᠳᠠᠭ᠎ᠠ | ᠪᠤᠶᠠᠨᠳᠡᠯᠭᠡᠷ ᠪᠠᠶᠢᠵᠤ᠂ ᠳᠤᠳᠤᠭᠠᠳᠤ ᠶᠢ ᠬᠠᠮᠠᠭᠠᠯᠠᠬᠤ ᠶᠠᠮᠤᠨ ᠠᠴᠠ ᠤᠯᠭᠤᠭᠰᠠᠨ ︽ᠪᠦᠬᠦ ᠤᠯᠤᠰ ᠤᠨ | ᠳᠤᠳᠤᠭᠠᠳᠤ ᠶᠢ ᠬᠠᠮᠠᠭᠠᠯᠠᠬᠤ ᠰᠢᠰ᠊ᠳ᠋᠊ᠤᠮ ᠤᠨ ᠨᠢᠭᠡᠳᠦᠭᠡᠷ ᠳᠡᠰ ᠤᠨ ᠪᠠᠭᠠᠳᠤᠷ ᠵᠢᠱᠢᠶᠡᠴᠢ︾ ᠶᠢᠨ ᠴᠤᠯᠠ ᠶᠢ | ᠬᠦᠷᠳᠡᠵᠤ ᠦᠩᠬᠡᠷᠡᠭᠰᠡᠨ ᠪᠠᠶᠢᠨ᠎ᠠ᠃ ᠪᠤᠶᠠᠨᠳᠡᠯᠭᠡᠷ 20 ᠭᠠᠷᠤᠢ ᠵᠢᠯ ᠴᠠᠭᠳᠠᠭ᠎ᠠ ᠶᠢᠨ ᠠᠵᠢᠯ ᠢ ᠬᠢᠵᠤ᠂ 1672 | ᠳᠡᠭᠰᠢ ᠲᠦᠷᠪᠡᠯᠵᠢᠨ ᠺᠢᠯᠤᠮᠧᠳ᠋ᠷ ᠤᠨ ᠨᠤᠳᠤᠭ ᠳᠡᠪᠢᠰᠭᠡᠷ ᠳᠡᠭᠡᠷ᠎ᠡ ᠤᠷᠤᠰᠢᠨ ᠠᠮᠢᠳᠤᠷᠠᠵᠤ ᠪᠠᠶᠢᠭ᠎ᠠ 900 ᠭᠠᠷᠤᠢ | ᠡᠷᠦᠭᠡ ᠬᠦᠮᠦᠨ ᠠᠮᠠ ᠶᠢᠨ ᠠᠮᠤᠷ ᠲᠦᠪᠰᠢᠨ ᠢ ᠬᠠᠮᠠᠭᠠᠯᠠᠭᠰᠠᠭᠠᠷ ᠢᠷᠡᠵᠠᠢ᠃ ᠲᠤᠰ ᠺᠢᠨᠣ᠋ ᠬᠦᠴᠢᠷ ᠪᠡᠷᠭᠡᠰᠢᠶᠡᠯ ᠢ | ᠢᠯᠡᠨ ᠳᠠᠪᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ ᠡᠷᠡᠯᠭᠡᠭᠯᠡᠨ ᠳᠡᠮᠡᠴᠡᠵᠤ ᠪᠠᠶᠢᠭ᠎ᠠ ᠡᠭᠡᠯ ᠵᠢᠷ ᠤᠨ | ᠪᠤᠯᠪᠠᠴᠤ ᠠᠭᠤᠤ ᠶᠡᠭᠡ ᠴᠠᠭᠳᠠᠭ᠎ᠠ ᠶᠢᠨ ᠲᠦᠷᠢ ᠶᠢ ᠪᠦᠳᠦᠭᠡᠵᠤ᠂ ᠰᠢᠨ᠎ᠡ ᠴᠠᠭ ᠦᠶ᠎ᠡ ᠶᠢᠨ ᠠᠷᠠᠳ ᠤᠨ | ᠴᠠᠭᠳᠠᠭ᠎ᠠ ᠶᠢᠨ ᠭᠤᠤᠯᠯᠠᠭᠴᠢ ᠦᠷᠳᠡᠭ ᠤᠨ ᠦᠵᠡᠯᠳᠡ ᠶᠢᠨ ᠬᠦᠬᠡᠬᠡᠴᠡᠯᠳᠦᠯ ᠬᠢᠬᠡᠳ ᠡᠷᠬᠢᠮ ᠳᠡᠭᠡᠳᠦ ᠵᠤᠷᠢᠭ | ᠰᠠᠨᠠᠭ᠎ᠠ ᠶᠢ ᠬᠠᠷᠠᠭᠤᠯᠤᠭᠰᠠᠨ ᠪᠠᠶᠢᠨ᠎ᠠ᠃ | ᠲᠤᠰ ᠺᠢᠨᠣ᠋ ᠶᠢ 4 ᠵᠢᠯ ᠭᠠᠷᠤᠢ ᠶᠢᠨ ᠬᠤᠭᠤᠴᠠᠭ᠎ᠠ ᠬᠡᠷᠡᠭᠰᠡᠨ 2018 ᠤᠨ ᠤ 6 ᠰᠠᠷ᠎ᠠ ᠳᠤ | ᠰᠡᠭᠦᠳᠡᠷᠯᠡᠵᠤ ᠳᠠᠭᠤᠰᠬᠠᠵᠠᠢ᠃ ᠺᠢᠨᠣ᠋ ᠦᠢᠯᠡᠳᠦᠭᠴᠢ ᠶᠢ ︽ᠴᠠᠭᠳᠠᠭ᠎ᠠ ᠶᠢᠨ ᠡᠳᠤᠷ ᠤᠨ ᠳᠡᠮᠳᠡᠭᠯᠡᠯ︾ ᠬᠡᠬᠦ | ᠺᠢᠨᠣ᠋ ᠶᠢᠨ ᠺᠢᠨᠣ᠋ ᠦᠢᠯᠡᠳᠦᠭᠴᠢ ᠬᠦᠬᠡᠪᠠᠭᠠᠳᠤᠷ ᠡᠭᠦᠷᠭᠡᠯᠡᠵᠤ᠂ ᠤᠳᠤᠷᠢᠳᠤᠭᠠᠴᠢ ᠶᠢ ᠮᠠᠨ ᠤ ᠤᠯᠤᠰ ᠤᠨ ᠨᠡᠷᠡᠳᠦ | ᠵᠠᠯᠠᠭᠤ ᠤᠳᠤᠷᠳᠤᠭᠠᠴᠢ ᠶᠠᠩ ᠶᠢᠨ᠂ ᠺᠢᠨᠣ᠋ ᠨᠠᠶᠢᠷᠠᠭᠤᠯᠤᠭᠴᠢ ᠶᠢ ᠨᠡᠷᠡᠳᠦ ᠵᠠᠯᠠᠭᠤ ᠵᠤᠬᠢᠶᠠᠯᠴᠢ ᠼᠤᠤ ᠺᠸᠦ᠂ | ᠵᠢᠷᠤᠭᠯᠠᠭᠠᠴᠢ ᠶᠢ ᠶᠠᠫᠤᠨ ᠤ ᠠᠯᠳᠠᠷᠳᠦ ᠺᠢᠨᠣ᠋ ᠵᠢᠷᠤᠭᠯᠠᠭᠠᠴᠢ ᠶᠠᠨᠠᠺᠢᠵᠠᠮᠠ ᠺᠠᠼᠮᠢ ᠨᠠᠷ ᠲᠤᠰ ᠲᠤᠰ ᠬᠦᠢᠴᠡᠳᠭᠡᠭᠰᠡᠨ | ᠪᠠᠶᠢᠨ᠎ᠠ᠃ ᠪᠤᠶᠠᠨᠳᠡᠯᠭᠡᠷ ᠤᠨ ᠲᠦᠷᠢ ᠶᠢ ᠮᠤᠩᠭᠤᠯ ᠦᠨᠳᠦᠰᠦᠲᠡᠨ ᠤ ᠵᠠᠯᠠᠭᠤ ᠲᠤᠭᠯᠠᠭᠴᠢ ᠪᠤᠶᠠᠨᠨᠡᠮᠡᠬᠦ ᠲᠤᠭᠯᠠᠨ᠂ | ᠡᠭᠡᠯ ᠪᠤᠷᠤᠭᠵᠢᠭᠤᠨ ᠲᠤᠭᠯᠠᠯᠳᠠ ᠪᠠᠷ ᠦᠨᠳᠦᠰᠦᠨ ᠱᠠᠳᠤᠨ ᠤ ᠴᠠᠭᠳᠠᠭ᠎ᠠ ᠶᠢᠨ ᠡᠳᠤᠷ ᠲᠤᠳᠤᠮ ᠤᠨ ᠠᠵᠢᠯ | ᠠᠮᠢᠳᠤᠷᠠᠯ ᠢ ᠳᠤᠰᠬᠠᠵᠤ᠂ ᠡᠮᠡᠭᠳᠠᠢ ᠭᠤᠤᠯ ᠲᠦᠷᠢ ᠶᠢ ᠮᠤᠩᠭᠤᠯ ᠦᠨᠳᠦᠰᠦᠲᠡᠨ ᠤ ᠨᠡᠷᠡᠳᠦ ᠲᠤᠭᠯᠠᠭᠴᠢ ᠪᠠᠳᠮ᠎ᠠ | ᠲᠤᠭᠯᠠᠵᠤ᠂ ᠳᠠᠯ᠎ᠠ ᠨᠤᠳᠤᠭ ᠤᠨ ᠮᠤᠩᠭᠤᠯ ᠡᠵᠢ ᠶᠢᠨ ᠨᠡᠶᠢᠳᠡᠯᠢᠭ ᠲᠦᠷᠢ ᠶᠢ ᠪᠦᠳᠦᠭᠡᠵᠡᠢ᠃ | ᠲᠤᠰ ᠺᠢᠨᠣ᠋ ᠨᠢ ᠤᠯᠤᠰ ᠤᠨ ᠺᠢᠨᠣ᠋ ᠶᠢᠨ ᠲᠤᠪᠴᠢᠶ᠎ᠠ ᠠᠴᠠ ᠦᠭᠡᠷᠡᠴᠢᠯᠡᠯᠳᠡ ᠨᠡᠭᠡᠭᠡᠯᠳᠡ ᠬᠢᠭᠰᠡᠨ 40 | ᠵᠢᠯ ᠤᠨ ᠤᠢ ᠶᠢᠨ ᠭᠤᠤᠯᠳᠠᠯᠭᠠᠳᠤ ᠺᠢᠨᠣ᠋ ᠤᠬᠠᠭᠤᠯᠭ᠎ᠠ ᠶᠢᠨ ᠺᠢᠨᠣ᠋ ᠪᠠᠷ ᠳᠡᠪᠰᠢᠭᠦᠯᠦᠭᠳᠡᠵᠤ᠂ ᠮᠦᠨ ᠴᠦ ᠦᠪᠦᠷ | ᠮᠤᠩᠭᠤᠯ ᠤᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠤᠨ ᠵᠢᠯ ᠤᠨ ᠤᠢ ᠶᠢᠨ ᠠᠭᠤᠤ ᠶᠡᠭᠡ ᠠᠮᠵᠢᠯᠳᠡ | ᠪᠦᠳᠦᠭᠡᠯ ᠳᠤ ᠳᠡᠪᠰᠢᠭᠦᠯᠦᠭᠰᠡᠨ ᠪᠦᠳᠦᠭᠡᠯ ᠪᠠᠶᠢᠵᠤ᠂ 12 ᠰᠠᠷ᠎ᠠ ᠶᠢᠨ 19 ᠤ ᠡᠳᠤᠷ ᠠᠴᠠ ᠡᠬᠢᠯᠡᠨ ᠪᠦᠬᠦ | ᠤᠯᠤᠰ ᠤᠨ ᠺᠢᠨᠣ᠋ ᠶᠢᠨ ᠤᠷᠳᠤᠨ ᠳᠤ ᠡᠬᠢᠯᠡᠨ ᠨᠡᠪᠳᠡᠷᠡᠭᠦᠯᠬᠦ ᠪᠤᠯᠤᠨ᠎ᠠ᠃ | ᠵᠣᠬᠢᠶᠠᠭᠴᠢ᠄ ᠪᠤᠤ ᠰᠠᠷᠠᠭᠤᠯ | | | | | | | | | | | ᠁ |