ᠬᠥᠳᠡᠯᠭᠡᠭᠡᠨ ᠬᠢᠬᠦ ᠶᠢᠨ ᠰᠠᠶᠢᠨᠳᠠᠢ ᠲᠠᠯ᠎ᠠ ᠶᠢ ᠮᠠᠰᠢ ᠤᠯᠠᠨ ᠬᠥᠮᠥᠨ ᠪᠦᠷ ᠮᠡᠳᠡᠳᠡᠭ᠂ ᠭᠡᠪᠡᠴᠦ ᠬᠥᠳᠡᠯᠭᠡᠭᠡᠨ | ᠲᠤᠳᠠᠬᠳᠠᠬᠤ ᠶᠢᠨ ᠠᠶᠤᠯ ᠲᠦᠭᠰᠢᠭᠦᠷᠢ ᠶᠢ ᠣᠯᠠᠨ ᠢᠶᠠᠷ ᠢᠶᠠᠨ ᠶᠡᠷᠦᠨᠢ ᠭᠦᠢᠴᠡᠳ ᠬᠦᠨᠳᠦᠳᠬᠡᠬᠦ ᠦᠭᠡᠢ ᠪᠠᠶᠢᠳᠠᠭ᠃ | ᠤᠶᠢᠷ᠎ᠠ ᠳᠤ᠂ ᠠᠮᠧᠷᠢᠺᠠ ᠶᠢᠨ ᠺᠷᠢᠹᠯᠡᠨᠳ᠋ ᠡᠮᠨᠡᠯᠭᠡ ᠶᠢᠨ ᠭᠠᠵᠠᠷ ᠤᠨ ᠬᠢᠨ ᠰᠤᠳᠤᠯᠭᠠᠨ ᠳᠠᠭᠠᠨ᠂ ᠬᠥᠳᠡᠯᠭᠡᠭᠡᠨ | ᠳᠤᠲᠠᠭᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ ᠡᠪᠡᠳᠴᠢᠨ ᠠᠴᠠ ᠨᠡᠩ ᠢᠯᠡᠬᠦᠦ | ᠡᠷᠡᠭᠦᠯ ᠮᠡᠨᠳᠦ ᠳᠤ ᠬᠤᠤᠷ ᠬᠥᠨᠥᠭᠡᠯ ᠲᠠᠢ ᠪᠠᠶᠢᠳᠠᠭ ᠭᠡᠵᠦ ᠬᠡᠯᠡᠪᠡ᠃ | ᠲᠤᠰ ᠡᠮᠨᠡᠯᠭᠡ ᠶᠢᠨ ᠭᠠᠵᠠᠷ 1991 ᠣᠨ ᠤ 1 ᠰᠠᠷ᠎ᠠ ᠠᠴᠠ 2014 ᠣᠨ ᠤ 12 ᠰᠠᠷ᠎ᠠ ᠪᠣᠯᠲᠠᠯ᠎ᠠ 12 | ᠲᠦᠮᠡᠨ ᠡᠪᠡᠳᠴᠢᠲᠡᠨ ᠳᠤ ᠭᠦᠶᠦᠬᠦ ᠮᠠᠰᠢᠨ ᠢᠶᠠᠷ ᠬᠥᠳᠡᠯᠭᠡᠭᠡᠨ ᠤ ᠲᠤᠷᠰᠢᠯᠲᠠ ᠬᠢᠵᠦ᠂ ᠬᠥᠳᠡᠯᠭᠡᠭᠡᠨ ᠤ ᠪᠣᠳᠠᠲᠤ | ᠬᠢᠷᠢ ᠪᠦᠲᠦᠮᠵᠢ ᠪᠠᠷ ᠰᠠᠭᠤᠷᠢ ᠪᠣᠯᠭᠠᠨ᠂ ᠪᠡᠶ᠎ᠡ ᠪᠠᠨ ᠪᠣᠯᠪᠠᠰᠤᠷᠠᠬᠤ ᠪᠠ ᠡᠯ᠎ᠡ ᠵᠦᠢᠯ ᠤᠨ ᠦᠬᠦᠯ ᠤᠨ ᠠᠶᠤᠯ | ᠲᠦᠭᠰᠢᠭᠦᠷᠢ ᠶᠢᠨ ᠬᠠᠷᠢᠴᠠᠭ᠎ᠠ ᠶᠢ ᠰᠤᠳᠤᠯᠵᠠᠶ᠃ ᠰᠤᠳᠤᠯᠭᠠᠨ ᠤ ᠦᠷ᠎ᠡ ᠳ᠋ᠦᠩ ᠳᠤ᠂ ᠭᠦᠶᠦᠯᠳᠡ ᠶᠢᠨ ᠬᠢᠷᠢ | ᠪᠦᠲᠦᠮᠵᠢ ᠪᠠᠷ ᠠᠨᠠᠶ ᠡᠪᠡᠳᠴᠢᠲᠡᠨ ᠨᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠡᠪᠡᠳᠴᠢᠳᠡᠨ ᠢ ᠪᠤᠳᠤᠪᠠᠯ ᠦᠬᠦᠬᠦ | ᠠᠶᠤᠯ ᠢᠶᠠᠷ ᠪᠠᠷᠤᠭ 2 ᠳᠠᠬᠢᠨ ᠥᠨᠳᠥᠷ ᠪᠠᠶᠢᠳᠠᠭ︔ ᠬᠥᠳᠡᠯᠭᠡᠭᠡᠨ ᠪᠠᠭ᠎ᠠ ᠬᠢᠳᠡᠭ ᠬᠦᠮᠦᠨ ᠨᠢ ᠬᠥᠳᠡᠯᠭᠡᠭᠡᠨ ᠰᠠᠶᠢᠨ | ᠬᠢᠳᠡᠭ ᠬᠦᠮᠦᠨ ᠢ ᠪᠤᠳᠤᠪᠠᠯ ᠦᠬᠦᠬᠦ ᠠᠶᠤᠯ ᠢᠶᠠᠷ 6 ᠳᠠᠬᠢᠨ ᠦᠨᠳᠦᠷ ᠪᠠᠶᠢᠳᠠᠭ ᠢ ᠢᠯᠡᠷᠡᠬᠦᠯᠵᠡᠢ᠃ | ᠰᠤᠳᠤᠯᠭᠠᠨ ᠳᠤ ᠪᠠᠰᠠ ᠬᠥᠳᠡᠯᠭᠡᠭᠡᠨ ᠲᠤᠳᠠᠬᠳᠠᠬᠤ ᠨᠢ ᠲᠠᠮᠠᠬᠢ ᠲᠠᠲᠠᠬᠤ᠂ ᠰᠢᠬᠢᠷ ᠰᠢᠵᠢᠩ ᠡᠪᠡᠳᠴᠢᠨ᠂ ᠵᠢᠷᠦᠬᠡᠨ | ᠡᠪᠡᠳᠴᠢᠨ ᠠᠴᠠ ᠬᠤᠯᠠ ᠠᠶᠤᠯ ᠲᠠᠢ ᠬᠡᠳᠡᠭ ᠢ ᠢᠯᠡᠷᠡᠬᠦᠯᠪᠡ᠃ ᠬᠥᠳᠡᠯᠭᠡᠭᠡᠨ ᠬᠢᠬᠦ ᠨᠢ ᠡᠷᠡᠭᠦᠯ ᠪᠤᠰᠤ | ᠠᠮᠢᠳᠤᠷᠠᠯ ᠤᠨ ᠵᠠᠩ ᠳᠠᠳᠬᠠᠯ ᠠᠴᠠ ᠪᠣᠯᠤᠭᠰᠠᠨ ᠨᠥᠯᠥᠭᠡ ᠶᠢ ᠬᠦᠷᠲᠡᠯ᠎ᠡ ᠠᠷᠢᠯᠭᠠᠵᠤ ᠴᠢᠳᠠᠬᠤ ᠰᠠᠶᠢᠨᠳᠠᠢ | ᠲᠠᠯ᠎ᠠ ᠲᠠᠢ ᠪᠤᠯᠬᠤᠷ ᠵᠠᠪᠠᠯ ᠪᠡᠶ᠎ᠡ ᠪᠠᠨ ᠪᠣᠯᠪᠠᠰᠤᠷᠠᠬᠤ ᠬᠡᠷᠡᠭᠳᠡᠢ ᠬᠡᠵᠦ ᠰᠢᠨᠵᠢᠯᠡᠬᠦ ᠤᠬᠠᠭᠠᠠᠳᠠᠳ ᠤᠷᠢᠶᠠᠯᠠᠵᠤ | ᠪᠠᠶᠢᠨ᠎ᠠ᠃ ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠬᠥᠳᠡᠯᠭᠡᠭᠡᠨ ᠬᠢᠬᠦ ᠨᠢ ᠡᠷᠡᠭᠲᠡᠶ ᠡᠮᠡᠭᠲᠡᠶ ᠭᠡᠵᠦ ᠢᠯᠭᠠᠯ | ᠥᠬᠡᠶ᠂ ᠡᠯ᠎ᠡ ᠨᠠᠰᠤᠨ ᠤ ᠬᠦᠮᠦᠰ ᠲᠤ ᠲᠤᠬᠢᠷᠠᠬᠤ ᠰᠠᠶᠢᠨᠳᠠᠢ ᠲᠠᠯ᠎ᠠ ᠲᠠᠢ ᠪᠤᠯᠬᠤᠷ ᠥᠨᠳᠥᠷ ᠨᠠᠰᠤᠨ ᠤ ᠬᠥᠮᠦᠰ | ᠬᠥᠳᠡᠯᠭᠡᠭᠡᠨ ᠬᠢᠭᠰᠡᠨ ᠴᠦ ᠠᠳᠠᠯᠢᠬᠠᠨ ᠠᠰᠢᠭ ᠬᠦᠷᠲᠡᠨ᠎ᠡ ᠬᠡᠵᠦ ᠰᠠᠨᠠᠭᠤᠯᠵᠠᠢ᠃ | | | | | | | | | | | ᠁ |