︵2018 ᠤᠨ ᠤ 10 ᠰᠠᠷ᠎ᠠ ᠶᠢᠨ 31 ᠤ ᠡᠳᠦᠷ ᠤᠯᠠᠭᠠᠨᠬᠠᠳᠠ ᠬᠤᠲᠠ ᠶᠢᠨ ᠳᠤᠯᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠢᠩᠭᠤ ᠶᠢᠨ ᠬᠤᠷᠢᠶᠠᠨ ᠤ ᠲᠠᠪᠤᠳᠤᠭᠠᠷ | ᠬᠤᠷᠠᠯ ᠠᠴᠠ ᠪᠠᠲᠤᠯᠠᠵᠤ᠂ 2018 ᠤᠨ ᠤ 12 ᠰᠠᠷ᠎ᠠ ᠶᠢᠨ 6 ᠤ ᠡᠳᠦᠷ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠠᠴᠠ ᠵᠦᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠵᠤ᠂ ᠭᠠᠵᠠᠷ | ᠳᠤᠤᠷᠠᠬᠢ ᠤᠰᠤᠨ ᠤ ᠦᠷᠬᠦᠯᠵᠢᠯᠡᠬᠦ᠋ᠢᠢᠴᠠ ᠠᠰᠢᠭᠯᠠᠯᠲᠠ ᠪᠠ ᠠᠵᠤ ᠠᠬᠤᠢ ᠨᠡᠶᠢᠢᠭᠡᠮ ᠤᠨ ᠦᠷᠭᠦᠯᠵᠢᠯᠡᠬᠦ᠋ᠢᠢᠴᠡ | ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ | ᠤᠰᠤᠨ ᠤ ᠬᠠᠤᠯᠢ︾᠂ ︽ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠪᠤᠬᠢᠷᠳᠤᠯ ᠢ | ᠰᠡᠷᠭᠡᠶᠢᠢᠯᠡᠨ ᠵᠠᠰᠠᠬᠤ ᠬᠠᠤᠯᠢ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠳᠡ | ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ | ᠴᠠᠭᠠᠵᠠ ᠬᠠᠤᠯᠢ ᠳᠦᠷᠢᠮ ᠢ ᠦᠨᠳᠦᠰᠦᠯᠡᠵᠦ᠂ ᠮᠠᠨ ᠤ ᠬᠤᠲᠠ ᠶᠢᠨ ᠪᠤᠳᠠᠲᠠᠢ ᠪᠠᠶᠢᠳᠠᠯ ᠲᠠᠢ ᠤᠶᠠᠯᠳᠤᠭᠤᠯᠵᠤ ᠲᠤᠰ | ᠳᠦᠷᠢᠮ ᠢ ᠲᠤᠭᠲᠠᠭᠠᠪᠠ᠃ | ᠬᠤᠶᠠᠳᠤᠭᠠᠷ ᠵᠤᠷᠪᠤᠰ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠭᠡᠴᠡ ᠶᠢᠨ ᠳᠣᠲᠣᠨᠠᠬᠢ ᠭᠠᠵᠠᠷ | ᠳᠤᠤᠷᠠᠬᠢ ᠤᠰᠤ ᠶᠢ ᠨᠡᠭᠡᠭᠡᠨ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠵᠢᠴᠢ ᠲᠡᠭᠦᠨ ᠤ ᠬᠠᠮᠢᠶ᠎ᠠ | ᠪᠦᠬᠦᠢ ᠠᠵᠢᠯᠯᠠᠭᠠᠨ ᠳᠤ ᠲᠤᠰ ᠳᠦᠷᠢᠮ ᠢ ᠬᠡᠷᠡᠭᠯᠡᠨ᠎ᠡ᠃ ᠲᠤᠰ ᠳᠦᠷᠢᠮ ᠳᠤ ᠳᠤᠷᠠᠳᠤᠭᠰᠠᠨ ᠭᠠᠵᠠᠷ ᠳᠤᠤᠷᠠᠬᠢ | ᠤᠰᠤ ᠭᠡᠳᠡᠭ ᠨᠢ ᠭᠠᠵᠠᠷ ᠤᠨ ᠭᠠᠳᠠᠷᠭᠤ ᠠᠴᠠ ᠳᠤᠷᠤᠭᠰᠢᠬᠢ ᠤᠰᠤ ᠠᠭᠤᠯᠬᠤ ᠳᠠᠪᠬᠤᠷᠭ᠎ᠠ ᠳᠤ ᠬᠠᠳᠠᠭᠠᠯᠠᠭᠳᠠᠵᠤ | ᠪᠠᠶᠢᠢᠭ᠎ᠠ ᠤᠰᠤ ᠶᠢ ᠵᠢᠭᠠᠨ᠎ᠠ᠃ | ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ | ᠬᠠᠮᠤᠭ ᠴᠢᠩᠭ᠎ᠠ ᠬᠢᠨᠠᠮᠠᠭᠠᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠢᠳᠠᠪᠤᠷᠢᠵᠢᠭᠤᠯᠵᠤ᠂ | ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠳᠤᠲᠤᠷᠠᠬᠢ ᠭᠠᠵᠠᠷ ᠳᠤᠤᠷᠠᠬᠢ ᠤᠰᠤᠨ ᠤ ᠠᠰᠢᠭᠯᠠᠯᠲᠠ | ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠤᠰᠤ ᠪᠠᠷ ᠬᠤᠲᠠ ᠶᠢ ᠲᠤᠭᠲᠠᠭᠠᠬᠤ᠂ ᠤᠰᠤ ᠪᠠᠷ | ᠦᠢᠯᠡᠳᠪᠦᠷᠢᠯᠡᠯ ᠢ ᠲᠤᠭᠲᠠᠭᠠᠬᠤ᠂ ᠲᠠᠳᠠᠨ ᠬᠡᠷᠡᠭᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠰᠢᠭᠦᠯᠬᠦ᠂ | ᠦᠷᠭᠦᠯᠵᠢᠯᠡᠬᠦ᠋ᠢᠢᠴᠡ ᠬᠥᠭᠵᠢᠭᠦᠯᠬᠦ ᠵᠠᠷᠴᠢᠮ ᠢᠶᠠᠷ ᠭᠠᠵᠠᠷ ᠳᠤᠤᠷᠠᠬᠢ ᠤᠰᠤᠨ ᠳᠤ ᠬᠤᠯᠪᠤᠭᠳᠠᠬᠤ ᠵᠦᠢᠯ ᠢ | ᠲᠤᠭᠲᠠᠭᠠᠵᠤ᠂ ᠭᠠᠵᠠᠷ ᠳᠤᠤᠷᠠᠬᠢ ᠤᠰᠤ ᠶᠢ ᠠᠰᠢᠭᠯᠠᠨ ᠬᠠᠮᠠᠭᠠᠯᠠᠬᠤ ᠪᠠ ᠠᠵᠤ ᠠᠬᠤᠢ ᠨᠡᠶᠢᠢᠭᠡᠮ ᠤᠨ ᠬᠦᠭᠵᠢᠯᠲᠡ | ᠬᠠᠷᠢᠯᠴᠠᠨ ᠵᠣᠬᠢᠴᠠᠯᠳᠤᠬᠤ ᠶᠢ ᠪᠠᠳᠤᠯᠠᠨ᠎ᠠ᠃ | ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠭᠲᠠᠭᠠᠭᠰᠠᠨ ᠡᠷᠬᠡ ᠮᠡᠳᠡᠯ ᠤᠨ ᠬᠡᠪᠴᠢᠶᠡᠨ | ᠳᠤᠲᠤᠷ᠎ᠠ ᠪᠠᠨ ᠭᠠᠵᠠᠷ ᠳᠤᠤᠷᠠᠬᠢ ᠤᠰᠤ ᠶᠢ ᠨᠢᠭᠡᠲᠦᠯᠲᠡᠢ ᠬᠠᠮᠢᠶᠠᠷᠬᠤ ᠪᠠ ᠬᠢᠨᠠᠯᠲᠠ ᠲᠠᠯᠪᠢᠵᠤ᠂ ᠪᠤᠰᠤᠳ ᠬᠠᠮᠢᠶ᠎ᠠ | ᠪᠦᠬᠦᠢ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠣᠰᠣᠭᠠᠷ᠂ ᠭᠠᠵᠠᠷ ᠳᠤᠤᠷᠠᠬᠢ | ᠤᠰᠤᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ | ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠳᠤ ᠬᠤᠯᠪᠤᠭᠳᠠᠭᠰᠠᠨ ᠠᠵᠢᠯ ᠢ ᠬᠢᠬᠦ ᠳᠤ ᠬᠠᠮᠢᠶᠠᠷᠬᠤ ᠡᠷᠬᠡ ᠪᠦᠬᠦᠢ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ | ᠬᠡᠷᠡᠭᠲᠡᠢ᠂ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠤᠨ ᠰᠠᠨᠠᠯ ᠢ ᠠᠪᠤᠭᠰᠠᠨ ᠦᠭᠡᠢ ᠪᠤᠶᠤ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠪᠤᠰᠤ ᠰᠠᠨᠠᠯ ᠲᠠᠢ ᠪᠤᠯ᠂ ᠭᠠᠵᠠᠷ ᠳᠤᠤᠷᠠᠬᠢ | ᠤᠰᠤ ᠶᠢ ᠲᠠᠲᠠᠨ ᠬᠡᠷᠡᠭᠯᠡᠬᠦ ᠳᠤ ᠬᠤᠯᠪᠤᠭᠳᠠᠭᠰᠠᠨ ᠵᠦᠢᠯ ᠳᠤ ᠰᠢᠢᠳᠪᠦᠷᠢ ᠭᠠᠷᠭᠠᠵᠤ ᠪᠤᠯᠬᠤ ᠦᠭᠡᠢ᠂ ᠭᠡᠪᠡᠴᠦ | ᠬᠠᠤᠯᠢ ᠳᠦᠷᠢᠮ ᠬᠠᠤᠯᠢ ᠲᠣᠭᠲᠠᠭᠠᠯ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ | ᠳᠦᠷᠪᠡᠳᠦᠭᠡᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ | ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠤᠰᠤᠭᠠᠷ ᠲᠤᠰ ᠱᠠᠲᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯ ᠳᠤ | ᠬᠠᠮᠵᠢᠯᠴᠠᠨ ᠲᠤᠰᠠᠯᠠᠬᠤ ᠬᠡᠷᠡᠭᠲᠡᠢ᠃ | ᠲᠠᠪᠤᠳᠤᠭᠠᠷ ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠠᠵᠠᠷ | ᠳᠤᠤᠷᠠᠬᠢ ᠤᠰᠤ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠦᠷᠢᠮ ᠪᠤᠯᠤᠨ ᠠᠷᠪᠢᠯᠠᠨ ᠭᠠᠮᠨᠠᠵᠦ ᠠᠰᠢᠭᠯᠠᠬᠤ | ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠭᠠᠵᠠᠷ ᠳᠤᠤᠷᠠᠬᠢ ᠤᠰᠤᠨ ᠤ ᠬᠠᠮᠠᠭᠠᠯᠠᠯᠲᠠ ᠬᠠᠮᠢᠶᠠᠷᠤᠯᠲᠠ ᠶᠢᠨ | ᠵᠤᠷᠢᠭᠵᠢᠭᠤᠯᠬᠤ ᠲᠤᠭᠳᠠᠴᠠ ᠶᠢ ᠪᠦᠷᠢᠨᠰᠢᠬᠦᠯᠤᠨ᠂ ᠭᠠᠵᠠᠷ ᠳᠤᠤᠷᠠᠬᠢ ᠤᠰᠤ ᠶᠢ ᠠᠷᠪᠢᠯᠠᠬᠤ᠂ ᠬᠠᠮᠠᠭᠠᠯᠠᠬᠤ ᠪᠤᠯᠤᠨ | ᠬᠠᠮᠢᠶᠠᠷᠬᠤ ᠳᠤ ᠳᠤᠪᠤᠶᠢᠢᠮᠠ ᠬᠤᠪᠢ ᠨᠡᠮᠡᠷᠢ ᠦᠵᠡᠬᠦᠯᠦᠭᠰᠡᠨ ᠨᠢᠭᠡᠴᠡ ᠪᠤᠯᠤᠨ ᠬᠤᠪᠢ ᠬᠦᠮᠦᠨ ᠢ ᠬᠠᠮᠢᠶ ᠠ ᠪᠦᠬᠦᠢ | ᠲᠤᠭᠳᠠᠭᠠᠯ ᠶᠣᠰᠣᠭᠠᠷ ᠱᠠᠩᠨᠠᠨ ᠬᠥᠬᠢᠭᠦᠯᠬᠦ ᠬᠡᠷᠡᠭᠲᠡᠢ᠃ | ᠵᠢᠷᠭᠤᠳᠤᠭᠠᠷ ᠵᠤᠷᠪᠤᠰ ᠶᠠᠮᠠᠷᠪᠠ ᠨᠢᠭᠡᠴᠡ ᠪᠤᠯᠤᠨ ᠬᠤᠪᠢ ᠬᠦᠮᠦᠨ ᠴᠦᠮ ᠭᠠᠵᠠᠷ ᠲᠤᠤᠷᠠᠬᠢ ᠤᠰᠤ ᠶᠢ | ᠠᠷᠪᠢᠯᠠᠨ ᠭᠠᠮᠨᠠᠬᠤ ᠪᠤᠯᠤᠨ ᠬᠠᠮᠠᠭᠠᠯᠠᠬᠤ ᠡᠷᠭᠦᠭᠡ ᠲᠠᠢ᠂ ᠭᠠᠵᠠᠷ ᠲᠤᠤᠷᠠᠬᠢ ᠤᠰᠤ ᠶᠢ ᠬᠤᠬᠢᠷᠠᠭᠤᠯᠤᠨ᠂ | ᠪᠤᠬᠢᠷᠳᠤᠭᠤᠯᠤᠭᠰᠠᠨ ᠪᠠ ᠬᠠᠤᠯᠢ ᠪᠤᠰᠤ ᠪᠠᠷ ᠨᠡᠬᠡᠬᠡᠨ ᠠᠰᠢᠭᠯᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠬᠦᠯᠬᠦ | ᠡᠷᠬᠡ ᠲᠠᠢ᠃ | ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠰᠠᠯᠠᠭ᠎ᠠ | ᠮᠦᠴᠢᠷ ᠨᠢ ᠭᠠᠵᠠᠷ ᠳᠤᠤᠷᠠᠬᠢ ᠤᠰᠤ ᠶᠢ ᠬᠤᠬᠢᠷᠠᠭᠤᠯᠤᠭᠰᠠᠨ᠂ ᠪᠤᠬᠢᠷᠳᠤᠭᠤᠯᠤᠭᠰᠠᠨ ᠪᠠ ᠬᠠᠤᠯᠢ ᠪᠤᠰᠤ ᠪᠠᠷ | ᠨᠡᠬᠡᠬᠡᠨ ᠠᠰᠢᠭᠯᠠᠭᠰᠠᠨ ᠢ ᠢᠯᠡᠴᠢᠯᠡᠨ ᠮᠡᠳᠡᠬᠦᠯᠵᠦ᠂ ᠵᠠᠭᠠᠯᠳᠤᠭᠰᠠᠨ᠂ ᠬᠢᠨᠠᠯᠳᠠ ᠲᠠᠯᠪᠢᠬᠰᠠᠨ ᠰᠠᠨᠠᠯ ᠢ ᠴᠠᠭ | ᠲᠤᠬᠠᠢ ᠳᠤᠨᠢ ᠪᠠᠶᠢᠢᠴᠠᠭᠠᠨ ᠰᠢᠢᠳᠪᠦᠷᠢᠯᠡᠬᠦ ᠶᠢᠨ ᠬᠠᠮᠳᠤ ᠲᠤᠭᠳᠠᠭᠠᠯ ᠶᠤᠰᠤᠭᠠᠷ ᠪᠠᠶᠢᠢᠴᠠᠭᠠᠨ ᠰᠢᠢᠳᠪᠦᠷᠢᠯᠡᠭᠰᠡᠨ | ᠦᠷ ᠡ ᠳ᠋ᠦᠢᠩ ᠢᠶᠠᠨ ᠴᠠᠭ ᠲᠤᠬᠠᠢ ᠳᠤᠨᠢ ᠢᠯᠡ ᠨᠡᠶᠢᠢᠳᠡᠯᠡᠬᠦ ᠬᠡᠷᠡᠭᠳᠡᠢ᠃ | ᠭᠠᠵᠠᠷ ᠲᠤᠤᠷᠠᠬᠢ ᠤᠰᠤ ᠶᠢ ᠬᠤᠬᠢᠷᠠᠭᠤᠯᠤᠭᠰᠠᠨ᠂ ᠪᠤᠬᠢᠷᠳᠤᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠳᠤ | ᠲᠤᠭᠳᠠᠭᠠᠭᠰᠠᠨ ᠪᠠᠶᠢᠭᠤᠯᠭ᠎ᠠ ᠪᠤᠯᠤᠨ ᠬᠤᠯᠪᠤᠭᠳᠠᠯ ᠪᠦᠬᠦᠢ ᠵᠤᠬᠢᠶᠠᠨ ᠪᠠᠶᠢᠢᠭᠤᠯᠤᠯᠳᠠ ᠠᠴᠠ ᠠᠷᠠᠳ ᠤᠨ ᠰᠢᠬᠦᠬᠦ | ᠬᠤᠷᠢᠶᠠᠨ ᠳᠤ ᠨᠡᠶᠢᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠦ ᠪᠤᠯᠤᠨ᠎ᠠ᠃ | ᠬᠤᠶᠠᠳᠤᠭᠠᠷ ᠪᠦᠯᠦᠭ ᠲᠦᠯᠦᠪᠵᠢᠬᠦᠯᠭᠡ ᠪᠠ ᠨᠤᠳᠠᠯᠠᠯᠳᠠ | ᠳᠤᠯᠤᠳᠤᠭᠠᠷ ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ ᠳᠡᠭᠡᠷ ᠡ ᠨᠢᠭᠡ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ | ᠭᠠᠮᠨᠠᠵᠦ ᠠᠰᠢᠭᠯᠠᠬᠤ ᠲᠦᠯᠦᠪᠵᠢᠬᠦᠯᠭᠡ ᠶᠢ ᠦᠨᠳᠤᠰᠤᠯᠡᠨ᠂ ᠲᠤᠰ ᠵᠠᠰᠠᠭ ᠵᠠᠬᠢᠷᠭᠠᠨ ᠤ ᠤᠷᠤᠨ ᠬᠡᠴᠡ ᠳᠠᠬᠢ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ ᠲᠣᠭᠲᠠᠭᠰᠠᠨ | ᠬᠤᠭᠤᠴᠠᠭ᠎ᠠ ᠲᠠᠢ ᠨᠠᠶᠢᠢᠷᠠᠭᠤᠯᠤᠨ ᠳᠤᠭᠳᠠᠭᠠᠵᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ | ᠲᠡᠬᠦᠨ ᠤ ᠡᠷᠬᠡ ᠤᠯᠭᠤᠭᠰᠠᠨ ᠰᠠᠯᠠᠭ᠎ᠠ ᠮᠦᠴᠢᠷ ᠲᠤ ᠮᠡᠳᠡᠬᠦᠯᠵᠤ ᠵᠦᠪᠰᠢᠶᠡᠷᠡᠬᠦᠯᠬᠦ ᠭᠡᠷᠡᠭᠳᠡᠢ᠃ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ | ᠨᠠᠶᠢᠢᠷᠠᠭᠤᠯᠤᠨ ᠲᠣᠭᠲᠠᠭᠠᠬᠤ ᠳᠠᠭᠠᠨ ᠤᠯᠠᠨ ᠨᠡᠶᠢᠢᠳᠡ ᠠᠴᠠ ᠢᠯᠡ ᠪᠠᠷ ᠰᠠᠨᠠᠯ ᠬᠤᠷᠢᠶᠠᠵᠦ᠂ ᠲᠤᠰᠬᠠᠢ | ᠮᠡᠷᠭᠡᠵᠢᠯᠳᠡᠨ ᠠᠴᠠ ᠨᠤᠳᠠᠯᠠᠬᠤ ᠲᠦᠷᠢᠮ ᠢ ᠬᠡᠷᠡᠭᠵᠢᠬᠦᠯᠦᠨ᠎ᠡ᠃ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠨᠢ | ᠵᠥᠪᠰᠢᠶᠡᠷᠡᠭᠳᠡᠬᠦ ᠲᠠᠢ ᠵᠡᠷᠭᠡ ᠡᠷᠬᠡᠪᠰᠢ ᠴᠢᠩᠭ᠎ᠠ ᠬᠡᠷᠡᠭᠵᠢᠬᠦᠯᠬᠦ ᠬᠡᠷᠡᠭᠳᠡᠢ᠃ ᠬᠡᠷᠪᠡ ᠵᠠᠰᠠᠪᠤᠷᠢ ᠤᠷᠤᠭᠤᠯᠬᠤ | ᠴᠢᠬᠤᠯᠠᠳᠠᠢ ᠪᠤᠯ᠂ ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠭᠰᠠᠨ ᠶᠠᠪᠤᠴᠠ ᠶᠤᠰᠤᠭᠠᠷ ᠤᠤᠯ ᠤᠨ | ᠵᠥᠪᠰᠢᠶᠡᠷᠡᠭᠰᠡᠨ ᠪᠠᠶᠢᠢᠭᠤᠯᠤᠯᠭᠠ ᠪᠠᠷ ᠵᠦᠪᠰᠢᠶᠡᠷᠡᠬᠦᠯᠬᠦ ᠶᠢᠨ ᠬᠠᠮᠳᠤ ᠳᠡᠭᠡᠷ ᠡ ᠨᠢᠭᠡ ᠱᠠᠳᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠲᠠᠩᠰᠠᠯᠠᠭᠤᠯᠬᠤ | ᠭᠡᠷᠡᠭᠳᠡᠢ᠃ | ᠨᠠᠶᠢᠮᠠᠳᠤᠭᠠᠷ ᠵᠤᠷᠪᠤᠰ ᠤᠯᠤᠰ ᠠᠷᠠᠳ ᠤᠨ ᠠᠵᠦ ᠠᠬᠤᠢ ᠪᠤᠯᠤᠨ ᠨᠡᠶᠢᠢᠭᠡᠮ ᠤᠨ ᠬᠦᠭᠵᠢᠯᠳᠡ ᠶᠢᠨ | ᠲᠦᠯᠦᠪᠵᠢᠬᠦᠯᠭᠡ᠂ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠭᠡ᠂ ᠬᠤᠳᠠ ᠶᠢᠨ ᠶᠡᠷᠦᠩᠬᠡᠢ | ᠲᠦᠯᠦᠪᠵᠢᠬᠦᠯᠭᠡ ᠪᠤᠯᠤᠨ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠬᠤᠳᠠ ᠶᠢᠨ ᠰᠢᠨ᠎ᠡ ᠲᠤᠭᠤᠷᠢᠭ ᠵᠡᠷᠭᠡ | ᠲᠤᠰᠬᠠᠢ ᠲᠦᠷᠦᠯ ᠤᠨ ᠲᠦᠯᠦᠪᠵᠢᠬᠦᠯᠭᠡ ᠵᠢᠴᠢ ᠪᠤᠰᠤᠳ ᠬᠠᠮᠢᠶ ᠠ ᠪᠦᠬᠦᠢ ᠲᠤᠰᠬᠠᠢ ᠲᠦᠯᠦᠪᠵᠢᠬᠦᠯᠭᠡ ᠶᠢ | ᠨᠠᠶᠢᠢᠷᠠᠭᠤᠯᠤᠨ ᠲᠣᠭᠲᠠᠭᠠᠬᠤ ᠦᠶᠡᠰ᠂ ᠭᠠᠵᠠᠷ ᠳᠤᠤᠷᠠᠬᠢ ᠤᠰᠤ ᠶᠢ ᠨᠡᠬᠡᠬᠡᠨ ᠠᠰᠢᠭᠯᠠᠬᠤ ᠳᠤ ᠬᠤᠯᠪᠤᠭᠳᠠᠭᠰᠠᠨ | ᠪᠤᠶᠤ ᠭᠠᠵᠠᠷ ᠳᠤᠤᠷᠠᠬᠢ ᠤᠰᠤᠨ ᠤ ᠨᠦᠬᠦᠪᠦᠷᠢᠯᠡᠯᠳᠡ ᠶᠢ ᠬᠠᠮᠠᠭᠠᠯᠠᠬᠤ ᠶᠢ ᠨᠦᠯᠦᠭᠡᠯᠡᠬᠦ ᠳᠤ ᠬᠦᠷᠪᠡᠯ᠂ ᠤᠰᠤᠨ ᠤ | ᠡᠬᠢ ᠪᠠᠶᠠᠯᠢᠭ ᠢ ᠲᠦᠯᠦᠪᠵᠢᠬᠦᠯᠬᠦ ᠨᠤᠳᠠᠯᠠᠯᠳᠠ ᠬᠢᠬᠦ ᠶᠢᠨ ᠬᠠᠮᠳᠤ ᠭᠠᠵᠠᠷ ᠳᠤᠤᠷᠠᠬᠢ ᠤᠰᠤᠨ ᠤ | ᠲᠦᠯᠦᠪᠵᠢᠬᠦᠯᠭᠡ ᠲᠠᠢ ᠬᠠᠷᠢᠯᠴᠠᠨ ᠵᠤᠬᠢᠴᠠᠭᠤᠯᠬᠤ ᠬᠡᠷᠡᠭᠳᠡᠢ᠃ | ᠭᠠᠵᠠᠷ ᠲᠤᠤᠷᠠᠬᠢ ᠤᠰᠤ ᠶᠢ ᠬᠡᠷᠡᠭᠯᠡᠬᠦ ᠪᠤᠶᠤ ᠠᠭᠤᠷᠬᠠᠢ ᠶᠢᠨ ᠪᠤᠯᠠᠭᠳᠠᠴᠠ ᠶᠢ ᠨᠡᠬᠡᠬᠡᠨ ᠮᠠᠯᠳᠠᠬᠤ᠂ | ᠪᠠᠷᠢᠯᠭ᠎ᠠ ᠶᠢᠨ ᠪᠦᠳᠦᠭᠡᠨ ᠪᠠᠶᠢᠢᠭᠤᠯᠤᠯᠳᠠ ᠬᠢᠬᠦ ᠵᠡᠷᠭᠡ ᠭᠠᠵᠠᠷ ᠳᠤᠤᠷᠠᠬᠢ ᠤᠰᠤ ᠶᠢ ᠨᠦᠯᠦᠭᠡᠯᠡᠬᠦ ᠰᠢᠨ᠎ᠡ ᠪᠠᠷ | ᠪᠠᠶᠢᠢᠭᠤᠯᠬᠤ᠂ ᠦᠭᠡᠷᠡᠴᠢᠯᠡᠨ ᠪᠠᠶᠢᠢᠭᠤᠯᠬᠤ ᠪᠤᠯᠤᠨ ᠦᠷᠭᠡᠳᠭᠡᠨ ᠪᠠᠶᠢᠢᠭᠤᠯᠬᠤ ᠪᠦᠳᠦᠭᠡᠨ ᠪᠠᠶᠢᠢᠭᠤᠯᠤᠯᠳᠠ ᠶᠢᠨ | ᠲᠦᠷᠦᠯ ᠵᠦᠢᠯ ᠳᠤ ᠪᠦᠳᠦᠭᠡᠨ ᠪᠠᠶᠢᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ | ᠨᠤᠳᠠᠯᠠᠯᠳᠠ ᠬᠢᠬᠦ ᠬᠡᠷᠡᠭᠳᠡᠢ᠃ | ᠭᠤᠷᠪᠠᠳᠤᠭᠠᠷ ᠪᠦᠯᠦᠭ ᠠᠰᠢᠭᠯᠠᠬᠤ ᠪᠠ ᠠᠷᠪᠢᠯᠠᠬᠤ | ᠶᠢᠰᠦᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠰᠢᠭᠤᠳ ᠲᠠᠲᠠᠵᠤ ᠬᠡᠷᠡᠭᠯᠡᠬᠦ ᠨᠢᠭᠡᠴᠡ ᠪᠠ ᠬᠤᠪᠢ | ᠬᠦᠮᠦᠨ ᠬᠠᠤᠯᠢ ᠶᠤᠰᠤᠭᠠᠷ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠦᠨᠡᠮᠯᠡᠯ ᠭᠤᠶᠤᠴᠢᠯᠠᠬᠤ ᠶᠢᠨ ᠬᠠᠮᠲᠤ ᠲᠤᠰ | ᠤᠰᠤ ᠲᠠᠲᠠᠨ ᠬᠡᠷᠡᠭᠯᠡᠬᠦ ᠶᠢ ᠵᠥᠪᠰᠢᠶᠡᠷᠡᠨ ᠴᠤᠬᠤᠯᠠᠪᠤᠷᠢᠯᠠᠭᠰᠠᠨ ᠭᠠᠵᠠᠷ ᠪᠠ ᠤᠰᠤ ᠠᠭᠤᠯᠬᠤ ᠳᠠᠪᠬᠤᠷᠭ᠎ᠠ ᠠᠴᠠ | ᠤᠰᠤ ᠲᠠᠲᠠᠨ᠎ᠠ᠂ ᠭᠡᠪᠡᠴᠦ ᠬᠠᠤᠯᠢ ᠳᠦᠷᠢᠮ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ | ᠠᠷᠪᠠᠳᠤᠭᠠᠷ ᠵᠤᠷᠪᠤᠰ ᠳᠤᠤᠷᠠᠬᠢ ᠪᠠᠶᠢᠢᠳᠠᠯ ᠤᠨ ᠠᠯᠢ ᠨᠢᠭᠡ ᠨᠢ ᠢᠯᠡᠷᠡᠪᠡᠯ᠂ ᠬᠤᠲᠠ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠭᠠᠵᠠᠷ ᠳᠤᠤᠷᠠᠬᠢ ᠤᠰᠤ ᠶᠢ ᠰᠢᠨ᠎ᠡ ᠪᠠᠷ ᠲᠠᠲᠠᠨ ᠬᠡᠷᠡᠭᠯᠡᠬᠦ ᠶᠢ ᠵᠦᠪᠰᠢᠶᠡᠷᠡᠬᠦ ᠦᠭᠡᠢ | ᠮᠦᠷᠲᠡᠭᠡᠨ ᠪᠢᠴᠢᠭ ᠤᠨ ᠬᠡᠯᠪᠡᠷᠢ ᠪᠠᠷ ᠡᠷᠡᠮᠡᠯᠵᠡᠯᠡᠭᠴᠢ ᠳᠤ ᠵᠦᠪᠰᠢᠶᠡᠷᠡᠭᠰᠡᠨ ᠦᠭᠡᠢ ᠰᠢᠯᠲᠠᠭᠠᠨ ᠪᠠ ᠭᠡᠷᠡᠴᠢ | ᠦᠨᠳᠦᠰᠦᠯᠡᠯ ᠢᠶᠠᠨ ᠲᠤᠳᠤᠷᠬᠠᠶᠢᠢᠯᠠᠬᠤ ᠬᠡᠷᠡᠭᠲᠡᠢ᠃ | ︵ᠨᠢᠭᠡ︶ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠭᠰᠠᠨ ᠶᠡᠷᠦᠩᠬᠡᠢ ᠬᠡᠮᠵᠢᠶ᠎ᠡ ᠨᠢ ᠲᠤᠰ ᠵᠠᠰᠠᠭ | ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠶᠡᠷᠦᠩᠬᠡᠢ ᠬᠡᠮᠵᠢᠶ᠎ᠡ ᠶᠢᠨ | ᠬᠢᠵᠠᠭᠠᠷᠯᠠᠬᠤ ᠵᠢᠭᠠᠯᠲᠠ ᠲᠤᠭ᠎ᠠ ᠳᠤ ᠬᠦᠷᠦᠭᠰᠡᠨ ᠪᠤᠶᠤ ᠬᠡᠳᠦᠷᠡᠭᠰᠡᠨ᠃ | ︵ᠬᠤᠶᠠᠷ︶ ᠭᠠᠵᠠᠷ ᠳᠤᠤᠷᠠᠬᠢ ᠤᠰᠤᠨ ᠲᠦᠪᠰᠢᠨ ᠨᠢ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ | ᠭᠠᠵᠠᠷ ᠳᠤᠤᠷᠠᠬᠢ ᠤᠰᠤᠨ ᠤ ᠬᠢᠵᠠᠭᠠᠷᠯᠠᠬᠤ ᠤᠰᠤᠨ ᠲᠦᠪᠰᠢᠨ ᠳᠤ ᠬᠦᠷᠦᠭᠰᠡᠨ ᠪᠤᠶᠤ ᠳᠤᠤᠷ᠎ᠠ ᠪᠤᠯᠤᠭᠰᠠᠨ᠃ | ︵ᠭᠤᠷᠪᠠ︶ ᠲᠤᠭᠳᠠᠭᠠᠯ ᠶᠤᠰᠤᠭᠠᠷ ᠭᠠᠵᠠᠷ ᠳᠤᠤᠷᠠᠬᠢ ᠤᠰᠤ ᠲᠠᠲᠠᠨ ᠬᠡᠷᠡᠭᠯᠡᠬᠦ ᠶᠢ ᠴᠠᠭᠠᠵᠠᠯᠠᠬᠤ ᠤᠷᠤᠨ | ᠲᠣᠭᠤᠷᠢᠭ ᠲᠤ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ᠃ | ︵ᠳᠦᠷᠪᠡ︶ ᠠᠵᠢᠯ ᠲᠦᠷᠦᠯ ᠤᠨ ᠤᠰᠤ ᠬᠡᠷᠡᠭᠯᠡᠬᠦ ᠲᠤᠭᠲᠠᠮᠠᠯ ᠨᠤᠷᠮ᠎ᠠ ᠪᠠ ᠤᠰᠤ ᠠᠷᠪᠢᠯᠠᠬᠤ | ᠱᠠᠭᠠᠷᠳᠠᠯᠭ᠎ᠠ ᠳᠤ ᠦᠯᠦ ᠨᠡᠶᠢᠢᠴᠡᠬᠦ᠃ | ︵ᠲᠠᠪᠤ︶ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ | ᠪᠦᠷᠬᠦᠭᠰᠡᠨ ᠬᠡᠪᠴᠢᠶᠡᠨ ᠳᠤ ᠪᠠᠶᠢᠢᠬᠤ ᠮᠦᠷᠲᠡᠭᠡᠨ ᠤᠰᠤ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ | ᠳᠡᠶᠢᠯᠬᠦ᠃ | ︵ᠵᠢᠷᠭᠤᠭ᠎ᠠ︶ ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠡᠰᠡᠪᠡᠯ ᠭᠠᠵᠠᠷ ᠳᠤᠤᠷᠠᠬᠢ ᠤᠰᠤᠨ ᠳᠤ | ᠬᠦᠨᠳᠦ ᠨᠤᠴᠢᠲᠠᠢ ᠠᠰᠢᠭ ᠦᠭᠡᠢ ᠨᠦᠯᠦᠭᠡ ᠠᠪᠴᠢᠷᠠᠬᠤ ᠪᠤᠯᠤᠮᠵᠢ ᠲᠠᠢ᠃ | ︵ᠳᠤᠯᠤᠭ᠎ᠠ︶ ᠤᠰᠤᠨ ᠤ ᠡᠬᠢ ᠪᠠᠶᠠᠯᠢᠭ ᠬᠤᠮᠰᠠ᠂ ᠠᠮᠢ ᠠᠬᠤᠢ ᠬᠡᠪᠡᠷᠡᠭ ᠵᠡᠷᠭᠡ ᠭᠠᠵᠠᠷ ᠤᠷᠤᠨ ᠳᠤ | ᠨᠡᠭᠦᠷᠡᠰᠦ ᠪᠠᠷ ᠴᠠᠬᠢᠯᠭᠠᠨ ᠭᠠᠷᠭᠠᠬᠤ ᠦᠷᠲᠡᠭᠡ ᠵᠡᠷᠭᠡ ᠤᠰᠤᠨ ᠤ ᠬᠤᠷᠤᠭᠳᠠᠴᠠ ᠶᠡᠭᠡ ᠲᠦᠷᠦᠯ ᠵᠦᠢᠯ ᠢ | ᠰᠢᠨ᠎ᠡ ᠪᠠᠷ ᠪᠠᠶᠢᠢᠭᠤᠯᠬᠤ ᠪᠤᠶᠤ ᠦᠷᠭᠡᠳᠭᠡᠨ ᠪᠠᠶᠢᠢᠭᠤᠯᠬᠤ᠂ ᠡᠰᠡᠪᠡᠯ ᠠᠲᠠᠷ ᠬᠠᠭᠠᠯᠪᠤᠷᠢᠯᠠᠨ ᠲᠠᠷᠢᠮᠠᠯ ᠤᠨ | ᠲᠠᠯᠠᠪᠠᠢ ᠶᠢ ᠦᠷᠭᠡᠳᠬᠡᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ᠃ | ︵ᠨᠠᠶᠢᠮᠠ︶ ᠬᠠᠤᠯᠢ ᠴᠠᠭᠠᠵᠠ᠂ ᠬᠠᠤᠯᠢ ᠳᠦᠷᠢᠮ ᠳᠤ ᠲᠤᠭᠲᠠᠭᠠᠭᠰᠠᠨ ᠪᠤᠰᠤᠳ ᠪᠠᠶᠢᠢᠳᠠᠯ᠃ | ᠠᠷᠪᠠᠨ ᠨᠢᠭᠡᠳᠦᠭᠡᠷ ᠵᠤᠷᠪᠤᠰ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ ᠤᠰᠤᠨ ᠳᠤ ᠳᠡᠭᠲᠡᠷᠯᠡᠭᠰᠡᠨ | ᠬᠡᠯᠪᠡᠷᠢ ᠶᠢᠨ ᠦᠨ᠎ᠡ ᠬᠠᠨᠭ᠍ᠰᠢ ᠶᠢᠨ ᠳᠦᠷᠢᠮ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ | ᠪᠤᠰᠤ ᠤᠰᠤᠨ ᠳᠤ ᠲᠦᠯᠦᠪᠯᠡᠭᠡ ᠠᠴᠠ ᠬᠡᠲᠦᠷᠡᠭᠰᠡᠨ᠂ ᠲᠤᠭᠲᠠᠮᠠᠯ ᠨᠤᠷᠮ᠎ᠠ ᠠᠴᠠ ᠬᠡᠲᠦᠷᠡᠭᠰᠡᠨ ᠢ ᠳᠡᠪᠰᠢᠭᠦᠯᠦᠨ | ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ | ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠲᠤᠬᠠᠢ ᠶᠢᠨ ᠭᠠᠵᠠᠷ ᠤᠷᠤᠨ ᠤ ᠤᠰᠤᠨ ᠤ ᠡᠬᠢ ᠪᠠᠶᠠᠯᠢᠭ ᠤᠨ | ᠪᠠᠶᠢᠢᠳᠠᠯ ᠪᠠ ᠠᠵᠤ ᠠᠬᠤᠢ ᠮᠡᠷᠭᠡᠵᠢᠯ ᠤᠨ ᠨᠦᠭᠦᠴᠡᠯ ᠢᠶᠠᠨ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠠᠴᠠ | ᠬᠠᠲᠠᠭᠤ ᠴᠢᠩᠭ᠎ᠠ ᠲᠠᠷᠢᠶᠠᠯᠠᠩ᠂ ᠤᠢ ᠰᠢᠭᠤᠢ᠂ ᠡᠪᠡᠰᠦᠨ ᠤ ᠦᠢᠯᠡᠰ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ | ᠦᠢᠯᠡᠰ ᠤᠨ ᠤᠰᠤ ᠬᠡᠷᠡᠭᠯᠡᠬᠦ ᠲᠤᠭᠲᠠᠮᠠᠯ ᠨᠤᠷᠮ᠎ᠠ ᠲᠤᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤᠰᠤᠯᠠᠯᠲᠠ ᠶᠢᠨ ᠲᠠᠷᠢᠶᠠᠯᠠᠩ᠂ ᠤᠢ ᠰᠢᠭᠤᠢ᠂ ᠡᠪᠡᠰᠦᠨ ᠤ ᠦᠢᠯᠡᠰ ᠤᠨ ᠬᠡᠪᠴᠢᠶᠡᠵᠢᠯ ᠢ ᠬᠢᠵᠠᠭᠠᠷᠯᠠᠵᠤ᠂ | ᠲᠠᠷᠢᠮᠠᠯ ᠤᠨ ᠪᠦᠲᠦᠴᠡ ᠳᠤ ᠲᠤᠬᠢᠷᠠᠭᠤᠯᠤᠯᠲᠠ ᠬᠢᠵᠦ᠂ ᠬᠠᠭᠤᠷᠠᠢ ᠲᠠᠷᠢᠶ᠎ᠠ ᠶᠢ ᠬᠥᠭᠵᠢᠭᠦᠯᠵᠦ᠂ ᠤᠰᠤ ᠠᠷᠪᠢᠯᠠᠵᠤ | ᠤᠰᠤᠯᠠᠬᠤ ᠮᠡᠷᠭᠡᠵᠢᠯ ᠢ ᠳᠡᠯᠭᠡᠷᠡᠭᠦᠯᠵᠦ᠂ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠠᠷᠪᠠᠨ ᠳᠦᠷᠪᠡᠳᠦᠭᠡᠷ ᠵᠤᠷᠪᠤᠰ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠳᠠᠮᠵᠢᠭᠤᠯᠤᠨ ᠬᠦᠷᠭᠡᠬᠦ | ᠬᠤᠭᠤᠯᠠᠢ ᠲᠣᠣᠷᠵᠢᠯ ᠤᠨ ᠪᠦᠷᠬᠦᠯᠳᠡ ᠶᠢᠨ ᠬᠡᠪᠴᠢᠶᠡᠨ ᠳᠤᠲᠤᠷ᠎ᠠ᠂ ᠢᠳᠡᠭᠡᠨ᠂ ᠡᠮ ᠦᠢᠯᠡᠳᠬᠦ ᠵᠡᠷᠭᠡ ᠤᠰᠤᠨ ᠤ | ᠶᠠᠰᠤ ᠴᠢᠨᠠᠷ ᠲᠤ ᠤᠨᠴᠠᠭᠠᠢ ᠱᠠᠭᠠᠷᠳᠠᠯᠭ᠎ᠠ ᠲᠠᠢ ᠠᠵᠤ ᠠᠬᠤᠶᠢᠢᠯᠠᠯ ᠠᠴᠠ ᠭᠠᠳᠠᠨ᠎ᠠ᠂ ᠠᠵᠤ ᠦᠢᠯᠡᠳᠪᠦᠷᠢ ᠶᠢᠨ | ᠦᠢᠯᠡᠳᠪᠦᠷᠢᠯᠡᠯ ᠳᠤ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ | ᠬᠡᠷᠡᠭᠯᠡᠬᠦ ᠶᠢ ᠴᠠᠭᠠᠵᠠᠯᠠᠨ᠎ᠠ᠃ | ᠠᠷᠪᠠᠨ ᠲᠠᠪᠤᠳᠤᠭᠠᠷ ᠵᠤᠷᠪᠤᠰ ᠢᠳᠡᠬᠦ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠬᠡᠪᠴᠢᠶ᠎ᠡ ᠠᠴᠠ | ᠭᠠᠳᠠᠨ᠎ᠠ᠂ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ | ᠪᠦᠷᠬᠦᠯᠳᠡ ᠶᠢᠨ ᠬᠡᠪᠴᠢᠶᠡᠨ ᠳᠤᠲᠤᠷᠠᠬᠢ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ᠂ ᠤᠷᠴᠢᠨ ᠲᠤᠭᠤᠷᠢᠨ ᠤ | ᠡᠷᠡᠭᠦᠯ ᠬᠠᠮᠠᠭᠠᠯᠠᠯ ᠵᠡᠷᠭᠡ ᠳᠤ ᠳᠠᠬᠢᠯᠲᠠ ᠤᠰᠤ ᠶᠢ ᠬᠡᠷᠡᠭᠯᠡᠬᠦ ᠬᠡᠷᠡᠭᠲᠡᠢ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ | ᠴᠠᠭᠠᠵᠠᠯᠠᠨ᠎ᠠ︔ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ | ᠲᠣᠣᠷᠵᠢᠯ ᠤᠨ ᠪᠦᠷᠬᠦᠯᠳᠡ ᠶᠢᠨ ᠬᠡᠪᠴᠢᠶ᠎ᠡ ᠠᠴᠠ ᠭᠠᠳᠠᠨ᠎ᠠ᠂ ᠤᠷᠢᠳᠠᠪᠡᠷ ᠭᠠᠵᠠᠷ ᠳᠡᠭᠡᠷᠡᠬᠢ ᠤᠰᠤ ᠪᠠ ᠦᠶᠡᠷ | ᠪᠤᠷᠤᠭᠠᠨ ᠤ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ ᠬᠢᠵᠠᠭᠠᠷᠯᠠᠨ᠎ᠠ᠃ | ᠭᠠᠵᠠᠷ ᠳᠤᠤᠷᠠᠬᠢ ᠤᠰᠤ᠂ ᠠᠮᠢᠳᠤᠷᠠᠯ ᠳᠤ ᠬᠡᠷᠡᠭᠰᠡᠬᠦ ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ | ᠨᠠᠭᠤᠷ ᠲᠤ ᠬᠡᠷᠡᠭᠯᠡᠬᠦ ᠶᠢ ᠴᠠᠭᠠᠵᠠᠯᠠᠨ᠎ᠠ᠃ | ᠠᠷᠪᠠᠨ ᠵᠢᠷᠭᠤᠳᠤᠭᠠᠷ ᠵᠤᠷᠪᠤᠰ ᠤᠯᠤᠰ ᠤᠨ ᠪᠠᠶᠢᠢᠯᠳᠤᠬᠤ ᠪᠤᠳᠤᠯᠭ᠎ᠠ ᠶᠢᠨ ᠴᠢᠨᠠᠷ ᠤᠨ ᠪᠤᠰᠤ ᠠᠭᠤᠷᠬᠠᠢ ᠶᠢᠨ | ᠡᠬᠢ ᠪᠠᠶᠠᠯᠢᠭ ᠢ ᠮᠠᠯᠲᠠᠨ ᠨᠡᠭᠡᠭᠡᠬᠦ ᠶᠠᠪᠤᠴᠠ ᠳᠤᠮᠳᠠ ᠭᠠᠵᠠᠷ ᠳᠤᠤᠷᠠᠬᠢ ᠤᠰᠤ ᠶᠢ ᠶᠡᠭᠡ ᠬᠡᠮᠵᠢᠶ᠎ᠡ ᠪᠠᠷ ᠲᠠᠲᠠᠨ | ᠭᠠᠷᠭᠠᠬᠤ ᠴᠢᠬᠤᠯᠠᠲᠠᠢ ᠪᠣᠯᠵᠤ᠂ ᠡᠷᠭᠢᠨ ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ ᠤᠰᠤᠨ ᠲᠦᠪᠰᠢᠨ ᠢ | ᠪᠠᠭᠤᠷᠠᠭᠤᠯᠬᠤ ᠪᠤᠶᠤ ᠤᠷᠴᠢᠨ ᠲᠤᠭᠤᠷᠢᠨ ᠢ ᠪᠣᠬᠢᠷᠲᠤᠭᠤᠯᠬᠤ ᠳᠠᠯᠳᠠ ᠭᠡᠮ ᠲᠠᠢ ᠪᠤᠯ᠂ ᠠᠭᠤᠷᠬᠠᠢ ᠨᠡᠭᠡᠭᠡᠨ | ᠮᠠᠯᠲᠠᠬᠤ ᠤᠰᠤ ᠲᠠᠲᠠᠬᠤ ᠵᠦᠪᠰᠢᠶᠡᠷᠡᠯ ᠤᠨ ᠡᠷᠡᠮᠡᠯᠵᠡᠯᠡᠯ ᠢ ᠵᠦᠪᠰᠢᠶᠡᠷᠡᠵᠦ ᠪᠤᠯᠬᠤ ᠦᠭᠡᠢ᠃ ᠨᠢᠭᠡᠨᠲᠡ ᠨᠡᠭᠡᠭᠡᠨ | ᠮᠠᠯᠲᠠᠭᠰᠠᠨ ᠠᠭᠤᠷᠬᠠᠢ ᠳᠤ᠂ ᠭᠠᠵᠠᠷ ᠳᠤᠤᠷᠠᠬᠢ ᠤᠰᠤ ᠶᠢ ᠲᠠᠲᠠᠨ ᠭᠠᠳᠠᠭᠰᠢᠯᠠᠭᠤᠯᠬᠤ ᠠᠴᠠ ᠪᠤᠯᠵᠤ ᠡᠷᠭᠢᠨ | ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ ᠤᠰᠤᠨ ᠲᠦᠪᠰᠢᠨ ᠦᠷᠭᠦᠯᠵᠢᠯᠡᠨ ᠳᠣᠷᠣᠭᠰᠢᠯᠠᠭᠰᠠᠨ ᠪᠤᠶᠤ | ᠤᠷᠴᠢᠨ ᠲᠤᠭᠤᠷᠢᠨ ᠪᠣᠬᠢᠷᠲᠤᠭᠤᠯᠪᠠᠯ᠂ ᠬᠤᠭᠤᠴᠠᠭ᠎ᠠ ᠬᠢᠵᠠᠭᠠᠷᠯᠠᠨ ᠬᠠᠭᠠᠵᠤ ᠵᠣᠭᠰᠣᠭᠠᠨ᠎ᠠ᠃ | ᠲᠦᠷᠪᠡᠳᠦᠭᠡᠷ ᠪᠦᠯᠦᠭ ᠬᠠᠮᠠᠭᠠᠯᠠᠬᠤ ᠪᠠ ᠬᠠᠮᠢᠶᠠᠷᠬᠤ | ᠠᠷᠪᠠᠨ ᠲᠤᠯᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠭᠠᠵᠠᠷ ᠳᠤᠤᠷᠠᠬᠢ ᠤᠰᠤ ᠶᠢ ᠬᠠᠮᠠᠭᠠᠯᠠᠬᠤ ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠢᠵᠢᠷᠠᠭᠤᠯᠬᠤ᠂ ᠭᠠᠵᠠᠷ ᠳᠤᠤᠷᠠᠬᠢ ᠤᠰᠤᠨ ᠰᠤᠷᠪᠤᠯᠵᠢ ᠶᠢ ᠬᠠᠳᠠᠭᠠᠯᠠᠬᠤ᠂ ᠭᠠᠵᠠᠷ ᠳᠡᠭᠡᠷᠡᠬᠢ | ᠤᠰᠤ ᠶᠢ ᠰᠢᠯᠢᠳᠡᠭᠵᠢᠭᠦᠯᠦᠨ ᠲᠤᠬᠢᠷᠠᠭᠤᠯᠬᠤ᠂ ᠭᠠᠳᠠᠨ᠎ᠠ ᠠᠴᠠ ᠤᠰᠤ ᠲᠠᠲᠠᠬᠤ ᠪᠠ ᠳᠠᠬᠢᠯᠲᠠ ᠤᠰᠤ ᠶᠢ | ᠠᠰᠢᠭᠯᠠᠬᠤ ᠵᠡᠷᠭᠡ ᠠᠷᠭ᠎ᠠ ᠬᠡᠮᠵᠢᠶ᠎ᠡ ᠠᠪᠴᠦ᠂ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠪᠠ ᠨᠦᠬᠦᠪᠦᠷᠢᠯᠡᠬᠦ | ᠲᠡᠩᠴᠡᠭᠦᠷᠢ ᠶᠢ ᠬᠠᠮᠠᠭᠠᠯᠠᠬᠤ ᠬᠡᠷᠡᠭᠲᠡᠢ᠃ | ᠠᠷᠪᠠᠨ ᠨᠠᠶᠢᠮᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠨᠢ ᠭᠠᠵᠠᠷ | ᠳᠤᠤᠷᠠᠬᠢ ᠤᠰᠤ ᠶᠢ ᠬᠡᠳᠦᠷᠡᠲᠡᠯ᠎ᠡ ᠬᠡᠷᠡᠭᠯᠡᠭᠰᠡᠨ ᠣᠷᠣᠨ ᠢ ᠲᠦᠯᠦᠪᠯᠡᠭᠡ ᠲᠠᠢ ᠪᠠᠷ ᠵᠠᠰᠠᠨ ᠴᠡᠭᠴᠡᠯᠡᠬᠦ ᠬᠡᠷᠡᠭᠲᠡᠢ᠃ | ᠬᠤᠰᠢᠭᠤ ᠰᠢᠶᠠᠨ ᠲᠤᠭᠤᠷᠢᠭ ᠠᠯᠤᠰᠯᠠᠭᠰᠠᠨ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ ᠬᠡᠷᠡᠭᠯᠡᠭᠰᠡᠨ ᠣᠷᠣᠨ ᠢ | ᠵᠠᠰᠠᠨ ᠴᠡᠭᠴᠡᠯᠡᠬᠦ ᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠬᠡᠷᠡᠭᠯᠡᠭᠰᠡᠨ ᠣᠷᠣᠨ ᠢ ᠵᠠᠰᠠᠨ ᠴᠡᠭᠴᠡᠯᠡᠬᠦ ᠲᠦᠰᠦᠯ ᠵᠣᠬᠢᠶᠠᠨ ᠪᠠᠶᠢᠭᠤᠯᠤᠨ ᠲᠤᠭᠳᠠᠭᠠᠵᠦ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠢᠭᠤᠯᠤᠨ ᠬᠡᠷᠡᠭᠵᠢᠭᠦᠯᠦᠨ᠎ᠡ᠃ | ᠠᠷᠪᠠ ᠶᠢᠰᠦᠳᠦᠭᠡᠷ ᠵᠤᠷᠪᠤᠰ ᠤᠷᠤᠨ ᠬᠡᠴᠡ ᠶᠢᠨ ᠭᠠᠵᠠᠷ ᠳᠤᠤᠷᠠᠬᠢ ᠤᠰᠤᠨ ᠤ ᠬᠡᠮᠵᠢᠶ᠎ᠡ ᠪᠤᠯᠤᠨ ᠤᠰᠤᠨ | ᠲᠦᠪᠰᠢᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠎ᠡ᠃ ᠬᠤᠰᠢᠭᠤ ᠰᠢᠶᠡᠨ ᠲᠤᠭᠤᠷᠢᠭ ᠢᠶᠠᠷ ᠨᠢᠭᠡᠴᠢ ᠪᠤᠯᠭᠠᠨ᠂ | ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠤᠩᠬᠡᠢ ᠬᠡᠮᠵᠢᠶ᠎ᠡ ᠨᠢ ᠬᠢᠵᠠᠭᠠᠷᠯᠠᠬᠤ ᠵᠢᠭᠠᠯᠲᠠ | ᠲᠤᠭᠠᠨ ᠳᠤ ᠬᠦᠷᠬᠦ ᠪᠤᠶᠤ ᠬᠡᠳᠦᠷᠡᠭᠰᠡᠨ ᠡᠰᠡᠭᠦᠯ᠎ᠡ ᠭᠠᠵᠠᠷ ᠳᠤᠤᠷᠠᠬᠢ ᠤᠰᠤᠨ ᠲᠥᠪᠰᠢᠨ ᠲᠤᠰ ᠵᠠᠰᠠᠭ ᠵᠠᠬᠢᠷᠭᠠᠨ ᠤ | ᠤᠷᠤᠨ ᠤ ᠬᠢᠵᠠᠭᠠᠷᠯᠠᠬᠤ ᠤᠰᠤᠨ ᠲᠦᠪᠰᠢᠨ ᠳᠤ ᠬᠦᠷᠦᠭᠰᠡᠨ ᠪᠤᠶᠤ ᠲᠤᠤᠷ᠎ᠠ ᠪᠤᠯᠪᠠᠯ ᠲᠤᠰ ᠵᠠᠰᠠᠭ ᠵᠠᠬᠢᠷᠭᠠᠨ ᠤ | ᠤᠷᠤᠨ ᠤ ᠳᠠᠷᠠᠭ᠎ᠠ ᠨᠢᠭᠡ ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠪᠠᠷᠢᠮᠵᠢᠶ᠎ᠠ ᠶᠢ ᠵᠤᠬᠢᠬᠤ | ᠬᠡᠮᠵᠢᠶ᠎ᠡ ᠪᠠᠷ ᠬᠠᠰᠤᠨ ᠪᠠᠭᠠᠰᠬᠠᠬᠤ ᠶᠢᠨ ᠬᠠᠮᠲᠦ ᠬᠠᠭᠤᠴᠢᠨ ᠬᠤᠳᠳᠤᠭ ᠢᠶᠠᠨ ᠰᠢᠨᠡᠳᠭᠡᠬᠦ ᠶᠢ ᠴᠢᠩᠭ᠎ᠠ | ᠬᠢᠵᠠᠭᠠᠷᠯᠠᠨ᠎ᠠ᠃ | ᠲᠤᠰ ᠵᠤᠷᠪᠤᠰ ᠲᠠᠬᠢ ᠬᠠᠭᠤᠴᠢᠨ ᠬᠤᠳᠳᠤᠭ ᠢ ᠰᠢᠨᠡᠳᠭᠡᠬᠦ ᠬᠡᠳᠡᠭ ᠨᠢ ᠰᠢᠷᠭᠢᠭᠰᠡᠨ ᠬᠤᠳᠳᠤᠭ ᠪᠤᠶᠤ | ᠤᠰᠤᠨ ᠤ ᠬᠡᠮᠵᠢᠶ᠎ᠡ ᠲᠡᠩᠳᠡᠭᠦᠦ ᠪᠠᠭ᠎ᠠ ᠵᠢᠴᠢ ᠬᠤᠳᠳᠤᠭ ᠤᠨ ᠬᠠᠨ᠎ᠠ ᠨᠢ ᠨᠤᠷᠠᠭᠰᠠᠨ ᠵᠡᠷᠭᠡ ᠰᠢᠯᠳᠠᠭᠠᠨ ᠠᠴᠠ ᠲᠤᠰ | ᠬᠤᠳᠳᠤᠭ ᠨᠢ ᠬᠡᠷᠡᠭᠯᠡᠭᠡᠨ ᠠᠴᠠ ᠭᠠᠷᠴᠤ᠂ ᠤᠤᠯ ᠬᠤᠳᠳᠤᠭ ᠢᠶᠠᠷ ᠲᠦᠪ ᠪᠤᠯᠭᠠᠨ ᠷᠠᠳᠢᠦ᠋ᠰ ᠨᠢ 60 ᠮᠧᠳ᠋ᠷ ᠤᠨ | ᠲᠤᠳᠤᠷ᠎ᠠ ᠰᠢᠨ᠎ᠡ ᠬᠤᠳᠳᠤᠭ ᠮᠠᠯᠲᠠᠬᠤ ᠶᠢ ᠵᠢᠭᠠᠵᠦ ᠪᠤᠢ᠃ | ᠬᠤᠷᠢᠳᠤᠭᠠᠷ ᠵᠤᠷᠪᠤᠰ ᠮᠠᠰᠢᠨ ᠬᠤᠳᠳᠤᠭ ᠤᠨ ᠲᠤᠭ᠎ᠠ ᠶᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ | ᠶᠡᠷᠦ ᠶᠢᠨ ᠪᠠᠶᠢᠢᠳᠠᠯ ᠳᠤ ᠨᠢᠭᠡ ᠬᠤᠳᠳᠤᠭ ᠰᠢᠨᠡᠳᠭᠡᠪᠡᠯ ᠬᠤᠶᠠᠷ ᠬᠠᠭᠤᠴᠢᠨ ᠬᠤᠳᠳᠤᠭ ᠢ ᠪᠢᠲᠡᠭᠦᠮᠵᠢᠯᠡᠨ᠎ᠡ᠃ | ᠬᠤᠷᠢᠨ ᠨᠢᠭᠡᠳᠦᠭᠡᠷ ᠵᠤᠷᠪᠤᠰ ᠮᠠᠰᠢᠨ ᠬᠤᠳᠳᠤᠭ ᠤᠨ ᠬᠦᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ | ᠬᠦᠮᠦᠨ ᠮᠠᠯ ᠤᠨ ᠤᠰᠤ ᠤᠮᠳᠠ ᠳᠤ ᠬᠡᠷᠡᠭᠯᠡᠬᠦ᠂ ᠪᠠᠶᠢᠢᠯᠳᠤᠬᠤ ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ | ᠠᠷᠭᠠᠴᠠᠬᠤ ᠤᠰᠤᠨ ᠰᠤᠷᠪᠤᠯᠵᠢ ᠠᠴᠠ ᠭᠠᠳᠠᠨ᠎ᠠ ᠮᠠᠰᠢᠨ ᠬᠤᠳᠳᠤᠭ ᠤᠨ ᠭᠦᠨ ᠢ ᠵᠠᠭᠤᠨ ᠮᠧᠳ᠋ᠷ ᠠᠴᠠ ᠬᠡᠳᠦᠷᠡᠵᠦ | ᠪᠤᠯᠬᠤ ᠦᠬᠡᠢ᠃ | ᠬᠤᠷᠢᠨ ᠬᠤᠶᠠᠳᠤᠭᠠᠷ ᠵᠤᠷᠪᠤᠰ ᠤᠯᠠᠨ ᠨᠡᠶᠢᠢᠲᠡ ᠶᠢᠨ ᠤᠰᠤ ᠬᠠᠨᠭ᠍ᠭᠠᠬᠤ ᠬᠤᠭᠤᠯᠠᠢ ᠲᠣᠣᠷᠵᠢᠯ ᠤᠨ | ᠪᠦᠷᠬᠦᠯᠲᠡ ᠶᠢᠨ ᠬᠡᠪᠴᠢᠶᠡᠨ ᠲᠤᠳᠤᠷᠠᠬᠢ ᠦᠪᠡᠷ ᠤᠨ ᠪᠡᠯᠡᠳᠬᠡᠯ ᠬᠤᠳᠳᠤᠭ ᠢ ᠦᠮᠴᠢᠯᠡᠯ ᠤᠨ ᠨᠢᠭᠡᠴᠡ ᠪᠤᠶᠤ | ᠬᠤᠪᠢ ᠬᠦᠮᠦᠨ ᠬᠠᠮᠢᠶ᠎ᠠ ᠪᠦᠬᠦᠢ ᠲᠤᠭᠲᠠᠭᠠᠯ ᠢᠶᠠᠷ ᠲᠤᠭᠲᠠᠭᠰᠠᠨ ᠬᠤᠭᠤᠴᠠᠭᠠᠨ ᠳᠤ ᠪᠢᠳᠡᠭᠦᠮᠵᠢᠯᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠤᠷᠪᠤᠰ ᠤᠰᠤ ᠲᠠᠳᠠᠨ ᠬᠡᠷᠡᠭᠯᠡᠬᠦ ᠨᠢᠭᠡᠴᠡ ᠪᠤᠶᠤ ᠬᠤᠪᠢ ᠬᠦᠮᠦᠨ ᠰᠢᠨ᠎ᠡ ᠪᠠᠷ | ᠤᠭᠰᠠᠷᠠᠬᠤ ᠪᠤᠶᠤ ᠴᠠᠬᠢᠯᠭᠠᠨ ᠬᠡᠷᠡᠭᠯᠡᠬᠦ ᠪᠠᠨ ᠨᠡᠮᠡᠭᠳᠡᠭᠦᠯᠬᠦ ᠪᠠᠷ ᠡᠷᠡᠮᠡᠯᠵᠡᠯᠡᠬᠦ ᠦᠶᠡᠰ ᠤᠰᠤ ᠳᠠᠳᠠᠨ ᠬᠡᠷᠡᠭᠯᠡᠬᠦ | ᠭᠤᠶᠤᠴᠢᠯᠠᠯ ᠤᠨ ᠵᠦᠪᠰᠢᠶᠡᠷᠡᠯ ᠤᠨ ᠪᠢᠴᠢᠭ ᠤᠯᠤᠭᠰᠠᠨ ᠪᠠᠶᠢᠢᠬᠤ ᠬᠡᠷᠡᠭᠲᠡᠢ᠂ ᠤᠰᠤ ᠲᠠᠲᠠᠨ ᠬᠡᠷᠡᠭᠯᠡᠬᠦ | ᠵᠦᠪᠰᠢᠶᠡᠷᠡᠯ ᠤᠨ ᠦᠨᠡᠮᠯᠡᠯ ᠡᠷᠡᠮᠡᠯᠵᠡᠯᠡᠬᠦ ᠴᠢᠬᠤᠯᠠ ᠦᠭᠡᠢ ᠨᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠨᠤᠲᠠᠯᠠᠬᠤ ᠬᠡᠷᠡᠭᠲᠡᠢ᠃ | ᠬᠤᠷᠢᠨ ᠳᠦᠷᠪᠡᠳᠦᠭᠡᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠭᠤᠤᠯ ᠤᠨ ᠬᠡᠪᠡᠯᠢ ᠠᠴᠠ ᠬᠠᠶᠢᠢᠷ ᠮᠠᠯᠲᠠᠬᠤ᠂ ᠬᠦᠳᠡᠭᠡ ᠲᠤᠰᠬᠤᠨ ᠤ ᠬᠤᠭ ᠨᠤᠪᠰᠢ ᠶᠢ | ᠰᠢᠢᠳᠪᠦᠷᠢᠯᠡᠬᠦ ᠪᠠ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠭᠠᠵᠠᠷ ᠳᠤᠤᠷᠠᠬᠢ ᠤᠰᠤᠨ ᠤ ᠪᠣᠬᠢᠷᠲᠤᠯ ᠢ ᠰᠡᠷᠭᠡᠶᠢᠢᠯᠡᠬᠦ ᠬᠡᠷᠡᠭᠲᠡᠢ᠃ | ᠭᠤᠤᠯ ᠤᠨ ᠤᠷᠤᠰᠬᠠᠯ ᠢ ᠨᠦᠯᠦᠭᠡᠯᠡᠨ ᠬᠠᠷᠰᠢᠯᠠᠬᠤ ᠬᠠᠶᠢᠢᠷ ᠤᠨ ᠨᠦᠬᠡ ᠶᠢ ᠦᠮᠴᠢᠲᠡᠨ ᠪᠤᠶᠤ ᠬᠠᠮᠢᠶ᠎ᠠ | ᠪᠦᠬᠦᠢ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠴᠠᠭ ᠲᠤᠬᠠᠢ ᠳᠤᠨᠢ ᠪᠤᠯᠠᠵᠤ᠂ ᠪᠤᠵᠠᠷ | ᠤᠰᠤ ᠵᠡᠷᠭᠡ ᠪᠤᠬᠢᠷᠳᠤᠯᠲᠤ ᠪᠤᠳᠠᠰ ᠬᠤᠷᠠᠮᠳᠤᠵᠤ ᠭᠠᠵᠠᠷ ᠳᠤᠤᠷᠠᠬᠢ ᠤᠰᠤᠨ ᠤ ᠪᠤᠬᠢᠷᠳᠤᠯ ᠡᠭᠦᠰᠬᠦ ᠶᠢ ᠰᠡᠷᠭᠡᠶᠢᠢᠯᠡᠬᠦ | ᠬᠡᠷᠡᠭᠲᠡᠢ᠃ | ᠬᠦᠳᠡᠭᠡ ᠲᠤᠰᠬᠤᠨ ᠮᠠᠯᠵᠢᠬᠤ ᠣᠷᠣᠨ ᠤ ᠬᠤᠭ ᠨᠤᠪᠰᠢ ᠪᠠᠨ ᠲᠦᠪᠯᠡᠷᠡᠬᠦᠯᠦᠨ ᠤᠪᠤᠭᠠᠯᠠᠵᠤ ᠪᠤᠯᠠᠨ | ᠰᠢᠢᠳᠪᠤᠷᠢᠯᠡᠵᠦ ᠪᠠᠶᠢᠢᠭ᠎ᠠ ᠭᠠᠵᠠᠷ ᠤᠷᠤᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ | ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠨᠠᠪᠴᠢᠨ ᠭᠤᠭᠤᠵᠢᠬᠤ ᠶᠢ ᠰᠡᠷᠭᠡᠶᠢᠢᠯᠡᠬᠦ ᠠᠷᠭ᠎ᠠ ᠠᠪᠴᠤ᠂ | ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠶᠢ ᠰᠡᠷᠭᠡᠶᠢᠢᠯᠡᠬᠦ ᠬᠡᠷᠡᠭᠲᠡᠢ᠃ | ᠭᠤᠤᠯ ᠤᠨ ᠬᠡᠪᠡᠯᠢ᠂ ᠭᠤᠤ ᠰᠤᠪᠠᠭ᠂ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ | ᠵᠡᠷᠭᠡ ᠭᠠᠵᠠᠷ ᠲᠤ ᠬᠤᠭ ᠨᠤᠪᠰᠢ ᠵᠡᠷᠭᠡ ᠪᠤᠬᠢᠷᠳᠤᠯᠲᠤ ᠪᠤᠳᠠᠰ ᠴᠢᠳᠬᠤᠬᠤ ᠶᠢ ᠴᠠᠭᠠᠵᠠᠯᠠᠨ᠎ᠠ᠃ | ᠬᠤᠷᠢᠨ ᠲᠠᠪᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠨ ᠭᠠᠵᠠᠷ ᠳᠤᠤᠷᠠᠬᠢ ᠤᠰᠤᠨ ᠤ ᠬᠦᠳᠡᠯᠦᠩᠭᠦᠢ ᠬᠢᠨᠠᠨ ᠬᠡᠮᠵᠢᠯᠲᠡ ᠶᠢᠨ ᠦᠷᠲᠡᠭᠡ | ᠲᠤᠤᠷ ᠢ ᠨᠢᠭᠡᠳᠦᠯᠲᠡᠢ ᠪᠠᠶᠢᠢᠭᠤᠯᠵᠤ᠂ ᠭᠠᠵᠠᠷ ᠳᠤᠤᠷᠠᠬᠢ ᠤᠰᠤᠨ ᠲᠦᠪᠰᠢᠨ᠂ ᠤᠰᠤᠨ ᠤ ᠬᠡᠮᠵᠢᠶ᠎ᠡ᠂ ᠤᠰᠤᠨ ᠤ | ᠶᠠᠰᠤ ᠴᠢᠨᠠᠷ᠂ ᠤᠰᠤᠨ ᠤ ᠳᠤᠯᠠᠭᠠᠨ ᠤ ᠬᠡᠮᠵᠢᠶ᠎ᠡ ᠵᠡᠷᠭᠡ ᠶᠢ ᠬᠢᠨᠠᠨ ᠬᠡᠮᠵᠢᠵᠦ᠂ ᠬᠢᠨᠠᠨ ᠬᠡᠮᠵᠢᠭᠰᠡᠨ ᠪᠢᠴᠢᠭ | ᠮᠠᠲ᠋ᠧᠷᠢᠶᠠᠯ ᠢᠶᠠᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠡᠮᠬᠢᠯᠡᠨ ᠨᠠᠶᠢᠷᠠᠭᠤᠯᠵᠤ᠂ ᠮᠡᠳᠡᠭᠡ ᠵᠠᠩᠬᠢ ᠶᠢ ᠬᠠᠮᠲᠤᠪᠡᠷ ᠡᠳ᠋ᠯᠡᠬᠦ ᠶᠢ ᠬᠡᠷᠡᠭᠵᠢᠭᠦᠯᠦᠨ᠎ᠡ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠬᠤᠷᠢᠨ ᠵᠢᠷᠭᠤᠳᠤᠭᠠᠷ ᠵᠤᠷᠪᠤᠰ ᠲᠤᠰ ᠳᠦᠷᠢᠮ ᠠᠴᠠ ᠵᠦᠷᠢᠴᠡᠭᠰᠡᠨ ᠵᠦᠢᠯ ᠢ ᠤᠯᠤᠰ ᠤᠨ ᠬᠠᠤᠯᠢ ᠴᠠᠭᠠᠵᠠ | ᠬᠠᠤᠯᠢ ᠳᠦᠷᠢᠮ ᠪᠠ ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠨᠢ | ᠨᠢᠭᠡᠨᠲᠡ ᠲᠤᠷᠭᠠᠨ ᠰᠢᠢᠳᠪᠦᠷᠢᠯᠡᠬᠦ ᠳᠦᠷᠢᠮ ᠭᠠᠷᠭᠠᠭᠰᠠᠨ ᠪᠠᠶᠢᠢᠪᠠᠯ᠂ ᠲᠤᠷᠭᠠᠨ ᠰᠢᠢᠳᠪᠦᠷᠢᠯᠡᠬᠦ ᠳᠦᠷᠢᠮ ᠶᠣᠰᠣᠭᠠᠷ | ᠰᠢᠢᠳᠪᠦᠷᠢᠯᠡᠨ᠎ᠡ᠃ | ᠬᠤᠷᠢᠨ ᠳᠤᠯᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠤᠰᠤ ᠪᠠᠷ ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠤᠷᠢᠯᠡᠯ ᠢ | ᠲᠤᠭᠲᠠᠭᠠᠬᠤ᠂ ᠲᠠᠳᠠᠨ ᠭᠡᠷᠡᠭᠯᠡᠬᠦ ᠪᠠ ᠨᠦᠬᠦᠪᠦᠷᠢᠯᠡᠬᠦ ᠲᠡᠩᠴᠡᠭᠦᠷᠢ᠂ ᠦᠷᠭᠦᠯᠵᠢᠯᠡᠬᠦ᠋ᠢᠢᠴᠡ ᠬᠦᠭᠵᠢᠯᠲᠡ ᠶᠢᠨ | ᠵᠠᠷᠴᠢᠮ ᠲᠤᠭᠳᠠᠭᠠᠯ ᠢ ᠵᠦᠷᠢᠴᠡᠨ ᠭᠠᠵᠠᠷ ᠳᠤᠤᠷᠠᠬᠢ ᠤᠰᠤᠨ ᠳᠤ ᠬᠤᠯᠪᠤᠭᠳᠠᠬᠤ ᠵᠦᠢᠯ ᠢ ᠲᠣᠭᠲᠠᠭᠠᠭᠰᠠᠨ ᠪᠤᠶᠤ | ᠲᠤᠰ ᠳᠦᠷᠢᠮ ᠳᠤ ᠲᠤᠭᠲᠠᠭᠠᠭᠰᠠᠨ ᠬᠠᠮᠠᠭᠠᠯᠠᠨ ᠬᠠᠮᠢᠶᠠᠷᠬᠤ ᠠᠷᠭ᠎ᠠ ᠬᠡᠮᠵᠢᠶ᠎ᠡ ᠶᠢ ᠭᠦᠢᠴᠡᠳᠭᠡᠭᠰᠡᠨ ᠦᠭᠡᠢ ᠠᠴᠠ | ᠪᠤᠯᠵᠤ᠂ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ ᠤᠰᠤᠨ ᠲᠦᠪᠰᠢᠨ ᠢ ᠬᠢᠵᠠᠭᠠᠷᠯᠠᠬᠤ | ᠲᠦᠪᠰᠢᠨ ᠠᠴᠠ ᠳᠤᠤᠷ᠎ᠠ ᠪᠤᠯᠤᠭᠰᠠᠨ ᠪᠤᠯ ᠬᠠᠮᠢᠶ᠎ᠠ ᠪᠦᠬᠦᠢ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | | ᠬᠤᠷᠢᠨ ᠨᠠᠶᠢᠮᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠠᠵᠢᠯᠲᠠᠨ ᠳᠤ ᠳᠤᠤᠷᠠᠬᠢ ᠦᠢᠯᠡ ᠠᠵᠢᠯᠯᠠᠭ᠎ᠠ ᠢᠯᠡᠷᠡᠪᠡᠯ | ᠬᠠᠮᠢᠶ᠎ᠠ ᠪᠦᠬᠦᠢ ᠪᠠᠶᠢᠢᠭᠤᠯᠤᠯᠭᠠ ᠪᠤᠶᠤ ᠰᠠᠯᠠᠭ᠎ᠠ ᠮᠦᠴᠢᠷ ᠠᠴᠠ ᠵᠠᠷᠯᠢᠭᠳᠠᠨ ᠵᠠᠰᠠᠨ ᠰᠠᠶᠢᠵᠢᠷᠠᠭᠤᠯᠤᠨ᠎ᠠ᠂ | ᠪᠠᠶᠢᠢᠳᠠᠯ ᠨᠢ ᠬᠦᠨᠳᠦ ᠨᠤᠴᠢᠲᠠᠢ ᠪᠤᠯ ᠰᠢᠭᠤᠳ ᠬᠠᠷᠢᠭᠤᠴᠠᠵᠤ ᠪᠠᠶᠢᠢᠭ᠎ᠠ ᠭᠤᠤᠯᠯᠠᠨ ᠬᠠᠮᠢᠶᠠᠷᠤᠭᠴᠢ ᠪᠤᠯᠤᠨ | ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠤᠰᠤᠭᠠᠷ ᠰᠢᠳᠭᠡᠯ ᠤᠯᠭᠤᠨ᠎ᠠ᠂ ᠶᠠᠯ᠎ᠠ ᠬᠢᠭᠰᠡᠨ ᠳᠤ | ᠲᠤᠭᠠᠴᠠᠭᠳᠠᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠲᠤᠰ ᠳᠦᠷᠢᠮ ᠠᠴᠠ ᠵᠦᠷᠢᠴᠡᠨ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠵᠦᠢᠯ ᠢ | ᠭᠦᠢᠴᠡᠳᠭᠡᠬᠦ ᠪᠤᠶᠤ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠬᠢᠨᠠᠨ ᠵᠦᠪᠰᠢᠶᠡᠷᠡᠯᠲᠡ ᠶᠢ ᠬᠠᠷᠰᠢᠯᠠᠭᠰᠠᠨ᠃ | ︵ᠬᠤᠶᠠᠷ︶ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ ᠵᠢᠯ ᠤᠨ ᠤᠰᠤ | ᠲᠠᠲᠠᠨ ᠬᠡᠷᠡᠭᠯᠡᠬᠦ ᠬᠢᠵᠠᠭᠠᠷᠯᠠᠬᠤ ᠵᠢᠭᠠᠯᠳᠠ ᠲᠤᠭ᠎ᠠ ᠳᠤ ᠬᠦᠷᠬᠦ ᠪᠤᠶᠤ ᠬᠡᠲᠦᠷᠡᠵᠤ᠂ ᠲᠤᠰ ᠳᠦᠷᠢᠮ ᠳᠤ | ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ | ︵ᠭᠤᠷᠪᠠ︶ ᠭᠠᠵᠠᠷ ᠳᠤᠤᠷᠠᠬᠢ ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠳᠤ ᠬᠦᠷᠦᠭᠰᠡᠨ ᠪᠤᠶᠤ | ᠬᠢᠵᠠᠭᠠᠷᠯᠠᠬᠤ ᠲᠦᠪᠰᠢᠨ ᠠᠴᠠ ᠳᠤᠤᠷ᠎ᠠ ᠪᠤᠯᠵᠤ᠂ ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ | ᠠᠪᠤᠭᠰᠠᠨ ᠦᠭᠡᠢ᠃ | ︵ᠳᠦᠷᠪᠡ︶ ᠲᠦᠯᠦᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠤᠶᠤ ᠪᠦᠲᠦᠭᠡᠨ | ᠪᠠᠶᠢᠢᠭᠤᠯᠤᠯᠲᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠬᠡᠪᠴᠢᠶᠡᠨ ᠳᠤ | ᠬᠠᠷᠢᠶᠠᠯᠠᠭᠳᠠᠭᠰᠠᠨ ᠪᠤᠯᠪᠠᠴᠤ ᠨᠤᠲᠠᠯᠠᠯᠲᠠ ᠳᠠᠮᠵᠢᠭᠰᠠᠨ ᠦᠭᠡᠢ ᠪᠠᠷ ᠬᠠᠮᠢᠶ᠎ᠠ ᠪᠦᠬᠦᠢ ᠲᠦᠯᠦᠪᠵᠢᠭᠦᠯᠭᠡ ᠪᠤᠶᠤ | ᠪᠦᠲᠦᠭᠡᠨ ᠪᠠᠶᠢᠢᠭᠤᠯᠤᠯᠲᠠ ᠶᠢᠨ ᠲᠦᠷᠦᠯ ᠵᠦᠢᠯ ᠢ ᠵᠦᠪᠰᠢᠶᠡᠷᠡᠭᠰᠡᠨ᠃ | ︵ᠲᠠᠪᠤ︶ ᠲᠤᠰ ᠳᠦᠷᠢᠮ ᠳᠤ ᠲᠤᠭᠲᠠᠭᠠᠭᠰᠠᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠭᠰᠡᠨ ᠦᠭᠡᠢ᠂ ᠭᠠᠵᠠᠷ ᠳᠤᠤᠷᠠᠬᠢ ᠤᠰᠤ ᠶᠢ ᠬᠤᠬᠢᠷᠠᠭᠤᠯᠬᠤ᠂ ᠪᠤᠬᠢᠷᠳᠤᠭᠤᠯᠬᠤ ᠪᠤᠶᠤ ᠬᠠᠤᠯᠢ ᠠᠴᠠ | ᠵᠦᠷᠢᠴᠡᠨ ᠨᠡᠭᠡᠭᠡᠨ ᠠᠰᠢᠭᠯᠠᠬᠤ ᠦᠢᠯᠡ ᠠᠵᠢᠯᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠲᠤᠰᠤᠭᠠᠳ ᠪᠠᠶᠢᠢᠴᠠᠭᠠᠨ | ᠰᠢᠢᠳᠪᠦᠷᠢᠯᠡᠭᠰᠡᠨ ᠦᠭᠡᠢ᠃ | ︵ᠵᠢᠷᠭᠤᠭ᠎ᠠ︶ ᠭᠠᠵᠠᠷ ᠲᠤᠤᠷᠠᠬᠢ ᠤᠰᠤ ᠶᠢ ᠲᠠᠲᠠᠨ ᠭᠡᠷᠡᠭᠯᠡᠬᠦ ᠳᠤ ᠬᠤᠯᠪᠣᠭᠳᠠᠬᠤ ᠠᠵᠢᠯ ᠳᠤ᠂ ᠠᠳᠠᠯᠢ | ᠱᠠᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ | ᠬᠤᠷᠢᠶᠠᠭᠰᠠᠨ ᠦᠬᠡᠢ ᠪᠤᠶᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠠᠳᠠᠯᠢ ᠪᠤᠰᠤ ᠰᠠᠨᠠᠯ ᠳᠤᠷᠠᠳᠤᠭᠰᠠᠨ ᠳᠤ ᠬᠠᠷᠢᠨ ᠲᠤᠰ ᠰᠠᠯᠠᠭ᠎ᠠ ᠮᠦᠴᠢᠷ ᠤᠨ ᠰᠠᠨᠠᠯ ᠢᠶᠠᠷ ᠢᠶᠠᠨ | ᠰᠢᠢᠳᠪᠦᠷᠢ ᠲᠣᠭᠲᠠᠭᠠᠭᠰᠠᠨ᠃ | ︵ᠲᠤᠯᠤᠭ᠎ᠠ︶ ᠡᠷᠭᠡ ᠲᠤᠰᠢᠶᠠᠯ ᠢᠶᠠᠨ ᠲᠤᠷᠠᠪᠠᠷ ᠭᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠢᠷᠠᠨ | ᠤᠰᠤᠯᠳᠠᠭᠰᠠᠨ᠂ ᠨᠢᠭᠤᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ | ᠬᠤᠷᠢ ᠶᠢᠰᠦᠳᠦᠭᠡᠷ ᠵᠤᠷᠪᠤᠰ ᠲᠤᠰ ᠳᠦᠷᠢᠮ ᠤᠨ ᠠᠷᠪᠠᠨ ᠲᠦᠷᠪᠡᠳᠦᠭᠡᠷ ᠵᠤᠷᠪᠤᠰ ᠢ ᠵᠦᠷᠢᠴᠡᠵᠦ᠂ ᠳᠠᠬᠢᠯᠳᠠ | ᠤᠰᠦ ᠪᠤᠶᠤ ᠭᠠᠵᠠᠷ ᠤᠨ ᠭᠠᠳᠠᠷᠭᠤ ᠶᠢᠨ ᠤᠰᠤ ᠶᠢ ᠲᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ | ᠪᠦᠷᠬᠦᠴᠡ ᠶᠢᠨ ᠬᠡᠪᠴᠢᠶᠡᠨ ᠳᠤ ᠢᠳᠡᠭᠡᠨ᠂ ᠡᠮ ᠦᠢᠯᠡᠳᠬᠦ ᠪᠤᠰᠤ ᠠᠵᠦ ᠠᠬᠤᠶᠢᠢᠯᠠᠯ ᠤᠨ ᠦᠢᠯᠡᠳᠪᠦᠷᠢᠯᠡᠯ ᠳᠤ | ᠭᠠᠵᠠᠷ ᠲᠤᠤᠷᠠᠬᠢ ᠤᠰᠤ ᠶᠢ ᠭᠡᠷᠡᠭᠯᠡᠪᠡᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ | ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠡᠷᠭᠡ | ᠲᠤᠰᠢᠶᠠᠯ ᠶᠤᠰᠤᠭᠠᠷ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ ᠬᠤᠭᠤᠴᠠᠭ᠎ᠠ | ᠲᠣᠭᠲᠠᠭᠠᠨ ᠭᠠᠵᠠᠷ ᠲᠤᠤᠷᠠᠬᠢ ᠤᠰᠤ ᠶᠢ ᠳᠠᠳᠠᠨ ᠭᠡᠷᠡᠭᠯᠡᠬᠦ ᠲᠦᠬᠦᠭᠡᠷᠦᠮᠵᠢ ᠶᠢ ᠪᠢᠳᠡᠬᠦᠮᠵᠢᠯᠡᠨ᠎ᠠ᠂ ᠬᠤᠭᠤᠴᠠᠭ᠎ᠠ ᠨᠢ | ᠬᠡᠳᠦᠷᠴᠦ ᠡᠰᠡ ᠪᠢᠳᠡᠬᠦᠮᠵᠢᠯᠡᠭᠰᠡᠨ ᠪᠠᠶᠢᠪᠠᠯ᠂ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ | ᠭᠡᠷᠡᠭᠵᠢᠬᠦᠯᠵᠦ᠂ ᠠᠯᠢᠪᠠ ᠰᠦᠢᠳᠭᠡᠯ ᠢ ᠬᠠᠤᠯᠢ ᠵᠦᠷᠢᠴᠡᠭᠰᠡᠨ ᠠᠵᠦ ᠠᠬᠤᠶᠢᠢᠯᠠᠯ ᠡᠭᠦᠷᠭᠡᠯᠡᠬᠦ ᠮᠥᠷᠲᠡᠭᠡᠨ 2 | ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ | ᠭᠤᠴᠢᠳᠤᠭᠠᠷ ᠵᠤᠷᠪᠤᠰ ᠲᠤᠰ ᠳᠦᠷᠢᠮ ᠤᠨ ᠠᠷᠪᠠᠨ ᠲᠠᠪᠤᠳᠤᠭᠠᠷ ᠵᠤᠷᠪᠤᠰ ᠢ ᠵᠦᠷᠢᠴᠡᠵᠦ᠂ ᠭᠠᠵᠠᠷ ᠲᠤᠤᠷᠠᠬᠢ | ᠤᠰᠤ᠂ ᠠᠮᠢᠳᠤᠷᠠᠯ ᠤᠨ ᠭᠡᠷᠡᠭᠯᠡᠭᠡᠨ ᠤ ᠤᠤᠭᠤᠬᠤ ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ ᠨᠠᠭᠤᠷ ᠲᠤ | ᠭᠡᠷᠡᠭᠯᠡᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠲᠣᠭᠲᠠᠭᠠᠨ ᠵᠠᠷᠯᠢᠭᠳᠠᠨ | ᠵᠠᠯᠠᠷᠠᠭᠤᠯᠬᠤ ᠮᠥᠷᠲᠡᠭᠡᠨ 5 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ | ᠲᠤᠷᠭᠠᠨ᠎ᠠ᠃ | ᠭᠤᠴᠢᠨ ᠨᠢᠭᠡᠳᠦᠭᠡᠷ ᠵᠤᠷᠪᠤᠰ ᠲᠤᠰ ᠳᠦᠷᠢᠮ ᠤᠨ ᠬᠤᠷᠢᠨ ᠨᠢᠭᠡᠳᠦᠭᠡᠷ ᠵᠤᠷᠪᠤᠰ ᠢ ᠵᠦᠷᠢᠴᠡᠵᠦ᠂ ᠬᠦᠮᠦᠨ | ᠮᠠᠯ ᠤᠨ ᠤᠰᠤ ᠤᠮᠳᠠ᠂ ᠪᠠᠶᠢᠢᠯᠳᠤᠬᠤ ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ | ᠰᠤᠷᠪᠤᠯᠵᠢ ᠠᠴᠠ ᠭᠠᠳᠠᠨ᠎ᠠ ᠮᠠᠰᠢᠨ ᠴᠠᠬᠢᠯᠭᠠᠨ ᠬᠤᠳᠳᠤᠭ ᠴᠤᠬᠢᠬᠤ ᠬᠦᠨᠴᠡ ᠨᠢ ᠵᠠᠭᠤᠨ ᠮᠧᠳ᠋ᠷ ᠠᠴᠠ ᠬᠡᠳᠦᠷᠡᠪᠡᠯ | ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ | ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠣᠰᠣᠭᠠᠷ ᠤᠰᠤ ᠭᠡᠷᠡᠭᠯᠡᠭᠰᠡᠨ | ᠨᠢᠭᠡᠴᠡ ᠪᠤᠶᠤ ᠬᠤᠪᠢ ᠬᠦᠮᠦᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ | ᠬᠤᠭᠤᠴᠠᠭ᠎ᠠ ᠲᠣᠭᠲᠠᠭᠠᠨ ᠤᠤᠯ ᠪᠠᠶᠢᠢᠳᠠᠯ ᠢ ᠰᠡᠷᠬᠦᠭᠡᠨ᠎ᠠ᠂ ᠬᠤᠭᠤᠴᠠᠭ᠎ᠠ ᠨᠢ ᠬᠡᠳᠦᠷᠴᠦ ᠤᠤᠯ ᠪᠠᠶᠢᠢᠳᠠᠯ ᠢ ᠡᠰᠡ | ᠰᠡᠷᠬᠦᠭᠡᠭᠰᠡᠨ ᠪᠠᠶᠢᠢᠪᠠᠯ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ | ᠰᠦᠢᠳᠭᠡᠯ ᠢ ᠬᠠᠤᠯᠢ ᠶᠢ ᠵᠦᠷᠢᠴᠡᠭᠰᠡᠨ ᠨᠢᠭᠡᠴᠡ ᠪᠤᠶᠤ ᠬᠤᠪᠢ ᠬᠦᠮᠦᠨ ᠡᠭᠦᠷᠭᠡᠯᠡᠬᠦ ᠮᠥᠷᠲᠡᠭᠡᠨ 1 ᠲᠦᠮᠡᠨ | ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ | ᠭᠤᠴᠢᠨ ᠬᠤᠶᠠᠳᠤᠭᠠᠷ ᠵᠤᠷᠪᠤᠰ ᠲᠤᠰ ᠳᠦᠷᠢᠮ ᠤᠨ ᠬᠤᠷᠢᠨ ᠬᠤᠶᠠᠳᠤᠭᠠᠷ ᠵᠤᠷᠪᠤᠰ ᠢ ᠵᠦᠷᠢᠴᠡᠵᠦ᠂ ᠤᠯᠠᠨ | ᠨᠡᠶᠢᠢᠳᠡ ᠶᠢᠨ ᠤᠰᠤ ᠬᠠᠩᠭᠠᠬᠤ ᠬᠤᠭᠤᠯᠠᠢ ᠲᠣᠣᠷᠵᠢᠯ ᠤᠨ ᠪᠦᠷᠬᠦᠴᠡ ᠶᠢᠨ ᠬᠡᠪᠴᠢᠶᠡᠨ ᠳᠠᠬᠢ ᠦᠪᠡᠷ ᠤᠨ | ᠪᠡᠯᠡᠳᠬᠡᠯ ᠬᠤᠳᠳᠤᠭ ᠢ ᠲᠣᠭᠲᠠᠭᠠᠭᠰᠠᠨ ᠬᠢᠵᠠᠭᠠᠷ ᠬᠤᠭᠤᠴᠠᠭᠠᠨ ᠳᠤ ᠪᠢᠳᠡᠬᠦᠮᠵᠢᠯᠡᠬᠦ ᠦᠬᠡᠢ ᠪᠤᠯ ᠬᠤᠳᠠ ᠪᠤᠶᠤ | ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ | ᠠᠯᠪᠠᠳᠠᠨ ᠬᠡᠷᠡᠭᠵᠢᠭᠦᠯᠬᠦ ᠮᠥᠷᠲᠡᠭᠡᠨ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ | ᠲᠤᠷᠤᠬᠰᠢ ᠲᠤᠷᠭᠠᠨ᠎ᠠ᠃ | ᠭᠤᠴᠢᠨ ᠭᠤᠷᠪᠠᠳᠤᠭᠠᠷ ᠵᠤᠷᠪᠤᠰ ᠲᠤᠰ ᠳᠦᠷᠢᠮ ᠤᠨ ᠬᠤᠷᠢᠨ ᠭᠤᠷᠪᠠᠳᠤᠭᠠᠷ ᠵᠤᠷᠪᠤᠰ ᠢ ᠵᠦᠷᠢᠴᠡᠵᠦ᠂ | ᠴᠠᠬᠢᠯᠭᠠᠨ ᠬᠠᠩᠭᠠᠬᠤ ᠠᠵᠦ ᠠᠬᠤᠶᠢᠢᠯᠠᠯ ᠨᠢ ᠤᠰᠤ ᠭᠡᠷᠡᠭᠯᠡᠬᠦ ᠵᠦᠪᠰᠢᠶᠡᠷᠡᠯ ᠤᠨ ᠪᠢᠴᠢᠭ ᠪᠤᠶᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠨᠤᠲᠠᠯᠠᠭᠰᠠᠨ ᠮᠠᠲ᠋ᠧᠷᠢᠶᠠᠯ | ᠦᠬᠡᠢ ᠨᠢᠭᠡᠴᠡ ᠪᠡ ᠬᠤᠪᠢ ᠬᠦᠮᠦᠨ ᠳᠤ ᠴᠠᠬᠢᠯᠭᠠᠨ ᠬᠠᠩᠭᠠᠪᠠᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ | ᠠᠷᠠᠳ ᠤᠨ ᠵᠠᠰᠠᠬ ᠤᠨ ᠤᠷᠳᠤᠨ ᠤ ᠴᠠᠬᠢᠯᠭᠠᠨ ᠬᠦᠴᠦᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠴᠠᠬᠢᠯᠭᠠᠨ ᠬᠠᠩᠭᠠᠬᠤ ᠶᠢ ᠵᠠᠷᠯᠢᠬᠳᠡᠨ ᠵᠤᠬᠰᠤᠭᠠᠨ᠎ᠠ᠃ | ᠭᠤᠴᠢᠨ ᠲᠦᠷᠪᠡᠳᠦᠭᠡᠷ ᠵᠤᠷᠪᠤᠰ ᠲᠤᠰ ᠳᠦᠷᠢᠮ ᠤᠨ ᠬᠤᠷᠢᠨ ᠲᠦᠷᠪᠡᠳᠦᠭᠡᠷ ᠵᠤᠷᠪᠤᠰ ᠢ ᠵᠦᠷᠢᠴᠡᠵᠦ᠂ | ᠭᠤᠤᠯ ᠤᠨ ᠬᠡᠪᠡᠯᠢ ᠤᠨ ᠤᠷᠤᠰᠬᠠᠯ ᠢ ᠬᠠᠷᠰᠢᠯᠠᠭᠰᠠᠨ ᠬᠠᠶᠢᠷ ᠮᠠᠯᠲᠠᠭᠰᠠᠨ ᠨᠦᠬᠡ ᠶᠢ ᠬᠡᠷᠡᠭᠯᠡᠭᠴᠢ ᠨᠢ ᠴᠠᠬ | ᠲᠤᠬᠠᠢ ᠳᠤᠨᠢ ᠲᠠᠬᠢᠨ ᠪᠤᠯᠠᠬᠤ ᠦᠬᠡᠢ ᠪᠤᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ | ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ | ᠬᠤᠭᠤᠴᠠᠭ᠎ᠠ ᠲᠣᠭᠲᠠᠭᠠᠨ ᠪᠤᠯᠠᠬᠤ ᠪᠠᠷ ᠵᠠᠷᠯᠢᠬᠳᠠᠨ᠎ᠠ᠂ ᠲᠣᠭᠲᠠᠭᠠᠭᠰᠠᠨ ᠬᠢᠵᠠᠭᠠᠷ ᠬᠤᠭᠤᠴᠠᠭᠠᠨ ᠳᠤ ᠪᠤᠯᠠᠬᠤ | ᠦᠬᠡᠢ ᠪᠤᠯ᠂ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠂ | ᠱᠠᠭᠠᠷᠳᠠᠨ ᠱᠠᠯᠠᠪᠳᠠᠭᠠᠳ ᠪᠠᠰᠠ ᠪᠤᠯᠠᠬᠤ ᠦᠬᠡᠢ ᠪᠤᠯ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠢᠭᠤᠯᠤᠨ ᠪᠤᠯᠠᠵᠤ᠂ ᠠᠯᠢᠪᠠ ᠰᠦᠢᠳᠭᠡᠯ ᠢ ᠭᠡᠷᠡᠭᠯᠡᠭᠴᠢ | ᠡᠬᠦᠷᠭᠡᠯᠡᠨ᠎ᠠ᠃ ᠬᠤᠯᠪᠤᠬᠳᠠᠯ ᠪᠦᠬᠦᠢ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠠᠴᠠ | ᠴᠠᠭ ᠲᠤᠬᠠᠢ ᠳᠤᠨᠢ ᠪᠤᠯᠠᠬᠤ ᠦᠬᠡᠢ ᠪᠤᠯ᠂ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠰᠢᠭᠤᠳ ᠬᠠᠷᠢᠭᠤᠴᠠᠵᠦ | ᠪᠠᠶᠢᠢᠭ᠎ᠠ ᠭᠤᠣᠯ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠠᠴᠠ ᠬᠠᠷᠢᠭᠤᠴᠠᠯᠭ᠎ᠠ | ᠨᠡᠬᠡᠮᠵᠢᠯᠡᠨ᠎ᠠ᠃ | ᠬᠥᠳᠡᠭᠡ ᠲᠣᠰᠬᠤᠨ ᠮᠠᠯᠵᠢᠬᠤ ᠤᠷᠤᠨ ᠳᠤ ᠲᠦᠪᠯᠡᠷᠡᠬᠦᠯᠦᠨ ᠤᠪᠤᠭᠠᠯᠠᠬᠤ᠂ ᠪᠤᠯᠠᠬᠤ ᠬᠡᠯᠪᠡᠷᠢ ᠪᠠᠷ ᠬᠤᠭ | ᠨᠤᠪᠰᠢ ᠶᠢ ᠰᠢᠢᠳᠪᠦᠷᠢᠯᠡᠬᠦ ᠳᠡᠭᠡᠨ ᠨᠡᠪᠴᠢᠬᠦ ᠪᠠ ᠭᠤᠭᠤᠵᠢᠬᠤ ᠶᠢ ᠰᠡᠷᠭᠡᠶᠢᠢᠯᠡᠬᠦ ᠠᠷᠭ᠎ᠠ ᠬᠡᠮᠵᠢᠶ᠎ᠠ ᠠᠪᠤᠬᠰᠠᠨ ᠦᠬᠡᠢ | ᠪᠠᠶᠢᠪᠠᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ | ᠤᠷᠴᠢᠨ ᠲᠤᠭᠤᠷᠢᠨ ᠤ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠠᠢ᠃ | ᠭᠤᠤᠯ ᠤᠨ ᠬᠡᠪᠡᠯᠢ᠂ ᠭᠤᠤ ᠰᠤᠪᠠᠭ᠂ ᠰᠤᠬᠤᠷ ᠬᠤᠳᠳᠤᠭ᠂ ᠬᠠᠶᠠᠬᠳᠠᠮᠠᠯ ᠠᠭᠤᠷᠬᠠᠢ ᠶᠢᠨ ᠨᠦᠬᠡ | ᠵᠡᠷᠭᠡ ᠳᠤ ᠬᠤᠭ ᠨᠤᠪᠰᠢ ᠵᠡᠷᠭᠡ ᠪᠣᠬᠢᠲᠤᠯ ᠪᠣᠳᠠᠰ ᠬᠠᠶᠠᠪᠠᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ | ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠪᠤᠬᠢᠷᠳᠤᠯ ᠪᠤᠳᠠᠰ ᠢ ᠴᠡᠪᠡᠷᠯᠡᠨ ᠪᠤᠬᠢᠷᠳᠤᠯ ᠢ ᠦᠭᠡᠶᠢᠰᠬᠡᠬᠦ ᠮᠥᠷᠲᠡᠭᠡᠨ 5000 | ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠂ ᠲᠤᠭᠳᠠᠭᠰᠠᠨ ᠬᠤᠭᠤᠴᠠᠭᠠᠨ ᠳᠤ | ᠴᠡᠪᠡᠷᠯᠡᠬᠦ ᠦᠬᠡᠢ᠂ ᠰᠢᠢᠳᠪᠦᠷᠢᠯᠡᠬᠦ ᠦᠬᠡᠢ᠂ ᠱᠠᠭᠠᠷᠳᠠᠨ ᠱᠠᠯᠠᠪᠳᠠᠭᠠᠳ ᠮᠦᠨ ᠬᠦ ᠴᠡᠪᠡᠷᠯᠡᠵᠦ ᠰᠢᠢᠳᠪᠦᠷᠢᠯᠡᠬᠦ | ᠦᠬᠡᠢ ᠪᠤᠯ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠴᠢᠳᠠᠪᠦᠷᠢ | ᠪᠦᠬᠦᠢ ᠨᠢᠭᠡᠴᠡ ᠶᠢ ᠵᠢᠭᠠᠨ ᠲᠣᠭᠲᠠᠭᠠᠵᠤ ᠤᠷᠤᠯᠠᠨ ᠴᠡᠪᠡᠷᠯᠡᠵᠦ ᠰᠢᠢᠳᠪᠦᠷᠢᠯᠡᠬᠦᠯᠵᠦ᠂ ᠠᠯᠢᠪᠠ ᠰᠦᠢᠳᠭᠡᠯ ᠢ | ᠬᠠᠤᠯᠢ ᠶᠢ ᠵᠦᠷᠢᠴᠡᠭᠰᠡᠳ ᠡᠭᠦᠷᠭᠡᠯᠡᠨ᠎ᠡ᠃ | ᠵᠢᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ | ᠭᠤᠴᠢᠨ ᠲᠠᠪᠤᠳᠤᠭᠠᠷ ᠵᠤᠷᠪᠤᠰ ᠲᠤᠰ ᠳᠦᠷᠢᠮ ᠢ 2019 ᠤᠨ ᠤ 3 ᠰᠠᠷ᠎ᠠ ᠶᠢᠨ 1 ᠤ ᠡᠳᠤᠷ ᠠᠴᠠ | ᠡᠬᠢᠯᠡᠨ ᠭᠡᠷᠡᠭᠵᠢᠬᠦᠯᠦᠨ᠎ᠠ᠃ | | | | | | | | | | | | ᠁ |