ᠵᠠᠩ ᠠᠭᠠᠰᠢ ᠪᠠᠨ ᠬᠤᠪᠢᠷᠠᠭᠤᠯᠬᠤ ᠨᠢ ᠠᠮᠵᠢᠯᠳᠠ ᠤᠯᠬᠤ ᠳᠤ ᠲᠤᠰᠠᠳᠠᠢ
ᠨᠡᠶᠢᠲᠡᠯᠡᠭᠰᠡᠨ ᠴᠠᠭ᠄
2019/3/19
      ︽ᠬᠤᠶᠠᠷ ᠨᠢᠭᠤᠷᠳᠠᠨ︾ ᠭᠡᠳᠡᠭ ᠨᠢ ᠵᠢᠪᠡᠭᠦᠴᠡᠯ ᠤᠨ ᠦᠡᠭᠭᠡ ᠲᠠᠢ ᠦᠭᠡ ᠪᠤᠯᠤᠨ᠎ᠠ᠃ ᠭᠡᠳᠡᠯ᠎ᠠ ᠠᠮᠧᠷᠢᠺᠡ ᠶᠢᠨ ︽ᠪᠤᠳᠠᠭᠠᠯᠢ ᠰᠢᠨᠵᠢ ᠪᠠ ᠨᠡᠶᠢᠭᠡᠮ ᠤᠨ ᠰᠡᠳᠬᠢᠴᠠ ᠵᠦᠢ ᠶᠢᠨ ᠤᠬᠠᠭᠠᠨ︾ ᠰᠡᠳᠭᠦᠯ ᠳᠡᠭᠡᠷ᠎ᠠ ᠨᠡᠶᠢᠳᠡᠯᠡᠭᠰᠡᠨ ᠬᠠᠮᠤᠭ ᠰᠢᠨ᠎ᠠ ᠰᠤᠳᠤᠯᠭᠠᠨ ᠤ ᠳ᠋ᠦᠡᠭ ᠢ ᠦᠨᠳᠦᠰᠦᠯᠡᠪᠡᠯ᠂ ᠪᠠᠶᠢᠨ ᠪᠠᠶᠢᠨ ᠦᠪᠡᠷ ᠤᠨ ᠬᠡᠷᠡᠭ ᠤᠴᠢᠷ ᠢ ᠰᠢᠢᠳᠪᠦᠷᠢᠯᠡᠭᠦ ᠤᠪᠤᠷ ᠠᠪᠳᠠᠯ ᠢᠶᠠᠨ ᠬᠤᠪᠢᠷᠠᠭᠤᠯᠪᠠᠯ᠂ ᠬᠡᠷᠡᠭ ᠤᠴᠢᠷ ᠢ ᠪᠤᠷᠤᠭᠤ ᠵᠦᠭ ᠬᠦᠭᠵᠢᠭᠦᠯᠭᠦ ᠦᠭᠡᠢ ᠮᠦᠷᠳᠡᠭᠡᠨ ᠬᠦᠮᠦᠰ ᠤᠨ ᠰᠡᠳᠬᠢᠴᠠ ᠶᠢᠨ ᠡᠷᠡᠭᠦᠯ ᠴᠢᠬᠢᠷᠠᠭ ᠲᠤ ᠲᠤᠩ ᠲᠤᠰᠠᠳᠠᠢ ᠪᠠᠶᠢᠳᠠᠭ᠃       ᠠᠮᠧᠷᠢᠺᠠ ᠶᠢᠨ ᠨᠢᠭᠡ ᠶᠡᠭᠡ ᠰᠤᠷᠭᠠᠭᠤᠯᠢ ᠶᠢᠨ ᠰᠡᠳᠬᠢᠴᠠ ᠵᠦᠢ ᠶᠢᠨ ᠤᠬᠠᠭᠠᠨᠳᠠᠨ ᠸᠧᠢᠯᠢᠶᠠᠮ · ᠹᠸᠢᠢᠯᠢᠰ ᠳ᠋ᠤᠺᠲ᠋ᠤᠷ ᠤᠨ ᠰᠤᠳᠤᠯᠭᠠᠨ ᠤ ᠳ᠋ᠦᠡᠭ ᠢ ᠦᠨᠳᠦᠰᠦᠯᠡᠪᠡᠯ᠂ ᠬᠦᠮᠦᠰ ᠡᠭᠦᠷᠭᠡ ᠪᠠᠶᠠᠯᠡᠭᠦᠯᠭᠦ ᠳᠡᠭᠡᠨ ᠤᠪᠤᠷ ᠬᠢᠳᠠᠯ ᠢᠶᠠᠨ ᠵᠤᠬᠢᠬᠤ ᠭᠡᠮᠵᠢᠶ᠎ᠠ ᠪᠠᠷ ᠬᠤᠪᠢᠷᠠᠭᠤᠯᠪᠠᠯ᠂ ᠰᠠᠨᠠᠭᠠᠨ ᠠᠴᠠ ᠭᠠᠳᠠᠭᠤᠷ ᠰᠠᠶᠢᠨ ᠳ᠋ᠦᠡᠭ ᠤᠯᠤᠨ᠎ᠠ᠃ ᠵᠢᠱᠢᠶᠠᠯᠠᠪᠠᠯ᠂ ᠳᠠᠶᠢᠯᠠᠯᠭ᠎ᠠ ᠳᠤ ᠤᠷᠤᠯᠴᠠᠬᠤ ᠳᠠᠭᠠᠨ ᠶᠡᠷᠦ ᠳᠡᠭᠡᠨ ᠦᠭᠡ ᠳᠠᠭᠤ ᠤᠯᠠᠨᠳᠠᠢ ᠬᠦᠮᠦᠨ᠂ ᠦᠭᠡ ᠳᠠᠭᠤ ᠪᠠᠨ ᠴᠦᠭᠡᠳᠭᠡᠵᠤ ᠯᠠᠪᠳᠠᠭᠤᠨ ᠲᠤᠭᠳᠠᠭᠤᠨ ᠪᠠᠶᠢᠪᠠᠯ᠂ ᠮᠠᠰᠢ ᠤᠯᠠᠨ ᠬᠦᠮᠦᠰ ᠴᠢᠮ᠎ᠠ ᠲᠠᠢ ᠨᠡᠩ ᠬᠠᠷᠢᠯᠴᠠᠬᠤ ᠲᠤᠷᠠᠳᠠᠢ ᠪᠤᠯᠤᠨ᠎ᠠ᠃ ᠲᠦᠷᠦᠯᠬᠢ ᠨᠤᠮᠤᠬᠠᠨ ᠪᠦᠭᠡᠳ ᠦᠭᠡ ᠳᠠᠭᠤ ᠴᠦᠭᠡᠨᠳᠠᠢ ᠬᠦᠮᠦᠨ᠂ ᠵᠠᠷᠢᠮ ᠳᠠᠭᠠᠨ ᠳᠡᠭᠵᠢᠨ ᠴᠤᠪᠤᠭᠤᠯᠢᠭ ᠪᠠᠶᠢᠪᠠᠯ᠂ ᠨᠡᠩ ᠤᠯᠠᠨ ᠨᠠᠶᠢᠵᠠ ᠲᠠᠢ ᠪᠤᠯᠬᠤ ᠦᠪᠡᠷ ᠤᠨ ᠪᠡᠶ᠎ᠠ ᠳᠡᠭᠡᠨ ᠨᠡᠩ ᠢᠳᠡᠭᠡᠯ ᠲᠠᠢ ᠪᠤᠯᠳᠠᠭ᠃ ᠸᠧᠢᠯᠢᠶᠠᠮ · ᠹᠸᠢᠢᠯᠢᠰ ᠳ᠋ᠤᠺᠲ᠋ᠤᠷ᠄ ᠮᠠᠰᠢ ᠤᠯᠠᠨ ᠬᠦᠮᠦᠰ ᠵᠠᠩ ᠠᠭᠠᠰᠢ ᠨᠢ ᠬᠤᠪᠢᠷᠠᠵᠤ ᠳᠡᠶᠢᠯᠤᠰᠢ ᠦᠭᠡᠢ ᠭᠡᠵᠤ ᠦᠵᠡᠳᠡᠭ᠃ ᠦᠨᠡᠨ ᠳᠡᠭᠡᠨ ᠦᠪᠡᠷ ᠤᠨ ᠵᠠᠩ ᠠᠭᠠᠰᠢ ᠤᠪᠤᠷ ᠢᠶᠠᠨ ᠬᠤᠪᠢᠷᠠᠭᠤᠯᠬᠤ ᠪᠠᠷ ᠴᠢᠷᠮᠠᠶᠢᠬᠤ ᠨᠢ ᠦᠪᠡᠷ ᠢ ᠪᠠᠨ ᠦᠭᠡᠶᠢᠰᠭᠡᠵᠤ ᠪᠠᠶᠢᠭ᠎ᠠ ᠪᠤᠶᠤ ᠦᠪᠡᠷ ᠢ ᠪᠠᠨ ᠬᠦᠨᠳᠦᠳᠭᠡᠭᠦ ᠦᠭᠡᠢ ᠪᠠᠶᠢᠭ᠎ᠠ ᠶᠠᠪᠤᠳᠠᠯ ᠤᠭᠳᠤ ᠪᠢᠰᠢ᠂ ᠬᠠᠷᠢᠨ ᠢᠯᠡᠷᠡᠭᠦᠯᠦᠭᠡ ᠦᠭᠡᠢ ᠲᠤᠳᠤᠭᠠᠳᠤ ᠴᠢᠳᠠᠪᠬᠢ ᠪᠠᠨ ᠪᠠᠲᠠᠷᠠᠭᠤᠯᠬᠤ ᠳᠤ ᠠᠰᠢᠬᠳᠠᠢ ᠪᠠᠶᠢᠳᠠᠬ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号