ᠬᠡᠯᠡ ᠪᠢᠴᠢᠭ ᠤᠨ ᠪᠠᠭᠰᠢ ᠪᠤᠯᠤᠭᠰᠠᠳ ᠵᠢᠭᠠᠨ ᠰᠤᠷᠭᠠᠯᠲᠠ ᠶᠢᠨ ᠶᠠᠪᠤᠴᠠ ᠳᠤ ᠮᠡᠳᠡᠯᠭᠡ | ᠬᠤᠷᠠᠮᠳᠤᠭᠤᠯᠬᠤ ᠶᠢᠨ ᠬᠠᠮᠲᠦ ᠶᠠᠷᠢᠬᠤ ᠴᠢᠳᠠᠪᠥᠷᠢ᠂ ᠤᠩᠰᠢᠨ ᠵᠠᠳᠠᠯᠬᠤ ᠴᠢᠳᠠᠪᠥᠷᠢ᠂ ᠪᠢᠴᠢᠵᠦ ᠢᠯᠡᠳᠬᠡᠬᠦ | ᠴᠢᠳᠠᠪᠥᠷᠢ ᠪᠠᠨ ᠲᠠᠰᠤᠷᠠᠯᠲᠠ ᠦᠭᠡᠢ ᠴᠢᠷᠮᠠᠶᠢᠨ ᠳᠡᠭᠡᠭᠰᠢᠯᠡᠭᠦᠯᠬᠦ ᠬᠡᠷᠡᠭᠲᠠᠢ᠃ ᠪᠠᠭᠰᠢ ᠨᠢ ᠪᠢᠴᠢᠭ ᠵᠢᠭᠠᠵᠦ ᠬᠥᠮᠦᠨ | ᠬᠥᠮᠦᠵᠢᠭᠦᠯᠬᠦ᠂ ᠮᠡᠳᠡᠯᠭᠡ ᠴᠢᠳᠠᠪᠥᠷᠢ ᠬᠤᠤᠰᠯᠠᠭᠰᠡᠨ ᠴᠢᠳᠠᠪᠥᠷᠢᠲᠡᠨ ᠬᠥᠮᠦᠵᠢᠭᠦᠯᠬᠦ ᠳᠠᠷᠬᠠᠨ ᠡᠭᠦᠷᠭᠡ ᠲᠠᠢ᠃ | ᠡᠶᠢᠨᠬᠦ ᠳᠤᠤᠷ᠎ᠠ ᠬᠡᠯᠡ ᠪᠢᠴᠢᠭ ᠤᠨ ᠪᠠᠭᠰᠢ ᠨᠠᠷ ᠤᠨ ᠪᠥᠷᠢᠯᠳᠦᠭᠦᠯᠪᠡᠰᠦ ᠵᠤᠬᠢᠬᠤ ᠴᠢᠳᠠᠪᠥᠷᠢ ᠶᠢᠨ ᠲᠤᠬᠠᠢ ᠳᠥᠭᠦᠮ | ᠶᠠᠷᠢᠶ᠎ᠠ᠃ | ᠨᠢᠭᠡ᠂ ᠲᠤᠳᠤ ᠤᠢᠢᠯᠠᠭᠠᠮᠵᠢᠲᠠᠢ ᠶᠠᠷᠢᠬᠤ ᠴᠢᠳᠠᠪᠥᠷᠢ ᠲᠠᠢ ᠪᠠᠶᠢᠬᠤ ᠬᠡᠷᠡᠭᠲᠠᠢ᠃ ᠰᠤᠷᠤᠭᠴᠢᠳ ᠤᠨ ᠶᠠᠷᠢᠬᠤ | ᠴᠢᠳᠠᠪᠥᠷᠢ ᠶᠢ ᠬᠥᠭᠵᠢᠭᠦᠯᠬᠦ ᠪᠤᠯ ᠬᠡᠯᠡ ᠪᠢᠴᠢᠭ ᠵᠢᠭᠠᠬᠤ ᠶᠢᠨ ᠨᠢᠭᠡᠨ ᠴᠢᠬᠤᠯᠠ ᠡᠭᠦᠷᠭᠡ ᠮᠦᠨ᠃ ᠬᠡᠯᠡ | ᠪᠢᠴᠢᠭ ᠤᠨ ᠪᠠᠭᠰᠢ ᠪᠤᠯᠤᠭᠰᠡᠨ ᠤ ᠬᠤᠪᠢ ᠳᠤ ᠶᠠᠷᠢᠵᠦ ᠢᠯᠡᠳᠬᠡᠬᠦ ᠴᠢᠳᠠᠪᠥᠷᠢ ᠶᠢᠨ ᠲᠠᠯ᠎ᠠ ᠪᠠᠷ ᠵᠠᠪᠠᠯ | ᠰᠤᠷᠤᠭᠴᠢᠳ ᠤᠨ ᠢᠶᠠᠨ ᠬᠡᠪ ᠳᠠᠭᠤᠷᠢᠶᠠᠯ ᠪᠤᠯᠤᠭᠰᠡᠨ ᠪᠠᠶᠢᠬᠤ ᠬᠡᠷᠡᠭᠲᠠᠢ᠃ ᠪᠠᠭᠰᠢ ᠶᠢᠨ ᠶᠠᠷᠢᠵᠦ ᠢᠯᠡᠳᠬᠡᠬᠦ | ᠴᠢᠳᠠᠪᠥᠷᠢ ᠨᠢ ᠰᠤᠨᠤᠷ ᠪᠠ ᠰᠡᠳᠬᠢᠬᠦᠢ ᠲᠠᠢ ᠨᠢᠭᠲᠠ ᠬᠠᠷᠢᠴᠠᠭ᠎ᠠ ᠲᠠᠢ ᠶᠤᠮ᠃ ᠬᠢᠴᠢᠶᠡᠯᠯᠡᠭᠡ ᠭᠡᠭᠴᠢ ᠪᠠᠭᠰᠢ | ᠰᠤᠷᠤᠭᠴᠢ ᠬᠤᠶᠠᠷ ᠲᠠᠯ᠎ᠠ ᠶᠢᠨ ᠠᠵᠢᠯᠯᠠᠭ᠎ᠠ ᠪᠤᠯᠬᠤᠷ ᠪᠠᠭᠰᠢ ᠠᠴᠠ ᠵᠠᠪᠠᠯ ᠰᠤᠷᠤᠭᠴᠢ ᠶᠢᠨ ᠶᠠᠭᠤ ᠶᠠᠷᠢᠬᠰᠡᠨ ᠢ | ᠲᠤᠳᠤᠷᠬᠠᠢ ᠰᠤᠨᠤᠰᠴᠤ ᠶᠡᠷᠦᠩᠬᠡᠶᠢᠯᠡᠡ ᠵᠠᠳᠠᠯᠤᠭᠰᠡᠨ ᠤ ᠳᠠᠷᠠᠭ᠎ᠠ ᠰᠠᠶ᠋ᠢ ᠥᠪᠡᠷ ᠤᠨ ᠦᠬᠡ ᠶᠠᠷᠢᠶ᠎ᠡ ᠪᠠᠨ ᠢᠯᠡᠳᠬᠡᠨ | ᠭᠠᠷᠭᠠᠳᠠᠭ᠃ ᠪᠠᠭᠰᠢ ᠶᠢᠨ ᠶᠠᠷᠢᠬᠤ ᠴᠢᠳᠠᠪᠥᠷᠢ ᠭᠡᠳᠡᠭ ᠨᠢ ᠬᠢᠴᠢᠶᠡᠯᠯᠡᠭᠡ ᠳᠤ ᠵᠤᠬᠢᠶᠠᠯ ᠵᠠᠳᠠᠯᠬᠤ ᠳᠠᠭᠠᠨ ᠬᠢᠴᠢᠶᠡᠯ | ᠪᠡᠯᠡᠳᠬᠡᠭᠰᠡᠨ ᠶᠤᠰᠤᠭᠠᠷ ᠲᠤᠳᠤ ᠤᠢᠢᠯᠠᠭᠠᠮᠵᠢᠲᠠᠢ ᠢᠯᠡᠳᠬᠡᠬᠦ ᠠᠴᠠ ᠭᠠᠳᠠᠨ᠎ᠠ ᠮᠦᠨ ᠬᠢᠴᠢᠶᠡᠯᠯᠡᠭᠡ ᠶᠢᠨ ᠪᠤᠲᠠᠲᠦ | ᠪᠠᠶᠢᠳᠠᠯ ᠢ ᠦᠨᠳᠦᠰᠦᠯᠡᠨ ᠥᠪᠡᠷ ᠤᠨ ᠵᠢᠭᠠᠨ ᠰᠤᠷᠭᠠᠬᠤ ᠦᠭᠡ ᠬᠡᠯᠡᠯᠭᠡ ᠪᠠᠨ ᠠᠮᠢᠳᠤᠯᠢᠭ ᠰᠠᠶᠢᠬᠠᠨ ᠶᠠᠷᠢᠬᠤ ᠳᠤ | ᠪᠠᠶᠢᠬᠤ ᠶᠤᠮ᠃ ᠡᠭᠦᠨ ᠢ ᠪᠡᠶᠡᠯᠡᠭᠦᠯᠬᠦ ᠳᠤ ᠪᠠᠭᠰᠢ ᠠᠴᠠ ᠡᠷᠬᠡᠪᠰᠢ ᠥᠪᠡᠷ ᠤᠨ ᠰᠤᠨᠤᠷ ᠪᠤᠯᠤᠨ ᠰᠡᠳᠬᠢᠬᠦᠢ ᠪᠠᠨ | ᠪᠤᠯᠪᠠᠰᠤᠷᠠᠭᠤᠯᠤᠨ ᠬᠥᠭᠵᠢᠭᠦᠯᠬᠦ ᠬᠡᠷᠡᠭᠲᠠᠢ ᠪᠠᠶᠢᠳᠠᠭ᠃ | ᠬᠤᠶᠠᠷ᠂ ᠤᠩᠰᠢᠨ ᠵᠠᠳᠠᠯᠬᠤ ᠴᠢᠳᠠᠪᠥᠷᠢ ᠲᠠᠢ ᠪᠠᠶᠢᠬᠤ ᠬᠡᠷᠡᠭᠲᠠᠢ᠃ ᠰᠤᠷᠤᠭᠴᠢᠳ ᠤᠨ ᠤᠩᠰᠢᠯᠭ᠎ᠠ ᠶᠢᠨ | ᠴᠢᠳᠠᠪᠥᠷᠢ ᠶᠢ ᠬᠥᠮᠦᠵᠢᠭᠦᠯᠬᠦ ᠪᠤᠯ ᠭᠡᠯᠡ ᠪᠢᠴᠢᠭ ᠵᠢᠭᠠᠬᠤ ᠪᠠᠰᠠ ᠨᠢᠭᠡᠨ ᠴᠢᠬᠤᠯᠠ ᠡᠭᠦᠷᠭᠡ ᠮᠦᠨ᠃ ᠡᠨᠡᠬᠦ | ᠡᠭᠦᠷᠭᠡ ᠶᠢ ᠪᠡᠶᠡᠯᠡᠭᠦᠯᠬᠦ ᠶᠢᠨ ᠤᠷᠢᠳᠠᠯ ᠨᠥᠬᠦᠴᠡᠯ ᠨᠢ ᠬᠡᠯᠡᠨ ᠤ ᠪᠠᠭᠰᠢ ᠶᠢᠨ ᠦᠨᠳᠦᠷ ᠬᠡᠮᠵᠢᠶᠡᠨ ᠤ ᠤᠩᠰᠢᠨ | ᠵᠠᠳᠠᠯᠬᠤ ᠴᠢᠳᠠᠪᠥᠷᠢ ᠳᠤ ᠪᠤᠢ᠃ ᠵᠢᠭᠠᠨ ᠰᠤᠷᠭᠠᠬᠤ ᠶᠠᠪᠤᠴᠠ ᠶᠢᠨ ᠳᠤᠮᠳᠠ ᠨᠢᠭᠡᠨ ᠵᠤᠬᠢᠶᠠᠯ ᠢ ᠦᠨᠡᠯᠡᠬᠦ᠂ | ᠵᠤᠬᠢᠶᠠᠯ ᠤᠨ ᠪᠠᠭᠠᠲᠤᠷ ᠢ ᠵᠠᠳᠠᠯᠬᠤ᠂ ᠨᠢᠭᠡᠨ ᠦᠭᠦᠯᠡᠪᠥᠷᠢ ᠶᠢ ᠮᠠᠭᠠᠳᠯᠠᠬᠤ᠂ ᠨᠢᠭᠡᠨ ᠦᠭᠡ ᠶᠢ ᠲᠠᠶᠢᠯᠪᠥᠷᠢᠯᠡᠬᠤ᠂ | ᠨᠡᠩ ᠢᠯᠠᠩᠭᠤᠶ᠎ᠠ ᠡᠮᠦᠨᠡᠬᠢ ᠬᠡᠯᠡᠭᠰᠡᠨ ᠮᠡᠲᠦ ᠪᠠᠷ ᠰᠤᠷᠤᠭᠴᠢ ᠶᠢᠨ ᠬᠠᠷᠢᠭᠤᠯᠲᠠ ᠶᠢ ᠰᠤᠨᠤᠰᠬᠤ ᠬᠥᠷᠲᠡᠯ᠎ᠡ ᠪᠥᠷ | ᠵᠠᠳᠠᠯᠤᠯᠲᠠ ᠬᠢᠬᠦ ᠬᠡᠷᠡᠭᠲᠠᠢ ᠪᠠᠶᠢᠳᠠᠭ᠃ ᠪᠠᠭᠰᠢ ᠶᠢᠨ ᠵᠠᠳᠠᠯᠤᠯᠲᠠ ᠬᠢᠬᠦ ᠴᠢᠳᠠᠪᠥᠷᠢ ᠶᠢᠨ ᠳᠡᠭᠡᠭᠰᠢᠯᠡᠯᠲᠡ ᠨᠢ ᠵᠠᠪᠠᠯ | ᠤᠢᠢᠯᠡᠳᠦᠯᠭᠡ ᠶᠢᠨ ᠳᠤᠮᠳᠠ ᠠᠴᠠ ᠰᠠᠶ᠋ᠢ ᠲᠠᠰᠤᠷᠠᠯᠲᠠ ᠦᠭᠡᠢ ᠳᠡᠭᠡᠭᠰᠢᠯᠡᠳᠡᠭ᠃ ᠬᠡᠷᠪᠡ ᠬᠢᠴᠢᠶᠡᠯ ᠢ ᠵᠢᠭᠠᠬᠤ ᠳᠠᠭᠠᠨ | ᠪᠠᠭᠰᠢ ᠠᠴᠠ ᠭᠤᠤᠯ ᠰᠠᠨᠠᠭ᠎ᠠ ᠪᠤᠯᠤᠨ ᠭᠤᠤᠯᠳᠠᠯᠭ᠎ᠠ ᠬᠦᠴᠢᠷᠳᠡᠯᠭᠡ ᠪᠠᠨ ᠠᠳᠬᠤᠵᠦ ᠲᠠᠶᠢᠯᠦᠭᠰᠡᠨ ᠦᠭᠡᠢ ᠪᠠᠷ | ᠵᠦᠪᠬᠡᠨ ᠬᠢᠴᠢᠶᠡᠯ ᠢᠶᠠᠨ ᠲᠡᠷᠡ ᠬᠡᠪ ᠢᠶᠠᠷ ᠨᠢ ᠤᠩᠰᠢᠵᠦ ᠭᠤᠤᠯ ᠳᠡᠳ᠋ ᠭᠡᠵᠦ ᠢᠯᠭᠠᠯ ᠦᠭᠡᠢ ᠲᠠᠶᠢᠯᠪᠥᠷᠢᠯᠡᠬᠤ | ᠡᠰᠡᠭᠦᠯ᠎ᠡ ᠳᠡᠮᠡᠢ ᠴᠤ ᠴᠢᠬᠤᠯᠠ ᠪᠤᠰᠤ ᠭᠠᠵᠠᠷ ᠲᠤᠨᠢ ᠬᠠᠷᠢᠨ ᠶᠡᠭᠡ ᠪᠠᠷ ᠲᠠᠶᠢᠯᠪᠥᠷᠢᠯᠡᠬᠤ ᠨᠢ ᠬᠢᠴᠢᠶᠡᠯᠯᠡᠭᠡ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠨᠦᠯᠦᠭᠡᠯᠡᠳᠡᠭ ᠪᠠᠶᠢᠨ᠎ᠠ᠃ | ᠭᠤᠷᠪᠠ᠂ ᠪᠢᠴᠢᠵᠦ ᠢᠯᠡᠳᠬᠡᠬᠦ ᠴᠢᠳᠠᠪᠥᠷᠢ ᠰᠠᠶᠢᠨ ᠪᠠᠶᠢᠬᠤ ᠬᠡᠷᠡᠭᠲᠠᠢ᠃ ᠰᠤᠷᠤᠭᠴᠢᠳ ᠤᠨ ᠵᠤᠬᠢᠶᠠᠨ | ᠪᠢᠴᠢᠯᠭᠡ ᠶᠢ ᠵᠢᠯᠤᠭᠤᠳᠬᠤ ᠭᠡᠪᠡᠯ ᠪᠠᠭᠰᠢ ᠥᠪᠡᠷᠲᠡᠭᠡᠨ ᠡᠨᠡ ᠲᠠᠯ᠎ᠠ ᠶᠢᠨ ᠴᠢᠳᠠᠪᠥᠷᠢ ᠰᠠᠶᠢᠨ ᠪᠠᠶᠢᠬᠤ ᠬᠡᠷᠡᠭᠲᠠᠢ᠃ | ᠪᠠᠭᠰᠢ ᠪᠤᠯᠤᠭᠰᠠᠳ ᠥᠪᠡᠷᠲᠡᠭᠡᠨ ᠪᠢᠴᠢᠬᠦ ᠠᠴᠠ ᠵᠠᠯᠬᠠᠭᠤᠷᠠᠬᠤ ᠪᠤᠶᠤ ᠡᠰᠡᠭᠦᠯ᠎ᠡ ᠳ᠋ᠦᠩᠨᠡᠯᠲᠡ ᠪᠢᠴᠢᠬᠦ ᠴᠤ ᠦᠭᠡᠢ | ᠪᠤᠯ ᠰᠤᠷᠤᠭᠴᠢᠳ ᠤᠨ ᠵᠤᠬᠢᠶᠠᠨ ᠪᠢᠴᠢᠬᠦ ᠴᠢᠳᠠᠪᠥᠷᠢ ᠶᠢ ᠳᠡᠭᠡᠭᠰᠢᠯᠡᠭᠦᠯᠬᠦ ᠭᠡᠳᠡᠭ ᠨᠢ ᠪᠡᠶᠡᠯᠡᠭᠳᠡᠰᠢ ᠦᠭᠡᠢ ᠶᠤᠮ᠃ | ᠳᠤᠮᠳᠠᠳᠦ ᠰᠤᠷᠭᠠᠭᠤᠯᠢ ᠶᠢᠨ ᠪᠠᠭᠰᠢ ᠪᠤᠯᠤᠭᠰᠠᠳ ᠡᠷᠬᠡᠪᠰᠢ ᠲᠡᠮᠳᠡᠭᠯᠡᠨ ᠲᠤᠭᠠᠴᠢᠬᠰᠡᠨ ᠵᠤᠬᠢᠶᠠᠯ᠂ ᠰᠢᠭᠦᠮᠵᠢᠯᠡᠨ | ᠦᠭᠦᠯᠡᠭᠰᠡᠨ ᠵᠤᠬᠢᠶᠠᠯ᠂ ᠦᠭᠦᠯᠡᠯᠭᠡ᠂ ᠰᠢᠯᠦᠭ ᠵᠡᠷᠭᠡ ᠶᠢ ᠪᠥᠷ ᠪᠢᠴᠢᠵᠦ ᠴᠢᠳᠠᠭᠰᠡᠨ ᠪᠠᠶᠢᠬᠤ ᠬᠡᠷᠡᠭᠲᠠᠢ᠃ | ᠬᠡᠯᠡ ᠪᠢᠴᠢᠭ ᠤᠨ ᠪᠠᠭᠰᠢ ᠶᠢᠨ ᠪᠢᠴᠢᠵᠦ ᠢᠯᠡᠳᠬᠡᠬᠦ ᠴᠢᠳᠠᠪᠥᠷᠢ ᠳᠤ ᠮᠦᠨ ᠦᠰᠦᠭ ᠪᠢᠴᠢᠯᠭᠡ ᠶᠢᠨ ᠤᠷ᠎ᠠ | ᠴᠢᠳᠠᠪᠥᠷᠢ ᠪᠠᠭᠲᠠᠨ᠎ᠠ᠃ ᠪᠠᠭᠰᠢ ᠶᠢᠨ ᠦᠰᠦᠭ ᠪᠢᠴᠢᠯᠭᠡ ᠶᠢᠨ ᠤᠷ᠎ᠠ ᠴᠢᠳᠠᠪᠥᠷᠢ ᠬᠢᠷᠢ ᠵᠡᠷᠭᠡ ᠪᠠᠶᠢᠬᠤ ᠨᠢ | ᠰᠤᠷᠤᠭᠴᠢᠳ ᠲᠤ ᠲᠤᠩ ᠶᠡᠭᠡ ᠨᠥᠯᠦᠭᠡ ᠪᠤᠯᠳᠠᠭ᠃ ᠶᠡᠷᠦ ᠶᠢᠨ ᠦᠭᠡᠨ ᠳᠤ ︽ᠶᠠᠮᠠᠷ ᠪᠠᠭᠰᠢ ᠪᠠᠶᠢᠪᠠᠰᠤ ᠶᠠᠮᠠᠷ | ᠱᠠᠪᠢ ᠪᠤᠢ︾ ᠭᠡᠳᠡᠭᠴᠢᠯᠡᠨ᠂ ᠰᠤᠷᠤᠭᠴᠢᠳ ᠤᠨ ᠦᠰᠦᠭ ᠤᠨ ᠲᠢᠭ ᠨᠢ ᠪᠥᠷ ᠪᠠᠭᠰᠢ ᠪᠠᠨ ᠳᠠᠭᠤᠷᠢᠶᠠᠳᠠᠭ᠃ | ᠤᠴᠢᠷ ᠨᠢ ᠰᠤᠷᠤᠭᠴᠢᠳ ᠴᠠᠭ ᠢᠮᠠᠭᠲᠠ ᠪᠠᠭᠰᠢ ᠶᠢᠨ ᠢᠶᠠᠨ ᠰᠠᠮᠪᠠᠷ᠎ᠠ ᠶᠢᠨ ᠦᠰᠦᠭ ᠪᠠ ᠳᠠᠰᠬᠠᠯ ᠳᠠᠭᠠᠭᠠᠯᠭᠠᠪᠦᠷᠢ᠂ | ᠰᠢᠯᠭᠠᠯᠲᠠ ᠶᠢᠨ ᠬᠠᠭᠤᠳᠠᠰᠤᠨ ᠳᠡᠭᠡᠷᠡᠬᠢ ᠴᠤᠬᠤᠯᠠᠪᠦᠷᠢ ᠶᠢᠨ ᠦᠰᠦᠭ ᠢ ᠦᠵᠡᠭᠰᠡᠭᠡᠷ ᠪᠠᠶᠢᠵᠦ᠂ ᠲᠡᠭᠦᠨ ᠳᠤᠨᠢ | ᠬᠦᠨ ᠨᠦᠯᠦᠭᠡᠯᠡᠭᠳᠡᠳᠡᠭ ᠶᠤᠮ᠃ ᠡᠶᠢᠮᠤ ᠠᠴᠠ ᠬᠡᠯᠡ ᠪᠢᠴᠢᠭ ᠤᠨ ᠪᠠᠭᠰᠢ ᠪᠤᠯᠤᠭᠰᠠᠳ ᠶᠢᠨ ᠪᠢᠷ ᠤᠨ ᠪᠢᠴᠢᠯᠭᠡ ᠳᠤ | ᠴᠠᠭᠠᠷᠠᠬᠤ ᠪᠠᠷ ᠪᠠᠷᠠᠬᠤ ᠦᠭᠡᠢ᠂ ᠪᠠᠰᠠ ᠪᠤᠯᠤᠳ ᠪᠢᠷ᠂ ᠦᠰᠦᠨ ᠪᠢᠷ ᠤᠨ ᠪᠢᠴᠢᠯᠭᠡ ᠳᠤ ᠴᠤ ᠴᠠᠭᠠᠷᠠᠬᠤ | ᠴᠢᠬᠤᠯᠠᠲᠠᠢ᠃ | ᠵᠣᠬᠢᠶᠠᠭᠴᠢ᠄ ᠲᠦᠮᠬᠠᠦ᠋ᠯᠵᠡᠢ | | | | | | | | | | | | ᠁ |