ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠠᠭ | 237 ᠳ᠋ᠤᠭᠠᠷ ᠲᠤᠭᠠᠳᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ︾ | ᠶᠢ 2018 ᠤᠨ ᠤ 11 ᠳ᠋ᠤᠬᠡᠷ ᠰᠠᠷ᠎ᠠ ᠶᠢᠨ 19 ᠤ ᠡᠳᠥᠷ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠤ | ᠪᠠᠲᠤᠯᠠᠭᠠᠳ᠂ ᠡᠳᠥᠭᠡ ᠨᠡᠶᠢᠲᠡᠯᠡᠪᠡ᠂ 2019 ᠤᠨ ᠤ 1 ᠳ᠋ᠤᠬᠡᠷ ᠰᠠᠷ᠎ᠠ ᠶᠢᠨ 10 ᠤ ᠡᠳᠥᠷ ᠠᠴᠠ ᠡᠬᠢᠯᠡᠵᠦ | ᠭᠡᠷᠡᠭᠵᠢᠭᠦᠯᠥᠨ᠎ᠡ᠃ | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠣᠣ ᠯᠢᠨ | 2018 ᠣᠨ ᠤ 12 ᠳ᠋ᠤᠭᠠᠷ ᠰᠠᠷ᠎ᠠ ᠶᠢᠨ 6 ᠤ ᠡᠳᠦᠷ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠷᠠᠳᠢᠣ᠋ ᠲᠧᠯᠸᠢᠰ ᠤᠨ ᠬᠠᠮᠢᠶᠠᠷᠤᠯᠲᠠ ᠶᠢ ᠵᠢᠷᠤᠮᠵᠢᠭᠤᠯᠵᠦ᠂ ᠷᠠᠳᠢᠣ᠋ ᠲᠧᠯᠸᠢᠰ ᠤᠨ ᠠᠵᠢᠯ | ᠦᠢᠯᠡᠰ ᠢ ᠭᠦᠭᠵᠢᠬᠦᠯᠵᠦ ᠴᠡᠴᠡᠭᠯᠡᠬᠦᠯᠬᠦ ᠶᠢᠨ ᠲᠤᠰᠠᠳᠠ᠂ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠲᠦᠷᠢᠮ︾ | ᠵᠡᠷᠭᠡ ᠤᠯᠤᠰ ᠤᠨ ᠬᠤᠯᠪᠤᠭᠳᠠᠯ ᠪᠥᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠵᠦ᠂ ᠥᠪᠡᠷᠲᠡᠭᠡᠨ | ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠤᠳᠤᠷ᠎ᠠ ᠷᠠᠳᠢᠣ᠋ | ᠲᠧᠯᠸᠢᠰ ᠬᠤᠷᠢᠶ᠎ᠠ ︵ᠦᠷᠲᠡᠭᠡ︶ ᠪᠠᠶᠢᠭᠤᠯᠵᠦ᠂ ᠷᠠᠳᠢᠣ᠋ ᠲᠧᠯᠸᠢᠰ ᠤᠨ ᠫᠷᠤᠭ᠍ᠷᠠᠮ ᠢ ᠰᠤᠷᠪᠤᠯᠵᠢᠯᠠᠨ ᠨᠠᠶᠢᠷᠠᠭᠤᠯᠬᠤ᠂ | ᠦᠢᠯᠡᠳᠬᠦ᠂ ᠨᠡᠪᠳᠡᠷᠡᠬᠦᠯᠬᠦ᠂ ᠭᠦᠯᠢᠶᠡᠨ ᠠᠪᠬᠤ᠂ ᠲᠠᠮᠵᠢᠭᠤᠯᠬᠤ᠂ ᠬᠢᠨᠠᠨ ᠰᠢᠨᠵᠢᠵᠦ᠂ ᠷᠠᠳᠢᠣ᠋ ᠲᠧᠯᠸᠢᠰ ᠤᠨ | ᠠᠵᠢᠯᠯᠠᠵᠦ ᠡᠵᠡᠩᠨᠡᠬᠦ ᠦᠢᠯᠡᠴᠢᠯᠡᠭᠡ ᠵᠢᠴᠢ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ᠂ | ᠤᠯᠠᠨ ᠨᠡᠶᠢᠲᠡ ᠶᠢᠨ ᠦᠵᠡᠬᠦᠯᠵᠦ ᠰᠤᠨᠤᠰᠬᠠᠬᠤ ᠠᠴᠢᠶᠠᠯᠠᠪᠤᠷᠢ ᠶᠢᠨ ᠨᠡᠪᠳᠡᠷᠡᠭᠦᠯᠳᠡᠭ ᠦᠵᠡᠬᠦᠯᠵᠦ ᠰᠤᠨᠤᠰᠬᠠᠬᠤ | ᠫᠷᠤᠭ᠍ᠷᠠᠮ ᠤᠨ ᠦᠢᠯᠡᠴᠢᠯᠡᠭᠡ ᠵᠡᠷᠭᠡ ᠠᠵᠢᠯᠯᠠᠭᠠᠨ ᠳᠤ ᠲᠤᠰ ᠠᠷᠭ᠎ᠠ ᠬᠡᠷᠡᠭᠯᠡᠭᠳᠡᠨ᠎ᠡ᠃ ᠭᠤᠷᠪᠠᠳᠤᠭᠠᠷ ᠵᠦᠢᠯ ᠷᠠᠳᠢᠣ᠋ | ᠲᠧᠯᠸᠢᠰ ᠤᠨ ᠠᠵᠢᠯ ᠦᠢᠯᠡᠰ ᠨᠢ ᠠᠷᠠᠳ ᠲᠦᠮᠡᠨ ᠳᠤ ᠦᠢᠯᠡᠴᠢᠯᠡᠬᠦ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠳᠠᠯᠠᠵᠦ᠂ ᠶᠠᠷᠢᠶ᠎ᠠ ᠬᠡᠯᠡᠯᠴᠡᠭᠡᠨ ᠤ ᠵᠥᠪ | ᠤᠳᠤᠷᠢᠳᠤᠮᠵᠢ ᠶᠢ ᠪᠠᠷᠢᠮᠳᠠᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠯᠠᠮᠵᠢᠯᠠᠨ | ᠪᠠᠳᠠᠷᠠᠭᠤᠯᠬᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠤᠶᠤᠨ ᠰᠠᠨᠠᠭ᠎ᠠ ᠪᠠ ᠰᠣᠶᠣᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠠᠷᠴᠢᠮ ᠪᠤᠯᠭᠠᠬᠤ ᠬᠡᠷᠡᠭᠳᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠷᠠᠳᠢᠣ᠋ ᠲᠧᠯᠸᠢᠰ ᠤᠨ ᠠᠵᠢᠯ ᠦᠢᠯᠡᠰ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠵᠤ᠂ ᠷᠠᠳᠢᠣ᠋ ᠲᠧᠯᠸᠢᠰ ᠤᠨ ᠠᠵᠢᠯ ᠦᠢᠯᠡᠰ ᠤᠨ ᠭᠦᠭᠵᠢᠯᠳᠡ ᠳᠤ ᠡᠳ᠋ ᠤᠨ | ᠵᠠᠰᠠᠭ ᠤᠨ ᠣᠷᠣᠭᠤᠯᠤᠯᠲᠠ ᠶᠢ ᠪᠠᠳᠤᠯᠠᠨ᠂ ᠷᠠᠳᠢᠣ᠋ ᠲᠧᠯᠸᠢᠰ ᠤᠨ ᠠᠵᠢᠯ ᠦᠢᠯᠡᠰ ᠤᠨ ᠦᠷᠬᠦᠯᠵᠢᠯᠡᠨ ᠭᠦᠭᠵᠢᠬᠦ ᠶᠢ | ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ ᠪᠠ ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠷᠠᠳᠢᠣ᠋ ᠲᠧᠯᠸᠢᠰ ᠤᠨ ᠲᠠᠯ᠎ᠠ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠶᠢᠭᠤᠯᠤᠯᠲᠠ ᠶᠢᠨ ᠠᠵᠢᠯ | ᠦᠢᠯᠡᠰ ᠢ ᠭᠤᠣᠯᠳᠠᠯᠭ᠎ᠠ ᠲᠠᠢ ᠪᠠᠷ ᠲᠡᠳᠬᠦᠨ ᠳᠡᠮᠵᠢᠬᠦ ᠬᠡᠷᠡᠭᠲᠡᠶ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠪᠠ ᠤᠷᠴᠢᠭᠤᠯᠤᠨ | ᠦᠢᠯᠡᠳᠬᠦ ᠠᠵᠢᠯ ᠢ ᠵᠤᠷᠢᠨᠨᠵᠢᠭᠤᠯᠬᠤ ᠪᠠ ᠲᠡᠳᠬᠦᠨ ᠲᠡᠮᠵᠢᠵᠦ᠂ ᠴᠥᠭᠡᠨ ᠲᠣᠭᠠᠲᠤ ᠦᠨᠳᠦᠰᠦᠲᠡᠨ ᠤ ᠬᠡᠯᠡᠨ ᠤ | ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠪᠠᠶᠠᠯᠢᠨᠨᠵᠢᠭᠤᠯᠬᠤ ᠬᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠷᠠᠳᠢᠣ᠋ ᠲᠧᠯᠸᠢᠰ ᠤᠨ ᠬᠢᠨᠠᠯᠲᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠲᠤᠰ ᠲᠤᠰ ᠤᠨ ᠢᠶᠠᠨ ᠡᠭᠦᠷᠬᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠳᠦᠷᠢᠮ ᠢ ᠪᠠᠶᠢᠭᠤᠯᠤᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠳᠠ ᠶᠢ ᠬᠦᠯᠢᠶᠡᠬᠦ ᠬᠡᠷᠡᠭᠲᠡᠶ᠃ ᠬᠤᠶᠠᠳᠤᠭᠠᠷ | ᠪᠦᠯᠦᠭ ᠷᠠᠳᠢᠣ᠋ ᠲᠧᠯᠸᠢᠰ ᠬᠤᠷᠢᠶ᠎ᠠ ᠪᠠ ᠷᠠᠳᠢᠣ᠋ ᠲᠧᠯᠸᠢᠰ ᠥᠷᠲᠡᠭᠡ | ᠨᠠᠢᠮᠠᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ᠶᠢ ᠤᠯᠤᠰ ᠤᠨ ᠲᠣᠭᠲᠠᠭᠠᠯ ᠶᠣᠰᠣᠭᠠᠷ ᠪᠠᠶᠢᠭᠤᠯᠬᠤ ᠬᠡᠷᠡᠭᠳᠡᠢ᠃ | ᠷᠠᠳᠢᠣ᠋ ᠲᠧᠯᠸᠢᠰ ᠬᠤᠷᠢᠶ᠎ᠠ ᠨᠢ ᠬᠤᠷᠢᠶᠠᠨ ᠤ ᠨᠡᠷ᠎ᠡ᠂ ᠬᠤᠷᠢᠶᠠᠨ ᠤ ᠳᠡᠮᠳᠡᠭ᠂ ᠲᠠᠭᠤᠳᠠᠯᠭ᠎ᠠ ᠶᠢᠨ ᠲᠤᠬᠢᠶ᠎ᠠ᠂ | ᠫᠷᠤᠭ᠍ᠷᠠᠮ ᠢ ᠲᠤᠬᠢᠷᠠᠭᠤᠯᠬᠤ ᠬᠡᠪᠴᠢᠶ᠎ᠡ ᠪᠠᠨ ᠳᠤᠷ᠎ᠠ ᠪᠠᠷ ᠢᠶᠠᠨ ᠬᠤᠪᠢᠷᠠᠭᠠᠵᠦ ᠪᠣᠯᠬᠤ ᠦᠭᠡᠢ᠃ | ᠶᠢᠰᠦᠳᠦᠭᠡᠷ ᠵᠦᠢᠯ ᠷᠠᠳᠢᠣ᠋ ᠲᠧᠯᠸᠢᠰ ᠥᠷᠲᠡᠭᠡ ᠶᠢ ᠪᠠᠶᠢᠭᠤᠯᠬᠤ ᠳᠤ ᠠᠶᠢᠮᠠᠭ ᠤᠨ ᠵᠠᠬᠢᠷᠭ᠎ᠠ ᠪᠠ ᠲᠣᠭᠤᠷᠢᠭ | ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ ᠷᠠᠳᠢᠣ᠋ ᠲᠧᠯᠸᠢᠰ ᠥᠷᠲᠡᠭᠡ ᠶᠢ ︽ᠬᠤᠷᠢᠶ᠎ᠠ︾ ᠬᠡᠵᠦ | ᠨᠡᠷᠡᠶᠢᠳᠴᠤ ᠪᠤᠯᠬᠤ ᠦᠬᠡᠢ᠃ | ᠠᠷᠪᠠᠳᠤᠭᠠᠷ ᠵᠦᠢᠯ ᠷᠠᠳᠢᠣ᠋ ᠲᠧᠯᠸᠢᠰ ᠥᠷᠲᠡᠭᠡ ᠶᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ | ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠠᠵᠢᠯ ᠦᠢᠯᠡᠰ ᠪᠠ ᠠᠵᠤ ᠦᠢᠯᠡᠰ ᠤᠨ | ᠪᠦᠳᠦᠬᠡᠨ ᠪᠠᠶᠢᠭᠤᠯᠤᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ ᠪᠠᠶᠢᠬᠤ︔ | ︵ᠬᠤᠶᠠᠷ︶ ᠤᠯᠤᠰ ᠤᠨ ᠲᠣᠭᠲᠠᠭᠠᠯ ᠳᠤ ᠨᠡᠶᠢᠴᠡᠭᠰᠡᠨ ᠬᠤᠶᠠᠷ ᠠᠴᠠ ᠲᠡᠬᠡᠭᠰᠢᠬᠢ ᠷᠠᠳᠢᠣ᠋ ᠲᠧᠯᠸᠢᠰ ᠤᠨ | ᠲᠤᠰᠬᠠᠶ ᠮᠡᠷᠭᠡᠵᠢᠯ ᠤᠨ ᠠᠵᠢᠯᠲᠠᠨ ᠪᠠ ᠬᠠᠮᠢᠶᠠᠷᠤᠯᠲᠠ ᠶᠢᠨ ᠠᠵᠢᠯᠲᠠᠨ ᠲᠠᠢ ᠪᠠᠶᠢᠬᠤ︔ | ︵ᠭᠤᠷᠪᠠ︶ ᠤᠯᠤᠰ ᠤᠨ ᠲᠣᠭᠲᠠᠭᠠᠯ ᠳᠤ ᠨᠡᠶᠢᠴᠡᠭᠰᠡᠨ ᠷᠠᠳᠢᠣ᠋ ᠲᠧᠯᠸᠢᠰ ᠤᠨ ᠮᠡᠷᠭᠡᠵᠢᠯ ᠤᠨ | ᠲᠥᠬᠦᠭᠡᠷᠦᠮᠵᠢ ᠲᠠᠢ ᠪᠠᠶᠢᠬᠤ︔ | ︵ᠲᠦᠷᠪᠡ︶ ᠴᠢᠬᠤᠯᠠ ᠪᠦᠬᠦᠢ ᠦᠨᠳᠦᠰᠦᠨ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠪᠠ | ᠲᠣᠭᠲᠠᠪᠤᠷᠢᠲᠠᠶ ᠪᠡᠯᠡ ᠮᠥᠩᠭᠦᠨ ᠤ ᠪᠠᠲᠤᠯᠠᠭ᠎ᠠ ᠲᠠᠢ ᠪᠠᠶᠢᠬᠤ | ︵ᠲᠠᠪᠤ︶ ᠠᠮᠤᠷ ᠲᠦᠪᠰᠢᠨ ᠪᠦᠬᠡᠳ ᠲᠤᠰᠬᠠᠢ ᠬᠡᠷᠡᠭᠯᠡᠬᠡᠨ ᠤ ᠠᠵᠢᠯᠯᠠᠬᠤ ᠲᠠᠯᠠᠪᠤᠷ ᠭᠠᠵᠠᠷ ᠲᠠᠢ ᠪᠠᠶᠢᠬᠤ︔ | ︵ᠵᠢᠷᠭᠤᠭ᠎ᠠ︶ ᠵᠠᠰᠠᠭ ᠵᠠᠬᠢᠷᠭᠠᠨ ᠤ ᠣᠷᠣᠨ ᠤ ᠴᠢᠨᠠᠷᠲᠠᠶ ᠤᠲᠠᠰᠤᠲᠤ ᠷᠠᠳᠢᠣ᠋ ᠲᠧᠯᠸᠢᠰ ᠤᠨ ᠲᠠᠮᠵᠢᠭᠤᠯᠬᠤ | ᠰᠦᠯᠵᠢᠶ᠎ᠡ ᠶᠢᠨ ᠬᠠᠮᠤᠷᠤᠨᠨᠰᠠᠨ ᠣᠷᠣᠨ ᠤ ᠲᠤᠳᠤᠷ᠎ᠠ᠂ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠣᠷᠣᠨ ᠤ | ᠴᠢᠨᠠᠷᠲᠠᠶ ᠲᠠᠮᠵᠢᠭᠤᠯᠬᠤ ᠪᠠᠶᠢᠭᠤᠯᠤᠮᠵᠢ ᠲᠠᠢ ᠲᠤᠤᠷ ᠰᠦᠯᠵᠢᠶᠡᠵᠢᠬᠦᠯᠦᠭᠰᠡᠨ ᠲᠥᠯᠥᠪᠵᠢᠭᠦᠯᠭᠡ ᠪᠤᠶᠤ ᠵᠦᠪᠯᠡᠯᠴᠡᠬᠡᠷ | ᠲᠤᠨᠨᠳ᠋ᠬᠠᠰᠠᠨ ᠪᠠᠶᠢᠬᠤ᠃ | ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ | ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ 100 ᠸᠠᠲ ︵100 ᠸᠠᠲ ᠶᠢ ᠪᠠᠭᠲᠠᠭᠠᠬᠤ ᠦᠭᠡᠢ︶ | ᠠᠴᠠ ᠲᠤᠷᠤᠨᠨᠰᠢᠬᠢ ᠳᠠᠪᠲᠠᠮᠵᠢ᠂ ᠰᠤᠪᠠᠭ ᠤᠳ ᠢ ᠲᠤᠬᠢᠷᠠᠭᠤᠯᠬᠤ ᠲᠥᠯᠥᠪᠵᠢᠭᠦᠯᠭᠡ ᠲᠤᠨᠨᠳᠠᠭᠠᠬᠤ ᠶᠢ | ᠬᠠᠷᠢᠭᠤᠴᠠᠬᠤ ᠶᠢᠨ ᠬᠠᠮᠳᠤ᠂ ᠳᠠᠪᠲᠠᠮᠵᠢ ᠳᠤ ᠲᠤᠰᠬᠠᠶ ᠬᠡᠷᠡᠭᠯᠡᠬᠦᠯᠬᠦ ᠪᠠᠷ ᠨᠡᠷ᠎ᠡ ᠵᠢᠭᠠᠵᠦ ᠬᠤᠪᠢᠶᠠᠷᠢᠯᠠᠬᠤ ᠭᠡᠷᠡᠴᠢ | ᠪᠢᠴᠢᠭ ᠢ ᠬᠢᠨᠠᠨ ᠤᠯᠭᠤᠬᠤ ᠬᠡᠷᠡᠭᠲᠡᠶ᠃ ᠨᠡᠷ᠎ᠡ ᠵᠢᠭᠠᠵᠦ ᠬᠤᠪᠢᠶᠠᠷᠢᠯᠬᠠᠰᠠᠨ ᠳᠠᠪᠲᠠᠮᠵᠢ ᠨᠢ ᠵᠢᠷᠭᠤᠭᠠᠨ ᠰᠠᠷ᠎ᠠ ᠶᠢᠨ | ᠳᠣᠲᠣᠷ᠎ᠠ ᠨᠡᠪᠳᠡᠷᠡᠭᠦᠯᠬᠡ ᠪᠠᠨ ᠡᠬᠢᠯᠡᠭᠦᠯᠦᠭᠰᠡᠨ ᠪᠠᠶᠢᠬᠤ ᠬᠡᠷᠡᠭᠳᠡᠢ᠂ ᠬᠤᠭᠤᠴᠠᠭ᠎ᠠ ᠠᠴᠠ ᠪᠠᠨ ᠬᠡᠳᠦᠷᠡᠪᠡᠯ | ᠠᠶᠠᠨᠳᠠᠭᠠᠨ ᠵᠤᠨᠨᠰᠤᠨᠨᠰᠠᠨ ᠢᠶᠠᠷ ᠦᠵᠡᠨ᠎ᠠ᠃ | ᠠᠷᠪᠠᠨ ᠬᠤᠶᠠᠳᠤᠭᠠᠷ ᠵᠦᠢᠯ ᠷᠠᠳᠢᠣ᠋ ᠲᠧᠯᠸᠢᠰ ᠤᠨ ᠰᠠᠴᠤᠷᠠᠭᠤᠯᠬᠤ ᠦᠷᠳᠡᠭᠡ᠂ ᠲᠡᠮᠵᠢᠭᠤᠯᠤᠨ ᠨᠡᠪᠳᠡᠷᠡᠬᠦᠯᠬᠦ | ᠬᠤᠷᠢᠶ᠎ᠠ᠂ ᠲᠠᠭᠠᠭᠤᠯᠢ ᠤᠳᠤᠨ ᠳᠤ ᠭᠠᠷᠭᠠᠬᠤ ᠦᠷᠳᠡᠭᠡ᠂ ᠪᠢᠴᠢᠯ ᠳᠣᠯᠭᠢᠶᠠᠨ ᠤ ᠥᠷᠲᠡᠭᠡ ᠨᠤᠭᠤᠳ ᠨᠢ ᠭᠠᠵᠠᠷ | ᠵᠦᠶ ᠶᠢᠨ ᠪᠠᠶᠢᠷᠢᠰᠢᠯ᠂ ᠳᠠᠪᠲᠠᠮᠵᠢ᠂ ᠴᠢᠳᠠᠯ᠂ ᠠᠨᠲ᠋ᠢᠨ᠎ᠠ ᠶᠢᠨ ᠥᠨᠳᠥᠷ᠂ ᠠᠨᠲ᠋ᠢᠨ᠎ᠠ ᠶᠢᠨ ᠬᠡᠯᠪᠡᠷᠢ ᠵᠡᠷᠬᠡ | ᠮᠡᠷᠭᠡᠵᠢᠯ ᠤᠨ ᠪᠤᠯᠵᠤᠯᠳᠤ ᠲᠤᠭ᠎ᠠ ᠪᠠᠨ ᠳᠤᠷ᠎ᠠ ᠪᠠᠷ ᠢᠶᠠᠨ ᠬᠤᠪᠢᠷᠠᠭᠠᠵᠦ ᠪᠣᠯᠬᠤ ᠦᠭᠡᠢ᠂ ᠬᠢᠨᠠᠨ ᠵᠥᠪᠰᠢᠶᠡᠷᠡᠭᠰᠡᠨ | ᠳᠠᠪᠲᠠᠮᠵᠢ᠂ ᠳᠠᠪᠲᠠᠮᠵᠢ ᠶᠢᠨ ᠬᠡᠰᠡᠭᠯᠡᠯ ᠢ ᠲᠦᠷᠢᠶᠡᠰᠦᠯᠡᠭᠦᠯᠵᠦ᠂ ᠰᠢᠯᠵᠢᠭᠦᠯᠦᠨ ᠦᠭᠴᠤ ᠪᠤᠯᠬᠤ ᠦᠬᠡᠢ᠃ | ᠠᠷᠪᠠᠨ ᠭᠤᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠷᠠᠳᠢᠣ᠋ ᠲᠧᠯᠸᠢᠰ ᠬᠤᠷᠢᠶ᠎ᠠ ︵ | ᠦᠷᠳᠡᠭᠡ︶ ᠶᠢᠨ ᠳᠠᠪᠲᠠᠮᠵᠢ᠂ ᠰᠤᠪᠠᠭ ᠢ ᠬᠠᠷᠰᠢᠯᠠᠬᠤ ᠪᠤᠶᠤ ᠡᠵᠡᠯᠡᠵᠦ ᠪᠤᠯᠬᠤ ᠦᠬᠡᠢ᠃ | ᠭᠤᠷᠪᠠᠳᠤᠭᠠᠷ ᠪᠦᠯᠦᠭ ᠷᠠᠳᠢᠣ᠋ ᠲᠧᠯᠸᠢᠰ ᠤᠨ ᠫᠷᠤᠭ᠍ᠷᠠᠮ ᠠᠷᠪᠠᠨ ᠳᠥᠷᠪᠡᠳᠦᠭᠡᠷ ᠵᠦᠢᠯ ᠷᠠᠳᠢᠣ᠋ ᠲᠧᠯᠸᠢᠰ | ᠬᠤᠷᠢᠶ᠎ᠠ ︵ᠦᠷᠲᠡᠭᠡ︶ ᠨᠢ ᠳᠣᠣᠷ᠎ᠠ ᠵᠢᠭᠰᠠᠭᠠᠭᠰᠠᠨ ᠠᠭᠤᠯᠭ᠎ᠠ ᠶᠢ ᠲᠡᠮᠳᠡᠭᠯᠡᠭᠰᠡᠨ ᠫᠷᠤᠭ᠍ᠷᠠᠮ ᠢ ᠦᠢᠯᠡᠳᠦᠨ | ᠨᠡᠪᠳᠡᠷᠡᠬᠦᠯᠵᠦ ᠪᠤᠯᠬᠤ ᠦᠬᠡᠢ᠄ | ︵ᠨᠢᠭᠡ︶ ᠤᠯᠤᠰ ᠣᠷᠣᠨ ᠤ ᠨᠢᠭᠡᠳᠦᠯ᠂ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠢ | ᠬᠤᠬᠢᠷᠠᠭᠤᠯᠬᠤ ᠠᠭᠤᠯᠭ᠎ᠠ ᠲᠠᠢ ᠪᠠᠶᠢᠬᠤ︔ | ︵ᠬᠤᠶᠠᠷ︶ ᠤᠯᠤᠰ ᠣᠷᠣᠨ ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠬᠤ | ᠠᠭᠤᠯᠭ᠎ᠠ ᠲᠠᠢ ᠪᠠᠶᠢᠬᠤ︔ | ︵ᠭᠤᠷᠪᠠ︶ ᠦᠨᠳᠦᠰᠦᠲᠡᠨ ᠢ ᠬᠠᠭᠠᠴᠠᠭᠤᠯᠬᠤ ᠪᠠᠷ ᠥᠳᠥᠭᠡᠬᠦ ᠪᠠ ᠦᠨᠳᠦᠰᠦᠲᠡᠨ ᠤ ᠪᠦᠯᠬᠦᠮᠳᠡᠯ ᠢ ᠡᠪᠳᠡᠬᠦ | ᠠᠭᠤᠯᠭ᠎ᠠ ᠲᠠᠢ ᠪᠠᠶᠢᠬᠤ︔ | ︵ᠲᠦᠷᠪᠡ︶ ᠤᠯᠤᠰ ᠤᠨ ᠨᠢᠭᠤᠴᠠ ᠶᠢ ᠵᠠᠳᠠᠷᠠᠭᠤᠯᠬᠤ ᠠᠭᠤᠯᠭ᠎ᠠ ᠲᠠᠢ ᠪᠠᠶᠢᠬᠤ︔ | ︵ᠲᠠᠪᠤ︶ ᠪᠤᠰᠤᠳ ᠢ ᠭᠦᠳᠬᠡᠵᠦ᠂ ᠭᠤᠲᠤᠭᠠᠵᠤ ᠲᠤᠷᠤᠮᠵᠢᠯᠠᠬᠤ ᠠᠭᠤᠯᠭ᠎ᠠ ᠲᠠᠢ ᠪᠠᠶᠢᠬᠤ︔ | ︵ᠵᠢᠷᠭᠤᠭ᠎ᠠ︶ ᠱᠠᠯᠢᠭ ᠵᠠᠪᠬᠠᠶ᠂ ᠮᠤᠬᠤᠷ ᠪᠢᠰᠢᠷᠡᠯ ᠢ ᠦᠰᠬᠡᠨ ᠲᠦᠰᠬᠡᠨ ᠲᠠᠢ ᠤᠬᠠᠭᠤᠯᠬᠤ ᠪᠤᠶᠤ | ᠬᠦᠴᠦᠷᠬᠡᠭᠯᠡᠯ ᠳᠤ ᠦᠩᠬᠡ ᠨᠡᠮᠡᠷᠢᠯᠡᠭᠰᠡᠨ ᠠᠭᠤᠯᠭ᠎ᠠ ᠲᠠᠢ ᠪᠠᠶᠢᠬᠤ︔ | ︵ᠳᠣᠯᠤᠭ᠎ᠠ︶ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠦᠯᠦᠬᠡᠯᠡᠬᠦ | ᠠᠭᠤᠯᠭ᠎ᠠ ᠲᠠᠢ ᠪᠠᠶᠢᠬᠤ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠠᠭᠤᠯᠭ᠎ᠠ ᠲᠠᠢ ᠪᠠᠶᠢᠬᠤ᠃ | | ᠠᠷᠪᠠᠨ ᠲᠠᠪᠤᠳᠤᠭᠠᠷ ᠵᠦᠢᠯ ᠷᠠᠳᠢᠣ᠋ ᠲᠧᠯᠸᠢᠰ ᠥᠷᠲᠡᠭᠡ ᠨᠢ ᠷᠠᠳᠢᠣ᠋ ᠶᠢᠨ ᠫᠷᠤᠭ᠍ᠷᠠᠮ ᠢ ᠦᠪᠡᠰᠦᠪᠡᠨ ᠡᠷᠬᠢᠯᠡᠵᠦ᠂ | ᠲᠡᠭᠦᠨ ᠢ ᠪᠠᠨ ᠤᠲᠠᠰᠤᠲᠤ ᠠᠷᠭ᠎ᠠ ᠬᠡᠯᠪᠡᠷᠢ ᠪᠠᠷ ᠲᠠᠮᠵᠢᠭᠤᠯᠵᠦ ᠪᠤᠯᠤᠨ᠎ᠠ᠃ ᠬᠤᠲᠠ ᠶᠢᠨ ᠬᠠᠷᠢᠶ᠎ᠠ ᠲᠣᠭᠤᠷᠢᠭ᠂ | ᠶᠡᠭᠡ ᠳᠡᠭᠡᠳᠦ ᠰᠤᠷᠭᠠᠭᠤᠯᠢ ᠪᠠ ᠤᠯᠤᠰ ᠤᠨ ᠥᠮᠴᠢᠯᠡᠯ ᠤᠨ ᠪᠤᠶᠤ ᠤᠯᠤᠰ ᠤᠨ ᠥᠮᠴᠢᠯᠡᠯ ᠤᠨ ᠰᠲ᠋ᠤᠺ | ᠡᠵᠡᠮᠰᠢᠭᠰᠡᠨ ᠣᠨᠴᠠ ᠶᠡᠭᠡ ᠠᠵᠤ ᠠᠬᠤᠶᠢᠯᠠᠯ ᠤᠨ ᠪᠠᠶᠢᠭᠤᠯᠤᠨᠨᠰᠠᠨ ᠷᠠᠳᠢᠣ᠋ ᠲᠧᠯᠸᠢᠰ ᠥᠷᠲᠡᠭᠡ ᠳᠤ ᠦᠨᠡᠨ ᠭᠦ | ᠬᠡᠷᠡᠭᠴᠡᠭᠡ ᠲᠠᠢ ᠪᠠᠶᠢᠪᠠᠯ᠂ ᠤᠯᠠᠨ ᠨᠡᠶᠢᠲᠡ ᠶᠢᠨ ᠰᠤᠪᠠᠭ ᠲᠤ ᠲᠤᠰ ᠨᠢᠭᠡᠴᠢ ᠶᠢᠨ ᠢᠶᠠᠨ ᠥᠪᠡᠰᠦᠪᠡᠨ ᠡᠷᠬᠢᠯᠡᠭᠰᠡᠨ | ᠰᠣᠨᠢᠨ ᠮᠡᠳᠡᠭᠡ᠂ ᠲᠤᠰᠬᠠᠢ ᠰᠡᠳᠦᠪᠳᠦ ᠵᠢᠴᠢ ᠵᠠᠷ ᠮᠡᠳᠡᠭᠡ ᠵᠡᠷᠬᠡ ᠲᠧᠯᠸᠢᠰ ᠫᠷᠤᠭ᠍ᠷᠠᠮ ᠢ ᠪᠠᠭ᠎ᠠ ᠬᠡᠮᠵᠢᠶ᠎ᠡ ᠪᠠᠷ | ᠣᠷᠣᠭᠤᠯᠤᠨ ᠨᠡᠪᠳᠡᠷᠡᠬᠦᠯᠵᠦ᠂ ᠲᠡᠳᠡᠬᠡᠷ ᠢ ᠪᠠᠨ ᠤᠲᠠᠰᠤᠲᠤ ᠠᠷᠭ᠎ᠠ ᠬᠡᠯᠪᠡᠷᠢ ᠪᠠᠷ ᠲᠠᠮᠵᠢᠭᠤᠯᠵᠦ ᠪᠤᠯᠤᠨ᠎ᠠ᠃ ᠰᠤᠮᠤ | ᠰᠢᠶᠠᠩ ᠪᠠᠯᠭᠠᠰᠤ ᠶᠢᠨ ᠪᠠᠶᠢᠭᠤᠯᠤᠨᠨᠰᠠᠨ ᠷᠠᠳᠢᠣ᠋ ᠲᠧᠯᠸᠢᠰ ᠥᠷᠲᠡᠭᠡ ᠨᠢ ᠲᠧᠯᠸᠢᠰ ᠫᠷᠤᠭ᠍ᠷᠠᠮ ᠢ ᠦᠪᠡᠰᠦᠪᠡᠨ | ᠡᠷᠬᠢᠯᠡᠵᠦ ᠪᠤᠯᠬᠤ ᠦᠬᠡᠢ᠃ | ᠠᠷᠪᠠᠨ ᠵᠢᠷᠭᠤᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ︵ᠤᠢᠷᠳᠡᠭᠡ︶ ᠨᠢ ᠤᠯᠤᠰ ᠤᠨ ᠲᠣᠭᠲᠠᠭᠠᠯ | ᠶᠣᠰᠣᠭᠠᠷ ᠨᠡᠪᠳᠡᠷᠡᠭᠦᠯᠬᠦ ᠫᠷᠤᠭ᠍ᠷᠠᠮ ᠤᠳ ᠢᠶᠠᠨ ᠨᠡᠪᠳᠡᠷᠡᠭᠦᠯᠬᠦ ᠠᠴᠠ ᠡᠮᠤᠨ᠎ᠠ ᠬᠢᠨᠠᠨ ᠪᠠᠶᠢᠴᠠᠭᠠᠵᠦ᠂ ᠲᠠᠬᠢᠵᠦ | ᠨᠡᠪᠳᠡᠷᠡᠬᠦᠯᠬᠦ ᠳᠤ ᠠᠬᠢᠨᠳᠠ ᠬᠢᠨᠠᠨ ᠪᠠᠶᠢᠴᠠᠭᠠᠬᠤ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶᠠᠨ ᠤ ᠷᠠᠳᠢᠣ᠋ | ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠨᠡᠪᠳᠡᠷᠡᠭᠦᠯᠬᠡ ᠶᠢ ᠵᠤᠨᠨᠰᠤᠭᠠᠬᠤ᠂ ᠤᠨᠴᠠ ᠲᠤᠨᠨᠳ᠋ᠬᠠᠰᠠᠨ ᠫᠷᠤᠭ᠍ᠷᠠᠮ ᠢ ᠬᠤᠪᠢᠷᠠᠭᠤᠯᠬᠤ ᠪᠤᠶᠤ ᠤᠨᠴᠠ ᠲᠤᠨᠨᠳ᠋ᠬᠠᠰᠠᠨ | ᠫᠷᠤᠭ᠍ᠷᠠᠮ ᠢ ᠳᠠᠮᠵᠢᠭᠤᠯᠤᠨ ᠨᠡᠪᠲᠡᠷᠡᠭᠦᠯᠬᠦ ᠪᠠᠷ ᠵᠢᠭᠠᠵᠦ ᠲᠤᠨᠨᠳᠠᠭᠠᠬᠤ ᠲᠣᠭᠲᠠᠭᠠᠯ ᠭᠠᠷᠭᠠᠵᠦ ᠪᠤᠯᠤᠨ᠎ᠠ᠃ | ᠠᠷᠪᠠᠨ ᠳᠣᠯᠣᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠰᠤᠨᠢᠨ ᠮᠡᠳᠡᠬᠡᠨ ᠤ ᠫᠷᠤᠭ᠍ᠷᠠᠮ ᠢ | ᠰᠤᠷᠪᠤᠯᠵᠢᠯᠠᠨ ᠨᠠᠶᠢᠷᠠᠭᠤᠯᠬᠤ ᠪᠠ ᠦᠢᠯᠡᠳᠬᠦ ᠳᠤ ᠪᠠᠨ ᠦᠨᠡᠨ ᠪᠣᠳᠠᠲᠠᠶ᠂ ᠲᠦᠪ ᠭᠤᠣᠯᠴᠢ ᠪᠠᠶᠢᠵᠦ᠂ ᠬᠤᠳᠠᠯ | ᠬᠠᠭᠤᠷᠮᠠᠭ ᠰᠣᠨᠢᠨ ᠮᠡᠳᠡᠭᠡ ᠪᠠ ᠬᠠᠷᠠᠮᠵᠢ ᠲᠠᠢ ᠪᠠᠷ ᠰᠣᠨᠢᠨ ᠮᠡᠳᠡᠭᠡ ᠨᠡᠪᠳᠡᠷᠡᠬᠦᠯᠵᠦ ᠪᠤᠯᠬᠤ ᠦᠬᠡᠢ᠃ ᠠᠷᠪᠠᠨ | ᠨᠠᠢᠮᠠᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠵᠠᠷ ᠮᠡᠳᠡᠭᠡ ᠨᠡᠪᠲᠡᠷᠡᠭᠦᠯᠬᠦ ᠳᠤ ᠪᠠᠨ ᠷᠠᠳᠢᠣ᠋ | ᠲᠧᠯᠸᠢᠰ ᠤᠨ ᠫᠷᠤᠭ᠍ᠷᠠᠮ ᠤᠨ ᠪᠦᠷᠢᠨ ᠪᠦᠲᠦᠨ ᠴᠢᠨᠠᠷ ᠢ ᠪᠠᠳᠤᠯᠠᠵᠦ᠂ ᠳᠤᠷ᠎ᠠ ᠪᠠᠷ ᠢᠶᠠᠨ ᠵᠠᠷ ᠮᠡᠳᠡᠭᠡ ᠤᠷᠤᠭᠤᠯᠤᠨ | ᠨᠡᠪᠲᠡᠷᠡᠭᠦᠯᠵᠦ ᠪᠣᠯᠬᠤ ᠦᠭᠡᠢ᠂ ᠬᠤᠳᠠᠯ ᠬᠠᠭᠤᠷᠮᠠᠭ ᠠᠭᠤᠯᠭ᠎ᠠ ᠠᠭᠤᠯᠤᠨᠨᠰᠠᠨ ᠠᠴᠠ ᠪᠤᠯᠵᠦ ᠬᠡᠷᠡᠭᠯᠡᠭᠴᠢᠳ ᠢ | ᠪᠤᠷᠤᠭᠤ ᠲᠡᠶᠢᠰᠢ ᠵᠢᠯᠤᠭᠤᠳᠴᠤ ᠮᠡᠳᠡᠬᠦ ᠵᠠᠷ ᠮᠡᠳᠡᠭᠡ ᠶᠢ ᠨᠡᠪᠳᠡᠷᠡᠬᠦᠯᠵᠦ ᠪᠤᠯᠬᠤ ᠦᠬᠡᠢ᠂ ᠬᠡᠯᠪᠡᠷᠢ ᠶᠢ ᠨᠢ | ᠦᠬᠡᠷᠡᠳᠦᠬᠦᠯᠬᠦ ᠠᠷᠭ᠎ᠠ ᠮᠠᠶ᠋ᠢᠭ ᠢᠶᠠᠷ ᠵᠠᠷ ᠮᠡᠳᠡᠭᠡ ᠨᠡᠪᠳᠡᠷᠡᠭᠦᠯᠵᠦ ᠪᠤᠯᠬᠤ ᠦᠬᠡᠢ᠃ ᠷᠠᠳᠢᠣ᠋ ᠲᠧᠯᠸᠢᠰ ᠬᠤᠷᠢᠶ᠎ᠠ ︵ | ᠦᠷᠲᠡᠭᠡ︶ ᠨᠢ ᠵᠣᠬᠢᠬᠤ ᠬᠡᠮᠵᠢᠶ᠎ᠡ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠵᠠᠷ ᠮᠡᠳᠡᠭᠡ ᠨᠡᠪᠲᠡᠷᠡᠭᠦᠯᠬᠦ ᠬᠡᠷᠡᠭᠲᠡᠶ | ᠃ | ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ | ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠨᠨᠰᠠᠨ | ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠣᠨᠢᠨ ᠮᠡᠳᠡᠭᠡᠨ ᠤ ᠫᠷᠤᠭ᠍ᠷᠠᠮ ᠢ ᠭᠠᠷᠠᠭ ᠪᠦᠷᠢ | ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠨᠡᠪᠳᠡᠷᠡᠭᠦᠯᠵᠦ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠣᠨᠢᠨ ᠮᠡᠳᠡᠭᠡᠨ ᠤ | ᠫᠷᠤᠭ᠍ᠷᠠᠮ ᠢ ᠠᠯᠬᠤᠮ ᠠᠯᠬᠤᠮ ᠢᠶᠠᠷ ᠨᠡᠪᠳᠡᠷᠡᠭᠦᠯᠬᠦ ᠬᠡᠷᠡᠭᠳᠡᠢ᠃ ᠬᠤᠷᠢᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ᠨᠢ | ᠥᠪᠡᠰᠦᠪᠡᠨ ᠡᠷᠬᠢᠯᠡᠭᠰᠡᠨ ᠫᠷᠤᠭ᠍ᠷᠠᠮ ᠪᠠ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠫᠷᠤᠭ᠍ᠷᠠᠮ ᠢ ᠨᠡᠮᠡᠭᠳᠡᠭᠦᠯᠬᠦ | ᠬᠡᠷᠡᠭᠲᠡᠶ᠃ | ᠬᠤᠷᠢᠨ ᠨᠢᠭᠡᠳᠦᠭᠡᠷ ᠵᠦᠢᠯ ᠨᠡᠶᠢᠲᠡ ᠶᠢᠨ ᠥᠮᠴᠢᠯᠡᠯ ᠤᠨ ᠪᠤᠰᠤ ᠬᠦᠷᠦᠩᠭᠡ ᠶᠢ ᠵᠣᠷᠢᠬᠵᠢᠭᠤᠯᠵᠤ ᠪᠠᠶᠢᠭᠠᠳ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠷᠠᠳᠢᠣ᠋ ᠲᠧᠯᠸᠢᠰ ᠬᠤᠷᠢᠶᠠᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠳᠠᠭᠤᠤ ᠬᠥᠭᠵᠢᠮ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠵᠡᠷᠭᠡ ᠫᠷᠤᠭ᠍ᠷᠠᠮ ᠦᠢᠯᠡᠳᠬᠦ ᠳᠤ | ᠪᠡᠯᠡ ᠤᠷᠤᠭᠤᠯᠤᠭᠤᠯᠤᠨᠠ᠃ | ᠲᠦᠷᠪᠡᠳᠦᠬᠡᠷ ᠪᠦᠯᠦᠭ ᠷᠠᠳᠢᠣ᠋ ᠲᠧᠯᠸᠢᠰ ᠤᠨ ᠲᠠᠮᠵᠢᠭᠤᠯᠭ᠎ᠠ ᠪᠠ ᠦᠢᠯᠡᠴᠢᠯᠡᠭᠡ | ᠬᠤᠷᠢᠨ ᠬᠤᠶᠠᠳᠤᠭᠠᠷ ᠵᠦᠢᠯ ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ ᠭᠦᠷᠬᠡᠬᠦ ᠲᠤᠬᠠᠶᠢᠯᠠᠭᠰᠠᠨ | ᠠᠵᠢᠯ ᠡᠷᠬᠢᠯᠡᠬᠦ ᠳᠤ᠂ ︽ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ ᠭᠦᠷᠬᠡᠬᠦ ᠲᠤᠬᠠᠶᠢᠯᠠᠭᠰᠠᠨ ᠠᠵᠢᠯ ᠢ | ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠬᠠᠤᠯᠢ ᠶᠣᠰᠣᠭᠠᠷ ᠤᠯᠬᠤ ᠶᠢᠨ ᠬᠠᠮᠳᠤ᠂ ᠵᠥᠪᠰᠢᠶᠡᠷᠡᠯ ᠤᠨ | ᠦᠨᠡᠮᠯᠡᠯ ᠳᠤ ᠪᠢᠴᠢᠵᠦ ᠲᠣᠳᠣᠷᠬᠠᠶᠢᠯᠠᠭᠰᠠᠨ ᠵᠦᠢᠯᠡᠰ ᠶᠤᠰᠤᠭᠠᠷ ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ | ᠭᠦᠷᠬᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠳᠠᠭᠠᠭᠤᠯᠢ ᠣᠳᠣᠨ ᠤ ᠷᠠᠳᠢᠣ᠋ ᠲᠧᠯᠸᠢᠰ ᠤᠨ ᠭᠠᠵᠠᠷ ᠳᠡᠭᠡᠷᠡᠬᠢ ᠬᠦᠯᠢᠶᠡᠨ | ᠠᠪᠬᠤ ᠲᠥᠬᠦᠭᠡᠷᠦᠮᠵᠢ ᠶᠢ ᠤᠨᠨᠰᠠᠷᠠᠬᠤ ᠪᠤᠶᠤ ᠬᠡᠷᠡᠭᠯᠡᠬᠦ ᠪᠠᠷ ᠪᠠᠶᠢᠪᠠᠯ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠳᠥᠷᠪᠡᠳᠦᠭᠡᠷ ᠵᠦᠢᠯ ᠤᠲᠠᠰᠤᠲᠤ ᠲᠤᠭᠠᠴᠠᠯᠬᠠᠰᠠᠨ ᠲᠧᠯᠸᠢᠰ ᠤᠨ ᠨᠠᠭᠠᠳᠤ ᠵᠠᠬ᠎ᠠ ᠶᠢᠨ ᠭᠦᠯᠢᠶᠡᠨ | ᠠᠪᠴᠤ ᠦᠵᠡᠬᠦ ᠶᠢ ᠪᠠᠳᠤᠯᠠᠵᠦ ᠬᠠᠮᠠᠭᠠᠯᠠᠬᠤ ᠵᠠᠷᠤᠳᠠᠯ ᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ | ᠬᠡᠷᠡᠭᠵᠢᠬᠦᠯᠬᠦ ᠶᠢᠨ ᠬᠠᠮᠲᠤ ᠨᠡᠶᠢᠭᠡᠮ ᠳᠤ ᠢᠯᠡ ᠪᠠᠷ ᠨᠡᠶᠢᠲᠡᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠬᠡᠴᠢ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠦᠢᠯᠡᠴᠢᠯᠡᠬᠡᠨ ᠤ ᠲᠥᠷᠥᠯ ᠵᠦᠢᠯ ᠪᠠ ᠦᠨ᠎ᠡ ᠬᠠᠩᠰᠢ ᠶᠤᠰᠤᠭᠠᠷ | ᠳᠠᠮᠵᠢᠭᠤᠯᠬᠤ ᠦᠢᠯᠡᠴᠢᠯᠡᠭᠡ ᠬᠠᠩᠭᠠᠬᠤ ᠬᠡᠷᠡᠭᠲᠡᠶ᠂ ᠤᠲᠠᠰᠤᠲᠤ ᠲᠤᠭᠠᠴᠠᠯᠬᠠᠰᠠᠨ ᠲᠧᠯᠸᠢᠰ ᠤᠨ ᠨᠠᠭᠠᠳᠤ ᠵᠠᠬ᠎ᠠ ᠶᠢᠨ | ᠭᠦᠯᠢᠶᠡᠨ ᠠᠪᠴᠤ ᠦᠵᠡᠬᠦ ᠶᠢ ᠪᠠᠳᠤᠯᠠᠵᠦ ᠬᠠᠮᠠᠭᠠᠯᠠᠬᠤ ᠵᠠᠷᠤᠳᠠᠯ ᠳᠤ ᠭᠠᠶᠢᠯᠢ ᠠᠴᠠ ᠬᠡᠯᠲᠦᠷᠢᠭᠦᠯᠬᠦ ᠲᠣᠭᠲᠠᠭᠠᠯ ᠢ | ᠴᠢᠩᠭ᠎ᠠ ᠬᠡᠷᠡᠭᠵᠢᠬᠦᠯᠬᠦ ᠬᠡᠷᠡᠭᠳᠡᠢ᠃ | ᠬᠤᠷᠢᠨ ᠵᠢᠷᠭᠤᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ | ᠲᠤᠬᠠᠶᠢᠯᠬᠠᠰᠠᠨ ᠠᠵᠢᠯ ᠤᠨ ᠲᠥᠷᠥᠯ᠂ ᠦᠢᠯᠡᠴᠢᠯᠡᠬᠦ ᠬᠡᠪᠴᠢᠶ᠎ᠡ᠂ ᠦᠢᠯᠡᠴᠢᠯᠡᠬᠦ ᠴᠠᠭ ᠤᠨ ᠬᠢᠵᠠᠭᠠᠷ᠂ ᠵᠠᠷᠤᠳᠠᠯ | ᠰᠦᠢᠳᠬᠡᠯ ᠤᠨ ᠪᠠᠷᠢᠮᠵᠢᠶ᠎ᠠ ᠶᠢ ᠨᠡᠶᠢᠭᠡᠮ ᠳᠤ ᠢᠯᠡ ᠪᠠᠷ ᠨᠡᠶᠢᠲᠡᠯᠡᠬᠦ ᠶᠢᠨ ᠬᠠᠮᠳᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ | ᠪᠦᠷᠢᠳᠬᠡᠨ ᠳᠠᠩᠰᠠᠯᠠᠭᠤᠯᠬᠤ ᠬᠡᠷᠡᠭᠲᠡᠶ᠃ ᠰᠦᠢᠳᠬᠡᠯ ᠲᠤᠰᠢᠶᠠᠮᠠᠨᠵᠢᠨ ᠭᠦᠯᠢᠶᠡᠨ ᠠᠪᠴᠤ ᠦᠵᠡᠵᠦ ᠰᠤᠨᠤᠰᠴᠦ | ᠪᠤᠯᠬᠤ ᠷᠠᠳᠢᠣ᠋ ᠲᠧᠯᠸᠢᠰ ᠤᠨ ᠰᠤᠪᠠᠭ ᠢ ᠪᠤᠯ ᠬᠡᠷᠡᠭᠯᠡᠭᠴᠢᠳ ᠰᠠᠶᠢᠨ ᠳᠤᠷ᠎ᠠ ᠠᠴᠠ ᠪᠠᠨ ᠵᠠᠬᠢᠶᠠᠯᠠᠨ᠎ᠠ᠂ ᠤᠲᠠᠰᠤᠲᠤ | ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ ᠶᠠᠮᠠᠷᠪᠠ ᠬᠡᠯᠪᠡᠷᠢ ᠪᠠᠷ ᠬᠤᠯᠪᠤᠵᠦ ᠲᠠᠭᠠᠯᠳᠤᠭᠤᠯᠤᠨ | ᠪᠤᠷᠤᠯᠠᠭᠤᠯᠵᠦ ᠪᠤᠯᠬᠤ ᠦᠬᠡᠢ᠃ | ᠬᠤᠷᠢᠨ ᠳᠣᠯᠣᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ | ᠠᠷᠭ᠎ᠠ ᠬᠡᠮᠵᠢᠶ᠎ᠡ ᠠᠪᠴᠤ ᠪᠠᠶᠢᠭᠠᠳ ᠨᠠᠭᠠᠳᠤ ᠵᠠᠬ᠎ᠠ ᠶᠢᠨ ᠭᠦᠯᠢᠶᠡᠨ ᠠᠪᠴᠤ ᠦᠵᠡᠬᠦ ᠰᠤᠪᠠᠭ ᠤᠨ ᠲᠤᠭ᠎ᠠ | ᠬᠡᠮᠵᠢᠶ᠎ᠡ ᠶᠢ ᠪᠠᠳᠤᠯᠠᠬᠤ ᠬᠡᠷᠡᠭᠳᠡᠢ᠂ ᠨᠠᠭᠠᠳᠤ ᠵᠠᠬ᠎ᠠ ᠶᠢᠨ ᠭᠦᠯᠢᠶᠡᠨ ᠠᠪᠴᠤ ᠦᠵᠡᠬᠦ ᠰᠤᠪᠠᠭ ᠢ ᠵᠤᠨᠨᠰᠤᠭᠠᠬᠤ ᠪᠤᠶᠤ | ᠬᠤᠪᠢᠷᠠᠭᠠᠬᠤ ᠴᠢᠬᠤᠯᠠᠳᠠᠢ ᠪᠠᠶᠢᠪᠠᠯ ᠬᠡᠷᠡᠭᠯᠡᠭᠴᠢᠳ ᠲᠤ ᠵᠠᠷᠯᠠᠨ ᠨᠡᠶᠢᠳᠡᠯᠡᠬᠦ ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ ᠷᠠᠳᠢᠣ᠋ | ᠲᠧᠯᠸᠢᠰ ᠤᠨ ᠰᠤᠪᠠᠭ ᠤᠨ ᠳ᠋ᠤᠭᠠᠷᠯᠠᠯ ᠢ ᠲᠤᠬᠢᠷᠠᠭᠤᠯᠬᠤ᠂ ᠰᠢᠰᠲ᠋ᠧᠮ ᠤᠨ ᠲᠥᠬᠦᠭᠡᠷᠦᠮᠵᠢ ᠵᠢᠴᠢ ᠬᠡᠯᠬᠢᠶ᠎ᠡ ᠶᠢ | ᠪᠠᠶᠢᠴᠠᠭᠠᠨ ᠵᠠᠰᠠᠬᠤ᠂ ᠲᠥᠬᠦᠭᠡᠷᠦᠮᠵᠢ ᠶᠢ ᠰᠢᠯᠵᠢᠬᠦᠯᠬᠦ᠂ ᠲᠣᠣᠷ ᠰᠦᠯᠵᠢᠶ᠎ᠡ ᠵᠢᠴᠢ ᠵᠥᠭᠡᠯᠡᠨ ᠲᠤᠨᠤᠭ ᠢ ᠲᠡᠰ | ᠲᠡᠪᠰᠢᠬᠦᠯᠬᠦ ᠠᠴᠠ ᠪᠤᠯᠵᠦ᠂ ᠬᠡᠷᠡᠭᠯᠡᠭᠴᠢᠳ ᠤᠨ ᠭᠦᠯᠢᠶᠡᠨ ᠠᠪᠴᠤ ᠦᠵᠡᠵᠦ ᠰᠤᠨᠤᠰᠬᠤ ᠶᠢ ᠨᠦᠯᠦᠬᠡᠯᠡᠭᠰᠡᠨ | ᠪᠠᠶᠢᠪᠠᠯ᠂ ᠲᠠᠯᠠᠨ ᠬᠤᠶᠠᠷ ᠴᠠᠭ ᠤᠨ ᠡᠮᠦᠨ᠎ᠡ ᠬᠡᠷᠡᠭᠯᠡᠭᠴᠢᠳ ᠲᠤ ᠵᠠᠷᠯᠠᠨ ᠨᠡᠶᠢᠳᠡᠯᠡᠬᠦ ᠬᠡᠷᠡᠭᠲᠡᠶ᠃ | ᠲᠠᠪᠤᠳᠤᠭᠠᠷ ᠪᠦᠯᠦᠭ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ | ᠬᠤᠷᠢ ᠶᠢᠰᠦᠳᠦᠭᠡᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠡᠷᠬᠢᠯᠡᠬᠦ | ᠬᠡᠪᠡᠯ᠂ ︽ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠢ ᠲᠠᠮᠵᠢᠭᠤᠯᠵᠦ ᠨᠡᠪᠳᠡᠷᠡᠭᠦᠯᠬᠦ | ᠵᠥᠪᠰᠢᠶᠡᠷᠡᠯ ᠤᠨ ᠦᠨᠡᠮᠯᠡᠯ︾ ᠢ ᠬᠠᠤᠯᠢ ᠶᠤᠰᠤᠭᠠᠷ ᠤᠯᠤᠨᠨᠰᠠᠨ ᠪᠠᠶᠢᠬᠤ ᠬᠡᠷᠡᠭᠳᠡᠢ᠃ ᠰᠦᠯᠵᠢᠶᠡᠨ ᠤ ᠦᠵᠡᠬᠦᠯᠵᠦ | ᠰᠤᠨᠤᠰᠬᠠᠬᠤ ᠫᠷᠤᠭ᠍ᠷᠠᠮ ᠤᠨ ᠲᠠᠮᠵᠢᠭᠤᠯᠤᠨ ᠨᠡᠪᠳᠡᠷᠡᠭᠦᠯᠬᠦ ᠲᠥᠷᠥᠯ ᠤᠨ ᠦᠢᠯᠡᠴᠢᠯᠡᠭᠡ ᠶᠢ ᠡᠷᠬᠢᠯᠡᠬᠦ ᠬᠡᠪᠡᠯ᠂ | ᠫᠷᠤᠭ᠍ᠷᠠᠮ ᠶᠢᠨ ᠨᠡᠪᠳᠡᠷᠡᠭᠦᠯᠬᠡ ᠡᠬᠢᠯᠡᠬᠦ ᠠᠴᠠ ᠭᠤᠴᠢᠨ ᠡᠳᠦᠷ ᠤᠨ ᠡᠮᠦᠨ᠎ᠡ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠦᠷᠢᠳᠬᠡᠨ | ᠳᠠᠩᠰᠠᠯᠠᠭᠤᠯᠬᠤ ᠬᠡᠷᠡᠭᠲᠡᠶ᠃ ᠡᠮᠦᠨᠡᠬᠢ ᠵᠤᠷᠪᠤᠰ ᠤᠨ ᠲᠣᠭᠲᠠᠭᠠᠯ ᠲᠠᠢ ᠨᠡᠶᠢᠴᠡᠪᠡᠯ᠂ ᠰᠢᠯᠵᠢᠮᠡᠯ ᠢᠨᠲ᠋ᠧᠷ | ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠶᠢ ᠨᠡᠮᠡᠯᠳᠡ ᠵᠦᠢᠯ ᠢᠶᠠᠷ ᠭᠤᠶᠤᠴᠢᠯᠠᠵᠦ | ᠪᠤᠯᠤᠨ᠎ᠠ᠃ | ᠭᠤᠴᠢᠳᠤᠭᠠᠷ ᠵᠦᠢᠯ ︽ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠢ | ᠲᠠᠮᠵᠢᠭᠤᠯᠵᠦ ᠨᠡᠪᠳᠡᠷᠡᠭᠦᠯᠬᠦ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠪᠤᠶᠤ ᠪᠦᠷᠢᠳᠬᠡᠨ ᠳᠠᠩᠰᠠᠯᠠᠭᠤᠯᠤᠭᠰᠠᠨ | ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ᠂ ᠵᠥᠪᠰᠢᠶᠡᠷᠡᠯ ᠤᠨ | ᠦᠨᠡᠮᠯᠡᠯ ᠳᠤ ᠪᠢᠴᠢᠵᠦ ᠲᠤᠳᠤᠷᠬᠠᠶᠢᠯᠬᠠᠰᠠᠨ ᠪᠤᠶᠤ ᠪᠦᠷᠢᠳᠬᠡᠨ ᠳᠠᠩᠰᠠᠯᠠᠭᠤᠯᠤᠭᠰᠠᠨ ᠵᠦᠢᠯᠡᠰ ᠤᠨ ᠶᠤᠰᠤᠭᠠᠷ | ᠲᠤᠬᠠᠶᠢᠯᠠᠭᠰᠠᠨ ᠠᠵᠢᠯ ᠢ ᠥᠷᠨᠢᠭᠦᠯᠬᠦ ᠶᠢᠨ ᠬᠠᠮᠳᠤ᠂ ᠰᠦᠯᠵᠢᠶᠡᠨ ᠤ ᠲᠡᠷᠢᠭᠦᠨ ᠨᠢᠭᠤᠷ ᠲᠤ ᠵᠥᠪᠰᠢᠶᠡᠷᠡᠯ ᠤᠨ | ᠦᠨᠡᠮᠯᠡᠯ ᠤᠨ ᠨᠤᠮᠧᠷ ᠪᠤᠶᠤ ᠪᠦᠷᠢᠳᠬᠡᠨ ᠳᠠᠩᠰᠠᠯᠠᠭᠤᠯᠤᠭᠰᠠᠨ ᠨᠣᠮᠧᠷ ᠢ ᠬᠠᠳᠠᠵᠦ ᠢᠯᠡ ᠲᠠᠯᠪᠢᠬᠤ ᠬᠡᠷᠡᠭᠳᠡᠢ᠃ | ᠭᠤᠴᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠬᠡᠳ ︽ᠮᠡᠳᠡᠭᠡ ᠵᠠᠩᠭᠢ ᠶᠢᠨ | ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠢ ᠲᠠᠮᠵᠢᠭᠤᠯᠵᠦ ᠨᠡᠪᠳᠡᠷᠡᠬᠦᠯᠬᠦ ᠵᠥᠪᠰᠢᠶᠡᠷᠡᠯ ᠤᠨ ᠦᠨᠡᠮᠯᠡᠯ︾ | ᠢ ᠣᠯᠤᠭᠰᠠᠨ ᠦᠬᠡᠢ ᠪᠤᠶᠤ ᠪᠦᠷᠢᠳᠬᠡᠨ ᠳᠠᠩᠰᠠᠯᠠᠭᠤᠯᠤᠭᠰᠠᠨ ᠦᠭᠡᠢ ᠰᠦᠯᠵᠢᠶᠡᠨ ᠤ ᠦᠵᠡᠬᠦᠯᠵᠦ ᠰᠤᠨᠤᠰᠬᠠᠬᠤ | ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠳᠤ ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ | ᠫᠷᠤᠭ᠍ᠷᠠᠮ ᠤᠨ ᠦᠢᠯᠡᠴᠢᠯᠡᠭᠡ ᠲᠠᠢ ᠬᠤᠯᠪᠤᠨᠨᠳᠠᠬᠤ ᠣᠷᠣᠯᠠᠨ ᠬᠤᠷᠢᠶᠠᠬᠤ ᠰᠦᠢᠳᠬᠡᠯ᠂ ᠲᠤᠬᠢᠶᠠᠨ ᠲᠠᠮᠵᠢᠭᠤᠯᠭ᠎ᠠ᠂ | ᠦᠢᠯᠡᠴᠢᠯᠡᠭᠦᠷ ᠢ ᠨᠠᠶᠢᠳᠠᠨ ᠬᠠᠮᠢᠶᠠᠷᠤᠭᠤᠯᠬᠤ᠂ ᠵᠥᠭᠡᠯᠡᠨ ᠪᠠ ᠬᠠᠲᠠᠭᠤ ᠬᠡᠷᠡᠭᠰᠡᠯ ᠤᠨ ᠮᠡᠷᠭᠡᠵᠢᠯ ᠤᠨ ᠳᠡᠮᠵᠢᠯᠭᠡ | ᠵᠡᠷᠭᠡ ᠦᠢᠯᠡᠴᠢᠯᠡᠭᠡ ᠶᠢ ᠬᠠᠩᠭᠠᠵᠦ ᠪᠤᠯᠬᠤ ᠦᠬᠡᠢ᠃ | ᠭᠤᠴᠢᠨ ᠬᠤᠶᠠᠳᠤᠭᠠᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ | ᠨᠢᠬᠡᠴᠢ ᠨᠢ ᠫᠷᠤᠭ᠍ᠷᠠᠮ ᠢ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠵᠦ᠂ ᠫᠷᠤᠭ᠍ᠷᠠᠮ ᠤᠨ ᠶᠡᠷᠦᠩᠬᠡᠶ ᠨᠠᠶᠢᠷᠠᠭᠤᠯᠤᠭᠴᠢ | ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠠ᠂ ᠶᠡᠷᠦᠩᠬᠡᠶ ᠨᠠᠶᠢᠷᠠᠭᠤᠯᠤᠭᠴᠢ ᠨᠢ ᠵᠠᠪᠠᠯ ᠰᠣᠨᠢᠨ ᠮᠡᠳᠡᠭᠡᠨ ᠤ ᠲᠤᠰᠬᠠᠶ | ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠶᠢᠬᠤ ᠬᠡᠷᠡᠭᠲᠡᠶ᠃ ᠰᠦᠯᠵᠢᠶᠡᠨ ᠤ ᠦᠵᠡᠬᠦᠯᠵᠦ | ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠪᠤᠯᠬᠤ ᠨᠡᠬᠡᠬᠡᠨ ᠡᠷᠬᠢᠯᠡᠬᠦ ᠭᠤᠣᠯ ᠴᠣᠭᠴᠠ ᠨᠢ | ᠫᠷᠤᠭ᠍ᠷᠠᠮ ᠤᠨ ᠲᠤᠬᠢᠷᠠᠭᠤᠯᠤᠯᠳᠠ ᠲᠠᠢ ᠪᠠᠨ ᠵᠤᠬᠢᠴᠠᠭᠤᠯᠤᠨᠨᠰᠠᠨ ᠦᠵᠡᠬᠦᠯᠵᠦ ᠰᠤᠨᠤᠰᠬᠠᠬᠤ ᠫᠷᠤᠭ᠍ᠷᠠᠮ ᠤᠨ ᠬᠢᠨᠠᠨ | ᠬᠠᠷᠭᠤᠭᠤᠯᠤᠨᠨᠴᠢ ᠲᠣᠬᠢᠷᠠᠭᠤᠯᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ | ᠨᠢᠬᠡᠴᠢ ᠶᠢᠨ ᠨᠡᠪᠳᠡᠷᠡᠬᠦᠯᠵᠦ ᠪᠠᠶᠢᠭ᠎ᠠ ᠴᠠᠭ ᠤᠨ ᠪᠠᠶᠢᠳᠠᠯ ᠤᠨ ᠲᠦᠷᠦᠯ ᠤᠨ ᠦᠵᠡᠬᠦᠯᠵᠦ ᠰᠤᠨᠤᠰᠬᠠᠬᠤ ᠰᠣᠨᠢᠨ | ᠮᠡᠳᠡᠭᠡᠨ ᠤ ᠫᠷᠤᠭ᠍ᠷᠠᠮ ᠨᠢ ᠲᠥᠪ ᠤᠨ ᠰᠣᠨᠢᠨ ᠮᠡᠳᠡᠭᠡᠨ ᠤ ᠨᠢᠬᠡᠴᠢ ᠶᠢᠨ ᠬᠢᠨ ᠤ ᠰᠦᠯᠵᠢᠶᠡᠨ ᠳᠤ ᠨᠡᠶᠢᠲᠡᠯᠡᠭᠳᠡᠭᠰᠡᠨ | ᠴᠠᠭ ᠤᠨ ᠪᠠᠶᠢᠳᠠᠯ ᠤᠨ ᠲᠦᠷᠦᠯ ᠤᠨ ᠰᠣᠨᠢᠨ ᠮᠡᠳᠡᠭᠡᠨ ᠤ ᠫᠷᠤᠭ᠍ᠷᠠᠮ ᠪᠠ ᠷᠠᠳᠢᠣ᠋ ᠲᠧᠯᠸᠢᠰ ᠬᠤᠷᠢᠶᠠᠨ ᠤ ᠦᠢᠯᠡᠳᠴᠤ | ᠂ ᠨᠡᠪᠳᠡᠷᠡᠭᠦᠯᠦᠭᠰᠡᠨ ᠫᠷᠤᠭ᠍ᠷᠠᠮ ᠪᠠᠶᠢᠬᠤ ᠬᠡᠷᠡᠭᠳᠡᠢ᠃ | ᠭᠤᠴᠢᠨ ᠳᠥᠷᠪᠡᠳᠦᠭᠡᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ | ᠨᠢᠬᠡᠴᠢ ᠨᠢ ᠨᠡᠪᠳᠡᠷᠡᠬᠦᠯᠬᠡ ᠶᠢᠨ ᠲᠠᠩᠰᠠ ᠡᠪᠬᠡᠮᠡᠯ ᠢ ᠪᠠᠶᠢᠭᠤᠯᠵᠦ᠂ ᠨᠢᠭᠡᠨᠲᠡ ᠨᠡᠪᠲᠡᠷᠡᠭᠦᠯᠦᠭᠰᠡᠨ ᠦᠵᠡᠬᠦᠯᠵᠦ | ᠰᠤᠨᠤᠰᠬᠠᠬᠤ ᠫᠷᠤᠭ᠍ᠷᠠᠮ ᠢ ᠨᠠᠭᠠᠳᠤ ᠵᠠᠬ᠎ᠠ ᠳᠤ ᠪᠠᠨ ᠪᠦᠷᠢᠨ ᠪᠦᠲᠦᠨ ᠢᠶᠠᠷ ᠨᠢ ᠵᠢᠷᠠᠨ ᠡᠳᠦᠷ ᠬᠠᠳᠠᠭᠠᠯᠠᠬᠤ ᠬᠡᠷᠡᠭᠳᠡᠢ᠃ | | ᠭᠤᠴᠢᠨ ᠲᠠᠪᠤᠳᠤᠭᠠᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ | ᠨᠢᠬᠡᠴᠢ ᠨᠢ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠤᠬᠢᠶᠠᠨ ᠤ ᠵᠠᠯᠭᠠᠭᠤᠯᠵᠦ | ᠤᠷᠤᠭᠤᠯᠬᠤ ᠵᠦᠢᠯ ᠢᠶᠠᠨ ᠬᠠᠩᠭᠠᠬᠤ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠪᠦᠷᠢᠳᠬᠡᠨ ᠳᠠᠩᠰᠠᠯᠠᠭᠤᠯᠤᠭᠰᠠᠨ ᠰᠦᠯᠵᠢᠶᠡᠨ ᠤ ᠦᠵᠡᠬᠦᠯᠵᠦ ᠰᠤᠨᠤᠰᠬᠠᠬᠤ | ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ ᠵᠥᠪᠰᠢᠶᠡᠷᠡᠯ ᠦᠬᠡᠢ ᠪᠠᠷ ᠲᠤᠬᠠᠶᠢᠯᠠᠭᠰᠠᠨ ᠠᠵᠢᠯ ᠢᠶᠠᠨ ᠲᠠᠷᠠᠭᠠᠯᠠᠨ | ᠵᠤᠨᠨᠰᠤᠭᠠᠵᠦ ᠵᠢᠷᠠᠨ ᠡᠳᠦᠷ ᠠᠴᠠ ᠲᠠᠪᠠᠭᠤᠯᠤᠨᠨᠰᠠᠨ ᠪᠠᠶᠢᠪᠠᠯ᠂ ᠪᠦᠷᠢᠳᠬᠡᠨ ᠳᠠᠩᠰᠠᠯᠠᠭᠤᠯᠤᠭᠰᠠᠨ ᠨᠣᠮᠧᠷ ᠢ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠬᠦᠴᠦᠨ ᠦᠭᠡᠢ ᠪᠣᠯᠭᠠᠬᠤ ᠶᠢᠨ ᠬᠠᠮᠲᠤ᠂ ᠨᠡᠶᠢᠭᠡᠮ ᠳᠤ ᠢᠯᠡ ᠪᠠᠷ ᠨᠡᠶᠢᠲᠡᠯᠡᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠵᠥᠪᠰᠢᠶᠡᠷᠡᠯ ᠤᠢᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠷᠠᠳᠢᠣ᠋ | ᠲᠧᠯᠸᠢᠰ ᠤᠨ ᠲᠤᠰᠬᠠᠶ ᠨᠡᠷᠡᠶᠢᠳᠦᠯ ᠢ ᠲᠤᠤᠷ ᠰᠦᠯᠵᠢᠶᠡᠨ ᠳᠤ ᠬᠡᠷᠡᠭᠯᠡᠵᠦ ᠪᠤᠯᠬᠤ ᠦᠬᠡᠢ᠃ | ᠭᠤᠴᠢᠨ ᠨᠠᠢᠮᠠᠳᠤᠭᠠᠷ ᠵᠦᠢᠯ ᠤᠯᠠᠨ ᠨᠡᠶᠢᠲᠡ ᠶᠢᠨ ᠦᠵᠡᠬᠦᠯᠵᠦ ᠰᠤᠨᠤᠰᠬᠠᠬᠤ ᠠᠴᠢᠶᠠᠯᠠᠪᠤᠷᠢ ᠪᠠᠷ | ᠲᠠᠮᠵᠢᠭᠤᠯᠵᠦ ᠦᠵᠡᠬᠦᠯᠵᠦ ᠰᠤᠨᠤᠰᠬᠠᠬᠤ ᠫᠷᠤᠭ᠍ᠷᠠᠮ ᠢ ᠨᠡᠪᠳᠡᠷᠡᠬᠦᠯᠬᠦ ᠳᠤ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃ | ᠭᠤᠴᠢ ᠶᠢᠰᠦᠳᠦᠭᠡᠷ ᠵᠦᠢᠯ ᠵᠣᠴᠢᠳ ᠤᠨ ᠪᠠᠭᠤᠳᠠᠯ᠂ ᠪᠠᠭᠤᠳᠠᠯ ᠨᠢ ᠷᠠᠳᠢᠣ᠋ ᠲᠧᠯᠸᠢᠰ ᠤᠨ ᠸᠢᠳᠢᠤ᠋ ᠵᠠᠬᠢᠶᠠᠯᠠᠨ | ᠨᠡᠪᠳᠡᠷᠡᠭᠦᠯᠬᠦ ᠲᠤᠬᠠᠶᠢᠯᠠᠭᠰᠠᠨ ᠠᠵᠢᠯ ᠡᠷᠬᠢᠯᠡᠬᠦ ᠬᠡᠪᠡᠯ᠂ ︽ᠷᠠᠳᠢᠣ᠋ ᠲᠧᠯᠸᠢᠰ ᠤᠨ ᠸᠢᠳᠢᠤ᠋ ᠵᠠᠬᠢᠶᠠᠯᠠᠨ ᠨᠡᠪᠳᠡᠷᠡᠭᠦᠯᠬᠦ | ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ︾ ᠢ ᠬᠠᠤᠯᠢ ᠶᠣᠰᠣᠭᠠᠷ ᠤᠯᠤᠨᠨᠰᠠᠨ ᠪᠠᠶᠢᠬᠤ ᠬᠡᠷᠡᠭᠲᠡᠶ᠃ | ᠵᠢᠷᠭᠤᠳᠤᠭᠠᠷ ᠪᠦᠯᠦᠭ ᠷᠠᠳᠢᠣ᠋ ᠲᠧᠯᠸᠢᠰ ᠤᠨ ᠪᠡᠯᠡᠳᠬᠡᠮᠵᠢ ᠶᠢ ᠬᠠᠮᠠᠭᠠᠯᠠᠬᠤ ᠬᠢᠬᠡᠳ ᠠᠮᠤᠷ ᠲᠦᠪᠰᠢᠨ ᠢᠶᠠᠷ | ᠨᠡᠪᠲᠡᠷᠡᠭᠦᠯᠬᠦ | ᠳᠥᠴᠢᠳᠦᠭᠡᠷ ᠵᠦᠢᠯ ᠷᠠᠳᠢᠣ᠋ ᠲᠧᠯᠸᠢᠰ ᠤᠨ ᠪᠡᠯᠡᠳᠬᠡᠮᠵᠢ ᠶᠢᠨ ᠬᠠᠮᠢᠶᠠᠷᠤᠯᠳᠠ ᠶᠢᠨ ᠨᠢᠬᠡᠴᠢ ᠶᠢᠨ ᠲᠤᠰᠬᠠᠶ | ᠬᠡᠷᠡᠭᠯᠡᠬᠦ ᠴᠠᠬᠢᠯᠭᠠᠨ ᠬᠠᠩᠭᠠᠯᠭ᠎ᠠ᠂ ᠤᠰᠤᠨ ᠤ ᠬᠠᠩᠭᠠᠯᠭ᠎ᠠ᠂ ᠴᠢᠮᠡᠭᠡ ᠬᠤᠯᠪᠣᠭ᠎ᠠ ᠵᠡᠷᠭᠡ ᠶᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠤᠶᠤ ᠨᠢᠭᠡᠴᠢ ᠨᠦᠭᠦᠳ ᠪᠠᠳᠤᠯᠠᠨ ᠬᠠᠩᠭᠠᠬᠤ ᠬᠡᠷᠡᠭᠳᠡᠢ᠃ ᠷᠠᠳᠢᠣ᠋ ᠲᠧᠯᠸᠢᠰ ᠤᠨ ᠪᠡᠯᠡᠳᠬᠡᠮᠵᠢ ᠶᠢᠨ | ᠬᠠᠮᠢᠶᠠᠷᠤᠯᠳᠠ ᠶᠢᠨ ᠨᠢᠭᠡᠴᠢ ᠨᠢ ᠷᠠᠳᠢᠣ᠋ ᠲᠧᠯᠸᠢᠰ ᠤᠨ ᠴᠢᠬᠤᠯᠠ ᠪᠡᠯᠡᠳᠬᠡᠮᠵᠢ ᠳᠤ ᠪᠡᠯᠡᠳᠬᠡᠯ ᠴᠠᠬᠢᠯᠭᠠᠨ ᠡᠭᠦᠰᠭᠡᠭᠴᠢ | ᠂ ᠤᠰᠤᠨ ᠤ ᠰᠤᠷᠪᠤᠯᠵᠢ ᠵᠡᠷᠭᠡ ᠪᠡᠯᠡᠳᠬᠡᠮᠵᠢ ᠲᠤᠬᠢᠷᠠᠭᠤᠯᠬᠤ ᠬᠡᠷᠡᠭᠳᠡᠢ᠃ | ᠳᠥᠴᠢᠨ ᠨᠢᠭᠡᠳᠦᠭᠡᠷ ᠵᠦᠢᠯ ᠪᠠᠷᠢᠯᠭ᠎ᠠ ᠪᠠᠷᠢᠬᠤ ᠳᠤ ᠠᠯᠢ ᠴᠢᠳᠠᠬᠤ ᠪᠠᠷ ᠷᠠᠳᠢᠣ᠋ ᠲᠧᠯᠸᠢᠰ ᠤᠨ | ᠪᠡᠯᠡᠳᠬᠡᠮᠵᠢ ᠠᠴᠠ ᠵᠠᠶᠢᠯᠠᠰᠬᠢᠬᠤ ᠬᠡᠷᠡᠭᠳᠡᠢ᠃ ᠦᠨᠡᠨ ᠬᠦ ᠵᠠᠶᠢᠯᠠᠭᠤᠯᠬᠤ ᠶᠢᠨ ᠠᠷᠭ᠎ᠠ ᠦᠬᠡᠢ ᠠᠴᠠ ᠪᠤᠯᠵᠦ ᠷᠠᠳᠢᠣ᠋ | ᠲᠧᠯᠸᠢᠰ ᠤᠨ ᠪᠡᠯᠡᠳᠬᠡᠮᠵᠢ ᠶᠢ ᠰᠢᠯᠵᠢᠭᠦᠯᠬᠦ ᠯᠡ ᠴᠢᠬᠤᠯᠠᠳᠠᠢ ᠪᠤᠯᠪᠠᠯ᠂ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠵᠦᠪᠰᠢᠶᠡᠷᠡᠬᠦ ᠠᠴᠠ ᠡᠮᠦᠨ᠎ᠡ᠂ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠦᠪᠰᠢᠶᠡᠷᠡᠯ ᠢ | ᠤᠯᠤᠨᠨᠰᠠᠨ ᠪᠠᠶᠢᠵᠦ᠂ ᠨᠡᠭᠦᠯᠭᠡᠨ ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠪᠦᠳᠦᠬᠡᠨ ᠪᠠᠶᠢᠭᠤᠯᠬᠤ ᠨᠢᠭᠡᠴᠢ ᠨᠢ | ᠡᠭᠦᠷᠬᠡᠯᠡᠬᠦ ᠬᠡᠷᠡᠭᠳᠡᠢ᠃ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠨᠢ ᠷᠠᠳᠢᠣ᠋ ᠲᠧᠯᠸᠢᠰ ᠤᠨ ᠪᠡᠯᠡᠳᠬᠡᠮᠵᠢ ᠶᠢᠨ | ᠬᠡᠪ ᠢᠶᠠᠷ ᠬᠡᠷᠡᠭᠯᠡᠭᠳᠡᠬᠦ ᠶᠢ ᠨᠦᠯᠦᠬᠡᠯᠡᠬᠦ ᠪᠤᠯᠤᠮᠵᠢ ᠲᠠᠢ ᠪᠠᠶᠢᠪᠠᠯ᠂ ᠪᠦᠳᠦᠬᠡᠨ ᠪᠠᠶᠢᠭᠤᠯᠬᠤ ᠨᠢᠬᠡᠴᠢ ᠨᠢ ᠪᠠᠷᠢᠯᠭ᠎ᠠ | ᠡᠬᠢᠯᠡᠬᠦ ᠠᠴᠠ ᠠᠷᠪᠠᠨ ᠡᠳᠦᠷ ᠤᠨ ᠡᠮᠦᠨ᠎ᠡ ᠷᠠᠳᠢᠣ᠋ ᠲᠧᠯᠸᠢᠰ ᠤᠨ ᠪᠡᠯᠡᠳᠬᠡᠮᠵᠢ ᠶᠢᠨ ᠬᠠᠮᠢᠶᠠᠷᠤᠯᠳᠠ ᠶᠢᠨ ᠨᠢᠬᠡᠴᠢ ᠳᠤ | ᠮᠡᠳᠡᠭᠳᠡᠬᠦ ᠶᠢᠨ ᠬᠠᠮᠳᠤ᠂ ᠴᠢᠬᠤᠯᠠ ᠪᠦᠬᠦᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠠᠷᠢᠯᠭ᠎ᠠ | ᠪᠠᠷᠢᠬᠤ ᠨᠢ ᠵᠣᠬᠢᠰ ᠦᠭᠡᠢ ᠠᠴᠠ ᠪᠤᠯᠵᠦ ᠷᠠᠳᠢᠣ᠋ ᠲᠧᠯᠸᠢᠰ ᠤᠨ ᠪᠡᠯᠡᠳᠬᠡᠮᠵᠢ ᠶᠢ ᠡᠪᠳᠡᠭᠰᠡᠨ ᠪᠠᠶᠢᠪᠠᠯ᠂ ᠵᠠᠰᠠᠵᠤ | ᠰᠡᠷᠭᠦᠭᠡᠬᠦ᠂ ᠬᠤᠬᠢᠷᠠᠯ ᠢ ᠨᠢ ᠲᠦᠯᠦᠬᠦ ᠵᠡᠷᠭᠡ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃ | ᠳᠥᠴᠢᠨ ᠬᠤᠶᠠᠳᠤᠭᠠᠷ ᠵᠦᠢᠯ ᠪᠠᠶᠢᠭᠤᠯᠬᠤ ᠪᠠᠷᠢᠯᠭ᠎ᠠ ᠨᠢ ᠠᠭᠠᠷ ᠢᠶᠠᠷ ᠲᠠᠮᠵᠢᠭᠤᠯᠬᠤ ᠲᠤᠰᠬᠠᠢ ᠬᠡᠷᠡᠭᠯᠡᠬᠦ | ᠨᠡᠪᠳᠡᠷᠡᠯ ᠢ ᠬᠠᠷᠰᠢᠯᠠᠵᠦ᠂ ᠷᠠᠳᠢᠣ᠋ ᠲᠧᠯᠸᠢᠰ ᠤᠨ ᠠᠭᠠᠷ ᠢᠶᠠᠷ ᠲᠠᠮᠵᠢᠭᠤᠯᠬᠤ ᠲᠤᠬᠢᠶᠠᠨ ᠤ ᠵᠠᠯᠭᠠᠯ ᠦᠷᠲᠡᠭᠡ ᠶᠢ | ᠪᠠᠶᠢᠭᠤᠯᠬᠤ ᠪᠤᠶᠤ ᠲᠠᠮᠵᠢᠭᠤᠯᠬᠤ ᠨᠡᠪᠳᠡᠷᠡᠯ ᠵᠠᠮ ᠤᠨ ᠵᠠᠮᠨᠠᠭᠤᠷ ᠢ ᠨᠢ ᠬᠤᠪᠢᠷᠠᠭᠤᠯᠬᠤ ᠴᠢᠬᠤᠯᠠᠲᠠᠶ ᠪᠠᠶᠢᠪᠠᠯ᠂ | ᠪᠠᠶᠢᠭᠤᠯᠬᠤ ᠨᠢᠭᠡᠴᠢ ᠨᠢ ᠬᠡᠷᠡᠭᠰᠡᠬᠦ ᠵᠠᠷᠤᠳᠠᠯ ᠢ ᠡᠭᠦᠷᠬᠡᠯᠡᠬᠦ ᠶᠢᠨ ᠬᠠᠮᠳᠤ ᠠᠵᠤ ᠠᠬᠤᠶ ᠲᠠᠯ᠎ᠠ ᠪᠠᠷ ᠵᠤᠬᠢᠬᠤ | ᠬᠡᠮᠵᠢᠶ᠎ᠡ ᠲᠠᠢ ᠨᠦᠭᠦᠪᠦᠷᠢᠯᠡᠬᠦ ᠬᠡᠷᠡᠭᠲᠡᠶ᠃ ᠳᠥᠴᠢᠨ ᠭᠤᠷᠪᠠᠳᠤᠭᠠᠷ ᠵᠦᠢᠯ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠳᠣᠲᠣᠷᠠᠬᠢ ᠷᠠᠳᠢᠣ᠋ ᠲᠧᠯᠸᠢᠰ ᠤᠨ ᠪᠡᠯᠡᠳᠬᠡᠮᠵᠢ ᠵᠢᠴᠢ ᠮᠡᠳᠡᠭᠡ | ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠪᠠ | ᠦᠨᠡᠯᠡᠨ ᠵᠢᠱᠢᠬᠦ ᠬᠡᠷᠡᠭᠲᠡᠶ᠃ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠷᠠᠳᠢᠣ᠋ ᠲᠧᠯᠸᠢᠰ ᠤᠨ | ᠪᠡᠯᠡᠳᠬᠡᠮᠵᠢ ᠵᠢᠴᠢ ᠮᠡᠳᠡᠭᠡ ᠵᠠᠩᠭᠢ ᠶᠢᠨ ᠲᠤᠤᠷ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠳᠤ ᠬᠠᠮᠢᠶ᠎ᠠ ᠪᠦᠬᠦᠢ ᠮᠡᠳᠡᠯᠭᠡ ᠶᠢᠨ ᠪᠤᠯᠪᠠᠰᠤᠷᠠᠭᠤᠯᠤᠯ | ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ᠃ | ᠳᠥᠴᠢᠨ ᠳᠥᠷᠪᠡᠳᠦᠭᠡᠷ ᠵᠦᠢᠯ ᠷᠠᠳᠢᠣ᠋ ᠲᠧᠯᠸᠢᠰ ᠤᠨ ᠫᠷᠤᠭ᠍ᠷᠠᠮ ᠢ ᠨᠡᠪᠲᠡᠷᠡᠭᠦᠯᠬᠦ᠂ ᠳᠠᠮᠵᠢᠭᠤᠯᠤᠨ ᠬᠦᠷᠭᠡᠬᠦ ᠪᠠ | ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠡᠷᠬᠢᠯᠡᠵᠦ ᠪᠠᠶᠢᠭ᠎ᠠ ᠨᠢᠭᠡᠴᠢ ᠨᠢ ᠷᠠᠳᠢᠣ᠋ | ᠲᠧᠯᠸᠢᠰ ᠤᠨ ᠪᠡᠯᠡᠳᠬᠡᠮᠵᠢ ᠵᠢᠴᠢ ᠮᠡᠳᠡᠭᠡ ᠵᠠᠩᠭᠢ ᠶᠢᠨ ᠲᠤᠤᠷ ᠰᠦᠯᠵᠢᠶᠡᠨ ᠤ ᠰᠢᠰᠲ᠋ᠧᠮ ᠤᠨ ᠠᠮᠤᠷ ᠲᠦᠪᠰᠢᠨ ᠢ | ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠲᠤᠷᠰᠢᠵᠤ ᠦᠨᠡᠯᠡᠨ ᠵᠢᠱᠢᠬᠦ ᠪᠠ ᠲᠠᠯᠳᠠ ᠭᠡᠮ ᠢ ᠨᠢ ᠵᠢᠭᠰᠠᠭᠠᠨ | ᠪᠠᠶᠢᠴᠠᠭᠠᠵᠤ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠤᠨᠨᠳᠠᠭᠠᠨ | ᠲᠡᠭᠦᠯᠳᠡᠷᠵᠢᠬᠦᠯᠬᠦ ᠬᠡᠷᠡᠭᠲᠡᠶ᠃ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠲᠠᠷᠦ᠋ᠢᠬᠠᠨ ᠡᠬᠢᠯᠡᠬᠦᠯᠬᠦ ᠶᠢᠨ ᠬᠠᠮᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠶ᠃ ᠳᠥᠴᠢᠨ ᠲᠠᠪᠤᠳᠤᠭᠠᠷ ᠵᠦᠢᠯ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠵᠢᠴᠢ ᠷᠠᠳᠢᠣ᠋ ᠲᠧᠯᠸᠢᠰ ᠤᠨ ᠫᠷᠤᠭ᠍ᠷᠠᠮ ᠢ ᠨᠡᠪᠳᠡᠷᠡᠭᠦᠯᠬᠦ᠂ ᠳᠠᠮᠵᠢᠭᠤᠯᠤᠨ ᠬᠦᠷᠭᠡᠬᠦ ᠪᠠ ᠰᠦᠯᠵᠢᠶᠡᠨ ᠤ ᠦᠵᠡᠬᠦᠯᠵᠦ | ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠡᠷᠬᠢᠯᠡᠵᠦ ᠪᠠᠶᠢᠭ᠎ᠠ ᠨᠢᠭᠡᠴᠢ ᠨᠢ ᠴᠢᠬᠤᠯᠠ ᠶᠡᠭᠡ ᠠᠵᠢᠯᠯᠠᠭ᠎ᠠ᠂ ᠴᠢᠬᠤᠯᠠ | ᠬᠤᠷᠠᠯ ᠤᠨ ᠬᠤᠭᠤᠴᠠᠭᠠᠨ ᠳᠤ᠂ ᠬᠤᠷᠢᠨ ᠲᠦᠷᠪᠡᠨ ᠴᠠᠭ ᠢᠶᠠᠷ ᠵᠢᠵᠢᠭᠦᠷᠯᠡᠬᠦ ᠲᠦᠷᠢᠮ ᠢ ᠪᠠᠶᠢᠭᠤᠯᠵᠤ᠂ ᠷᠠᠳᠢᠣ᠋ | ᠲᠧᠯᠸᠢᠰ ᠤᠨ ᠠᠮᠤᠷ ᠲᠦᠪᠰᠢᠨ ᠤ ᠬᠡᠷᠡᠭ ᠢ ᠲᠠᠷᠦ᠋ᠢᠬᠠᠨ ᠢᠯᠡᠷᠡᠭᠦᠯᠬᠦ ᠪᠠ ᠰᠶᠢᠳᠪᠦᠷᠢᠯᠡᠬᠦ ᠬᠡᠷᠡᠭᠳᠡᠢ᠃ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ | ᠪᠠᠶᠢᠵᠤ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ | ᠰᠢᠢᠳᠬᠡᠵᠦ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ ᠳᠥᠴᠢᠨ | ᠳᠣᠯᠣᠳᠤᠭᠠᠷ ᠵᠦᠢᠯ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠷᠠᠳᠢᠣ᠋ | ᠲᠧᠯᠸᠢᠰ ᠬᠤᠷᠢᠶ᠎ᠠ ︵ᠦᠷᠲᠡᠭᠡ︶ ᠨᠢ ᠬᠤᠳᠠᠯ ᠬᠠᠭᠤᠷᠮᠠᠭ ᠰᠣᠨᠢᠨ ᠮᠡᠳᠡᠭᠡ᠂ ᠬᠠᠷᠠᠮᠵᠢ ᠲᠠᠢ ᠰᠣᠨᠢᠨ ᠮᠡᠳᠡᠭᠡ ᠶᠢ | ᠨᠡᠪᠳᠡᠷᠡᠬᠦᠯᠪᠡᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ | ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠨᠢ ᠵᠤᠨᠨᠰᠤᠭᠠᠨ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ | ᠠᠪᠬᠤ ᠶᠢᠨ ᠬᠠᠮᠲᠤ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠨ᠎ᠡ︔ ᠶᠠᠯ᠎ᠠ ᠳᠤ ᠭᠦᠷᠦᠭᠰᠡᠨ ᠪᠠᠶᠢᠪᠠᠯ᠂ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ | ᠶᠤᠰᠤᠭᠠᠷ ᠨᠡᠬᠡᠮᠵᠢᠯᠡᠨ᠎ᠡ᠃ | ᠳᠥᠴᠢᠨ ᠨᠠᠢᠮᠠᠳᠤᠭᠠᠷ ᠵᠦᠢᠯ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠡᠭᠦᠨ ᠤ | ᠠᠵᠢᠯᠳᠠᠳ ᠨᠢ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠵᠢᠯ ᠳᠤ ᠲᠤᠰᠢᠶᠠᠯ ᠤᠨ ᠡᠷᠬᠡ ᠪᠠᠨ ᠲᠤᠷ᠎ᠠ ᠪᠠᠷ | ᠬᠡᠷᠡᠭᠯᠡᠬᠦ᠂ ᠡᠭᠦᠷᠬᠡ ᠲᠤᠰᠢᠶᠠᠯ ᠳᠤ ᠪᠠᠨ ᠠᠯᠮᠠᠶᠢᠷᠠᠨ ᠤᠰᠤᠯᠳᠠᠬᠤ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ | ᠶᠤᠰᠤ ᠶᠢ ᠵᠦᠷᠢᠴᠡᠪᠡᠯ᠂ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠦᠭᠰᠡᠨ ᠪᠠᠶᠢᠪᠠᠯ᠂ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠯ ᠳᠦᠷᠢᠮ | ᠳᠥᠴᠢ ᠶᠢᠰᠦᠳᠦᠭᠡᠷ ᠵᠦᠢᠯ ᠲᠤᠰ ᠠᠷᠭ᠎ᠠ ᠶᠢ 2019 ᠤᠨ ᠤ 1 ᠳ᠋ᠤᠬᠡᠷ ᠰᠠᠷ᠎ᠠ ᠶᠢᠨ 10 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | | | | | | | | | | | ᠁ |