ᠱᠠᠩᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠥᠬᠡᠨ 47 | ᠨᠡᠷᠡᠲᠦ ᠲᠡᠮᠳᠡᠭ ᠤᠨ ᠬᠤᠪᠴᠠᠰᠤ ᠬᠤᠨᠠᠷ ᠢ ᠰᠢᠯᠭᠠᠨ ᠪᠠᠶᠢᠴᠠᠭᠠᠬᠤ ᠪᠠᠷ ᠳᠠᠮᠵᠢᠵᠤ 32% ᠨᠢ ᠬᠢᠷᠢ ᠲᠡᠩᠴᠡᠬᠦ | ᠦᠭᠡᠢ ᠪᠠᠶᠢᠬᠤ ᠶᠢ ᠣᠯᠵᠤ ᠮᠡᠳᠡᠭᠰᠡᠨ ᠪᠠᠶᠢᠨ᠎ᠠ᠃ | ᠡᠭᠦᠨ ᠳᠤ ᠭᠤᠣᠯᠳᠠᠭᠤ ᠬᠤᠶᠠᠷ ᠲᠠᠯ᠎ᠠ ᠶᠢᠨ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ᠂ ᠵᠠᠷᠢᠮ | ᠬᠤᠪᠴᠠᠰᠤᠨ ᠤ ᠦᠢᠯᠡᠳᠪᠦᠷᠢ ᠬᠤᠪᠴᠠᠰᠤᠨ ᠤ ᠥᠩᠭᠡ ᠶᠢ ᠤᠯᠠᠮ ᠰᠠᠶᠢᠬᠠᠨ ᠪᠣᠯᠭᠠᠵᠤ᠂ ᠵᠠᠭᠪᠤᠷ ᠢ ᠨᠢ ᠪᠠᠲᠤᠯᠠᠬᠤ | ᠪᠠ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢᠨ ᠲᠥᠯᠥᠭᠡ ᠳᠦᠷᠢᠮ ᠠᠴᠠ ᠵᠥᠷᠢᠴᠡᠵᠦ ᠦᠨᠦᠷᠲᠦ ᠠᠮᠢᠨ ︵芳 | 香胺︶᠂ ᠰᠢᠷᠭᠤᠯᠵᠢ ᠶᠢᠨ ᠬᠦᠴᠢᠯ ᠤᠨ ᠠᠯᠳᠧᠭᠢᠳ᠋ ︵甲醛︶ ᠵᠡᠷᠭᠡ ᠬᠥᠮᠥᠨ ᠤ ᠪᠡᠶ᠎ᠡ ᠳᠤ ᠬᠤᠣᠷᠲᠠᠢ | ᠬᠢᠮᠢ ᠶᠢᠨ ᠪᠣᠳᠠᠰ ᠢ ᠬᠡᠷᠡᠭᠯᠡᠵᠦ ᠪᠠᠶᠢᠨ᠎ᠠ᠃ ᠡᠳᠡᠭᠡᠷ ᠬᠤᠣᠷᠲᠤ ᠪᠣᠳᠠᠰ ᠨᠢ ᠠᠷᠠᠰᠤ ᠪᠠᠷ ᠳᠠᠮᠵᠢᠭᠠᠳ ᠬᠥᠮᠥᠨ ᠤ | ᠪᠡᠶ᠎ᠡ ᠳᠤ ᠰᠢᠩᠭᠡᠵᠦ᠂ ᠬᠠᠪᠤᠩᠨᠠᠬᠤ᠂ ᠤᠯᠠᠶᠢᠵᠤ ᠵᠠᠭᠠᠲᠤᠨᠠᠬᠤ᠂ ᠴᠢᠨᠠᠭᠰᠢᠯᠠᠨ ᠡᠳᠦᠷ ᠤᠨ ᠤᠳᠠᠭᠠᠨ ᠳᠠᠭᠠᠨ ᠦᠮᠡᠨ | ᠡᠪᠡᠳᠴᠢᠨ ᠡᠭᠦᠰᠬᠡᠵᠦ ᠮᠡᠳᠡᠬᠦ ᠪᠥᠭᠡᠳ ᠬᠡᠷᠡᠭᠯᠡᠭᠴᠢᠳ ᠡᠳᠡᠭᠡᠷ ᠬᠢᠮᠢ ᠶᠢᠨ ᠪᠣᠳᠠᠰ ᠢ ᠣᠯᠵᠤ ᠮᠡᠳᠡᠬᠦ ᠳᠤ ᠠᠮᠠᠷ | ᠦᠭᠡᠢ ᠪᠠᠶᠢᠳᠠᠭ᠃ ᠬᠤᠶᠠᠷ ᠲᠤ᠂ ᠵᠠᠷᠢᠮ ᠬᠤᠪᠴᠠᠰᠤᠨ ᠤ ᠦᠢᠯᠡᠳᠪᠦᠷᠢ ᠥᠪᠡᠷ ᠤᠨ ᠪᠠᠷᠠᠭ᠎ᠠ | ᠪᠦᠲᠦᠭᠡᠭᠳᠡᠬᠦᠨ ᠢᠶᠠᠨ ᠨᠠᠷᠠ ᠰᠠᠯᠬᠢᠨ ᠠᠴᠠ ᠬᠠᠯᠬᠠᠯᠠᠬᠤ ᠪᠤᠶᠤ ᠴᠠᠰᠤ ᠪᠣᠷᠣᠭᠠᠨ ᠳᠤ ᠨᠣᠷᠬᠤ ᠦᠭᠡᠢ᠂ ᠬᠥᠯᠥᠰᠦ | ᠰᠢᠩᠭᠡᠭᠡᠵᠦ ᠬᠤᠷᠳᠤᠨ ᠬᠠᠲᠠᠬᠤ ᠵᠡᠷᠭᠡ ᠣᠯᠠᠨ ᠵᠦᠢᠯ ᠤᠨ ᠦᠢᠯᠡᠳᠦᠯ ᠴᠢᠳᠠᠪᠬᠢ ᠲᠠᠢ ᠭᠡᠵᠦ ᠥᠰᠬᠡᠭᠡᠨ | ᠲᠦᠰᠭᠡᠭᠡᠨ ᠲᠠᠢ ᠶᠠᠷᠢᠵᠤ᠂ ᠥᠨᠳᠥᠷ ᠦᠨ᠎ᠡ ᠪᠠᠷ ᠬᠤᠳᠠᠯᠳᠤᠳᠠᠭ᠃ ᠭᠡᠪᠡᠴᠦ ᠤᠯᠤᠰ ᠤᠨ ᠨᠡᠬᠡᠮᠡᠯ ᠤᠨ ᠵᠦᠢᠯ ᠤᠨ | ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠭᠠᠵᠠᠷ ᠤᠨ ᠰᠢᠯᠭᠠᠨ ᠪᠠᠶᠢᠴᠠᠭᠠᠬᠤ ᠪᠠᠷ ᠳᠠᠮᠵᠢᠵᠤ᠂ ᠬᠡᠳᠦᠨ ᠵᠠᠭᠤ | ᠴᠢᠨᠠᠭᠰᠢᠯᠠᠭᠠᠳ ᠬᠡᠳᠦᠨ ᠮᠢᠩᠭᠠᠨ ᠲᠥᠭᠦᠷᠢᠭ ᠢᠶᠠᠷ ᠬᠤᠳᠠᠯᠳᠤᠵᠤ ᠪᠠᠶᠢᠭ᠎ᠠ ᠡᠶᠢᠮᠦᠷᠬᠦ ᠦᠢᠯᠡᠳᠦᠯ ᠴᠢᠳᠠᠪᠬᠢ ᠲᠠᠢ | ᠬᠤᠪᠴᠠᠰᠤ ᠬᠤᠨᠠᠷ ᠨᠢ ᠦᠨᠡᠨ ᠳᠡᠭᠡᠨ ᠡᠩ ᠤᠨ ᠬᠤᠪᠴᠠᠰᠤ ᠲᠠᠢ ᠳᠡᠮᠡᠢ ᠴᠦ ᠢᠯᠭᠠᠭ᠎ᠠ ᠦᠭᠡᠢ ᠶᠢ ᠣᠯᠵᠤ | ᠮᠡᠳᠡᠭᠰᠡᠨ ᠪᠠᠶᠢᠨ᠎ᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠡᠶᠢᠭᠡᠮᠯᠢᠭ | ᠰᠡᠭᠦᠯ ᠤᠨ ᠭᠤᠷᠪᠠᠨ ᠵᠢᠯ ᠳᠤ ᠵᠢᠯ ᠪᠣᠯᠭᠠᠨ ᠬᠤᠪᠴᠠᠰᠤ ᠬᠤᠨᠠᠷ᠂ ᠱᠠᠬᠠᠢ ᠭᠤᠲᠤᠯ ᠤᠨ ᠲᠤᠬᠠᠢ ᠬᠡᠷᠡᠭᠯᠡᠭᠴᠢᠳ ᠤᠨ | ᠢᠷᠡᠭᠦᠯᠦᠭᠰᠡᠨ 4 ᠠᠴᠠ 6 ᠲᠦᠮᠡᠨ ᠵᠠᠭᠠᠯᠳᠤᠯᠭ᠎ᠠ ᠶᠢ ᠬᠦᠯᠢᠶᠡᠵᠦ ᠠᠪᠳᠠᠭ ᠪᠥᠭᠡᠳ ᠡᠨᠡ ᠨᠢ ᠵᠢᠯ ᠳᠠᠷᠠᠭᠠᠯᠠᠨ | ᠨᠡᠮᠡᠭᠳᠡᠬᠦ ᠬᠠᠨᠳᠤᠰᠢ ᠲᠠᠢ ᠪᠠᠶᠢᠨ᠎ᠠ᠃ | ᠥᠷᠭᠡᠨ ᠣᠯᠠᠨ ᠬᠡᠷᠡᠭᠯᠡᠭᠴᠢᠳ ᠮᠠᠨᠢ ᠬᠤᠪᠴᠠᠰᠤ ᠬᠤᠨᠠᠷ ᠱᠠᠬᠠᠢ ᠭᠤᠲᠤᠯ ᠬᠤᠳᠠᠯᠳᠤᠵᠤ ᠠᠪᠬᠤ ᠳᠠᠭᠠᠨ | ᠢᠲᠡᠭᠡᠯ ᠨᠠᠶᠢᠳᠠᠪᠤᠷᠢᠲᠠᠢ ᠦᠢᠯᠡᠳᠪᠦᠷᠢ ᠪᠣᠯᠣᠨ ᠮᠠᠷᠺ ᠲᠡᠮᠳᠡᠭ ᠢ ᠰᠣᠩᠭᠤᠬᠤ ᠶᠢ ᠠᠳᠡ ᠰᠠᠨᠠᠭᠤᠯᠵᠤ ᠪᠠᠶᠢᠨ᠎ᠠ᠂ | ᠡᠭᠦᠨ ᠤ ᠬᠠᠮᠲᠤ ᠥᠪᠡᠷ ᠤᠨ ᠣᠯᠵᠠ ᠠᠰᠢᠭ ᠢᠶᠠᠨ ᠪᠣᠳᠣᠬᠤ ᠠᠴᠠ ᠭᠠᠳᠠᠨ᠎ᠠ ᠣᠯᠠᠨ ᠲᠦᠮᠡᠨ ᠤ ᠠᠮᠢ ᠨᠠᠰᠤ | ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠬᠤᠪᠴᠠᠰᠤᠨ ᠤ ᠦᠢᠯᠡᠳᠪᠦᠷᠢ ᠳᠤ ᠱᠠᠭᠠᠷᠳᠠᠵᠤ ᠪᠠᠶᠢᠨ᠎ᠠ᠃ | | | | | | | | | | | | | ᠁ |