ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ᠂ ᠰᠤᠷᠭᠠᠨ ᠬᠦᠮᠦᠵᠢᠯ ᠤᠨ ᠶᠠᠮᠤᠨ᠂ | ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠳᠤᠲᠤᠭᠠᠳᠤ ᠶᠢ ᠬᠠᠮᠠᠭᠠᠯᠠᠬᠤ ᠶᠠᠮᠤᠨ ᠵᠡᠷᠭᠡ | ᠶᠢᠰᠦᠨ ᠰᠠᠯᠠᠭ᠎ᠠ ᠮᠦᠴᠢᠷ ᠬᠤᠯᠪᠤᠭᠠᠯᠠᠨ ᠮᠤᠵᠢ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠳᠤ ︽ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠳᠠᠷᠤᠭᠠᠰᠤ ᠶᠢ ᠬᠦᠩᠭᠡᠷᠡᠭᠦᠯᠬᠦ ᠠᠷᠭ᠎ᠠ ᠠᠪᠴᠠᠯ ᠢ ᠬᠡᠪᠯᠡᠨ ᠨᠡᠶᠢᠳᠡᠯᠡᠬᠦ | ᠲᠤᠬᠠᠢ ᠮᠡᠳᠡᠭᠳᠡᠯ︾ ᠢ ᠬᠡᠪᠯᠡᠨ ᠨᠡᠶᠢᠳᠡᠯᠡᠪᠡ᠃ | ︽ᠮᠡᠳᠡᠭᠳᠡᠯ︾ ᠳᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠭᠠᠭᠤᠯᠢ ᠶᠠᠮᠠᠷᠪᠠ | ᠨᠡᠷ᠎ᠡ ᠪᠠᠷ ᠭᠤᠤᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠠᠩᠭᠢ᠂ ᠲᠤᠷᠰᠢᠯᠲᠠ ᠶᠢᠨ ᠠᠩᠭᠢ ᠨᠡᠭᠡᠭᠡᠬᠦ ᠶᠢ ᠡᠷᠡᠰ | ᠴᠠᠭᠠᠵᠠᠯᠠᠨ᠎ᠠ︔ ᠬᠢᠴᠢᠶᠡᠯ ᠤᠨ ᠪᠢᠴᠢᠭ ᠤᠨ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠢ ᠬᠡᠮᠵᠢᠶ᠎ᠡ ᠶᠢ ᠴᠢᠩᠭ᠎ᠠ | ᠡᠵᠡᠮᠳᠡᠨ᠎ᠡ︔ ᠬᠢᠴᠢᠶᠡᠯ ᠲᠦ᠋ᠷᠦᠯ ᠤᠨ ᠪᠠᠭᠰᠢ ᠳᠠᠬᠢᠨ ᠳᠠᠪᠲᠠᠭᠰᠠᠨ ᠪᠠ ᠵᠠᠯᠬᠠᠭᠠᠯ ᠤᠨ ᠴᠢᠨᠠᠷᠲᠠᠢ ᠳᠠᠰᠬᠠᠯ | ᠦᠯᠡᠳᠡᠭᠡᠵᠦ ᠪᠤᠯᠬᠤ ᠦᠭᠡᠢ᠂ ᠭᠡᠷ ᠤᠨ ᠠᠬᠠᠮᠠᠳ ᠲᠤ ᠳᠠᠰᠬᠠᠯ ᠦᠯᠡᠳᠡᠭᠡᠬᠦ ᠪᠤᠶᠤ ᠭᠡᠷ ᠤᠨ ᠠᠬᠠᠮᠠᠳ ᠢᠶᠠᠷ | ᠤᠷᠤᠯᠠᠭᠤᠯᠤᠨ ᠳᠠᠰᠬᠠᠯ ᠬᠢᠨᠠᠭᠤᠯᠵᠤ ᠪᠤᠯᠬᠤ ᠦᠭᠡᠢ᠃ ᠬᠢᠴᠢᠶᠡᠯ ᠤᠨ ᠲᠠᠩᠬᠢᠮ ᠳᠤ ᠭᠠᠷ ᠤᠳᠠᠰᠤ ᠠᠪᠴᠤ | ᠤᠷᠤᠵᠤ ᠪᠤᠯᠬᠤ ᠦᠭᠡᠢ ᠭᠡᠵᠦ ᠳᠤᠳᠤᠷᠬᠠᠢᠢᠯᠠᠪᠠ᠃ | ︽ᠮᠡᠳᠡᠭᠳᠡᠯ︾ ᠳᠤ ᠪᠠᠰᠠ ᠰᠢᠯᠭᠠᠯᠲᠠ ᠶᠢᠨ ᠲᠤᠭ᠎ᠠ ᠶᠢ ᠴᠢᠩᠭ᠎ᠠ ᠡᠵᠡᠮᠳᠡᠨ᠎ᠡ︔ ᠰᠢᠯᠭᠠᠯᠲᠠ ᠶᠢᠨ ᠬᠢᠷᠢ | ᠪᠦᠲᠦᠮᠵᠢ ᠶᠢ ᠳᠡᠰ ᠬᠤᠪᠢᠶᠠᠨ ᠦᠨᠡᠯᠡᠵᠦ᠂ ᠶᠠᠮᠠᠷᠪᠠ ᠬᠡᠯᠪᠡᠷᠢ᠂ ᠶᠠᠮᠠᠷᠪᠠ ᠠᠷᠭ᠎ᠠ ᠭᠡᠮᠵᠢᠶ᠎ᠡ ᠪᠠᠷ ᠰᠤᠷᠤᠭᠴᠢᠳ ᠤᠨ | ᠰᠢᠯᠭᠠᠯᠲᠠ ᠶᠢᠨ ᠬᠢᠷᠢ ᠪᠦᠲᠦᠮᠵᠢ ᠵᠢᠴᠢ ᠰᠢᠯᠭᠠᠯᠲᠠ ᠶᠢᠨ ᠳ᠋ᠤᠭᠠᠷᠯᠠᠯ ᠢ ᠨᠡᠶᠢᠳᠡᠯᠡᠬᠦ ᠶᠢ ᠡᠷᠡᠰ ᠴᠠᠭᠠᠵᠠᠯᠠᠨ᠎ᠠ︔ | ᠰᠤᠷᠤᠭᠴᠢ ᠶᠢ ︽ᠰᠡᠳᠦᠪ ᠬᠢᠬᠦ ᠮᠠᠰᠢᠨ︾ ᠪᠤᠯᠭᠠᠬᠤ ᠦᠭᠡᠢ︔ ᠪᠤᠯᠪᠠᠰᠤᠷᠠᠯ ᠤᠨ ᠦᠷ᠎ᠡ ᠪᠦᠲᠦᠮᠵᠢ ᠶᠢ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠲᠠᠢ ᠬᠠᠮᠢᠶᠠᠳᠠᠭᠤᠯᠵᠤ ᠪᠤᠯᠬᠤ ᠦᠭᠡᠢ︔ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠡᠳᠦᠷ ᠪᠦᠷᠢ ᠶᠢᠨ ᠤᠨᠳᠠᠬᠤ ᠴᠠᠭ ᠢ 10 ᠴᠠᠭ ᠠᠴᠠ ᠪᠠᠭ᠎ᠠ ᠪᠠᠶᠢᠯᠭᠠᠬᠤ ᠦᠭᠡᠢ᠂ ᠠᠩᠬ᠎ᠠ | ᠳᠤᠮᠳᠠᠳᠤ ᠶᠢᠨ ᠰᠤᠷᠤᠭᠴᠢᠳ ᠤᠨ ᠤᠨᠳᠠᠬᠤ ᠴᠠᠭ ᠢ 9 ᠴᠠᠭ ᠠᠴᠠ ᠪᠠᠭ᠎ᠠ ᠪᠠᠶᠢᠯᠭᠠᠬᠤ ᠦᠭᠡᠢ᠂ ᠦᠨᠳᠦᠷ | ᠳᠤᠮᠳᠠᠳᠤ ᠶᠢᠨ ᠰᠤᠷᠤᠭᠴᠢᠳ ᠤᠨ ᠤᠨᠳᠠᠬᠤ ᠴᠠᠭ ᠢ 8 ᠴᠠᠭ ᠠᠴᠠ ᠪᠠᠭ᠎ᠠ ᠪᠠᠶᠢᠯᠭᠠᠬᠤ ᠦᠭᠡᠢ ᠶᠢ ᠪᠠᠲᠤᠯᠠᠨ᠎ᠠ ᠬᠡᠪᠡ | ᠃ | ︽ᠮᠡᠳᠡᠭᠳᠡᠯ︾ ᠳᠤ᠂ ᠰᠤᠷᠭᠠᠨ ᠬᠦᠮᠦᠵᠢᠯ ᠤᠨ ᠶᠠᠮᠤᠨ ᠠᠴᠠ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠳᠠᠷᠤᠭᠠᠰᠤ ᠶᠢ ᠬᠦᠩᠭᠡᠷᠡᠭᠦᠯᠬᠦ ᠲᠤᠬᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ | ᠳᠦᠷᠢᠮᠵᠢᠭᠦᠯᠬᠦ ᠲᠠᠯ᠎ᠠ ᠪᠠᠷ᠂ ᠵᠦᠪ ᠤᠨᠤᠪᠴᠢᠲᠠᠢ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠬᠤ᠂ ᠬᠢᠴᠢᠶᠡᠯ ᠤᠨ | ᠪᠠᠷᠢᠮᠵᠢᠶ᠎ᠠ ᠶᠤᠰᠤᠭᠠᠷ ᠬᠢᠴᠢᠶᠡᠯ ᠵᠢᠭᠠᠬᠤ᠂ ᠰᠢᠨᠵᠢᠯᠡᠬᠦ ᠤᠬᠠᠭᠠᠨᠴᠢ᠂ ᠵᠦᠢ ᠶᠤᠰᠤᠲᠠᠢ ᠪᠠᠷ ᠳᠠᠰᠬᠠᠯ ᠦᠯᠡᠳᠡᠭᠡᠬᠦ | ᠵᠡᠷᠭᠡ 12 ᠵᠤᠷᠪᠤᠰ ᠪᠠᠶᠢᠵᠤ᠂ ᠭᠡᠷ ᠤᠨ ᠠᠬᠠᠮᠠᠳ ᠲᠤ ᠳᠠᠰᠬᠠᠯ ᠦᠯᠡᠳᠡᠭᠡᠬᠦ ᠦᠭᠡᠢ᠂ ᠬᠢᠴᠢᠶᠡᠯ ᠤᠨ ᠪᠠᠷᠢᠮᠵᠢᠶ ᠠ | ᠶᠤᠰᠤᠭᠠᠷ ᠰᠢᠯᠭᠠᠯᠲᠠ ᠶᠢᠨ ᠰᠡᠳᠦᠪ ᠲᠤᠭᠲᠠᠭᠠᠵᠤ ᠤᠷᠤᠯᠳᠤᠭᠠᠨ ᠢᠶᠠᠷ ᠰᠢᠯᠢᠳᠡᠭ ᠢ ᠦᠨᠡᠯᠡᠬᠦ ᠶᠢ ᠬᠢᠵᠠᠭᠠᠷᠯᠠᠭᠰᠠᠨ | ᠪᠠᠶᠢᠨ᠎ᠠ᠃ | ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠠᠯ᠎ᠠ ᠪᠠᠷ ᠳᠦᠷᠢᠮ | ᠶᠤᠰᠤᠭᠠᠷ ᠳᠠᠩᠰᠠᠯᠠᠭᠤᠯᠵᠤ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠪᠠᠭᠰᠢ ᠡᠯᠰᠡᠨ ᠬᠡᠷᠡᠭᠯᠡᠬᠦ ᠶᠢ ᠴᠢᠩᠭᠠᠳᠬᠠᠬᠤ᠂ | ᠪᠤᠯᠪᠠᠰᠤᠷᠠᠯ ᠤᠨ ᠴᠠᠭ ᠢ ᠡᠵᠡᠮᠳᠡᠬᠦ ᠵᠡᠷᠭᠡ 5 ᠵᠤᠷᠪᠤᠰ ᠪᠠᠶᠢᠵᠤ᠂ ᠪᠠᠷᠢᠮᠵᠢᠶ᠎ᠠ ᠠᠴᠠ ᠬᠡᠲᠦᠷᠡᠭᠦᠯᠦᠨ | ᠪᠤᠯᠪᠠᠰᠤᠷᠠᠭᠤᠯᠬᠤ ᠶᠢ ᠴᠠᠭᠠᠵᠠᠯᠠᠵᠤ᠂ ᠪᠤᠯᠪᠠᠰᠤᠷᠠᠯ ᠢ ᠰᠤᠷᠭᠠᠭᠤᠯᠢ ᠳᠠᠪᠰᠢᠬᠤ ᠲᠠᠢ ᠬᠠᠮᠢᠶᠠᠳᠠᠭᠤᠯᠬᠤ ᠶᠢ ᠡᠷᠡᠰ | ᠴᠠᠭᠠᠵᠠᠯᠠᠭᠰᠠᠨ ᠪᠠᠶᠢᠨ᠎ᠠ᠃ | ᠭᠡᠷ ᠪᠦᠯᠢ ᠠᠴᠠ ᠰᠤᠷᠭᠠᠨ ᠬᠦᠮᠦᠵᠢᠯ ᠢ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠬᠦ ᠲᠠᠯ᠎ᠠ ᠪᠠᠷ | ᠰᠢᠨᠵᠢᠯᠡᠬᠦ ᠤᠬᠠᠭᠠᠨᠴᠢ ᠪᠠᠷ ᠬᠡᠦᠬᠡᠳ ᠢᠶᠠᠨ ᠬᠦᠮᠦᠵᠢᠭᠦᠯᠬᠦ ᠦᠵᠡᠯ ᠤᠬᠠᠮᠰᠠᠷ ᠢ ᠪᠤᠢ ᠪᠤᠯᠭᠠᠬᠤ᠂ ᠬᠡᠦᠬᠡᠳ ᠤᠨ ᠪᠡᠶ᠎ᠡ | ᠰᠡᠳᠬᠢᠴᠡ ᠶᠢᠨ ᠡᠷᠡᠭᠦᠯ ᠮᠡᠨᠳᠦ ᠶᠢ ᠴᠢᠩᠭᠠᠳᠬᠠᠬᠤ᠂ ᠬᠡᠦᠬᠡᠳ ᠢ ᠵᠢᠯᠤᠭᠤᠳᠤᠨ ᠡᠷᠡᠭᠦᠯ ᠴᠢᠬᠢᠷᠠᠭ ᠦᠰᠦᠨ | ᠪᠤᠶᠢᠵᠢᠭᠤᠯᠬᠤ ᠵᠡᠷᠭᠡ 4 ᠵᠤᠷᠪᠤᠰ ᠲᠤᠭᠲᠠᠭᠠᠵᠤ᠂ ᠭᠡᠷ ᠪᠦᠯᠢ ᠶᠢᠨ ᠰᠤᠯᠢᠯᠴᠠᠭ᠎ᠠ ᠪᠠᠨ ᠴᠢᠩᠭᠠᠳᠬᠠᠵᠤ᠂ ᠪᠡᠶ᠎ᠡ ᠶᠢᠨ | ᠲᠠᠮᠢᠷ ᠤᠨ ᠪᠤᠯᠪᠠᠰᠤᠷᠠᠯ ᠢ ᠨᠡᠮᠡᠭᠳᠡᠭᠦᠯᠵᠦ᠂ ᠤᠨᠳᠠᠬᠤ ᠴᠠᠭ ᠢ ᠪᠠᠲᠤᠯᠠᠬᠤ ᠶᠢ ᠴᠢᠩᠭᠠᠳᠬᠠᠭᠰᠠᠨ ᠪᠠᠶᠢᠨ᠎ᠠ᠃ | ᠵᠠᠰᠠᠭ ᠤᠨ ᠤᠷᠳᠤᠨ ᠤ ᠬᠠᠮᠢᠶᠠᠷᠤᠯᠲᠠ ᠬᠢᠨᠠᠯᠲᠠ ᠲᠠᠯᠪᠢᠬᠤ ᠶᠢ ᠴᠢᠩᠭᠠᠳᠬᠠᠬᠤ ᠲᠠᠯ᠎ᠠ ᠪᠠᠷ᠂ ᠦᠷᠦᠭᠡᠰᠦᠯ | ᠲᠠᠯ᠎ᠠ ᠪᠠᠷ ᠦᠨᠡᠯᠡᠬᠦ ᠶᠢ ᠲᠡᠪᠴᠢᠵᠦ᠂ ᠶᠠᠷᠢᠶ᠎ᠠ ᠬᠡᠯᠡᠯᠴᠡᠭᠡ ᠶᠢᠨ ᠤᠳᠤᠷᠢᠳᠤᠮᠵᠢ ᠶᠢ ᠴᠢᠩᠭᠠᠳᠬᠠᠬᠤ᠂ ᠰᠢᠯᠭᠠᠯᠲᠠ᠂ | ᠰᠤᠷᠤᠭᠴᠢ ᠡᠯᠰᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ 9 ᠵᠤᠷᠪᠤᠰ ᠲᠤᠭᠲᠠᠭᠠᠵᠤ᠂ ᠤᠯᠤᠰ ᠤᠨ | ᠨᠢᠭᠡᠳᠦᠯᠲᠡᠢ ᠰᠢᠯᠭᠠᠯᠲᠠ ᠳᠠᠬᠢ ᠰᠢᠯᠭᠠᠯᠲᠠ ᠶᠢᠨ ᠰᠡᠳᠦᠪ ᠤᠨ ᠰᠢᠨ᠎ᠡ ᠶᠢ ᠡᠭᠦᠳᠬᠦ ᠶᠢ ᠱᠠᠭᠠᠷᠳᠠᠭᠰᠠᠨ ᠪᠠᠶᠢᠨ᠎ᠠ᠃ | ᠵᠣᠬᠢᠶᠠᠭᠴᠢ᠄ ᠤᠯᠠᠭᠠᠨᠲᠤᠶᠠᠭ᠎ᠠ | | | | | | | | | | | | ᠁ |