ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | | | ᠤᠯᠠᠭᠠᠨᠬᠠᠳᠠ ᠬᠤᠲᠠ ᠶᠢᠨ ᠰᠥᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠢᠶᠠᠩ ᠼᠦᠩ | ᠲᠥᠯᠥᠭᠡᠯᠡᠭᠴᠢᠳ ᠡ᠄ | ᠣᠳᠤ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠬᠡᠰᠢᠭᠦᠨ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠣᠯᠪᠠᠤ᠃ | | 2018 ᠣᠨ ᠤ ᠠᠵᠢᠯ ᠤᠨ ᠲᠤᠬᠠᠶ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠲᠣᠭᠤᠷᠢᠭ ᠤᠨ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠬᠤᠷᠢᠶ᠎ᠠ ᠶᠢᠨ | ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠲᠠᠢ ᠪᠦᠯᠬᠦᠮᠳᠡᠨ ᠲᠦᠰᠢᠭᠯᠡᠯᠴᠡᠵᠦ᠂ ᠴᠢᠨᠠᠷ | ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠲᠣᠭᠲᠠᠭᠤᠨ ᠢᠶᠠᠷ ᠤᠷᠤᠭᠰᠢᠯᠠᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠣᠭᠲᠠᠭᠠᠭᠰᠠᠨ ᠣᠨ ᠤ ᠬᠠᠷᠠᠯᠲᠠ | ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠠᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ | 193 ᠳ᠋ᠦᠩᠰᠢᠭᠤᠷ ᠲᠥᠭᠦᠷᠢᠭ ᠶᠢ ᠪᠡᠶᠡᠯᠡᠭᠦᠯᠵᠦ᠂ 6% ᠪᠠᠷ ᠨᠡᠮᠡᠭᠳᠡᠵᠡᠢ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠨᠢ 18.8 ᠳ᠋ᠦᠩᠰᠢᠭᠤᠷ ᠲᠥᠭᠦᠷᠢᠭ ᠶᠢ ᠪᠡᠶᠡᠯᠡᠭᠦᠯᠵᠦ᠂ ᠠᠳᠠᠯᠢᠳᠬᠠᠵᠤ ᠪᠣᠯᠬᠤ ᠲᠦᠷᠦᠯ | ᠵᠦᠢᠯ ᠤᠨ ᠨᠡᠮᠡᠭᠳᠡᠯ ᠨᠢ 8% ᠪᠤᠯᠤᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠦᠬᠦ ᠲᠤᠭ᠎ᠠ ᠨᠢ 139 ᠳ᠋ᠦᠩᠰᠢᠭᠤᠷ ᠲᠥᠭᠦᠷᠢᠭ ᠲᠤ ᠬᠦᠷᠴᠦ᠂ 7.6% ᠪᠠᠷ ᠨᠡᠮᠡᠭᠳᠡᠭᠰᠡᠨ ᠪᠠᠶᠢᠨ᠎ᠠ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ ᠲᠤᠰ | ᠲᠤᠰ 33865 ᠲᠥᠭᠦᠷᠢᠭ ᠪᠠ 14928 ᠲᠥᠭᠦᠷᠢᠭ ᠲᠤ ᠬᠦᠷᠴᠦ᠂ 8% ᠪᠠ 10% ᠪᠠᠷ ᠨᠡᠮᠡᠭᠳᠡᠵᠡᠢ᠃ | ᠡᠯ᠎ᠡ ᠵᠦᠢᠯ ᠤᠨ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠨᠢ ᠪᠦᠬᠦ ᠬᠤᠳᠠ ᠶᠢᠨ ᠡᠮᠦᠨ᠎ᠡ | ᠡᠩᠨᠡᠭᠡᠨ ᠳᠤ ᠣᠷᠣᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ | ᠪᠠᠶᠢᠬᠤ ᠪᠠᠶᠢᠳᠠᠯ ᠢᠶᠠᠨ ᠪᠠᠳᠤᠯᠠᠵᠠᠢ᠃ | ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠲᠦᠯᠬᠢᠨ ᠠᠬᠢᠭᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠯᠠᠯᠳᠤᠭᠠᠨ ᠨᠢ ᠰᠢᠢᠳᠪᠦᠷᠢᠲᠦ ᠴᠢᠨᠠᠷᠲᠠᠢ | ᠠᠬᠢᠯᠳᠠ ᠲᠠᠢ ᠪᠣᠯᠵᠠᠢ᠃ 1.5 ᠳ᠋ᠦᠩᠰᠢᠭᠤᠷ ᠪᠡᠯᠡ ᠮᠥᠩᠭᠦ ᠶᠢ ᠨᠢᠭᠡᠳᠬᠡᠨ ᠪᠡᠯᠡ ᠣᠷᠤᠭᠤᠯᠵᠤ᠂ ︽ᠲᠤᠯᠤᠭᠠᠨ | ᠵᠦᠢᠯ ᠤᠨ ᠠᠷᠭ᠎ᠠ ᠵᠠᠮ︾ ᠪᠠ ︽ᠲᠠᠪᠤ ᠶᠢ ᠪᠠᠲᠤᠯᠠᠬᠤ︾ ᠳᠤ ᠲᠦᠪᠯᠡᠷᠡᠭᠦᠯᠦᠨ᠂ ︽ᠠᠷᠪᠠᠨ ᠵᠦᠢᠯ ᠤᠨ | ᠳᠤᠲᠠᠭᠤᠳᠠᠯ︾ ᠪᠠᠨ ᠬᠦᠴᠦᠯᠡᠨ ᠨᠥᠬᠦᠪᠥᠷᠢᠯᠡᠵᠦ᠂᠂ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ | ᠪᠠᠶᠢᠰᠢᠩ ᠢ ᠪᠦᠬᠦᠨ ᠢ ᠤᠰᠠᠳᠬᠠᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠᠲᠤᠯᠠᠭ᠎ᠠ ᠶᠢᠨ ᠴᠢᠳᠠᠪᠤᠷᠢ ᠶᠢ | ᠦᠷᠭᠦᠯᠵᠢᠯᠡᠨ ᠴᠢᠩᠭᠠᠷᠠᠭᠤᠯᠵᠤ᠂ ᠣᠨᠳᠣᠣ ᠭᠠᠵᠠᠷ ᠲᠤ ᠨᠡᠭᠦᠯᠭᠡᠬᠦ ᠠᠵᠢᠯ ᠢ ᠵᠢᠷᠤᠮᠵᠢᠭᠤᠯᠤᠨ ᠥᠷᠨᠢᠭᠦᠯᠵᠠᠢ᠂ | ᠨᠡᠶᠢᠭᠡᠮ ᠤᠨ ᠶᠠᠳᠠᠭᠤ ᠶᠢ ᠲᠡᠳᠬᠦᠬᠦ ︽ᠠᠷᠪᠠ ᠵᠠᠭᠤ ᠮᠢᠩᠭ᠎ᠠ ᠲᠦᠮᠡ ᠶᠢᠨ ᠢᠨᠵᠧᠨᠧᠷᠢᠩ︾ ᠨᠢ ᠢᠯᠡᠳᠲᠡ ᠦᠷ᠎ᠡ | ᠪᠦᠲᠦᠮᠵᠢ ᠣᠯᠵᠤ᠂ 9818 ᠡᠷᠦᠬᠡ 24812 ᠬᠥᠮᠦᠨ ᠬᠡᠪ ᠪᠠᠷ ᠶᠠᠳᠠᠭᠤ ᠠᠴᠠ ᠠᠩᠭᠢᠵᠢᠷᠠᠵᠤ᠂ 5 ᠶᠠᠳᠠᠭᠤ | ᠬᠦᠴᠢᠷᠳᠡᠯᠲᠡᠢ ᠲᠣᠰᠬᠤᠨ ᠪᠠᠭᠠᠰᠴᠤ᠂ ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ 0.73% ᠪᠠᠷ ᠪᠠᠭᠤᠷᠠᠵᠠᠢ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠵᠦ ᠴᠢᠳᠠᠵᠠᠢ᠃ ᠰᠢᠨ᠎ᠡ ᠪᠠᠷ ᠨᠡᠮᠡᠭᠳᠡᠭᠰᠡᠨ | ᠥᠷᠢ ᠲᠠᠯᠪᠢᠬᠤ ᠵᠢᠷᠤᠮ ᠢ ᠴᠢᠩᠭ᠎ᠠ ᠵᠢᠷᠤᠮᠵᠢᠭᠤᠯᠵᠤ᠂ ᠴᠠᠭ ᠬᠤᠭᠤᠴᠠᠭᠠᠨ ᠤ ᠲᠡᠰ ᠳᠠᠷᠠᠭᠠᠯᠠᠯ ᠶᠣᠰᠣᠭᠠᠷ | ᠥᠷᠢ ᠥᠭᠴᠡᠭᠡ ᠪᠠᠨ ᠲᠦᠯᠤᠵᠤ ᠳᠠᠭᠤᠰᠬᠠᠬᠤ ᠲᠥᠯᠥᠪᠯᠡᠭᠡ ᠶᠢ ᠠᠬᠢᠭᠤᠯᠵᠤ᠂ ᠪᠦᠬᠦ ᠵᠢᠯ ᠤᠨ ᠵᠠᠰᠠᠭ ᠤᠨ | ᠣᠷᠳᠣᠨ ᠤ ᠥᠷᠢ ᠥᠭᠴᠡᠭᠡ ᠶᠢ 39 ᠳ᠋ᠦᠩᠰᠢᠭᠤᠷ ᠲᠥᠭᠦᠷᠢᠭ ᠨᠠᠮᠳᠠᠭᠠᠨ᠂ ᠣᠨ ᠤ ᠡᠭᠦᠷᠭᠡ ᠪᠠᠨ ᠳᠠᠪᠠᠭᠤᠯᠤᠨ | ᠪᠡᠶᠡᠯᠡᠭᠦᠯᠵᠦ᠂ ︽ᠠᠷᠪᠠ ᠶᠢ ᠪᠥᠷᠬᠦᠭᠦᠯᠬᠦ︾ ᠪᠠᠷᠢᠯᠭ᠎ᠠ ᠶᠢᠨ ᠵᠣᠭᠤᠰ ᠢ ᠪᠦᠬᠦᠨ ᠢ ᠨᠠᠮᠳᠠᠭᠠᠵᠠᠢ᠃ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠠᠵᠢᠯᠯᠠᠭᠠᠨ ᠳᠤ ᠴᠢᠩᠭ᠎ᠠ ᠴᠣᠬᠢᠯᠲᠠ ᠥᠭᠴᠦ᠂ ᠠᠷᠠᠳ ᠤᠨ | ᠬᠤᠭᠤᠷᠣᠨᠳᠣᠬᠢ ᠵᠢᠭᠡᠯᠡᠯᠭᠡ ᠶᠢ ᠬᠦᠴᠦᠲᠡᠶ ᠵᠢᠷᠤᠮᠵᠢᠭᠤᠯᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠲᠣᠭᠲᠠᠭᠤᠨ ᠮᠥᠷᠲᠡᠭᠡᠨ ᠡᠵᠡᠮᠳᠡᠵᠦ ᠳᠡᠶᠢᠯᠵᠡᠢ᠃ ᠲᠥᠪ ᠬᠤᠲᠠ | ᠲᠣᠭᠤᠷᠢᠭ ᠤᠨ ︽ᠭᠡᠷ ᠤᠨ ᠦᠨ᠎ᠡ ᠶᠢ ᠬᠢᠵᠠᠭᠠᠷᠯᠠᠬᠤ᠂ ᠭᠠᠵᠠᠷ ᠤᠨ ᠦᠨ᠎ᠡ ᠶᠢ ᠥᠷᠢᠰᠥᠯᠳᠦᠬᠦ︾ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠣᠨ ᠪᠦᠰᠡ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ | ᠵᠠᠬ᠎ᠠ ᠳᠡᠯᠭᠡᠭᠦᠷ ᠤᠨ ᠲᠣᠭᠲᠠᠭᠤᠨ ᠪᠠᠶᠢᠬᠤ ᠶᠢ ᠪᠠᠲᠤᠯᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠪᠡ᠃ ᠪᠠᠶᠢᠭᠤᠯᠵᠤ ᠪᠦᠲᠦᠭᠡᠭᠰᠡᠨ ᠲᠣᠭᠤᠷᠢᠭ ᠲᠠᠬᠢ 10 ᠲᠣᠨ ᠠᠴᠠ ᠳᠣᠷᠣᠭᠰᠢᠬᠢ | ᠠᠭᠤᠷᠰᠢᠭᠤᠯᠬᠤ ᠴᠢᠳᠠᠪᠬᠢᠲᠤ ᠨᠡᠭᠦᠷᠡᠰᠦ ᠰᠢᠲᠠᠭᠠᠬᠤ ᠲᠤᠭᠤᠭᠠᠳᠤ ᠵᠤᠤᠬ᠎ᠠ ᠶᠢ ᠪᠦᠬᠦᠨ ᠢ ᠴᠠᠭᠠᠵᠠᠯᠠᠪᠠ᠂ ᠬᠤᠲᠠ | ᠲᠣᠭᠤᠷᠢᠭ ᠤᠨ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠨᠢ 331 | ᠡᠳᠦᠷ ᠳᠤ ᠬᠦᠷᠦᠭᠰᠡᠨ ᠪᠠᠶᠢᠨ᠎ᠠ᠃ ︽ᠭᠤᠣᠯ ᠤᠨ ᠳᠠᠷᠤᠭ᠎ᠠ ᠶᠢᠨ ᠲᠥᠷᠢᠮ︾᠂ ᠠᠩᠬᠠᠨ ᠤ ᠤᠰᠤᠨ ᠤ ᠡᠷᠬᠡ ᠶᠢᠨ | ᠬᠤᠪᠢᠶᠠᠷᠢᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠢ᠃ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠰᠢᠢᠳᠪᠦᠷᠢᠯᠡᠬᠦ᠂ ᠳᠠᠪᠬᠤᠷ ᠲᠣᠰᠣᠨ ᠪᠤᠲᠤᠩ ᠤᠨ ᠥᠭᠡᠷᠡᠴᠢᠯᠡᠯᠲᠡ ᠪᠠ ᠲᠠᠷᠢᠶᠠᠯᠠᠩ ᠤᠨ ︽ᠳᠥᠷᠪᠡᠨ | ᠡᠵᠡᠮᠳᠡᠬᠦ ᠠᠵᠢᠯᠯᠠᠭ᠎ᠠ︾ ᠶᠢ ᠴᠢᠩᠭᠠᠳᠬᠠᠵᠤ᠂ ᠭᠠᠵᠠᠷ ᠰᠢᠷᠣᠶ ᠶᠢᠨ ᠣᠯᠠᠨ ᠡᠬᠢᠲᠦ ᠪᠣᠬᠢᠷᠲᠤᠯ ᠢ ᠪᠦᠲᠦᠮᠵᠢᠲᠡᠶ | ᠬᠢᠵᠠᠭᠠᠷᠯᠠᠵᠤ ᠴᠢᠳᠠᠪᠠ᠃ ᠳᠡᠭᠡᠷ᠎ᠡ ᠭᠤᠷᠪᠠᠨ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠠ 17 ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠠᠢ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠬᠢᠴᠠ ᠶᠢ ᠲᠦᠷᠭᠡᠳᠬᠡᠪᠡ᠃ | ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠲᠠᠰᠤᠷᠠᠯᠳᠡ ᠦᠬᠡᠢ ᠭᠦᠨᠵᠡᠭᠡᠶᠢᠷᠡᠭᠦᠯᠪᠡ᠃ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ | ᠰᠢᠰᠲᠧᠮ ᠤᠨ ᠪᠠᠶᠢᠭᠤᠯᠤᠯᠲᠠ ᠶᠢ ᠠᠬᠢᠭᠤᠯᠵᠤ᠂ ᠡᠷᠳᠡᠨᠢ ᠰᠢᠰᠢ ᠲᠠᠷᠢᠬᠤ ᠲᠠᠯᠠᠪᠠᠢ ᠶᠢ 9 ᠲᠦᠮᠡᠨ ᠮᠥ ᠪᠠᠭᠠᠰᠬᠠᠵᠤ᠂ | ᠤᠯᠤᠰ ᠤᠨ ᠲᠡᠰ ᠤᠨ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠦᠷ᠎ᠡ ᠶᠢᠨ ᠰᠠᠭᠤᠷᠢᠨ ᠭᠠᠵᠠᠷ ᠶᠢ 6.5 ᠲᠦᠮᠡᠨ | ᠮᠥ ᠬᠥᠭᠵᠢᠭᠦᠯᠵᠦ᠂ ᠠᠮᠤ ᠪᠤᠳᠠᠭᠠᠨ ᠤ ᠤᠨᠠᠯᠲᠠ ᠨᠢ 16 ᠳ᠋ᠦᠩᠰᠢᠭᠤᠷ ᠵᠢᠩ ᠳᠤ ᠬᠦᠷᠴᠦ᠂ 30 | ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠵᠦ᠂ ᠵᠢᠯ ᠤᠨ ᠠᠯᠠᠰᠢᠨ ᠭᠠᠭ᠋ᠠᠶ | 220 ᠲᠦᠮᠡᠨ ᠠᠮᠠ᠂ ᠠᠯᠠᠰᠢᠨ ᠦᠬᠡᠷ 27 ᠲᠦᠮᠡᠨ ᠲᠣᠯᠤᠭᠠᠢ᠂ ᠠᠯᠠᠰᠢᠨ ᠬᠤᠨᠢ 75 ᠲᠦᠮᠡᠨ ᠲᠣᠯᠤᠭᠠᠢ | ᠬᠦᠷᠴᠠᠢ᠃ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠢᠰᠲ᠋ᠧᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠭᠡᠷ ᠤᠨ ᠳᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ ᠭᠠᠭ᠋ᠠᠶ ᠶᠢᠨ ᠬᠠᠩᠭᠠᠯᠭ᠎ᠠ ᠶᠢᠨ ᠲᠤᠭ᠎ᠠ | ᠬᠡᠮᠵᠢᠶ᠎ᠡ ᠪᠠ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠸᠧᠨ ᠱᠢ ᠤᠨ ︽ᠳᠥᠷᠪᠡᠨ ᠨᠢᠭᠡᠳᠦᠯᠲᠡᠶ | ᠨᠢᠭᠡ ᠶᠢ ᠪᠠᠳᠤᠯᠠᠬᠤ︾᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠡᠳᠦᠷ ᠢᠷᠡᠬᠦᠶ᠎ᠡ ᠨᠢᠭᠲᠠᠷᠠᠵᠤ᠂ | ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠳᠠᠰᠬᠠᠯ ᠤᠨ ᠨᠣᠷᠮ᠎ᠠ 80% ᠳᠤ ᠬᠦᠷᠪᠡ᠂ ᠴᠥ᠋ ᠳ᠋ᠦᠩ ᠬᠥᠳᠡᠭᠡ | ᠠᠵᠤ ᠠᠬᠤᠶ᠂ ᠴᠦᠨ ᡁᠢ ᠢᠳᠡᠰᠢᠨ ᠨᠣᠭᠤᠭ᠎ᠠ ᠵᠡᠷᠭᠡ ︽ᠭᠤᠷᠪᠠᠨ ᠪᠦᠲᠦᠭᠡᠭᠳᠡᠬᠦᠨ︾ ᠤ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠲᠥᠪᠡᠳ ᠬᠠᠰᠢ᠂ ᠮᠣᠣ ᠮᠣᠣ ᠭᠦ᠋ ᠵᠡᠷᠭᠡ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ︽ᠭᠠᠵᠠᠷ ᠵᠦᠢ ᠶᠢᠨ ᠪᠡᠯᠭᠡ ᠳᠡᠮᠳᠡᠭᠳᠦ︾ ᠤᠨ ᠭᠡᠷᠡᠴᠢᠯᠡᠯ ᠶᠢ ᠢᠳᠡᠪᠬᠢᠲᠡᠶ ᠪᠠᠷ | ᠲᠦᠯᠬᠢᠨ ᠠᠬᠢᠭᠤᠯᠪᠠ᠃ ᠤᠳᠤ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ᠂ ᠱᠠᠩᠬᠠᠶ ᠵᠡᠷᠭᠡ ᠭᠠᠵᠠᠷ ᠶᠢᠨ ᠬᠠᠩᠭᠠᠨ ᠪᠣᠷᠤᠯᠠᠭᠤᠯᠬᠤ ᠬᠠᠷᠢᠴᠠᠭ᠎ᠠ | ᠨᠡᠩ ᠲᠣᠭᠲᠠᠭᠤᠨ ᠪᠣᠯᠵᠤ᠂ ᠵᠦᠩ ᠢ ᠰᠢᠬᠢᠷ ᠤᠨ ᠦᠢᠯᠡᠰ᠂ ᠹᠧᠩ ᠲᠢᠶᠠᠨ ᠲᠠᠷᠢᠬᠤ ᠦᠢᠯᠡᠰ ᠵᠡᠷᠭᠡ | ᠲᠣᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠨᠢ ᠤᠯᠠᠮ ᠨᠢᠭᠡ ᠠᠯᠬᠤᠮ ᠴᠢᠩᠭᠠᠷᠠᠪᠠ᠃ ᠠᠵᠤ | ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠳᠡᠭᠡᠭᠰᠢᠯᠡᠪᠡ᠃ 3 ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠰᠢᠨ᠎ᠡ ᠪᠠᠷ ᠨᠡᠮᠡᠭᠲᠡᠵᠦ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ | ᠬᠤᠷᠳᠤᠴᠠ ᠨᠢ 7.5% ᠳᠤ ᠬᠦᠷᠴᠦ᠂ ᠪᠥᠬᠦ ᠬᠤᠲᠠ ᠶᠢᠨ ᠬᠤᠶᠠᠳᠤᠭᠠᠷ ᠳᠤ ᠪᠠᠶᠢᠷᠢᠯᠠᠵᠠᠢ᠃ 15 | ᠭᠤᠤᠯᠳᠠᠯᠭ᠎ᠠ ᠲᠠᠢ ᠲᠥᠷᠥᠯ ᠵᠦᠢᠯ ᠨᠢ ᠪᠦᠬᠦᠨ ᠢᠶᠠᠷ ᠢᠶᠠᠨ ᠠᠵᠢᠯ ᠰᠡᠷᠭᠦᠭᠡᠪᠡ᠂ ᠵᠦᠩ ᠭᠠᠩ ᠶᠢᠨ ᠰᠢᠨ | ᠠᠭᠤᠷᠬᠠᠢ ᠶᠢᠨ ᠦᠢᠯᠡᠰ ᠦᠢᠯᠡᠳᠪᠦᠷᠢᠯᠡᠯ ᠢᠶᠠᠨ ᠰᠡᠷᠭᠦᠭᠡᠵᠦ ᠦᠷ᠎ᠡ ᠠᠰᠢᠭ ᠲᠤ ᠪᠠᠨ ᠬᠦᠷᠪᠡ᠂ ᠭᠧ ᠯᠢᠨ ᠲᠧ | ᠪᠡᠭᠡᠯᠡᠢ᠂ ᠰᠢ ᠡᠯ ᠹᠦ᠋ ᠨᠠᠭᠠᠲᠤᠮ ᠤᠨ ᠵᠦᠢᠯ ᠵᠡᠷᠭᠡ ᠲᠦᠷᠦᠯ ᠵᠦᠢᠯ ᠨᠢ ᠠᠰᠢᠭᠯᠠᠯᠲᠠ ᠳᠤ ᠤᠷᠤᠭᠰᠢᠲᠠᠶ ᠣᠷᠣᠵᠤ᠂ | ᠮᠡᠩ ᠬᠤᠢ ᠰᠢᠨ ᠴᠠᠭᠠᠰᠤᠨ ᠦᠢᠯᠡᠳᠬᠦᠨ᠂ ᠬᠦᠢ ᠮᠢᠩ ᠳᠠᠷᠤᠮᠠᠯᠬᠤ ᠦᠢᠯᠡᠰ ᠵᠡᠷᠭᠡ ᠲᠦᠷᠦᠯ ᠵᠦᠢᠯ ᠢ ᠡᠮᠬᠢ | ᠵᠢᠷᠤᠮ ᠲᠠᠢ ᠲᠦᠯᠬᠢᠨ ᠠᠬᠢᠭᠤᠯᠵᠠᠢ᠃ ᠠᠩᠴᠢᠨ ᠤ ᠬᠦᠷᠢᠶᠡᠯᠡᠩ ᠲᠣᠭᠤᠷᠢᠭ ᠲᠤ 2.1 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠵᠤ᠂ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ ᠤᠨ ᠭᠤᠷᠪᠠᠳᠤᠭᠠᠷ | ᠬᠤᠭᠤᠴᠠᠭ᠎ᠠ᠂ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ᠂ ᠬᠦᠷᠢᠶᠡᠯᠡᠩ ᠲᠣᠭᠤᠷᠢᠭ ᠤᠨ ᠦᠨᠳᠦᠷ ᠬᠤᠷᠳᠤᠴᠠᠲᠤ | ᠬᠠᠷᠢᠯᠴᠠᠨ ᠨᠡᠪᠳᠡᠷᠡᠬᠦ ᠵᠠᠮ ᠵᠡᠷᠭᠡ ᠲᠦᠷᠦᠯ ᠵᠦᠢᠯ ᠶᠢ ᠤᠷᠤᠭᠰᠢᠲᠠᠢ ᠪᠠᠷ ᠬᠡᠷᠡᠭᠵᠢᠭᠦᠯᠪᠡ᠃ ᠮᠡᠳᠡᠭᠡ ᠵᠠᠩᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 0.6 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠵᠤ᠂ 2 ᠵᠣᠷᠪᠤᠰ ᠬᠦᠷᠢᠶᠡᠯᠡᠩ ᠲᠣᠭᠤᠷᠢᠭ ᠤᠨ ᠵᠠᠮ᠂ ᠭᠠᠯ ᠤᠨᠲᠠᠷᠠᠭᠠᠬᠤ | ᠥᠷᠲᠡᠭᠡ ᠶᠢ ᠠᠰᠢᠭᠯᠠᠯᠲᠠ ᠳᠤ ᠣᠷᠤᠭᠤᠯᠵᠤ᠂ ᠬᠦᠷᠢᠶᠡᠯᠡᠩ ᠲᠣᠭᠤᠷᠢᠭ ᠤᠨ ᠳ᠋ᠠᠶᠢᠲ᠋ᠠ ᠶᠢᠨ ᠡᠭᠦᠲᠦᠯᠲᠡ ᠶᠢᠨ | ᠦᠢᠯᠡᠰ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠥᠪ ᠤᠨ ᠴᠢᠳᠠᠪᠤᠷᠢᠲᠠᠨ ᠤ ᠨᠥᠭᠡᠴᠡ ᠶᠢᠨ ᠠᠵᠢᠯ ᠢ | ᠵᠡᠷᠭᠡ ᠪᠠᠷ ᠶᠠᠪᠤᠭᠳᠠᠭᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠩᠭᠦᠶ ᠪᠠᠷ ᠬᠥᠭᠵᠢᠪᠡ᠃ | ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠬᠤᠲᠠ ᠶᠢᠨ ᠲᠠᠷᠢᠶᠠᠯᠠᠩ ᠤᠨ ᠮᠠᠰᠢᠨ᠂ | ᠪᠤᠯᠤᠳ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ ᠭᠦᠢᠯᠭᠡᠭᠡᠨ ᠤ ᠡᠳ᠋ ᠪᠠᠷᠠᠭᠠᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠵᠦᠩ ᠬᠤᠤ ᠮᠠᠰᠢᠨ ᠲᠡᠷᠭᠡᠨ ᠤ ᠪᠠᠶᠢᠴᠠᠭᠠᠨ ᠬᠡᠮᠵᠢᠯᠲᠡ᠂ ᠭᠠᠳᠠᠭᠠᠳᠤ ᠬᠡᠯᠡᠨ ᠤ ᠰᠤᠷᠭᠠᠭᠤᠯᠢ | ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠨᠢ ᠠᠰᠢᠭᠯᠠᠯᠲᠠ ᠳᠤ ᠣᠷᠤᠵᠤ᠂ ᠠᠵᠤ | ᠦᠢᠯᠡᠰ ᠪᠠ ᠬᠤᠲᠠᠴᠢᠯᠠᠯᠲᠠ ᠶᠢᠨ ᠠᠭᠤᠰᠤᠯᠴᠠᠨ ᠬᠥᠭᠵᠢᠯᠲᠡ ᠶᠢᠨ ᠠᠯᠬᠤᠴᠠ ᠲᠦᠷᠭᠡᠳᠴᠦ᠂ ᠪᠡᠯᠡ ᠮᠥᠩᠭᠦ ᠶᠢᠨ | ᠡᠭᠡᠭᠦᠯᠦᠨ ᠬᠤᠷᠢᠶᠠᠯᠲᠠ 13.3 ᠳ᠋ᠦᠩᠰᠢᠭᠤᠷ ᠲᠥᠭᠦᠷᠢᠭ ᠳᠤ ᠬᠦᠷᠪᠡ᠃ ᠢᠦᠶ ᠷᠦᠨ ᠡᠳ᠋ ᠪᠠᠷᠠᠭᠠᠨ ᠤ | ᠭᠦᠢᠯᠭᠡᠭᠡᠨ ᠤ ᠬᠤᠶᠠᠳᠤᠭᠠᠷ ᠬᠤᠭᠤᠴᠠᠭᠠᠨ ᠤ ᠠᠷᠠᠯᠵᠢᠶᠠᠨ ᠤ ᠲᠥᠪ ᠤᠨ ᠠᠵᠢᠯ ᠳᠠᠭᠤᠰᠴᠤ᠂ ᠭᠤᠸᠠᠨ ᠳ᠋ᠦᠩ | ᠪᠦᠷᠢᠨ ᠪᠠᠷᠠᠭ᠎ᠠ ᠨᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠦᠨ᠂ ᠳ᠋ᠢ ᠬᠤᠤ SOHO ᠤᠳᠠᠯ | ᠦᠭᠡᠢ ᠠᠰᠢᠭᠯᠠᠯᠲᠠ ᠳᠤ ᠣᠷᠤᠬᠤ ᠪᠣᠯᠤᠨ᠎ᠠ᠃ ᠮᠥᠩᠭᠦᠨ ᠭᠦᠢᠯᠭᠡᠭᠡᠨ ᠤ ᠦᠢᠯᠡᠰ ᠤᠨ ᠦᠢᠯᠡᠴᠢᠯᠡᠭᠡᠨ ᠤ | ᠴᠢᠳᠠᠪᠤᠷᠢ ᠶᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠣᠯᠤᠨ | ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 371.2 ᠳ᠋ᠦᠩᠰᠢᠭᠤᠷ ᠲᠥᠭᠦᠷᠢᠭ ᠪᠠ 309 ᠳ᠋ᠦᠩᠰᠢᠭᠤᠷ | ᠲᠥᠭᠦᠷᠢᠭ ᠳᠤ ᠬᠦᠷᠴᠠᠢ᠃ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠶ ᠠᠬᠢᠭᠤᠯᠵᠤ᠂ ᠤᠯᠢᠶᠠᠰᠤᠲᠠᠢ᠂ | ᠴᠥ᠋ ᠳ᠋ᠦᠩ ᠵᠡᠷᠭᠡ 15 ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 3 ᠪᠦᠬᠦ | ᠤᠯᠤᠰ ᠤᠨ ᠤᠯᠠᠮᠵᠢᠯᠠᠯᠲᠤ ᠠᠶᠢᠯ ᠲᠣᠰᠬᠤᠨ ᠶᠢ ᠪᠦᠳᠦᠭᠡᠨ ᠪᠠᠶᠢᠭᠤᠯᠵᠤ᠂ ᠬᠤᠸᠠᠩ ᠵᠢᠶᠠ ᠮᠠᠨ ᠳ᠋ᠢᠶᠠᠨ ᠢ | ᠤᠯᠤᠰ ᠤᠨ 3 A ᠲᠠᠰ ᠤᠨ ᠦᠵᠡᠮᠵᠢᠲᠦ ᠣᠷᠣᠨ ᠪᠣᠯᠭᠠᠨ ᠲᠠᠰ ᠳᠡᠪᠰᠢᠭᠦᠯᠦᠨ᠂ ᠵᠤᠭᠠᠴᠠᠭᠰᠠᠳ ᠢ 58 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠳᠤᠮᠳᠠᠴᠢ ᠪᠠᠷ 8.6 ᠳ᠋ᠦᠩᠰᠢᠭᠤᠷ | ᠲᠥᠭᠦᠷᠢᠭ ᠳᠤ ᠬᠦᠷᠴᠠᠢ᠃ | ︵ᠭᠤᠷᠪᠠ︶ ᠬᠤᠳᠠ ᠬᠥᠳᠡᠭᠡ ᠶᠢᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠶᠢ ᠯᠠᠪᠳᠠᠭᠤᠨ ᠪᠠᠲᠤᠲᠠᠶ ᠪᠠᠷ ᠬᠢᠵᠦ ᠡᠬᠢᠯᠡᠪᠡ᠃ ︽ᠨᠢᠭᠡ | ᠴᠠᠭᠠᠷᠢᠭ ᠨᠢᠭᠡ ᠪᠦᠰᠡ ᠤᠯᠠᠨ ᠴᠡᠭ︾ ᠶᠢᠨ ᠵᠢᠱᠢᠶ᠎ᠡ ᠦᠵᠡᠭᠦᠯᠬᠦ ᠵᠠᠮ ᠱᠤᠭᠤᠮ ᠶᠢ ᠬᠦᠴᠦᠯᠡᠨ ᠪᠤᠢ ᠪᠣᠯᠭᠠᠵᠤ᠂ | 14 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ 33 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ | ᠳ᠋ᠠ ᠮᠢᠶᠣᠣ ᠪᠠᠯᠭᠠᠰᠤᠨ ᠤ ᠵᠡᠭᠡᠯᠢ ᠶᠢᠨ ᠵᠠᠰᠠᠯᠲᠠ᠂ ᠰᠢᠶᠤᠤ ᠮᠢᠶᠣᠣ ᠽᠢ ᠵᠠᠩ ᠦᠢᠯᠡ ᠶᠢᠨ ᠲᠣᠰᠬᠤᠨ ᠤ | ᠪᠦᠲᠦᠭᠡᠨ ᠪᠠᠶᠢᠭᠤᠯᠤᠯᠲᠠ ᠪᠠ ᠵᠠᠮ ᠳᠠᠭᠠᠤ ᠶᠢᠨ ᠠᠵᠤ ᠦᠢᠯᠡᠰ ᠤᠨ ᠪᠤᠶᠢᠵᠢᠯᠲᠠ ᠶᠢᠨ ᠠᠬᠢᠴᠠ ᠤᠷᠤᠭᠰᠢᠲᠠᠶ | ᠪᠠᠶᠢᠨ᠎ᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠨᠢ ︽ᠵᠠᠰᠠᠭ ᠤᠨ ᠣᠷᠳᠣᠨ ᠢᠶᠠᠷ | ᠤᠳᠤᠷᠢᠳᠤᠮᠵᠢ ᠪᠣᠯᠭᠠᠭᠰᠠᠨ᠂ ᠤᠯᠠᠨ ᠲᠦᠮᠡᠨ ᠣᠷᠤᠯᠴᠠᠭᠰᠠᠨ᠂ ᠪᠠᠯᠭᠠᠰᠤ ᠲᠣᠰᠬᠤᠨ ᠨᠦᠬᠦᠪᠦᠷᠢᠯᠡᠭᠰᠡᠨ︾ ᠪᠠᠯᠠ | ᠣᠷᠣᠭᠤᠯᠤᠯᠲᠠ ᠶᠢᠨ ᠬᠡᠪ ᠵᠠᠭᠪᠤᠷ ᠢ ᠲᠦᠭᠡᠮᠡᠯᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠬᠥᠮᠦᠨ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠬᠥᠳᠡᠭᠡ | ᠲᠣᠰᠬᠤᠨ ᠤ ᠡᠷᠦᠭᠡ ᠶᠢᠨ ᠵᠣᠷᠯᠣᠩ ᠤᠨ ᠥᠭᠡᠷᠡᠴᠢᠯᠡᠨ ᠵᠠᠰᠠᠯᠲᠠ᠂ ᠬᠤᠭ ᠨᠣᠪᠰᠢ ᠪᠣᠬᠢᠷ ᠤᠰᠤ ᠶᠢ ᠬᠤᠣᠷ | ᠥᠬᠡᠶᠢᠳᠡᠭᠦᠯᠦᠨ ᠰᠢᠢᠳᠪᠦᠷᠢᠯᠡᠬᠦ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 242 ᠥᠭᠡᠷᠡᠴᠢᠯᠡᠨ ᠳᠡᠭᠡᠭᠰᠢᠯᠡᠭᠦᠯᠵᠦ᠂ | 204 ᠺᠢᠯᠣᠮᠧᠳ᠋ᠷ ᠵᠠᠮ᠂ 16 ᠭᠤᠯᠳᠤᠩ ᠬᠥᠭᠦᠷᠭᠡ ᠶᠢ ᠰᠢᠨ᠎ᠡ ᠪᠠᠷ ᠪᠠᠶᠢᠭᠤᠯᠤᠨ᠂ ᠡᠷᠦᠬᠡ ᠪᠣᠯᠭᠠᠨ ᠳᠤ | ᠨᠡᠪᠲᠡᠷᠡᠭᠦᠯᠬᠦ ᠳᠠᠭᠠᠭᠤᠯᠢ ᠣᠳᠤᠨ ᠤ ᠰᠢᠭᠤᠳ ᠨᠡᠪᠳᠡᠷᠡᠭᠦᠯᠭᠡ ᠶᠢᠨ ᠲᠧᠯᠸᠢᠰ ᠢ 1350 ᠢᠵᠢ ᠤᠭᠰᠠᠷᠠᠪᠠ᠃ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ ᠢ ᠤᠷᠤᠭᠰᠢᠲᠠᠶ | ᠬᠡᠷᠡᠭᠵᠢᠭᠦᠯᠵᠦ᠂ ᠨᠠᠮᠤᠭ ᠤᠨ ᠬᠡᠢ ᠶᠢᠨ ᠢᠨᠵᠧᠨᠧᠷᠢᠩ ᠢ 8 ᠥᠭᠡᠷᠡᠴᠢᠯᠡᠨ ᠳᠡᠭᠡᠭᠰᠢᠯᠡᠭᠦᠯᠵᠦ᠂ 49 ᠲᠡᠵᠢᠭᠡᠨ | ᠦᠷᠡᠵᠢᠭᠦᠯᠬᠦ ᠲᠠᠯᠠᠪᠠᠢ ᠶᠢ ᠥᠭᠡᠷᠡᠴᠢᠯᠡᠨ ᠳᠡᠭᠡᠭᠰᠢᠯᠡᠭᠦᠯᠦᠭᠰᠡᠨ ᠪᠠᠶᠢᠨ᠎ᠠ᠃ ᠬᠤᠳᠠ ᠶᠢᠨ ᠪᠦᠳᠦᠭᠡᠨ ᠪᠠᠶᠢᠭᠤᠯᠤᠯᠲᠠ | ᠪᠠ ᠬᠠᠮᠢᠶᠠᠷᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠪᠡ᠃ ᠰᠥᠩᠱᠠᠨ ᠬᠤᠲᠠ ᠲᠣᠭᠤᠷᠢᠭ ᠤᠨ | ᠡᠵᠡᠮᠰᠢᠯ ᠤᠨ ᠲᠦᠷᠢᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠳᠠ ᠲᠣᠭᠤᠷᠢᠭᠰᠠᠨ ᠤᠰᠤᠨ ᠰᠢᠰᠲ᠋ᠧᠮ᠂ | ᠳᠤᠮᠳᠠ ᠲᠣᠭᠤᠷᠢᠭ ᠵᠡᠮ᠂ ᠵᠦᠩ ᠲᠢᠶᠠᠨ ᠸᠠᠨ ᠶᠤᠸᠠᠨ ᠴᠧᠩ ᠵᠡᠷᠭᠡ ᠭᠤᠣᠯᠳᠠᠯᠭ᠎ᠠ ᠲᠠᠢ ᠵᠦᠢᠯᠡᠰ ᠢ | ᠲᠦᠷᠭᠡᠪᠴᠢᠯᠡᠨ ᠬᠡᠷᠡᠭᠵᠢᠭᠦᠯᠵᠦ᠂ ︽ᠲᠠᠪᠤᠨ ᠵᠡᠭᠡᠯᠢ᠂ ᠭᠤᠷᠪᠠᠨ ᠵᠠᠮ︾ ᠤᠨ ᠪᠥᠲᠥᠭᠡᠨ ᠪᠠᠶᠢᠭᠤᠯᠤᠯᠲᠠ ᠶᠢ | ᠤᠷᠤᠭᠰᠢᠲᠠᠶ ᠶᠠᠪᠤᠭᠳᠠᠭᠤᠯᠤᠨ᠂ 9 ᠵᠣᠷᠪᠤᠰ ᠭᠤᠳᠤᠮᠵᠢ ᠵᠡᠮ ᠶᠢᠨ ᠵᠠᠰᠠᠯᠲᠠ ᠪᠠ 2 ᠠᠭᠤᠳᠠᠮ ᠲᠠᠯᠠᠪᠠᠶ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠱᠠᠨ ᠰᠢ ᠶᠢᠩ᠂ ᠹᠦ᠋ ᠴᠢᠶᠠᠩ ᠠᠷᠠᠳ ᠲᠤ ᠳᠦᠭᠦᠮ | ᠦᠵᠡᠭᠦᠯᠬᠦ ᠵᠠᠬ᠎ᠠ ᠳᠡᠯᠭᠡᠭᠦᠷ ᠨᠢ ᠠᠰᠢᠭᠯᠠᠯᠲᠠ ᠳᠤ ᠣᠷᠤᠵᠤ᠂ 6 ᠵᠣᠷᠪᠤᠰ ᠵᠡᠭᠡᠯᠢ ᠶᠢᠨ ᠵᠠᠮ ᠤᠨ 8.4 ᠺᠢᠯᠣᠮᠧᠳ᠋ᠷ | ᠪᠣᠬᠢᠷ ᠤᠰᠤᠨ ᠤ ᠬᠤᠭᠤᠯᠠᠶ ᠶᠢᠨ ᠲᠣᠣᠷ ᠢ ᠰᠢᠯᠢᠳᠡᠭᠵᠢᠭᠦᠯᠦᠨ ᠥᠭᠡᠷᠡᠴᠢᠯᠡᠵᠦ᠂ 5 ᠵᠣᠷᠪᠤᠰ ᠵᠠᠮ ᠤᠨ 16.2 | ᠲᠦᠮᠡᠨ ᠬᠠᠪᠲᠠᠭᠠᠶ ᠳᠥᠷᠪᠡᠯᠵᠢᠨ ᠮᠧᠳ᠋ᠷ ᠤᠨ ᠨᠣᠭᠤᠭᠠᠷᠠᠭᠤᠯᠤᠯᠲᠠ ᠶᠢ ᠪᠡᠶᠡᠯᠡᠭᠦᠯᠪᠡ᠃ ᠠᠵᠢᠯ ᠤᠨ ᠬᠦᠴᠦᠨ ᠢᠶᠠᠨ | ᠲᠡᠭᠦᠯᠳᠡᠷᠵᠢᠭᠦᠯᠵᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠪᠡ᠃ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ᠪᠠ ᠰᠤᠯᠠᠯᠠᠬᠤ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠪᠣᠯᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ | ᠲᠡᠭᠦᠯᠳᠡᠷᠵᠢᠭᠦᠯᠵᠡᠢ᠃ ᠬᠤᠲᠠ ᠶᠢᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠳᠦᠷᠢ | ᠲᠥᠷᠬᠦ ᠪᠠ ᠬᠤᠲᠠ ᠶᠢᠨ ᠠᠷᠠᠳ ᠤᠨ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠶᠠᠪᠤᠭᠠᠨ ᠬᠦᠮᠦᠨ ᠤ ᠵᠠᠮ ᠢ 16 ᠲᠦᠮᠡᠨ ᠲᠡᠭᠰᠢ ᠳᠥᠷᠪᠡᠯᠵᠢᠨ ᠮᠧᠳ᠋ᠷ ᠥᠭᠡᠷᠡᠴᠢᠯᠡᠨ ᠵᠠᠰᠠᠵᠤ᠂ 34 ᠰᠠᠭᠤᠷᠢ | ᠠᠮᠢ ᠠᠬᠤᠶ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ 400 ᠭᠠᠷᠤᠶ | ᠨᠤᠷᠠᠭᠠᠵᠠᠢ᠂ ᠬᠤᠲᠠ ᠶᠢᠨ ᠭᠤᠶᠣᠵᠢᠭᠤᠯᠤᠯᠲᠠ ᠶᠢ 2.7 ᠲᠦᠮᠡᠨ ᠤᠷᠲᠤᠳᠬᠠᠯ ᠮᠧᠳ᠋ᠷ ᠪᠡᠶᠡᠯᠡᠭᠦᠯᠦᠨ᠂ | ᠤᠯᠤᠰ ᠤᠨ ᠠᠷᠢᠭᠤᠨ ᠴᠡᠪᠡᠷ ᠬᠤᠲᠠ ᠶᠢᠨ ᠲᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠦᠯᠪᠡ᠃ ᠵᠠᠮ ᠬᠠᠷᠢᠯᠴᠠᠭ᠎ᠠ | ᠂ ᠤᠰᠤᠨ ᠠᠰᠢᠭᠯᠠᠯᠲᠠ᠂ ᠠᠮᠢ ᠠᠬᠤᠶ ᠶᠢᠨ ᠢᠨᠵᠧᠨᠧᠷᠢᠩ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ | 219 ᠱᠤᠭᠤᠮ ᠤᠨ ᠰᠦᠩᠱᠠᠨ ᠤ ᠬᠡᠰᠡᠭ ᠤᠨ ᠪᠠᠷᠢᠯᠭ᠎ᠠ ᠨᠢ 5 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ 111 ᠱᠣᠭᠤᠮ᠂ 306 ᠱᠤᠭᠤᠮ ᠤᠨ ᠰᠦᠩᠱᠠᠨ ᠤ ᠬᠡᠰᠡᠭ ᠤᠨ ᠠᠷᠠᠴᠢᠯᠠᠨ | ᠬᠠᠮᠠᠭᠠᠯᠠᠬᠤ ᠢᠨᠵᠧᠨᠧᠷᠢᠩ ᠢ ᠪᠦᠬᠦᠨ ᠢ ᠳᠠᠭᠤᠰᠬᠠᠵᠤ᠂ ᠵᠢᠶᠤᠤ ᠳ᠋ᠠ ᠱᠤᠭᠤᠮ ᠢ ᠲᠡᠰ ᠳᠡᠪᠰᠢᠭᠦᠯᠵᠦ ᠥᠭᠡᠷᠡᠴᠢᠯᠡᠨ | ᠪᠠᠶᠢᠭᠤᠯᠬᠤ ᠪᠠᠷᠢᠯᠭ᠎ᠠ ᠶᠢ ᠠᠰᠢᠭᠯᠠᠯᠲᠠ ᠳᠤ ᠣᠷᠤᠭᠤᠯᠤᠭᠰᠠᠨ ᠪᠠᠶᠢᠨ᠎ᠠ᠃ ᠯᠤᠤᠬ᠎ᠠ ᠶᠢᠨ ᠭᠤᠣᠯ ᠤᠨ ᠳᠡᠭᠡᠳᠦ | ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠲᠦᠷᠭᠡᠳᠬᠡᠨ | ᠠᠬᠢᠭᠤᠯᠵᠤ᠂ 3.25 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ 12.7 ᠲᠦᠮᠡᠨ | ᠮᠦ ᠳᠤ ᠦᠨᠳᠦᠷ ᠪᠦᠳᠦᠮᠵᠢᠳᠦ ᠤᠰᠤᠯᠠᠯᠲᠠ ᠶᠢ ᠬᠡᠷᠡᠭᠵᠢᠭᠦᠯᠦᠨ᠂ ᠬᠠᠯᠬᠠᠪᠴᠢ ᠣᠶ ᠢ 2.5 ᠲᠦᠮᠡᠨ ᠮᠦ | ᠪᠦᠳᠦᠭᠡᠨ ᠪᠠᠶᠢᠭᠤᠯᠵᠤ᠂ ᠳᠣᠣᠷ᠎ᠠ ᠠᠰᠢᠭᠲᠤ ᠤᠢ ᠶᠢ 2 ᠲᠦᠮᠡᠨ ᠮᠥ ᠥᠭᠡᠷᠡᠴᠢᠯᠡᠨ᠂ 1.2 ᠲᠦᠮᠡᠨ ᠮᠦ ᠬᠤᠳᠠ | ᠬᠥᠳᠡᠭᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 39 ᠠᠭᠤᠷᠬᠠᠢ ᠶᠢᠨ ᠠᠭᠤᠯᠠ ᠶᠢ ᠴᠡᠭᠴᠡᠯᠡᠨ ᠵᠠᠰᠠᠵᠤ᠂ | ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠢ 20 ᠴᠠᠭᠠᠵᠠᠯᠠᠪᠠ᠃ ᠥᠨᠳᠥᠷ ᠬᠦᠴᠦᠳᠡᠯᠲᠦ ᠪᠠ ᠳᠣᠣᠷ᠎ᠠ | ᠬᠦᠴᠦᠳᠡᠯᠲᠦ ᠤᠲᠠᠰᠤᠨ ᠵᠠᠮ ᠢ 493 ᠲᠦᠮᠡᠨ ᠺᠢᠯᠣᠮᠧᠳ᠋ᠷ ᠥᠭᠡᠷᠡᠴᠢᠯᠡᠨ ᠲᠡᠰ ᠳᠡᠪᠰᠢᠭᠦᠯᠵᠦ᠂ 66 | ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠦᠷᠲᠡᠭᠡ ᠶᠢ 2 ᠰᠠᠭᠤᠷᠢ ᠥᠷᠭᠡᠳᠬᠡᠨ ᠪᠠᠶᠢᠭᠤᠯᠤᠨ᠂ 4.1 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | ︵ᠲᠥᠷᠪᠡ︶ ᠬᠦᠭᠵᠢᠯᠲᠡ ᠶᠢᠨ ᠠᠮᠢᠳᠤᠯᠢᠭ ᠬᠦᠴᠦᠨ ᠡᠳᠦᠷ ᠢᠷᠡᠬᠦᠶ᠎ᠡ ᠴᠢᠩᠭᠠᠷᠠᠵᠤ ᠪᠠᠶᠢᠨ᠎ᠠ᠃ | ᠠᠷᠠᠯᠵᠢᠶᠠᠴᠢᠨ ᠤᠷᠢᠵᠤ ᠪᠠᠯᠠ ᠣᠷᠤᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠡᠪᠦᠯ ᠤᠨ | ᠤᠯᠠᠷᠢᠯ ᠤᠨ ᠠᠵᠢᠯᠯᠠᠭ᠎ᠠ︾ ᠢ ᠢᠳᠡᠪᠬᠢᠲᠡᠶ ᠥᠷᠨᠢᠭᠦᠯᠵᠦ᠂ 30 ᠲᠦᠮᠡᠨ ᠲᠣᠨ ᠤ ᠲᠦᠯᠡᠰᠢᠨ ᠤ ᠡᠲ᠋ᠢᠯ ᠠᠯᠺᠦᠤᠯ᠂ | ᠠᠭᠠᠷ ᠤᠨ ᠠᠶᠠᠯᠠᠯ ᠤᠨ ᠵᠢᠵᠢᠭ ᠪᠠᠯᠭᠠᠰᠤ᠂ ᠰᠡᠩᠳᠡᠩ ᠮᠣᠳᠣᠨ ᠤ ᠨᠠᠷᠢᠯᠢᠭ ᠭᠦᠨᠵᠡᠭᠡᠶ ᠦᠢᠯᠡᠳᠪᠦᠷᠢᠯᠡᠯ ᠵᠡᠷᠭᠡ 23 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠢ ᠠᠮᠵᠢᠯᠲᠠ ᠲᠠᠢ ᠭᠡᠷ᠎ᠡ ᠲᠣᠭᠲᠠᠵᠤ᠂ ᠱᠠᠨᠳᠦ᠋ᠩ ᠤᠨ | ᠡᠭᠦᠳᠦᠯᠲᠡ᠂ ᠵᠧᠵᠢᠶᠠᠩ ᠤᠯᠠᠭᠠᠨᠬᠠᠳᠠ ᠶᠢᠨ ᠬᠤᠳᠠᠯᠳᠤᠭᠠᠨ ᠤ ᠡᠪᠯᠡᠯ ᠵᠡᠷᠭᠡ 8 ᠲᠦᠷᠦᠯ ᠵᠦᠢᠯ ᠨᠢ ᠬᠠᠮᠲᠤᠷᠠᠨ | ᠠᠵᠢᠯᠯᠠᠬᠤ ᠬᠠᠨᠳᠤᠰᠢ ᠲᠠᠢ ᠪᠣᠯᠵᠤ᠂ ᠬᠡᠯᠡᠯᠴᠡᠭᠡᠷ ᠪᠠᠷ 108.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠣᠷᠣᠭᠤᠯᠵᠤ ᠠᠪᠴᠢᠷᠠᠭᠰᠠᠨ ᠪᠠᠶᠢᠨ᠎ᠠ᠃ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠪᠡ᠃ | ᠤᠯᠤᠰ ᠤᠨ ᠥᠮᠴᠢᠯᠡᠯ ᠤᠨ ᠤᠢ ᠰᠢᠭᠤᠶ ᠶᠢᠨ ᠥᠭᠡᠷᠡᠴᠢᠯᠡᠯᠲᠡ᠂ ᠭᠠᠵᠠᠷ ᠰᠢᠷᠤᠢ ᠨᠤᠲᠤᠭ ᠪᠡᠯᠴᠢᠭᠡᠷ ᠤᠨ ᠡᠷᠬᠡ ᠶᠢ | ᠨᠤᠲᠠᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠦᠳᠡᠭᠡ ᠲᠤᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠤᠷᠤᠭᠰᠢᠲᠠᠢ ᠶᠠᠪᠤᠭᠳᠠᠵᠤ᠂ ᠲᠠᠷᠢᠶᠠᠯᠠᠩ ᠤᠨ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ 26 ᠲᠦᠮᠡᠨ ᠮᠦ ᠬᠡᠷᠡᠭᠵᠢᠭᠦᠯᠵᠡᠢ᠃ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠶᠢ ᠦᠨᠳᠦᠰᠦᠨ ᠳᠤ ᠪᠠᠨ ᠵᠠᠭᠠᠭᠯᠠᠨ ᠲᠣᠭᠲᠠᠭᠠᠪᠠ᠃ ᠱᠠᠳᠤ ᠬᠤᠪᠢᠶᠠᠨ | ᠣᠨᠣᠰᠢᠯᠠᠨ ᠡᠮᠨᠡᠬᠦ ᠲᠦᠷᠢᠮ ᠢ ᠠᠩᠬ᠎ᠠ ᠠᠯᠬᠤᠮ ᠪᠠᠶᠢᠭᠤᠯᠵᠤ᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠭᠡᠷ᠎ᠡ | ᠲᠣᠭᠲᠠᠭᠰᠠᠨ ᠨᠣᠷᠮ᠎ᠠ 51% ᠲᠤ ᠬᠦᠷᠪᠡ᠃ ᠠᠨ ᠺᠤᠸᠠᠢ ᠠᠳᠠᠯ ᠦᠢᠯᠡᠰ ᠴᠣᠭᠴᠠᠯᠠᠬᠤ ᠭᠠᠵᠠᠷ ᠨᠢ ᠳ᠋ᠠ ᠶᠤᠸᠠᠨ | ᠬᠤᠯᠢᠮᠠᠭ ᠠᠷᠢᠬᠢ᠂ ᠷᠠᠨ ᠯᠢᠦᠢ ᠮᠧᠢ ᠠᠮᠢ ᠠᠬᠤᠢ ᠵᠡᠷᠭᠡ 23 ᠲᠥᠷᠥᠯ ᠵᠦᠢᠯ ᠶᠢ ᠠᠮᠵᠢᠯᠲᠠ ᠲᠠᠢ ᠨᠡᠪᠴᠢᠭᠦᠯᠪᠡ᠃ | ᠳ᠋ᠠᠶᠢᠲ᠋ᠠ ᠶᠢᠨ ᠡᠭᠦᠳᠦᠯᠲᠡ ᠶᠢᠨ ᠠᠵᠤ ᠦᠢᠯᠡᠰ ᠤᠨ ᠴᠢᠳᠠᠪᠤᠷᠢᠲᠠᠨ ᠢ ᠨᠡᠪᠴᠢᠭᠦᠯᠬᠦ ᠠᠵᠢᠯ ᠨᠢ ᠢᠳᠡᠪᠬᠢᠲᠠᠢ | ᠠᠬᠢᠴᠠ ᠲᠠᠢ ᠪᠣᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠥᠪ ᠤᠨ ᠳ᠋ᠠᠶᠢᠲ᠋ᠠ ᠶᠢᠨ ᠡᠭᠦᠳᠦᠯᠲᠡ ᠶᠢᠨ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠠᠯᠠᠪᠠᠢ ᠨᠢ 4500 ᠲᠡᠭᠰᠢ ᠳᠥᠷᠪᠡᠯᠵᠢᠨ ᠮᠧᠳ᠋ᠷ ᠨᠡᠮᠡᠭᠳᠡᠵᠦ᠂ | ᠳ᠋ᠠᠶᠢᠲ᠋ᠠ ᠶᠢᠨ ᠡᠭᠦᠳᠦᠯᠲᠡ ᠶᠢᠨ ᠲᠤᠰᠬᠠᠶ ᠮᠡᠷᠭᠡᠵᠢᠯ ᠢ 5 ᠳᠤ ᠬᠦᠷᠦᠭᠦᠯᠵᠦ᠂ ᠰᠤᠷᠭᠠᠭᠤᠯᠢ ᠳᠤ ᠪᠠᠶᠢᠭ᠎ᠠ | ᠰᠤᠷᠤᠭᠴᠢ ᠶᠢᠨ ᠲᠤᠭ᠎ᠠ ᠨᠢ ᠨᠡᠮᠡᠭᠳᠡᠭᠡᠳ 810 ᠬᠥᠮᠦᠨ ᠲᠤ ᠬᠦᠷᠪᠡ᠃ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠲᠤᠬᠠᠢ 9 ᠲᠠᠯ᠎ᠠ ᠶᠢᠨ 27 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠲᠤᠰᠬᠠᠶ ᠬᠦᠮᠦᠰ ᠢ ᠲᠣᠮᠢᠯᠠᠨ᠂ ᠲᠤᠰᠬᠠᠢ ᠠᠩᠭᠢ ᠵᠣᠬᠢᠶᠠᠨ ᠪᠠᠶᠢᠭᠤᠯᠤᠨ᠂ ᠰᠢᠰᠲᠧᠮ ᠲᠠᠢ ᠲᠦᠯᠬᠢᠨ ᠠᠬᠢᠭᠤᠯᠵᠤ᠂ | ᠡᠷᠬᠡ ᠬᠠᠷᠢᠭᠤᠴᠠᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠵᠡᠷᠭᠡ ᠨᠠᠢᠮᠠᠨ ᠬᠠᠭᠤᠳᠠᠰᠤ ᠨᠠᠷᠢᠨ | ᠳᠠᠩᠰᠠ ᠢ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ︽ᠬᠢᠨᠠᠨ ᠪᠠᠶᠢᠴᠠᠭᠠᠬᠤ ᠶᠢ ᠨᠢᠭᠡᠳᠬᠡᠬᠦ︾᠂ ︽ᠨᠢᠭᠡ ᠬᠥᠮᠦᠨ | ᠨᠡᠶᠢᠳᠡᠮ ᠰᠢᠢᠳᠪᠦᠷᠢᠯᠡᠬᠦ᠂ ᠤᠯᠠᠨ ᠦᠨᠡᠮᠯᠡᠯ ᠢ ᠨᠢᠭᠡᠳᠬᠡᠬᠦ︾ ᠳᠠᠩᠰᠠᠯᠠᠬᠤ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠦᠨ᠂ 210 ᠵᠦᠢᠯᠡᠰ ᠨᠢ ︽ᠨᠢᠭᠡ ᠯᠡ ᠤᠳᠠᠭ᠎ᠠ ᠳᠤ ᠭᠦᠢᠴᠡᠳᠬᠡᠵᠦ ᠳᠡᠶᠢᠯᠬᠦ︾ ᠶᠢ ᠪᠡᠶᠡᠯᠡᠭᠦᠯᠪᠡ᠂ | ᠠᠵᠤ ᠠᠬᠤᠶᠢᠯᠠᠯ ᠶᠢᠨ ᠡᠬᠢᠯᠡᠵᠦ ᠡᠷᠭᠢᠯᠡᠬᠦ ᠴᠠᠭ ᠢ ᠳᠠᠬᠢᠨ ᠬᠠᠭᠠᠰ ᠢᠶᠠᠷ ᠪᠠᠭᠠᠰᠬᠠᠵᠤ᠂ ᠪᠦᠬᠦ ᠵᠢᠯ ᠳᠤ ᠰᠢᠨ᠎ᠡ ᠪᠠᠷ | ᠨᠡᠮᠡᠭᠳᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ 9989 ᠳᠤ ᠬᠦᠷᠪᠡ᠃ | ︵ᠲᠠᠪᠤ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠬᠤᠲᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ ᠶᠢᠨ ᠬᠥᠮᠦᠨ ᠤ ᠲᠤᠭ᠎ᠠ 4297 ᠬᠦᠮᠦᠨ ᠳᠤ ᠬᠦᠷᠴᠦ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠲᠣᠲᠤᠷ᠎ᠠ ᠬᠢᠵᠠᠭᠠᠷᠯᠠᠪᠠ᠃ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠶᠢ 8.25 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠪᠦᠷᠢ ᠲᠤᠰ ᠲᠤᠰ 62 | ᠲᠥᠭᠦᠷᠢᠭ ᠪᠠ 58.3 ᠲᠥᠭᠦᠷᠢᠭ ᠳᠡᠭᠡᠭᠰᠢᠯᠡᠭᠦᠯᠪᠡ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ 562 | ᠲᠦᠮᠡᠨ ᠲᠥᠭᠦᠷᠢᠭ ᠲᠠᠷᠬᠠᠭᠠᠵᠤ᠂ ᠭᠠᠮᠰᠢᠭᠳᠠᠭᠰᠠᠨ ᠠᠷᠠᠳ ᠪᠠ ᠶᠠᠳᠠᠭᠤ ᠬᠦᠴᠢᠷᠳᠡᠯᠲᠡᠢ ᠤᠯᠠᠨ ᠲᠦᠮᠡᠨ ᠶᠢ 3.9 | ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ 33 ᠨᠡᠷᠡᠰ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ | ᠪᠠᠶᠢᠯᠳᠤᠭᠴᠢᠳ ᠢ ᠲᠣᠬᠢᠲᠠᠶ ᠲᠥᠪᠬᠢᠨᠡᠭᠦᠯᠪᠡ᠃ ᠠᠷᠪᠠᠳᠤᠭᠠᠷ ᠬᠤᠭᠤᠴᠠᠭᠠᠨ ᠤ ᠲᠣᠰᠬᠤᠨ ᠪᠣᠯᠤᠨ ᠨᠡᠶᠢᠭᠡᠮ | ᠲᠣᠭᠤᠷᠢᠭ ᠤᠨ ᠬᠤᠭᠤᠴᠠᠭ᠎ᠠ ᠰᠣᠯᠢᠬᠤ ᠠᠵᠢᠯ ᠤᠷᠤᠭᠰᠢᠲᠠᠢ ᠪᠡᠶᠡᠯᠡᠭᠳᠡᠪᠡ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠭᠤᠷᠪᠠᠳᠤᠭᠠᠷ ᠬᠤᠭᠤᠴᠠᠭ᠎ᠠ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠨᠢᠭᠡ ᠴᠤᠭᠴᠠᠵᠢᠭᠰᠠᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠲᠦᠭᠡᠮᠡᠯᠵᠢᠭᠦᠯᠦᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠲᠥᠯᠥᠪᠯᠡᠭᠡ ᠶᠢ ᠪᠥᠬᠦ ᠲᠠᠯ᠎ᠠ ᠪᠠᠷ ᠡᠬᠢᠯᠡᠭᠦᠯᠵᠦ᠂ | ᠬᠤᠲᠠ ᠶᠢᠨ ᠲᠣᠭᠤᠷᠢᠭ ᠤᠨ 5 ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠶᠢ ᠠᠰᠢᠭᠯᠠᠯᠲᠠ ᠳᠤ ᠣᠷᠣᠭᠤᠯᠵᠤ᠂ | 2.26 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃ ᠪᠦᠬᠦ ᠲᠣᠭᠤᠷᠢᠭ ᠤᠨ ᠰᠤᠷᠭᠠᠨ | ᠬᠦᠮᠦᠵᠢᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ ᠨᠢ 69.6% | ᠬᠦᠷᠪᠡ᠃ ᠰᠦᠩᠱᠠᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠠᠰᠢᠭᠯᠠᠯᠲᠠ ᠳᠤ | ᠣᠷᠣᠭᠤᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠭᠠᠵᠠᠷ ᠤᠨ ᠰᠢᠨ᠎ᠡ ᠣᠷᠤᠨ ᠪᠠᠶᠢᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠠᠭᠤᠰᠬᠠᠪᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠨᠢ 96% | ᠬᠦᠷᠴᠦ᠂ 4.1 ᠳ᠋ᠦᠩᠰᠢᠭᠤᠷ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠳᠠᠩᠰᠠᠨ ᠠᠴᠠ ᠲᠠᠶᠢᠯᠪᠠ᠃ ᠬᠥᠳᠡᠭᠡ | ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠯᠭᠡ ᠶᠢᠨ ᠴᠤᠭᠯᠠᠭᠠᠨ ᠶᠢ ᠠᠮᠵᠢᠯᠲᠠ ᠲᠠᠢ | ᠬᠠᠮᠵᠢᠨ ᠬᠢᠵᠦ᠂ 11 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠬᠤᠪᠢᠷᠠᠭᠤᠯᠪᠠ᠃ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠲᠣᠮᠤ ᠲᠣᠮᠳᠠ ᠬᠡᠯᠪᠡᠷᠢ ᠶᠢᠨ ᠢᠳᠡᠭᠡᠨ | ᠤᠮᠳᠠᠭᠠᠨ ᠤ ᠪᠠᠶᠢᠭᠤᠯᠭ᠎ᠠ ᠨᠢ ᠡᠯᠧᠺᠳ᠋ᠷᠣᠨ ᠢᠶᠠᠷ ᠬᠢᠨᠠᠨ ᠬᠠᠮᠢᠶᠠᠷᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠪᠡ᠃ | ᠠᠹᠷᠢᠺᠠ ᠲᠢᠪ ᠤᠨ ᠭᠠᠭ᠋ᠠᠶ ᠶᠢᠨ ᠬᠢᠵᠢᠭ ᠶᠢ ᠰᠡᠷᠭᠡᠶᠢᠯᠡᠨ ᠡᠵᠡᠮᠳᠡᠵᠦ᠂ ︽ᠬᠢᠵᠢᠭ ᠤᠨ ᠪᠠᠶᠢᠳᠠᠯ ᠢᠯᠡᠷᠡᠭᠰᠡᠨ ᠦᠭᠡᠢ︾ | ᠃ ᠪᠦᠬᠦ ᠤᠯᠤᠰ ᠤᠨ ᠲᠦᠷᠪᠡᠲᠦᠭᠡᠷ ᠤᠳᠠᠭᠠᠨ ᠤ ᠠᠵᠤ ᠠᠬᠤᠢ ᠶᠢᠨ ᠨᠡᠶᠢᠲᠡᠮ ᠪᠠᠶᠢᠴᠠᠭᠠᠯᠲᠠ ᠶᠢ ᠪᠦᠬᠦ ᠲᠠᠯ᠎ᠠ ᠪᠠᠷ | ᠡᠬᠢᠯᠡᠭᠦᠯᠪᠡ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠶᠢᠨ ᠬᠠᠮᠠᠭᠠᠯᠠᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ︽ᠰᠣᠶᠣᠯ ᠢ ᠲᠦᠭ ᠲᠦᠮᠡᠨ ᠠᠷᠠᠳ ᠲᠦᠮᠡᠨ ᠳᠤ ᠲᠦᠭᠡᠮᠡᠯᠵᠢᠭᠦᠯᠬᠦ︾ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ᠬᠡᠮᠡᠬᠦ | ᠨᠡᠷᠡᠶᠢᠳᠦᠯ ᠣᠯᠪᠠ᠃ ᠹᠧᠩ ᠽᠧ ᠶᠤᠸᠠᠨ ᠨᠡᠶᠢᠭᠡᠮ ᠲᠣᠭᠤᠷᠢᠭ ᠨᠢ ᠪᠦᠬᠦ ᠤᠯᠤᠰ ᠤᠨ ᠠᠷᠠᠳᠴᠢᠯᠠᠯ ᠬᠠᠤᠯᠢ ᠪᠠᠷ | ᠵᠠᠰᠠᠭᠰᠠᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠪᠠᠷ ᠦᠨᠡᠯᠡᠭᠳᠡᠵᠦ᠂ ᠬᠠᠰ ᠯᠣᠣ ᠵᠡᠭᠡᠯᠢ ᠭᠤᠳᠤᠮᠵᠢ ᠨᠢ ᠪᠦᠬᠦ | ᠤᠯᠤᠰ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠵᠣᠬᠢᠶᠠᠨ ᠪᠠᠶᠢᠭᠤᠯᠤᠯᠲᠠ ᠶᠢᠨ | ᠨᠡᠷᠡᠶᠢᠳᠦᠯ ᠶᠢ ᠣᠯᠪᠠ᠃ ᠬᠤᠶᠠᠷ ᠢ ᠬᠦᠷᠢᠶᠡᠯᠡᠬᠦ᠂ ᠦᠨᠳᠦᠰᠦᠲᠡᠨ ᠤ ᠱᠠᠰᠢᠨ ᠰᠤᠷᠲᠠᠬᠤᠨ᠂ ᠪᠠᠶᠢᠭᠤᠯᠤᠯᠭ᠎ᠠ ᠶᠢᠨ | ᠶᠠᠪᠤᠳᠠᠯ᠂ ᠳᠠᠩᠰᠠ ᠡᠪᠬᠡᠮᠡᠯ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠡᠮᠬᠢ ᠳᠢᠭᠯᠢᠮ ᠲᠠᠢ ᠶᠠᠪᠤᠭᠳᠠᠨ | ᠂ ᠨᠠᠰᠤᠲᠠᠶᠢᠴᠣᠳ᠂ ᠡᠬᠡ ᠨᠢᠯᠬᠠᠰ᠂ ᠵᠡᠮᠳᠡᠭᠴᠦᠳ ᠤᠨ ᠠᠵᠢᠯ ᠦᠢᠯᠡᠰ ᠰᠢᠨ᠎ᠡ ᠦᠷ᠎ᠡ ᠪᠦᠳᠦᠮᠵᠢ ᠣᠯᠪᠠ᠃ ᠪᠦᠬᠦ | ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ 38.7 ᠳ᠋ᠦᠩᠰᠢᠭᠤᠷ ᠲᠤ ᠬᠦᠷᠴᠦ᠂ ᠡᠳ᠋ ᠤᠨ ᠵᠠᠰᠠᠭ ᠤᠨ | ᠵᠠᠷᠤᠯᠭ᠎ᠠ ᠶᠢᠨ 80.1% ᠢ ᠡᠵᠡᠯᠡᠪᠡ᠃ | ︵ᠵᠢᠷᠭᠤᠭ᠎ᠠ︶ ᠠᠷᠠᠳᠴᠢᠯᠠᠯ ᠪᠣᠯᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠡᠰᠦᠷᠡᠯᠳᠠ ᠤᠢᠭᠡᠢ | ᠴᠢᠩᠭᠠᠳᠬᠠᠵᠠᠢ᠃ ᠬᠠᠤᠯᠢ ᠶᠣᠰᠣᠭᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ | ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ | ᠪᠦᠯᠬᠦᠮ ᠤᠨ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠲᠡ 70 ᠵᠣᠷᠪᠤᠰ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ 164 ᠵᠣᠷᠪᠤᠰ ᠬᠦᠯᠢᠶᠡᠨ ᠠᠪᠴᠤ ᠭᠦᠢᠴᠡᠳᠬᠡᠪᠡ᠃ ᠲᠥᠪ ᠬᠤᠷᠢᠶᠠᠨ ᠤ | ᠨᠠᠢᠮᠠᠨ ᠵᠤᠷᠪᠤᠰ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠶᠢ ᠦᠷᠭᠦᠯᠵᠢᠯᠡᠨ ᠴᠡᠭᠴᠡᠯᠡᠨ | ᠵᠠᠰᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ 3.1% ᠪᠠᠷ ᠪᠠᠭᠠᠰᠤᠭᠰᠠᠨ ᠪᠠᠶᠢᠨ᠎ᠠ᠂ | ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠲᠥᠪ ᠴᠢᠩᠭ᠎ᠠ ᠬᠠᠷᠢᠭᠤᠴᠠᠯᠭ᠎ᠠ | ᠨᠡᠬᠡᠮᠵᠢᠯᠡᠪᠡ᠃ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠪᠡ᠃ ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠶᠢᠨ ᠳᠤᠮᠳᠠ | ᠬᠤᠭᠤᠴᠠᠭᠠᠨ ᠤ ᠰᠢᠯᠭᠠᠨ ᠠᠪᠬᠤ ᠠᠵᠢᠯ ᠢ ᠤᠷᠤᠭᠰᠢᠲᠠᠶ ᠥᠩᠭᠡᠷᠡᠭᠦᠯᠪᠡ᠃ ︽ᠭᠤᠷᠪᠠᠨ ᠲᠠᠪᠬᠤᠷᠭ᠎ᠠ ᠨᠢᠭᠡ | ᠱᠣᠭᠤᠮ︾ ᠲᠣᠣᠷᠯᠢᠭ ᠬᠢᠨᠠᠯᠲᠠ ᠬᠠᠮᠢᠶᠠᠷᠤᠯᠲᠠ ᠶᠢᠨ ᠦᠷ᠎ᠡ ᠪᠦᠳᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ᠂ | ᠥᠨᠳᠥᠷ ᠳᠡᠭᠡᠷ᠎ᠡ ᠠᠴᠠ ᠶᠠᠭᠤᠮ᠎ᠠ ᠤᠨᠠᠬᠤ᠂ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠵᠢᠵᠢᠭ ᠪᠢᠴᠢᠯ ᠠᠵᠤ | ᠠᠬᠤᠶᠢᠯᠠᠯ ᠤᠨ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠢ ᠰᠢᠨ᠎ᠡ ᠶᠢ ᠡᠭᠦᠳᠦᠨ | ᠨᠡᠶᠢᠲᠡᠯᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ ᠪᠦᠬᠦ ᠵᠢᠯ ᠳᠤ | ᠨᠡᠯᠢᠶᠡᠳ ᠶᠡᠭᠡ ᠠᠴᠠ ᠳᠡᠭᠡᠭᠰᠢ ᠠᠶᠤᠯᠭᠦᠶ ᠶᠢᠨ ᠡ᠊ᠨᠳᠡᠯ ᠭᠠᠷᠤᠭᠰᠠᠨ ᠤᠢᠭᠡᠢ᠃ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ 1117 ᠰᠠᠭᠤᠷᠢ ᠲᠦᠷᠢᠮ ᠠᠴᠠ ᠵᠥᠷᠢᠴᠡᠭᠰᠡᠨ | ᠳᠦᠬᠦᠭᠡᠷᠦᠮᠵᠢᠲᠦ ᠲᠠᠷᠢᠶᠠᠯᠠᠩ ᠳᠤ ᠲᠣᠬᠤᠭᠰᠠᠨ ᠰᠠᠭᠤᠴᠠ ᠶᠢ ᠡᠷᠡᠰ ᠰᠢᠭᠤᠷᠬᠠᠶ ᠪᠠᠷ ᠨᠤᠷᠠᠭᠠᠵᠠᠢ᠃ | ᠰᠦᠯᠵᠢᠶᠡᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ | ᠲᠤᠰᠬᠠᠶ ᠲᠡᠮᠡᠴᠡᠯ ᠶᠢ ᠨᠠᠷᠢᠨ ᠨᠢᠮᠪᠠᠶ ᠪᠠᠶᠢᠷᠢᠯᠠᠭᠤᠯᠵᠤ᠂ ︽ᠭᠤᠷᠪᠠᠨ ᠴᠣᠬᠢᠯᠲᠠ ᠥᠭᠴᠦ᠂ ᠨᠢᠭᠡ ᠶᠢ ᠴᠡᠭᠴᠡᠯᠡᠨ | ᠵᠠᠰᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠢᠨᠲ᠋ᠤᠷ ᠰᠦᠯᠵᠢᠶᠡᠨ ᠤ ᠬᠡᠶᠢᠰᠪᠦᠷᠢ ᠨᠡᠶᠢᠭᠡᠮ ᠤᠨ | ᠬᠠᠮᠢᠶᠠᠷᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠬᠦᠨᠳᠦ ᠶᠡᠭᠡ ᠨᠡᠶᠢᠭᠡᠮ ᠤᠨ ᠠᠶᠤᠯ ᠢ ᠰᠡᠷᠭᠡᠶᠢᠯᠡᠨ | ᠡᠵᠡᠮᠳᠡᠬᠦ ᠪᠠ ᠰᠢᠢᠳᠪᠦᠷᠢᠯᠡᠯᠲᠡ ᠨᠢ ᠬᠦᠴᠦᠲᠠᠢ ᠪᠣᠯᠵᠠᠢ᠃ ᠶᠡᠭᠡ ᠬᠦᠴᠦ ᠣᠷᠣᠭᠤᠯᠵᠤ ᠪᠠᠶᠢᠭᠠᠳ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ | ᠰᠡᠷᠡᠮᠵᠢ ᠶᠡᠬᠡᠲᠠᠢ ᠴᠠᠭ ᠦᠶ᠎ᠡ ᠶᠢᠨ ᠠᠮᠤᠷ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ | ᠬᠠᠮᠠᠭᠠᠯᠠᠬᠤ ᠢ ᠴᠢᠩᠭᠠᠳᠬᠠᠵᠤ᠂ ᠨᠢᠭᠡ ᠪᠦᠯᠦᠭ ᠶᠠᠷᠰᠢᠭ ᠲᠦᠪᠡᠭ ᠲᠠᠢ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠲᠣᠬᠢᠲᠠᠶ ᠰᠢᠢᠳᠪᠦᠷᠢᠯᠡᠨ᠂ ᠨᠡᠶᠢᠭᠡᠮ ᠤᠨ ᠶᠡᠭᠡ ᠪᠠᠶᠢᠳᠠᠯ ᠶᠡᠷᠦᠩᠬᠡᠢ ᠳᠡᠭᠡᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠨ᠎ᠠ᠃ | ᠲᠥᠯᠥᠭᠡᠯᠡᠭᠴᠢᠳ ᠡ᠂ ᠠᠯᠤᠰ ᠤᠨ ᠬᠦᠰᠡᠯᠡᠩ ᠢ ᠡᠪᠦᠷᠯᠡᠵᠦ ᠶᠠᠪᠤᠭ᠎ᠠ ᠬᠥᠮᠦᠰ ᠠᠮᠵᠢᠯᠲᠠ ᠣᠯᠵᠤ᠂ | ᠬᠦᠴᠢᠷ ᠢ ᠲᠤᠭᠤᠯᠤᠨ ᠶᠠᠪᠤᠭ᠎ᠠ ᠬᠦᠮᠦᠰ ᠤᠷᠤᠭᠰᠢᠯᠠᠬᠤ ᠪᠣᠯᠤᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠤ ᠡᠬᠢᠯᠡᠯᠲᠡ ᠶᠢᠨ ᠵᠢᠯ᠂ ᠪᠢᠳᠡ ᠯᠠᠪᠳᠠᠭᠤᠨ ᠪᠠᠲᠤᠲᠠᠢ ᠪᠠᠷ᠂ ᠬᠠᠯᠠᠰᠢᠷᠠᠯ ᠦᠭᠡᠢ ᠴᠢᠷᠮᠠᠶᠢᠨ ᠵᠢᠳᠬᠦᠵᠦ᠂ | ︽ᠬᠤᠭᠤᠰᠣᠨ ᠨᠡᠷ᠎ᠡ ᠶᠢ ᠬᠥᠭᠡᠭᠡᠴᠡᠯᠳᠦᠬᠦ ᠦᠭᠡᠢ᠂ ᠥᠩᠭᠡᠪᠴᠢ ᠠᠵᠢᠯ ᠳᠤ ᠪᠠᠷᠢᠭᠳᠠᠬᠤ ᠦᠭᠡᠢ︾ ᠭᠡᠰᠡᠨ | ᠠᠮᠠᠯᠠᠯᠲᠠ ᠪᠠᠨ ᠴᠢᠷᠮᠠᠶᠢᠨ ᠪᠡᠶᠡᠯᠡᠭᠦᠯᠦᠨ᠎ᠡ᠂ ᠬᠥᠭᠵᠢᠯᠲᠡ ᠶᠢᠨ ᠲᠣᠭᠲᠠᠯ ᠬᠦᠴᠦᠨ ᠢ ᠪᠠᠷᠢᠮᠲᠠᠯᠠᠨ᠂ ᠦᠨᠡᠨ ᠪᠣᠳᠠᠲᠠᠶ | ᠠᠵᠢᠯᠯᠠᠵᠤ ᠤᠯᠤᠰ ᠢᠶᠠᠨ ᠮᠠᠨᠳᠤᠭᠤᠯᠬᠤ ᠶᠢ ᠪᠠᠷᠢᠮᠲᠠᠯᠠᠵᠤ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ | ᠶᠡᠬᠡᠰᠴᠦ ᠪᠠᠶᠢᠭ᠎ᠠ ᠪᠠᠶᠢᠳᠠᠯ ᠤᠨ ᠳᠣᠣᠷ᠎ᠠ᠂ ᠠᠵᠤ ᠠᠬᠤᠶ ᠶᠢᠨ ᠠᠵᠢᠯᠯᠠᠭᠠᠨ ᠢ ᠢᠮᠠᠭᠲᠠ ᠲᠣᠭᠲᠠᠭᠤᠨ ᠤ ᠳᠤᠮᠳᠠ | ᠤᠷᠤᠭᠰᠢᠯᠠᠭᠤᠯᠵᠤ᠂ ᠰᠠᠭᠤᠷᠢ ᠲᠤᠭ᠎ᠠ ᠶᠡᠭᠡ᠂ ᠡᠭᠦᠷᠭᠡ ᠬᠦᠨᠳᠦ ᠪᠠᠶᠢᠳᠠᠯ ᠤᠨ ᠳᠣᠣᠷ᠎ᠠ᠂ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠡᠦᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠦᠨ᠂ ᠪᠡᠯᠡ | ᠮᠥᠩᠭᠦ ᠴᠤᠭᠯᠠᠭᠤᠯᠬᠤ ᠠᠵᠢᠯ ᠶᠡᠷᠦ ᠪᠣᠰᠤ ᠶᠢᠨ ᠬᠦᠴᠢᠷ ᠪᠡᠷᠬᠡᠰᠢᠶᠡᠯᠲᠦ ᠪᠠᠶᠢᠳᠠᠯ ᠤᠨ ᠳᠣᠣᠷ᠎ᠠ᠂ ᠬᠤᠳᠠ ᠶᠢᠨ | ᠪᠦᠳᠦᠭᠡᠨ ᠪᠠᠶᠢᠭᠤᠯᠤᠯᠲᠠ ᠢ ᠬᠦᠴᠦᠲᠠᠢ ᠲᠦᠯᠬᠢᠨ ᠠᠬᠢᠭᠤᠯᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ | ᠢᠷᠡᠬᠦᠶ᠎ᠡ ᠲᠤᠪᠤᠶᠢᠮ᠎ᠠ ᠪᠤᠯᠵᠥ ᠪᠠᠶᠢᠭ᠎ᠠ ᠪᠠᠶᠢᠳᠠᠯ ᠳᠣᠣᠷ᠎ᠠ᠂ ᠣᠨ ᠤ ᠥᠷᠢ ᠥᠭᠴᠡᠭᠡ ᠠᠷᠢᠯᠭᠠᠬᠤ ᠡᠭᠦᠷᠭᠡ ᠶᠢ | ᠳᠠᠪᠠᠭᠤᠯᠤᠨ ᠪᠡᠶᠡᠯᠡᠭᠦᠯᠦᠨ᠂ ᠡᠳ᠋ ᠤᠨ ᠵᠠᠰᠠᠭ ᠮᠠᠰᠢ ᠪᠠᠴᠢᠮ ᠪᠠᠶᠢᠭ᠎ᠠ ᠨᠥᠬᠦᠴᠡᠯ ᠳᠣᠣᠷ᠎ᠠ᠂ ᠰᠤᠷᠭᠠᠨ | ᠬᠥᠮᠦᠵᠢᠯ ᠤᠨ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠢ ᠨᠡᠯᠢᠶᠡᠳ ᠶᠡᠬᠡᠪᠡᠷ ᠰᠠᠶᠢᠵᠢᠷᠠᠭᠤᠯᠤᠨ᠂ | ᠵᠥᠷᠢᠴᠡᠯ ᠤᠨ ᠠᠰᠠᠭᠤᠳᠠᠯ ᠨᠠᠷᠢᠨ ᠪᠤᠳᠤᠯᠢᠶᠠᠨ ᠲᠠᠢ ᠰᠣᠯᠪᠢᠴᠠᠭᠰᠠᠨ ᠠᠬᠤᠶ ᠪᠠᠶᠢᠳᠠᠯ ᠤᠨ ᠳᠣᠣᠷ᠎ᠠ᠂ ᠨᠡᠶᠢᠭᠡᠮ ᠤᠨ | ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠲᠡᠶᠢᠰᠢ ᠪᠠᠰᠠ ᠨᠢᠭᠡᠨ | ᠪᠠᠲᠤ ᠪᠠᠬᠢ ᠠᠯᠬᠤᠮ ᠢ ᠠᠯᠬᠤᠭᠰᠠᠨ ᠪᠠᠶᠢᠨ᠎ᠠ᠃ ᠡᠲᠡᠭᠡᠷ ᠠᠮᠵᠢᠯᠲᠠ ᠪᠦᠲᠦᠮᠵᠢ ᠶᠢ ᠣᠯᠤᠭᠰᠠᠨ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠢᠶᠠᠷ ᠭᠤᠣᠯ ᠦᠨᠳᠦᠰᠦ ᠪᠣᠯᠭᠠᠵᠤ᠂ ᠬᠤᠲᠠ ᠶᠢᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠭᠡ ᠪᠠ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠪᠠᠷ ᠵᠠᠩᠭᠢᠯᠠᠭ᠎ᠠ ᠪᠣᠯᠭᠠᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ | ᠬᠢᠨᠠᠯᠲᠠ ᠪᠠ ᠬᠦᠴᠦᠲᠡᠶ ᠳᠡᠮᠵᠢᠯᠭᠡ᠂ ᠪᠥᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠤᠶᠤᠨ | ᠤᠬᠠᠭᠠᠨ ᠪᠠ ᠬᠦᠴᠦ ᠬᠥᠳᠡᠯᠮᠦᠷᠢ ᠠᠴᠠ ᠰᠠᠯᠵᠤ ᠪᠣᠯᠤᠰᠢ ᠦᠭᠡᠢ ᠶᠣᠮ᠃ ᠡ᠊ᠨᠳᠡ ᠪᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠢ ᠳᠥᠯᠥᠭᠡᠯᠡᠵᠦ᠂ ᠪᠦᠬᠦ ᠲᠣᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ᠂ | ᠵᠠᠰᠠᠭ ᠤᠨ ᠣᠷᠳᠣᠨ ᠤ ᠠᠵᠢᠯ ᠢ ᠶᠡᠬᠡᠪᠡᠷ ᠳᠡᠮᠵᠢᠵᠦ ᠲᠤᠰᠠᠯᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦ᠋ᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ | ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠰᠦᠩᠱᠠᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠪᠣᠶ ᠪᠥᠬᠦᠶ ᠨᠥᠬᠦᠳ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠳ᠋ᠦᠡᠭᠨᠡᠬᠦ ᠶᠢᠨ ᠬᠠᠮᠲᠤ᠂ ᠪᠢᠳᠡ ᠪᠠᠰᠠ ᠪᠥᠬᠦ ᠲᠣᠭᠤᠷᠢᠭ ᠤᠨ ᠬᠥᠭᠵᠢᠯᠲᠡ | ᠲᠡᠩᠴᠡᠭᠦᠷᠢ ᠦᠭᠡᠢ ᠭᠦᠢᠴᠡᠳ ᠦᠭᠡᠢ ᠪᠠᠶᠢᠭ᠎ᠠ ᠵᠥᠷᠢᠴᠡᠯ ᠮᠥᠨ ᠯᠡ ᠮᠠᠰᠢ ᠲᠤᠪᠤᠶᠢᠮ᠎ᠠ ᠪᠠᠶᠢᠬᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠷᠢᠮ ᠭᠦᠨ ᠳᠠᠪᠬᠤᠷᠭ᠎ᠠ ᠶᠢᠨ ᠠᠰᠠᠭᠤᠳᠠᠯ ᠪᠠᠰᠠ ᠰᠠᠶᠢᠲᠤᠷ | ᠰᠢᠢᠳᠪᠦᠷᠢᠯᠡᠭᠳᠡᠭᠡᠳᠦᠢ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠭᠤᠣᠯ ᠢᠯᠡᠷᠡᠯ ᠨᠢ ᠭᠡᠪᠡᠯ᠄ ᠠᠵᠤ | ᠠᠬᠤᠶ ᠶᠢᠨ ᠶᠡᠷᠦᠩᠬᠡᠶ ᠬᠡᠮᠵᠢᠶ᠎ᠡ ᠢ ᠥᠷᠭᠡᠳᠬᠡᠬᠦ ᠬᠤᠷᠳᠤᠴᠠ ᠲᠡᠶᠢᠮᠦ ᠲᠦᠷᠭᠡᠨ ᠪᠢᠰᠢ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠡᠷᠴᠢᠮ ᠴᠢᠩᠭ᠎ᠠ ᠪᠢᠰᠢ︔ ᠤᠨᠢᠨ | ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠤᠷᠲᠦ ᠬᠤᠭᠤᠴᠠᠭᠠᠨ ᠤ ᠪᠦᠲᠦᠮᠵᠢᠲᠡᠢ ᠲᠣᠭᠲᠠᠴᠠ᠂ ᠠᠮᠢ | ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠦᠨᠳᠦᠰᠦ ᠰᠤᠷᠪᠤᠯᠵᠢ ᠶᠢ ᠨᠢ ᠵᠠᠰᠠᠬᠤ ᠲᠣᠭᠲᠠᠴᠠ ᠬᠠᠷᠠᠬᠠᠨ | ᠲᠡᠭᠦᠯᠳᠡᠷᠵᠢᠭᠡᠳᠦᠶ ᠪᠠᠶᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠰᠢᠨ᠎ᠡ ᠰᠢᠯᠭᠠᠯᠲᠠ ᠳᠤ | ᠲᠤᠯᠭᠠᠷᠠᠵᠤ ᠪᠠᠶᠢᠨ᠎ᠠ︔ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠬᠦᠷᠦᠯᠴᠡᠬᠦ ᠦᠭᠡᠢ ᠪᠠᠶᠢᠬᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠯᠡ ᠮᠠᠰᠢ ᠤᠯᠠᠨ | ᠳᠤᠲᠠᠭᠳᠠᠯ ᠣᠷᠣᠰᠢᠵᠤ ᠪᠠᠶᠢᠬᠤ︔ ᠬᠥᠭᠵᠢᠯᠲᠡ ᠶᠢᠨ ᠬᠦᠰᠡᠯ ᠡᠷᠡᠮᠡᠯᠵᠡᠯ ᠪᠣᠯᠤᠨ ᠪᠣᠳᠠᠲᠤ ᠳᠠᠷᠤᠯᠲᠠ ᠶᠢᠨ | ᠵᠥᠷᠢᠴᠡᠯ ᠲᠤᠪᠤᠶᠢᠮ᠎ᠠ ᠪᠠᠶᠢᠵᠤ᠂ ᠠᠮᠤᠷ ᠲᠦᠪᠰᠢᠨ ᠲᠣᠭᠲᠠᠭᠤᠨ ᠤ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠨ᠎ᠠ | ︔ ᠬᠡᠰᠡᠭ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠠᠵᠢᠯᠳᠠᠨ ᠤ ᠴᠢᠳᠠᠪᠤᠷᠢ ᠨᠢ ᠴᠢᠩᠭ᠎ᠠ ᠪᠢᠰᠢ᠂ ᠠᠵᠢᠯ ᠤᠨ | ᠰᠤᠷᠲᠠᠯ ᠯᠠᠪᠳᠠᠭᠤᠨ ᠪᠤᠰᠤ᠂ ᠬᠠᠷᠢᠭᠤᠴᠠᠯᠭ᠎ᠠ ᠬᠦᠷᠦᠯᠴᠠᠬᠦ ᠦᠬᠡᠢ᠂ ᠣᠳᠣᠬᠠᠨ ᠤ ᠬᠥᠭᠵᠢᠯᠲᠡ ᠶᠢᠨ | ᠬᠡᠷᠡᠭᠴᠡᠭᠡ ᠳᠤ ᠰᠠᠶᠢᠲᠤᠷ ᠵᠣᠬᠢᠴᠠᠵᠤ ᠴᠢᠳᠠᠬᠤ ᠦᠭᠡᠢ ᠪᠠᠶᠢᠨ᠎ᠠ᠃ ᠡᠭᠦᠨ ᠳᠤ᠂ ᠪᠢᠳᠡ ᠬᠦᠴᠦᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ | 2019 ᠣᠨ ᠤ ᠠᠵᠢᠯ ᠤᠨ ᠪᠠᠶᠢᠷᠢᠯᠠᠭᠤᠯᠤᠯᠲᠠ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠶᠢᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠠᠵᠢᠯ ᠢ | ᠰᠠᠶᠢᠲᠤᠷ ᠬᠢᠬᠦ ᠨᠢ ᠬᠦᠨᠳᠦ ᠴᠢᠬᠤᠯᠠ ᠠᠴᠢ ᠬᠤᠯᠪᠣᠭᠳᠠᠯ ᠲᠠᠢ᠂ ᠠᠯᠤᠰ ᠬᠡᠳᠦ ᠶᠢᠨ ᠨᠥᠯᠥᠭᠡ ᠲᠠᠢ ᠶᠤᠮ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠳᠡᠭᠡᠳᠦ | ᠱᠠᠲᠤᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠲᠣᠭᠤᠷᠢᠭ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠪᠣᠯᠤᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠨ | ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠨᠳᠥᠷ ᠦᠷ᠎ᠡ | ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ᠂ ᠰᠢᠨ᠎ᠡ ᠮᠠᠶ᠋ᠢᠭ ᠤᠨ ᠠᠵᠤ ᠦᠢᠯᠡᠳᠪᠦᠷᠢ ᠶᠢᠨ | ᠪᠥᠭᠡᠮᠨᠡᠷᠡᠭᠰᠡᠨ ᠣᠷᠣᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠤᠣᠯ ᠣᠷᠤᠨ᠂ ᠭᠤᠣᠯ ᠬᠤᠲᠠ | ᠲᠣᠭᠤᠷᠢᠭ ᠤᠨ ᠣᠷᠤᠰᠢᠨ ᠰᠠᠭᠤᠬᠤ ᠳᠤ ᠲᠣᠬᠢᠲᠠᠢ ᠣᠷᠣᠨ᠂ ᠠᠮᠢ ᠠᠬᠤᠢ ᠶᠢᠨ ᠪᠣᠯᠪᠠᠰᠤᠨ ᠤ ᠡᠶ᠎ᠡ | ᠵᠣᠬᠢᠴᠠᠯᠳᠤᠯ ᠲᠠᠢ ᠣᠷᠣᠨ ᠤ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠂ ᠲᠣᠭᠲᠠᠭᠤᠨ | ᠨᠡᠮᠡᠭᠳᠡᠯᠲᠡ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠦᠯᠬᠢᠨ | ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠦᠨ᠂ | ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ | ᠲᠣᠭᠲᠠᠭᠤᠨ ᠪᠠᠶᠢᠬᠤ ᠶᠢ ᠪᠠᠳᠤᠯᠠᠨ᠂ ᠪᠣᠳᠠᠲᠤ ᠬᠦᠴᠦᠨ ᠲᠠᠢ᠂ ᠭᠡᠭᠡᠨ ᠰᠠᠷᠠᠭᠤᠯ᠂ ᠡᠶ᠎ᠡ ᠵᠣᠬᠢᠴᠠᠩᠭᠤᠢ ᠷᠢᠳᠢ | ᠰᠢᠳᠢ ᠲᠠᠢ ᠰᠢᠨ᠎ᠡ ᠰᠥᠩᠱᠠᠨ ᠢ ᠪᠦᠳᠦᠭᠡᠨ ᠪᠠᠶᠢᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 205 | ᠳ᠋ᠦᠩᠰᠢᠭᠤᠷ ᠲᠥᠭᠦᠷᠢᠭ ᠳᠤ ᠬᠦᠷᠭᠡᠵᠦ᠂ 6.5% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 150 ᠳ᠋ᠦᠩᠰᠢᠭᠤᠷ ᠲᠥᠭᠦᠷᠢᠭ ᠳᠤ ᠬᠦᠷᠭᠡᠨ᠂ 8% | ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠢ 20 ᠳ᠋ᠦᠩᠰᠢᠭᠤᠷ ᠶᠢ | ᠳᠠᠪᠠᠭᠤᠯᠬᠤ ᠪᠠᠷ ᠴᠢᠷᠮᠠᠶᠢᠨ᠂ 6.3% ᠠᠴᠠ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 36574 ᠲᠥᠭᠦᠷᠢᠭ᠂ 16271 | ᠲᠥᠭᠦᠷᠢᠭ ᠲᠤ ᠬᠦᠷᠭᠡᠵᠦ᠂ 8% ᠪᠠ 9 % ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠵᠠᠪᠠᠯ ᠲᠣᠣᠷᠠᠬᠢ ᠨᠠᠢᠮᠠᠨ ᠲᠠᠯ᠎ᠠ ᠶᠢᠨ ᠠᠵᠢᠯ ᠢ | ᠶᠡᠭᠡ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠶ᠄ | ︵ᠨᠢᠭᠡ︶ ᠠᠩᠬᠠᠷᠤᠯ ᠢᠶᠠᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠲᠥᠪᠯᠡᠷᠡᠭᠦᠯᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠰᠠᠭᠤᠷᠢ ᠶᠢ ᠪᠠᠬᠢᠵᠢᠭᠦᠯᠦᠨ᠎ᠡ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠬᠦ ᠬᠡᠷᠡᠭᠲᠡᠶ᠃ ︽ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠬᠤ᠂ | ᠵᠣᠬᠢᠮᠵᠢ ᠲᠠᠢ ᠣᠷᠢᠳᠴᠢᠯᠠᠬᠤ︾ ᠵᠠᠷᠴᠢᠮ ᠢ ᠵᠢᠷᠤᠮᠯᠠᠨ᠂ ᠲᠣᠭᠲᠠᠭᠤᠨ ᠨᠡᠮᠡᠭᠳᠡᠯ ᠪᠠ ᠠᠶᠤᠯ ᠲᠦᠭᠰᠢᠭᠦᠷᠢ ᠶᠢ | ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠥᠷᠢ ᠲᠠᠯᠪᠢᠬᠤ | ᠵᠢᠷᠤᠮ ᠢ ᠴᠢᠩᠭᠠᠳᠬᠠᠵᠤ᠂ ᠪᠡᠯᠡ ᠣᠷᠤᠭᠤᠯᠤᠯᠲᠠ ᠶᠢᠨ ᠲᠦᠷᠦᠯ ᠵᠦᠢᠯ ᠢ ᠰᠢᠯᠢᠳᠡᠭᠴᠢᠯᠡᠨ ᠰᠤᠩᠭᠤᠵᠤ᠂ | ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠬᠤᠲᠠ ᠶᠢᠨ ᠡᠵᠡᠩᠨᠡᠯᠲᠡ ᠪᠠ ᠬᠠᠮᠢᠶᠠᠷᠤᠯᠲᠠ ᠪᠠᠷ ᠳᠠᠮᠵᠢᠨ᠂ | ᠭᠠᠶᠢᠯᠢ ᠲᠠᠲᠠᠪᠤᠷᠢ ᠶᠢᠨ ᠣᠷᠤᠯᠭ᠎ᠠ ᠶᠢ ᠪᠦᠲᠦᠮᠵᠢᠲᠡᠶ ᠨᠡᠮᠡᠭᠳᠡᠭᠦᠯᠦᠨ᠂ ᠳᠡᠭᠡᠳᠦ ᠱᠠᠲᠤᠨ ᠤ ᠡᠳ᠋ ᠤᠨ ᠵᠠᠰᠠᠭ ᠤᠨ | ᠳᠡᠮᠵᠢᠯᠭᠡ ᠶᠢ ᠬᠦᠴᠦᠯᠡᠨ ᠣᠯᠬᠤ ᠵᠡᠷᠭᠡ ᠠᠷᠭ᠎ᠠ ᠬᠡᠯᠪᠡᠷᠢ ᠪᠠᠷ᠂ ᠡᠮᠬᠢ ᠵᠢᠷᠤᠮ ᠲᠠᠢ ᠪᠠᠷ ᠦᠯᠡᠳᠡᠵᠦ ᠪᠠᠶᠢᠭ᠎ᠠ ᠥᠷᠢ | ᠥᠭᠴᠡᠭᠡ ᠶᠢ ᠠᠷᠢᠯᠭᠠᠵᠤ᠂ ᠵᠢᠯ ᠤᠨ ᠳᠣᠲᠤᠷ᠎ᠠ ᠵᠠᠰᠠᠭ ᠤᠨ ᠣᠷᠳᠣᠨ ᠤ ᠥᠷᠢ ᠥᠭᠴᠡᠭᠡ ᠶᠢ 13.7 ᠳ᠋ᠦᠩᠰᠢᠭᠤᠷ | ᠲᠥᠭᠦᠷᠢᠭ ᠠᠴᠠ ᠳᠡᠭᠡᠭᠰᠢ ᠨᠠᠮᠳᠠᠭᠤᠯᠬᠤ ᠶᠢ ᠪᠠᠳᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ | ᠡᠭᠦᠰᠭᠡᠬᠦ ᠦᠭᠡᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠡᠵᠡᠮᠰᠢᠯ ᠲᠣᠬᠢᠷᠠᠭᠤᠯᠭ᠎ᠠ ᠶᠢᠨ ᠲᠥᠷᠥ ᠶᠢᠨ | ᠪᠣᠳᠣᠯᠭ᠎ᠠ ᠶᠢ ᠬᠦᠴᠦᠲᠠᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ | ᠳᠡᠯᠭᠡᠭᠦᠷ ᠤᠨ ᠥᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠢ ᠲᠦᠯᠬᠢᠨ ᠠᠬᠢᠭᠤᠯᠤᠨ᠎ᠠ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠬᠦ ᠬᠡᠷᠡᠭᠲᠡᠢ᠃ ︽ᠭᠤᠷᠪᠠᠨ ᠬᠤᠪᠢᠷᠠᠯᠲᠠ︾ ᠪᠠᠷ ᠭᠤᠣᠯᠳᠠᠯᠭ᠎ᠠ ᠪᠣᠯᠭᠠᠵᠤ᠂ ᠲᠦᠷᠦ ᠶᠢᠨ | ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠲᠥᠰᠦᠯ ᠶᠢ | ᠲᠣᠭᠲᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠤᠷᠠᠬᠢ 3219 ᠨᠡᠷᠡᠰ ᠶᠠᠳᠠᠭᠤ ᠬᠦᠴᠢᠷᠳᠡᠯᠲᠡᠶ | ᠬᠥᠮᠦᠨ ᠠᠮᠠ ᠶᠢ ᠡᠮᠬᠢ ᠵᠢᠷᠤᠮ ᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠠ 5 ᠶᠠᠳᠠᠭᠤ ᠬᠦᠴᠢᠷᠳᠡᠯᠲᠡᠢ | ᠲᠣᠰᠬᠤᠨ ᠢ ᠪᠦᠬᠦᠨ ᠢ ᠡᠩᠨᠡᠭᠡᠨ ᠠᠴᠠ ᠭᠠᠷᠭᠠᠬᠤ ᠶᠢ ᠲᠦᠯᠬᠢᠨ ᠠᠬᠢᠭᠤᠯᠤᠨ᠎ᠠ᠃ ᠨᠡᠭᠡᠭᠡᠨ ᠬᠥᠭᠵᠢᠭᠦᠯᠬᠦ | ᠬᠡᠯᠪᠡᠷᠢ ᠪᠠᠷ ᠶᠠᠳᠠᠭᠤ ᠶᠢ ᠳᠡᠳᠬᠦᠬᠦ ᠠᠴᠠ ᠨᠡᠭᠡᠭᠡᠨ ᠬᠥᠭᠵᠢᠭᠦᠯᠬᠦ ᠪᠠ ᠪᠠᠲᠤᠯᠠᠬᠤ ᠬᠡᠯᠪᠡᠷᠢ ᠶᠢᠨ ᠶᠠᠳᠠᠭᠤ ᠶᠢ | ᠲᠡᠳᠬᠦᠬᠦ ᠶᠢ ᠵᠡᠷᠭᠡᠪᠡᠷ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ 1 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠡᠮᠬᠢᠯᠡᠨ ᠨᠡᠶᠢᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ︽ᠲᠤᠯᠤᠭᠠᠨ ᠵᠠᠮ ᠱᠤᠭᠤᠮ︾ ᠢ | ᠦᠷᠭᠦᠯᠵᠢᠯᠡᠨ ᠪᠠᠬᠢᠵᠢᠭᠦᠯᠵᠦ᠂ ︽ᠲᠠᠪᠤᠨ ᠪᠠᠳᠤᠯᠠᠭ᠎ᠠ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ | ᠬᠤᠷᠳᠤᠴᠠ ᠶᠢ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠪᠠᠬᠢᠵᠢᠭᠦᠯᠵᠦ ᠳᠡᠭᠡᠭᠰᠢᠯᠡᠭᠦᠯᠬᠦ ᠲᠡᠶᠢᠰᠢ ᠤᠯᠠᠷᠢᠨ | ᠬᠤᠪᠢᠷᠠᠭᠤᠯᠬᠤ ᠶᠢ ᠴᠢᠬᠤᠯᠠᠴᠢᠯᠠᠵᠤ᠂ ᠨᠢᠭᠡᠨᠲᠡ ᠪᠠᠶᠢᠬᠤ 10 ᠵᠦᠢᠯ ᠤᠨ ᠡᠷᠥᠭᠡ ᠲᠤ ᠬᠦᠷᠦᠭᠦᠯᠬᠦ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠪᠠᠬᠢᠵᠢᠭᠦᠯᠵᠦ᠂ 2100 ᠲᠦᠮᠡᠨ ᠲᠥᠭᠦᠷᠢᠭ ᠤᠨ | ᠪᠡᠯᠡ ᠣᠷᠤᠭᠤᠯᠵᠤ᠂ ᠲᠠᠢ ᠫᠢᠩ ᠳ᠋ᠢ ᠶᠢᠨ ᠤᠮᠠᠷᠠᠲᠤ ᠶᠢᠨ ᠬᠤᠷᠣᠬᠠᠶ ᠡᠪᠡᠰᠦ᠂ ᠭᠠᠩ ᠽᠢ ᠶᠢᠨ ᠪᠥᠭᠡᠷᠡᠩᠬᠡᠶ | ᠰᠣᠩᠭᠢᠨ᠎ᠠ ᠵᠡᠷᠭᠡ 21 ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠪᠠ ᠠᠵᠤ ᠦᠢᠯᠡᠰ ᠤᠨ ᠰᠠᠭᠤᠷᠢᠨ | ᠭᠠᠵᠠᠷ ᠢ ᠪᠠᠶᠢᠭᠤᠯᠤᠨ᠎ᠠ᠃ ᠪᠣᠳᠠᠰ ᠤᠨ ᠶᠠᠳᠠᠭᠤ ᠶᠢ ᠲᠡᠳᠬᠦᠬᠦ ᠠᠴᠠ ᠪᠣᠳᠠᠰ ᠤᠨ ᠪᠠ ᠣᠶᠤᠨ ᠰᠠᠨᠠᠭᠠᠨ ᠤ | ᠶᠠᠳᠠᠭᠤ ᠶᠢ ᠲᠡᠳᠬᠦᠬᠦ ᠵᠦᠭ ᠬᠤᠪᠢᠷᠠᠭᠤᠯᠬᠤ ᠶᠢ ᠢ ᠴᠢᠬᠤᠯᠠᠴᠢᠯᠠᠵᠤ᠂ ︽ᠬᠦᠴᠦᠨ ᠴᠢᠳᠠᠯ ᠣᠶᠤᠨ ᠤᠬᠠᠭᠠᠨ | ᠬᠤᠶᠠᠷ ᠢᠶᠠᠷ ᠲᠡᠳᠬᠦᠬᠦ︾ ᠠᠵᠢᠯᠯᠠᠭ᠎ᠠ ᠢ ᠲᠦᠯᠬᠢᠨ ᠠᠬᠢᠭᠤᠯᠵᠤ᠂ ᠮᠡᠷᠭᠡᠵᠢᠯ ᠤᠨ ᠪᠣᠯᠪᠠᠰᠤᠷᠠᠯ ᠥᠷᠨᠢᠭᠦᠯᠬᠦ᠂ | ᠨᠡᠶᠢᠲᠡᠯᠢᠭ ᠵᠢᠱᠢᠶ᠎ᠡ ᠶᠢ ᠬᠥᠮᠦᠵᠢᠭᠦᠯᠦᠨ ᠪᠣᠶ ᠪᠣᠯᠭᠠᠬᠤ᠂ ᠨᠡᠶᠢᠲᠡᠯᠢᠭ ᠦᠢᠯᠡ ᠶᠠᠪᠤᠳᠠᠯ ᠢ ᠤᠬᠠᠭᠤᠯᠤᠨ | ᠲᠠᠶᠢᠯᠪᠤᠷᠢᠯᠠᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ | ᠳᠣᠲᠣᠭᠠᠳᠤ ᠬᠥᠳᠡᠯᠭᠡᠬᠦ ᠬᠦᠴᠦᠨ ᠶᠢ ᠲᠠᠰᠤᠷᠠᠯᠲᠠ ᠦᠭᠡᠢ ᠬᠥᠭᠵᠢᠭᠡᠨ ᠪᠠᠳᠠᠷᠠᠭᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠪᠠᠲᠤ ᠰᠠᠶᠢᠲᠤᠷ ᠬᠢᠬᠦ | ᠬᠡᠷᠡᠭᠲᠡᠢ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ 12 ᠲᠤᠮᠤ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ︽ᠲᠠᠷᠠᠬᠠᠢ ᠰᠠᠮᠠᠭᠤᠨ ᠪᠣᠬᠢᠷᠲᠤᠯ ᠲᠠᠢ︾ ᠠᠵᠤ ᠠᠬᠤᠶᠢᠯᠠᠯ ᠶᠢ | ᠦᠷᠭᠦᠯᠵᠢᠯᠡᠨ ᠴᠡᠭᠴᠡᠯᠡᠨ ᠵᠠᠰᠠᠵᠤ᠂ ᠳᠡᠭᠳᠡᠮᠡᠯ ᠲᠣᠭᠤᠰᠣᠨ ᠤ ᠪᠣᠬᠢᠷᠲᠤᠯ ᠶᠢ ᠡᠵᠡᠮᠳᠡᠬᠦ ᠶᠢ ᠴᠢᠩᠭᠠᠳᠬᠠᠨ᠂ ᠬᠤᠲᠠ | ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠢ 88% ᠠᠴᠠ ᠳᠡᠭᠡᠭᠰᠢ | ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯ ᠤᠨ ᠲᠠᠷᠤᠭ᠎ᠠ ᠶᠢᠨ ᠲᠦᠷᠢᠮ ᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠭᠤᠣᠯ ᠤᠨ ᠵᠠᠮ ᠤᠨ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠬᠢᠭᠡᠳ ᠤᠰᠤᠨ | ᠰᠤᠷᠪᠤᠯᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠯᠣᠣ ᠹᠦ᠋᠂ ᠸᠠᠩ ᠹᠦ᠋ ᠵᠡᠷᠭᠡ 10 | ᠭᠠᠵᠠᠷ ᠤᠨ ᠪᠣᠬᠢᠷ ᠤᠰᠤ ᠶᠢ ᠰᠢᠢᠳᠪᠦᠷᠢᠯᠡᠬᠦ ᠪᠠᠷᠢᠯᠭ᠎ᠠ ᠶᠢ ᠪᠡᠶᠡᠯᠡᠭᠦᠯᠵᠦ᠂ ᠭᠠᠵᠠᠷ ᠳᠡᠭᠡᠷᠡᠬᠢ ᠤᠰᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠢ ᠬᠢᠵᠠᠭᠠᠷᠯᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠢᠢᠳᠪᠦᠷᠢᠯᠡᠯᠲᠡ ᠢ ᠲᠦᠯᠬᠢᠨ ᠠᠬᠢᠭᠤᠯᠵᠤ | ᠂ ᠴᠢᠳᠬᠤᠯᠠᠩ᠂ ᠳ᠋ᠠᠩ ᠫᠦ ᠳ᠋ᠢ ᠵᠡᠷᠭᠡ 16 ᠭᠠᠵᠠᠷ ᠤᠨ ᠬᠤᠭ ᠨᠣᠪᠰᠢ ᠶᠢ ᠪᠤᠯᠠᠬᠤ ᠭᠠᠵᠠᠷ ᠤᠨ ᠪᠠᠶᠢᠭᠤᠯᠤᠯᠲᠠ ᠢ | ᠳᠠᠭᠤᠰᠬᠠᠨ᠂ ᠶᠡᠷᠦᠩᠬᠡᠶ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠢ ᠰᠠᠶᠢᠵᠢᠷᠠᠭᠤᠯᠬᠤ ᠬᠡᠷᠡᠭᠲᠡᠢ᠃ | ᠳᠡᠭᠡᠷ᠎ᠡ ᠭᠤᠷᠪᠠᠨ ᠱᠠᠲᠤᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠪᠠ ᠡᠯ᠎ᠡ | ᠲᠦᠷᠦᠯ ᠤᠨ ᠲᠤᠰᠬᠠᠶ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠢ | ᠡᠷᠡᠰ ᠰᠠᠶᠢᠲᠤᠷ ᠠᠳᠬᠤᠵᠤ᠂ ︽ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠶᠢ | ᠲᠡᠩᠴᠡᠭᠦᠷᠢ ᠲᠠᠢ ᠪᠠᠶᠢᠯᠭᠠᠬᠤ ᠳᠦᠷᠢᠮ︾ ᠶᠢ ᠴᠢᠩᠭ᠎ᠠ ᠬᠡᠷᠡᠭᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤ ᠲᠥᠪᠯᠡᠷᠡᠨ᠂ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ | ᠲᠥᠯᠥᠪᠵᠢᠭᠦᠯᠭᠡ ᠪᠠᠷ ᠬᠦᠲᠦᠯᠦᠨ ᠳᠠᠭᠠᠭᠤᠯᠬᠤ ᠶᠢ ᠪᠠᠷᠢᠮᠲᠠᠯᠠᠨ᠎ᠠ᠃ ︽20 ᠦᠰᠦᠭ ᠤᠨ ᠴᠢᠭᠯᠡᠯᠲᠡ︾ | ᠲᠠᠢ ᠨᠢᠭᠲᠠ ᠤᠶᠠᠯᠳᠤᠭᠤᠯᠤᠨ᠂ ︽ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠶ ᠰᠠᠨᠠᠯ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠲᠠᠪᠤᠨ ᠵᠢᠯ ᠤᠨ ᠲᠥᠯᠥᠪᠵᠢᠭᠦᠯᠭᠡ︾ ᠵᠢᠴᠢ ᠡᠯ᠎ᠡ ᠲᠤᠰᠬᠠᠢ ᠵᠦᠢᠯ ᠤᠨ ᠲᠦᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠵᠦᠢ ᠵᠣᠬᠢᠰᠲᠠᠶ ᠪᠠᠷ ᠨᠠᠶᠢᠷᠠᠭᠤᠯᠤᠨ ᠵᠣᠬᠢᠶᠠᠵᠤ᠂ ᠡᠯ᠎ᠡ ᠰᠢᠶᠠᠩ ᠪᠠᠯᠭᠠᠰᠤ ᠶᠢ ᠵᠢᠯᠤᠭᠤᠳᠤᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠳᠠᠲᠠᠶ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠭᠠᠵᠠᠷ ᠣᠷᠤᠨ | ᠪᠠ ᠰᠠᠯᠠᠭ᠎ᠠ ᠮᠥᠴᠢᠷ ᠪᠠᠷ ᠨᠢ ᠬᠤᠪᠢᠶᠠᠨ ᠴᠠᠭ ᠤᠨ ᠬᠦᠰᠦᠨᠦᠭᠲᠦ ᠪᠣᠯᠤᠨ ᠵᠠᠮ ᠱᠤᠭᠤᠮ ᠤᠨ ᠵᠢᠷᠤᠭ ᠢ | ᠲᠣᠭᠲᠠᠭᠠᠵᠤ᠂ ᠣᠨ ᠤ ᠬᠠᠷᠠᠯᠲᠠ ᠡᠭᠦᠷᠭᠡ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ | ᠵᠢᠱᠢᠶ᠎ᠡ ᠦᠵᠡᠭᠦᠯᠦᠨ ᠳᠠᠶᠢᠴᠢᠯᠠᠬᠤ ᠠᠵᠢᠯ ᠢ ᠰᠠᠶᠢᠲᠤᠷ ᠠᠳᠬᠤᠨ᠎ᠠ᠃ ︽ᠨᠢᠭᠡ ᠴᠠᠭᠠᠷᠢᠭ ᠨᠢᠭᠡ ᠪᠦᠰᠡ | ᠤᠯᠠᠨ ᠴᠡᠭ︾ ᠶᠢᠨ ᠵᠢᠱᠢᠶ᠎ᠡ ᠦᠵᠡᠭᠦᠯᠬᠦ ᠱᠤᠭᠤᠮ ᠤᠨ ᠪᠠᠶᠢᠭᠤᠯᠤᠯᠲᠠ ᠶᠢ ᠲᠦᠷᠭᠡᠳᠬᠡᠵᠦ᠂ ᠵᠠᠮ ᠳᠠᠭᠠᠤ ᠬᠥᠳᠡᠭᠡ | ᠲᠣᠰᠬᠤᠨ ᠤ 20 ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠢ ᠳᠡᠮᠵᠢᠨ᠂ ᠬᠤᠲᠠ ᠶᠢᠨ | ᠳᠡᠰ ᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ 1 | ᠰᠢᠶᠠᠩ ᠪᠠᠯᠭᠠᠰᠤ᠂ 20 ᠵᠢᠱᠢᠶ᠎ᠡ ᠦᠵᠡᠭᠦᠯᠬᠦ ᠲᠤᠰᠬᠤᠨ ᠢ ᠪᠣᠢ ᠪᠣᠯᠭᠠᠨ᠎ᠠ᠃ ᠣᠷᠣᠨ ᠰᠠᠭᠤᠴᠠ ᠪᠠ ᠪᠦᠲᠦᠭᠡᠨ | ᠪᠠᠶᠢᠭᠤᠯᠤᠯᠲᠠ ᠶᠢᠨ ᠶᠠᠮᠤᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠢᠬ ᠶᠢ ᠲᠡᠮᠡᠴᠡᠨ ᠣᠯᠬᠤ ᠪᠠᠷ ᠴᠢᠷᠮᠠᠶᠢᠨ᠂ ᠵᠢᠩ ᠽᠢ ᠭᠧᠤ᠂ ᠪᠧᠢ ᠭᠧᠦ ᠵᠡᠷᠭᠡ 4 ᠤᠯᠤᠰ ᠤᠨ | ᠤᠯᠠᠮᠵᠢᠯᠠᠯᠲᠤ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠦᠩᠱᠠᠨ ᠤ ᠪᠣᠳᠠᠲᠠᠶ | ᠪᠠᠶᠢᠳᠠᠯ ᠳᠤ ᠨᠡᠶᠢᠴᠡᠭᠰᠡᠨ᠂ ᠭᠠᠵᠠᠷ ᠣᠷᠤᠨ ᠤ ᠣᠨᠴᠠᠯᠢᠭ ᠢ ᠬᠠᠷᠠᠭᠤᠯᠤᠭᠰᠠᠨ ᠬᠦᠳᠡᠭᠡ ᠲᠤᠰᠬᠤᠨ ᠢ ᠬᠦᠭᠵᠢᠭᠦᠯᠦᠨ | ᠮᠠᠨᠳᠤᠭᠤᠯᠬᠤ ᠬᠡᠯᠪᠡᠷᠢ ᠪᠠ ᠵᠠᠮ ᠱᠣᠭᠤᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ | ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠎ᠠ᠃ ︽ᠠᠮᠤ ᠪᠤᠳᠠᠭ᠎ᠠ ᠶᠢ ᠲᠣᠭᠲᠠᠪᠤᠷᠢᠵᠢᠭᠤᠯᠵᠤ᠂ ᠠᠵᠤ | ᠠᠬᠤᠢ ᠶᠢᠨ ᠲᠠᠷᠢᠮᠠᠯ ᠢ ᠨᠡᠮᠡᠭᠳᠡᠭᠦᠯᠬᠦ︾᠂ ︽ᠮᠠᠯ ᠤᠨ ᠦᠰᠦᠯᠲᠡ ᠶᠢ ᠲᠣᠭᠲᠠᠪᠤᠷᠢᠵᠢᠭᠤᠯᠵᠤ᠂ ᠣᠢ ᠮᠣᠲᠤ ᠶᠢᠨ | ᠤᠷᠭᠤᠯᠲᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ 2 ᠲᠦᠮᠡᠨ ᠮᠥ ᠲᠦᠬᠦᠭᠡᠷᠦᠮᠵᠢᠲᠦ | ᠢᠳᠡᠰᠢᠨ ᠨᠣᠭᠤᠭ᠎ᠠ ᠶᠢ ᠰᠢᠨ᠎ᠡ ᠪᠠᠷ ᠨᠡᠮᠡᠭᠳᠡᠭᠦᠯᠵᠦ᠂ 220 ᠲᠦᠮᠡᠨ ᠠᠯᠠᠰᠢᠨ ᠭᠠᠭ᠋ᠠᠶ᠂ 28 ᠲᠦᠮᠡᠨ ᠲᠣᠯᠤᠭᠠᠢ | ᠠᠯᠠᠰᠢᠨ ᠦᠬᠡᠷ᠂ 70 ᠲᠦᠮᠡᠨ ᠲᠣᠯᠤᠭᠠᠢ ᠠᠯᠠᠰᠢᠨ ᠬᠤᠨᠢ ᠢ ᠪᠣᠷᠤᠯᠠᠭᠤᠯᠵᠤ᠂ ᠠᠮᠤ ᠪᠤᠳᠠᠭᠠᠨ ᠤ ᠤᠨᠠᠯᠲᠠ ᠶᠢ | 16 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠭᠤᠨ ᠪᠠᠶᠢᠯᠭᠠᠨ᠎ᠠ᠃ ᠠᠵᠤ ᠠᠬᠤᠢ ᠤᠨ ᠣᠢ ᠶᠢᠨ ᠭᠤᠷᠪᠠᠨ | ᠵᠢᠯ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠠᠯᠠ ᠮᠥᠩᠭᠦ ᠶᠢ ᠡᠮᠬᠢᠯᠡᠨ | ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ 2055 ᠲᠦᠮᠡᠨ ᠲᠥᠭᠦᠷᠢᠭ ᠤᠨ ᠪᠡᠯᠡ ᠣᠷᠤᠭᠤᠯᠵᠤ᠂ 0.35 ᠮᠦ ᠡᠯᠪᠡᠭ | ᠭᠠᠷᠤᠯᠲᠠ ᠲᠠᠢ ᠠᠵᠤ ᠠᠬᠤᠶ ᠶᠢᠨ ᠤᠢ ᠶᠢ ᠰᠢᠨ᠎ᠡ ᠪᠠᠷ ᠨᠡᠮᠡᠭᠳᠡᠭᠦᠯᠦᠨ᠂ 1 ᠲᠦᠮᠡᠨ ᠮᠥ ᠬᠡᠭᠡᠷ᠎ᠡ ᠶᠢᠨ ᠬᠦᠢᠯᠡᠰᠦ ᠢ | ᠬᠠᠪᠲᠠᠭᠠᠶ ᠭᠦᠢᠯᠡᠰᠦᠨ ᠳᠤ ᠵᠠᠯᠭᠠᠵᠤ᠂ 1 ᠲᠦᠮᠡᠨ ᠮᠥ ᠠᠵᠤ ᠠᠬᠤᠶ ᠶᠢᠨ ᠣᠢ ᠶᠢᠨ ᠵᠢᠱᠢᠶ᠎ᠡ ᠦᠵᠡᠭᠦᠯᠬᠦ | ᠬᠦᠷᠢᠶᠡᠯᠡᠩ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠰᠦᠯᠵᠢᠶ᠎ᠡ ᠬᠥᠳᠡᠭᠡ ᠳᠤ ᠨᠡᠪᠳᠡᠷᠡᠬᠦ︾ ᠪᠠ ᠰᠦᠯᠵᠢᠶᠡᠨ ᠤ | ᠲᠧᠯᠸᠢᠰ ᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠢᠨᠵᠧᠨᠧᠷᠢᠩ ᠶᠢ ᠪᠦᠬᠦ ᠲᠠᠯ᠎ᠠ ᠪᠠᠷ ᠪᠡᠶᠡᠯᠡᠭᠦᠯᠦᠨ᠂ | ᠬᠤᠭ ᠨᠣᠪᠰᠢ ᠪᠣᠬᠢᠷ ᠤᠰᠤ ᠶᠢ ᠠᠷᠢᠯᠭᠠᠨ ᠴᠡᠪᠡᠷᠰᠢᠭᠦᠯᠬᠦ᠂ ᠵᠣᠷᠯᠣᠩ ᠶᠢ ᠥᠭᠡᠷᠡᠴᠢᠯᠡᠨ ᠪᠠᠶᠢᠭᠤᠯᠬᠤ᠂ 125 | ᠬᠡᠰᠡᠭ ᠤᠨ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠬᠥᠮᠦᠰ ᠤᠨ ᠣᠷᠣᠰᠢᠨ ᠠᠮᠢᠳᠤᠷᠠᠬᠤ ᠣᠷᠴᠢᠨ ᠠᠬᠤᠶ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠵᠨ ᠲᠣᠭᠲᠠᠴᠠ ᠶᠢ ᠪᠤᠢ ᠪᠣᠯᠭᠠᠨ᠎ᠠ᠃ ᠬᠠᠤᠯᠢ ᠪᠠᠷ ᠵᠠᠰᠠᠬᠤ᠂ | ᠶᠣᠰᠣ ᠪᠠᠷ ᠵᠠᠰᠠᠬᠤ᠂ ᠥᠪᠡᠷᠲᠡᠭᠡᠨ ᠵᠠᠰᠠᠬᠤ ᠶᠢ ᠤᠶᠠᠯᠳᠤᠭᠤᠯᠤᠭᠰᠠᠨ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠵᠤ᠂ ᠪᠣᠯᠪᠠᠰᠤᠨ ᠰᠤᠷᠲᠠᠯ ᠢ ᠳᠡᠯᠭᠡᠷᠡᠭᠦᠯᠬᠦ | ᠲᠤᠰᠬᠠᠢ ᠠᠵᠢᠯᠯᠠᠭᠠᠨ ᠢ ᠠᠬᠢᠭᠤᠯᠵᠤ᠂ ︽ᠠᠴᠢᠯᠠᠯᠲᠤ ᠪᠤᠶᠠᠨᠰᠡᠭ︾ ᠨᠠᠷᠠᠨ ᠭᠡᠷᠡᠯᠲᠦ ᠨᠠᠰᠤᠵᠢᠯ ᠤᠨ ᠠᠰᠠᠷᠠᠮᠵᠢ ᠶᠢᠨ | ᠢᠨᠵᠧᠨᠧᠷᠢᠩ ᠢ ᠬᠡᠷᠡᠭᠵᠢᠭᠦᠯᠵᠦ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮ ᠤᠨ ᠲᠠᠰᠤᠷᠠᠯᠲᠠ ᠦᠭᠡᠢ | ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃ | ︵ᠭᠤᠷᠪᠠ︶ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ | ᠠᠵᠤ ᠠᠬᠤᠢ ᠶᠢᠨ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ | ᠠᠵᠤ ᠦᠢᠯᠡᠳᠪᠦᠷᠢ ᠶᠢᠨ ᠲᠥᠪᠯᠡᠷᠡᠭᠰᠡᠨ ᠬᠦᠭᠵᠢᠯᠲᠡ ᠶᠢ ᠬᠦᠴᠦᠲᠠᠢ ᠲᠦᠯᠬᠢᠨ ᠠᠬᠢᠭᠤᠯᠤᠨ᠎ᠠ᠃ ᠷᠦ᠋ ᠱᠧᠩ | ᠠᠭᠤᠷᠬᠠᠢ ᠶᠢᠨ ᠦᠢᠯᠡᠰ᠂ ᠬᠤᠢ ᠮᠢᠩ ᠬᠡᠪᠯᠡᠯ᠂ ᠮᠧᠩ ᠬᠤᠢ ᠰᠢᠨ ᠴᠠᠭᠠᠰᠤᠨ ᠪᠦᠲᠦᠭᠡᠭᠳᠡᠬᠦᠨ ᠤ ᠦᠢᠯᠡᠳᠬᠦᠨ | ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠣᠯᠬᠤ ᠶᠢ ᠪᠠᠳᠤᠯᠠᠵᠤ᠂ 30 ᠲᠦᠮᠡᠨ | ᠲᠣᠨ ᠤ ᠲᠦᠯᠡᠰᠢᠨ ᠠᠯᠺᠣᠣᠯ᠂ ᠦᠨᠳᠥᠷ ᠲᠣᠣᠷ᠎ᠠ ᠳᠠᠷᠤᠯᠲᠠᠲᠤ ᠴᠠᠬᠢᠯᠭᠠᠨ ᠲᠣᠬᠢᠷᠠᠭᠤᠯᠬᠤ ᠬᠤᠷᠭᠤ ᠶᠢᠨ | ᠦᠢᠯᠡᠳᠪᠦᠷᠢᠯᠡᠯ ᠵᠡᠷᠭᠡ ᠲᠦᠷᠦᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ᠎ᠡ᠃ ᠠᠩᠴᠢᠨ ᠤ ᠬᠦᠷᠢᠶᠡᠯᠡᠩ | ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠤᠨ ᠳᠥᠷᠪᠡᠳᠦᠭᠡᠷ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠠᠵᠤ | ᠠᠬᠤᠶᠢᠯᠠᠯ ᠢ 50 ᠡᠷᠦᠬᠡ ᠳᠤ ᠬᠦᠷᠦᠭᠦᠯᠦᠨ᠂ ᠵᠢᠯ ᠤᠨ ᠦᠢᠯᠡᠳᠬᠦᠨ ᠤ ᠤᠢᠷᠳᠡᠭ ᠢ 50 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠲᠡᠳᠬᠦᠨ ᠳᠡᠮᠵᠢᠬᠦ ᠲᠥᠷᠥ ᠶᠢᠨ ᠪᠣᠳᠤᠯᠭ᠎ᠠ ᠶᠢ ᠨᠡᠶᠢᠲᠡᠯᠡᠨ | ᠬᠡᠷᠡᠭᠵᠢᠭᠦᠯᠵᠦ᠂ ᠰᠤᠷᠠᠭ ᠵᠠᠩᠭᠢ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ 10.5 ᠲᠦᠮᠡᠨ ᠲᠡᠭᠰᠢ | ᠳᠥᠷᠪᠡᠯᠵᠢᠨ ᠮᠧᠳ᠋ᠷ ᠶᠢᠨ ᠦᠢᠯᠡᠳᠪᠦᠷᠢ ᠶᠢᠨ ᠣᠷᠣᠨ ᠤ ᠭᠠᠳᠠᠭᠠᠳᠤ ᠬᠤᠳᠠᠯᠳᠤᠭᠠᠴᠢᠨ ᠤᠷᠢᠬᠤ ᠠᠵᠢᠯ ᠢ | ᠲᠦᠷᠭᠡᠳᠬᠡᠵᠦ᠂ ᠱᠠᠨᠳᠦ᠋ᠩ ᠤᠨ ᠺᠠᠢ ᠴᠤᠸᠠᠩ᠂ ᠵᠧᠵᠢᠶᠠᠩ ᠤᠯᠠᠭᠠᠨᠬᠠᠳᠠ ᠶᠢᠨ ᠬᠤᠳᠠᠯᠳᠤᠭᠠᠨ ᠤ ᠨᠡᠶᠢᠭᠡᠮᠯᠢᠭ | ᠵᠡᠷᠭᠡ ᠲᠥᠷᠥᠯ ᠵᠦᠢᠯ ᠢ ᠬᠦᠷᠢᠶᠡᠯᠡᠩ ᠲᠣᠭᠤᠷᠢᠭ ᠲᠤ ᠰᠠᠭᠤᠷᠢᠰᠢᠭᠤᠯᠬᠤ ᠪᠠᠷ ᠴᠢᠷᠮᠠᠶᠢᠨ᠎ᠠ᠃ | ᠲᠠᠷᠢᠶᠠᠯᠠᠩ ᠤᠨ ᠥᠨᠳᠥᠷ ᠪᠦᠲᠦᠮᠵᠢᠲᠡᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠷᠳᠡᠨᠢ ᠰᠢᠰᠢ ᠲᠠᠷᠢᠬᠤ | ᠲᠠᠯᠠᠪᠠᠢ ᠶᠢ 10 ᠲᠦᠮᠡᠨ ᠮᠦ ᠠᠴᠠ ᠳᠡᠭᠡᠭᠰᠢ ᠪᠠᠭᠠᠰᠬᠠᠵᠤ᠂ ᠥᠨᠳᠥᠷ ᠪᠦᠳᠦᠮᠵᠢᠳᠦ ᠤᠰᠤ ᠠᠷᠪᠢᠯᠠᠬᠤ | ᠤᠰᠤᠯᠠᠯᠲᠠ ᠶᠢ 9 ᠲᠦᠮᠡᠨ ᠮᠥ ᠰᠢᠨ᠎ᠡ ᠪᠠᠷ ᠪᠠᠶᠢᠭᠤᠯᠤᠨ᠂ 25 ᠬᠠᠭᠤᠴᠢᠷᠠᠭᠰᠠᠨ ᠲᠦᠬᠦᠭᠡᠷᠦᠮᠵᠢᠲᠦ | ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠥᠭᠡᠷᠡᠴᠢᠯᠡᠨ ᠪᠠᠶᠢᠭᠤᠯᠵᠤ᠂ 5 ᠡᠷᠦᠬᠡ ᠠᠴᠠ ᠳᠡᠭᠡᠭᠰᠢ ᠠᠵᠤ | ᠦᠢᠯᠡᠰᠵᠢᠭᠰᠡᠨ ᠲᠣᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠂ ᠮᠠᠯ ᠵᠢᠭᠦᠷᠲᠡᠨ ᠤ ᠪᠠᠭᠠᠰᠤ ᠶᠢ | ᠰᠢᠢᠳᠪᠦᠷᠢᠯᠡᠬᠦ ᠲᠥᠪ ᠢ 10 ᠭᠠᠵᠠᠷ ᠰᠢᠨ᠎ᠡ ᠪᠠᠷ ᠪᠠᠶᠢᠭᠤᠯᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ | ᠶᠡᠷᠦᠩᠬᠡᠶᠢᠯᠡᠨ ᠠᠰᠢᠭᠯᠠᠬᠤ ᠨᠤᠷᠮ᠎ᠠ ᠢ 73% ᠠᠴᠠ ᠳᠡᠭᠡᠭᠰᠢ ᠪᠠᠶᠢᠯᠭᠠᠨ᠎ᠠ᠃ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠩ ᠯᠦᠩ᠂ ᠴᠥ᠋ ᠳ᠋ᠦᠩ᠂ | ᠭᠦᠩᠵᠦ ᠶᠢᠨ ᠳᠠᠪᠠᠭ᠎ᠠ ᠵᠡᠷᠭᠡ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠦᠷᠭᠦᠯᠵᠢᠯᠡᠨ ᠵᠢᠷᠤᠮᠵᠢᠭᠤᠯᠤᠨ | ᠬᠥᠭᠵᠢᠭᠦᠯᠦᠨ᠎ᠡ᠃ ᠰᠦᠩᠱᠠᠨ ᠤ ᠲᠥᠪᠡᠳ ᠬᠠᠰᠢ᠂ ᠴᠥ᠋ ᠳ᠋ᠦᠩ ᠬᠥᠳᠡᠭᠡ ᠠᠵᠤ ᠠᠬᠤᠶ ᠵᠡᠷᠭᠡ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢ ᠥᠷᠭᠦᠯᠵᠢᠯᠡᠨ ᠪᠦᠳᠦᠭᠡᠵᠦ᠂ ᠵᠢᠯ ᠤᠨ | ᠲᠣᠳᠤᠷ᠎ᠠ 20 ︽ᠭᠤᠷᠪᠠᠨ ᠪᠦᠲᠦᠭᠡᠭᠳᠡᠬᠦᠨ ᠨᠢᠭᠡ ᠳᠡᠮᠳᠡᠭ︾ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ︽ | ᠬᠦᠯᠡᠮᠵᠢ ᠲᠠᠢ ᠲᠦᠬᠦᠷᠵᠢᠭᠦᠯᠦᠭᠰᠡᠨ ᠭᠡᠷ ᠪᠠᠶᠢᠰᠢᠩ︾ ᠤᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠ | ᠰᠡᠭᠦᠯ ᠤᠨ ᠦᠶ᠎ᠡ ᠶᠢᠨ ᠵᠢᠷᠤᠮᠵᠢᠭᠤᠯᠤᠨ ᠬᠦᠭᠵᠢᠭᠦᠯᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠨ᠎ᠡ᠃ | ᠠᠹᠷᠢᠺᠠ ᠲᠢᠪ ᠤᠨ ᠭᠠᠭ᠋ᠠᠶ ᠶᠢᠨ ᠬᠢᠵᠢᠭ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠢ ᠰᠠᠶᠢᠲᠤᠷ ᠠᠳᠬᠤᠵᠤ᠂ ᠴᠠᠭ ᠠᠭᠤᠷ ᠤᠨ ᠭᠠᠮᠰᠢᠭ ᠶᠢ ᠰᠡᠷᠭᠡᠶᠢᠯᠡᠨ ᠪᠠᠭᠠᠰᠬᠠᠬᠤ ᠪᠠ ᠬᠦᠮᠦᠨ ᠤ | ᠬᠦᠴᠦ ᠪᠠᠷ ᠴᠠᠭ ᠠᠭᠤᠷ ᠢ ᠨᠦᠯᠦᠭᠡᠯᠡᠬᠦ ᠠᠵᠢᠯ ᠢ ᠴᠢᠩᠭᠠᠳᠬᠠᠨ᠂ ᠲᠠᠷᠢᠮᠠᠯ ᠳᠡᠵᠢᠭᠡᠪᠦᠷᠢ ᠶᠢᠨ ᠦᠢᠯᠡᠰ ᠤᠨ | ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠶᠢ ᠲᠦᠷᠭᠡᠪᠴᠢᠯᠡᠨ ᠬᠦᠭᠵᠢᠭᠦᠯᠬᠦ ᠶᠢ ᠬᠦᠴᠦᠯᠡᠨ ᠠᠬᠢᠭᠤᠯᠤᠨ᠎ᠠ | ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠶᠢᠨ ᠬᠤᠲᠠ ᠶᠢᠨ ᠰᠠᠩᠳᠠᠩ ᠮᠣᠳᠤᠨ | ᠵᠢᠮᠢᠰ ᠢ ᠨᠠᠷᠢᠯᠢᠭ ᠭᠦᠨ ᠪᠣᠯᠪᠠᠰᠤᠷᠠᠭᠤᠯᠬᠤ᠂ ᠪᠤᠯᠤᠳ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ 23 ᠲᠦᠷᠦᠯ | ᠵᠦᠢᠯ ᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ | ᠨᠢᠭᠡᠳᠦᠭᠡᠷ ᠬᠤᠭᠤᠴᠠᠭ᠎ᠠ᠂ ᠸᠧᠨ ᠱᠢ ᠶᠢᠨ ᠶᠡᠷᠦᠩᠬᠡᠶ ᠬᠡᠯᠲᠡᠰ ᠵᠡᠷᠭᠡ 4 ᠲᠥᠷᠥᠯ ᠵᠦᠢᠯ ᠢ ᠠᠰᠢᠭᠯᠠᠯᠲᠠ ᠳᠤ | ᠣᠷᠣᠭᠤᠯᠬᠤ ᠶᠢ ᠪᠠᠳᠤᠯᠠᠨ᠎ᠠ᠃ ᠢᠦᠶ ᠷᠦᠨ ᠡᠳ᠋ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ | ᠣᠳᠣᠬᠢᠴᠢᠯᠠᠬᠤ ᠶᠢ ᠲᠦᠷᠭᠡᠳᠬᠡᠵᠦ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠪᠣᠯᠤᠨ ᠦᠨᠳᠦᠷ ᠬᠤᠷᠳᠤᠴᠠᠲᠤ ᠳᠡᠮᠦᠷ ᠵᠠᠮ ᠤᠨ ᠥᠷᠲᠡᠭᠡᠨ ᠤ | ᠡᠷᠭᠢᠨ ᠲᠣᠭᠤᠷᠢᠨ ᠤ ᠰᠢᠯᠢᠳᠡᠭ ᠪᠠᠷᠠᠭ᠎ᠠ ᠶᠢᠨ ᠬᠤᠳᠠᠯᠳᠤᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠨ᠂ | ᠰᠥᠩᠱᠠᠨ ᠲᠣᠭᠤᠷᠢᠭ ᠤᠨ ᠬᠤᠶᠢᠲᠤ ᠬᠡᠰᠡᠭ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠦᠳᠦᠭᠡᠨ | ᠪᠠᠶᠢᠭᠤᠯᠤᠯᠲᠠ ᠶᠢᠨ ᠪᠠᠷᠢᠯᠭ᠎ᠠ ᠢ ᠬᠡᠷᠡᠭᠵᠢᠭᠦᠯᠵᠦ᠂ ᠯᠢᠦ ᠾᠧ᠂ ᠹᠦ᠋ ᠰᠢᠩ᠂ ᠰᠢᠤᠸᠠᠨ ᠷᠧᠨ ᠡᠳ᠋ ᠬᠦᠷᠦᠩᠭᠡ ᠵᠡᠷᠭᠡ | ᠠᠯᠪᠠᠯᠠᠬᠤ ᠠᠰᠠᠷ ᠤᠨ ᠳᠤᠮᠳᠠ ᠪᠠᠭ᠎ᠠ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠤᠨ ᠬᠥᠭᠵᠢᠯᠲᠡ ᠶᠢ | ᠲᠦᠷᠭᠡᠳᠬᠡᠨ᠎ᠡ᠃ ︽ᠬᠠᠩᠭᠠᠨ ᠪᠣᠷᠣᠯᠠᠭᠤᠯᠬᠤ e ᠲᠠᠪᠴᠠᠩ︾ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ | ᠬᠡᠪᠴᠢᠶᠡᠵᠢᠭᠰᠡᠨ ᠪᠦᠳᠦᠭᠡᠨ ᠪᠠᠶᠢᠭᠤᠯᠤᠯᠲᠠ ᠢ ᠲᠦᠯᠬᠢᠨ ᠠᠬᠢᠭᠤᠯᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ | ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠪᠠᠨ ᠦᠨᠡᠨ ᠬᠦ | ᠳᠡᠭᠡᠭᠰᠢᠯᠡᠭᠦᠯᠦᠨ᠎ᠡ᠃ ᠤᠯᠢᠶᠠᠰᠤᠲᠠᠢ᠂ ᠬᠤᠸᠠᠩ ᠵᠢᠶᠠ ᠮᠠᠨ ᠳ᠋ᠢᠶᠠᠨ᠂ ᠯᠥᠩ ᠲᠠᠨ ᠠᠮᠢ ᠠᠬᠤᠶ ᠶᠢᠨ ᠴᠡᠴᠡᠷᠯᠢᠭ | ᠵᠡᠷᠭᠡ ᠦᠵᠡᠮᠵᠢᠲᠦ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 5 ᠵᠣᠷᠪᠤᠰ ᠵᠢᠭᠤᠯᠴᠢᠯᠠᠯ ᠤᠨ | ᠰᠣᠳᠤᠨ ᠵᠠᠮ ᠱᠣᠭᠤᠮ ᠢ ᠪᠠᠶᠢᠭᠤᠯᠤᠨ᠂ ᠪᠦᠬᠦ ᠵᠢᠯ ᠳᠤ ᠵᠢᠭᠤᠯᠴᠢᠯᠠᠭᠴᠢ ᠶᠢᠨ ᠲᠤᠭ᠎ᠠ ᠶᠢ 60 ᠲᠦᠮᠡᠨ ᠬᠥᠮᠦᠨ | ᠤᠳᠠᠭ᠎ᠠ ᠠᠴᠠ ᠳᠠᠪᠠᠭᠤᠯᠵᠤ᠂ ᠵᠢᠭᠤᠯᠴᠢᠯᠠᠯ ᠤᠨ ᠣᠷᠣᠯᠭ᠎ᠠ ᠢ 10 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠠᠶᠢᠯᠭᠠᠬᠤ ᠪᠠᠷ ᠴᠢᠷᠮᠠᠶᠢᠨ᠎ᠠ᠃ | ︵ᠳᠦᠷᠪᠡ︶ ᠰᠠᠭᠤᠷᠢ ᠪᠦᠲᠦᠭᠡᠨ ᠪᠠᠶᠢᠭᠤᠯᠤᠯᠲᠠ ᠳᠤ ᠲᠦᠪᠯᠡᠷᠡᠭᠦᠯᠦᠨ᠂ ᠬᠥᠭᠵᠢᠯᠲᠡ ᠶᠢᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠭᠤᠣᠯ ᠬᠤᠳᠠ ᠲᠣᠭᠤᠷᠢᠭ ᠤᠨ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠩ ᠵᠧᠦ ᠵᠠᠮ ᠤᠨ | ᠬᠤᠶᠢᠰᠢ ᠨᠡᠪᠲᠡᠷᠡᠭᠦᠯᠬᠦ ᠢᠨᠵᠧᠨᠧᠷᠢᠩ ᠶᠢ ᠡᠬᠢᠯᠡᠭᠦᠯᠵᠦ᠂ ᠰᠥᠩ ᠬᠠᠶ ᠵᠡᠭᠡᠯᠢ ᠶᠢᠨ ᠪᠠᠷᠠᠭᠤᠨ ᠬᠡᠰᠡᠭ᠂ ᠹᠦ᠋ ᠰᠢᠩ | ᠵᠠᠮ ᠤᠨ ᠳᠤᠮᠳᠠ ᠬᠡᠰᠡᠭ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ 7 ᠵᠣᠷᠪᠤᠰ ᠵᠠᠮ ᠤᠨ ᠦᠷᠭᠦᠯᠵᠢᠯᠡᠨ | ᠪᠦᠲᠦᠭᠡᠨ ᠪᠠᠶᠢᠭᠤᠯᠬᠤ ᠵᠦᠢᠯᠡᠰ ᠢ ᠪᠡᠶᠡᠯᠡᠭᠦᠯᠵᠦ᠂ ᠰᠥᠩᠱᠠᠨ ᠶᠡᠭᠡ ᠵᠡᠭᠡᠯᠢ ᠪᠠ ᠶᠢᠨ ᠾᠧ ᠵᠠᠮ ᠢ ᠥᠭᠡᠷᠡᠴᠢᠯᠡᠬᠦ | ᠠᠵᠢᠯ ᠢ ᠠᠬᠢᠭᠤᠯᠵᠤ᠂ 3 ᠵᠤᠷᠪᠤᠰ ᠵᠠᠮ ᠭᠤᠳᠤᠮᠵᠢ ᠶᠢ ᠵᠠᠰᠠᠨ ᠴᠡᠭᠴᠡᠯᠡᠵᠦ᠂ ᠰᠥᠩᠱᠠᠨ ᠲᠦᠷᠪᠡᠳᠦᠭᠡᠷ ᠲᠣᠮᠳᠠᠳᠤ | ᠰᠤᠷᠭᠠᠭᠤᠯᠢ᠂ ᠰᠦᠩᠱᠠᠨ ᠬᠤᠶᠠᠳᠤᠭᠠᠷ ᠲᠣᠮᠳᠠᠲᠤ ᠰᠤᠷᠭᠠᠭᠤᠯᠢ᠂ ᠰᠥᠩᠱᠠᠨ ᠡᠮᠨᠡᠯᠭᠡ ᠶᠢᠨ ᠬᠤᠷᠢᠶᠠᠨ ᠤ ᠡᠷᠬᠢᠨ | ᠲᠣᠭᠤᠷᠢᠨ ᠤ ᠶᠠᠪᠤᠭᠠᠨ ᠬᠥᠮᠦᠨ ᠤ ᠵᠡᠭᠡᠯᠢ ᠭᠡᠲᠦᠯᠬᠦ ᠬᠥᠭᠦᠷᠭᠡ ᠢ 3 ᠰᠢᠨ᠎ᠡ ᠪᠠᠷ ᠪᠠᠶᠢᠭᠤᠯᠤᠨ᠂ ᠶᠢᠨ ᠾᠧ᠂ ᠫᠢᠩ | ᠱᠤᠸᠠᠩ᠂ ᠰᠦᠩ ᠵᠧᠦ ᠶᠡᠭᠡ ᠬᠥᠭᠦᠷᠭᠡ ᠶᠢᠨ ᠠᠷᠠᠳ ᠲᠤ ᠲᠥᠬᠦᠮ ᠦᠵᠡᠭᠦᠯᠬᠦ ᠵᠠᠮ ᠢ ᠨᠡᠮᠡᠨ ᠪᠠᠶᠢᠭᠤᠯᠵᠤ᠂ | ᠶᠠᠪᠠᠭᠠᠨ ᠬᠥᠮᠦᠨ ᠤ ᠵᠠᠮ ᠶᠢ 10 ᠲᠦᠮᠡᠨ ᠲᠡᠭᠰᠢ ᠳᠥᠷᠪᠡᠯᠵᠢᠨ ᠮᠧᠳ᠋ᠷ ᠰᠡᠯᠪᠢᠨ ᠵᠠᠰᠠᠵᠤ᠂ 16 ᠬᠡᠰᠡᠭ ᠠᠮᠠᠷᠬᠠᠨ | ᠤᠰᠤᠲᠤᠬᠤ ᠴᠡᠭ ᠢ ᠥᠭᠡᠷᠡᠴᠢᠯᠡᠨ ᠪᠠᠶᠢᠭᠤᠯᠵᠤ᠂ ᠵᠠᠮ ᠵᠡᠭᠡᠯᠢ ᠶᠢᠨ ᠨᠣᠭᠤᠭᠠᠷᠠᠭᠤᠯᠤᠯᠲᠠ ᠢ 14 ᠲᠦᠮᠡᠨ ᠲᠡᠭᠰᠢ | ᠳᠥᠷᠪᠡᠯᠵᠢᠨ ᠮᠧᠳ᠋ᠷ ᠬᠡᠷᠡᠭᠵᠢᠭᠦᠯᠦᠨ᠂ 3 ᠬᠤᠭ ᠨᠣᠪᠰᠢ ᠶᠢᠨ ᠠᠪᠴᠢᠭᠤᠯᠤᠭᠤᠷᠲᠤ ᠥᠷᠲᠡᠭᠡ᠂ 32 ᠨᠡᠶᠢᠲᠡ ᠶᠢᠨ | ᠵᠣᠷᠯᠣᠩ ᠶᠢ ᠰᠢᠨ᠎ᠡ ᠪᠠᠷ ᠪᠠᠶᠢᠭᠤᠯᠤᠨ᠂ ᠶᠡᠷᠦᠩᠬᠡᠶᠢᠯᠡᠭᠰᠡᠨ ᠲᠠᠯᠠᠪᠤᠷ ᠣᠷᠳᠣᠨ᠂ ᠠᠭᠤᠳᠠᠮ ᠲᠠᠯᠠᠪᠠᠢ ᠶᠢᠨ ᠵᠠᠮ ᠤᠨ | ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠲᠦᠷᠭᠡᠨ ᠠᠰᠢᠭᠯᠠᠯᠲᠠ ᠳᠤ ᠣᠷᠣᠭᠤᠯᠬᠤ ᠶᠢ ᠲᠦᠯᠬᠢᠨ | ᠠᠬᠢᠭᠤᠯᠤᠨ᠎ᠠ᠃ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠯᠲᠡ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠨᠢᠭᠡ ᠴᠣᠭᠴᠠᠯᠠᠯᠲᠠ ᠶᠢ ᠠᠬᠢᠭᠤᠯᠤᠨ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ ᠪᠠ ᠲᠠᠷᠢᠵᠤ | ᠣᠶᠢᠵᠢᠭᠤᠯᠤᠯᠲᠠ ᠨᠣᠭᠤᠭᠠᠷᠠᠭᠤᠯᠤᠯᠲᠠ ᠶᠢᠨ ᠠᠷᠠᠴᠢᠯᠠᠨ ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠡᠨᠡ ᠵᠢᠯ ᠤᠨ | ᠲᠣᠳᠤᠷ᠎ᠠ ᠮᠧᠬᠠᠨᠢᠭ ᠢᠶᠠᠷ ᠴᠡᠪᠡᠷᠯᠡᠬᠦ ᠨᠣᠷᠮ᠎ᠠ ᠶᠢ 70% ᠳᠤ ᠬᠦᠷᠭᠡᠬᠦ ᠪᠠᠷ ᠪᠠᠶᠢᠨ᠎ᠠ᠃ ᠴᠢᠳᠠᠯ ᠤᠨ ᠳᠣᠲᠣᠷ᠎ᠠ ᠪᠠᠨ | ᠬᠢᠬᠦ ᠪᠠ ᠴᠢᠨᠡᠭᠡ ᠪᠠᠷ ᠢᠶᠠᠨ ᠰᠠᠶᠢᠨ ᠬᠢᠬᠦ ᠶᠢ ᠪᠠᠷᠢᠮᠲᠠᠯᠠᠨ᠂ ᠡᠯ᠎ᠡ ᠰᠢᠶᠠᠩ ᠪᠠᠯᠭᠠᠰᠤ ᠤᠨ ᠤᠰᠤ ᠬᠠᠩᠭᠠᠬᠤ᠂ ᠤᠰᠤ | ᠭᠠᠳᠠᠭᠰᠢᠯᠠᠭᠤᠯᠬᠤ᠂ ᠢᠯᠴᠢ ᠬᠠᠩᠭᠠᠬᠤ᠂ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ ᠪᠠᠷ ᠭᠤᠣᠯᠳᠠᠯᠭ᠎ᠠ | ᠪᠣᠯᠭᠠᠬᠤ ᠶᠢ ᠵᠢᠭᠠᠨ ᠵᠢᠯᠤᠭᠤᠳᠴᠤ ᠳᠡᠮᠵᠢᠨ᠂ ᠵᠢᠵᠢᠭ ᠬᠤᠲᠠ ᠪᠠᠯᠭᠠᠰᠤ ᠶᠢᠨ ᠰᠠᠭᠤᠷᠢ ᠲᠦᠬᠦᠭᠡᠷᠦᠮᠵᠢ ᠶᠢ | ᠳᠡᠭᠦᠯᠳᠡᠷᠵᠢᠭᠦᠯᠬᠦ ᠶᠢ ᠲᠦᠷᠭᠡᠳᠬᠡᠨ᠎ᠡ᠃ | ᠬᠦᠭᠵᠢᠯᠲᠡ ᠶᠢᠨ ᠳᠠᠪᠴᠠᠩ ᠤᠨ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠩᠴᠢᠨ ᠤ ᠬᠦᠷᠢᠶᠡᠯᠡᠩ ᠲᠣᠭᠤᠷᠢᠭ ᠨᠢ ᠳᠡᠭᠡᠳᠦ ᠬᠤᠷᠳᠤᠴᠠᠲᠤ ᠬᠠᠷᠢᠯᠴᠠᠨ ᠨᠡᠪᠲᠡᠷᠡᠯᠴᠡᠬᠦ ᠵᠠᠮ᠂ ᠲᠡᠮᠦᠷ ᠵᠠᠮ ᠤᠨ | ᠵᠠᠮ ᠱᠣᠭᠤᠮ ᠢ ᠲᠠᠲᠠᠬᠤ᠂ ᠬᠠᠲᠠᠭᠤ ᠪᠡᠶᠡᠲᠦ ᠬᠠᠶᠠᠭᠳᠠᠮᠠᠯ ᠤᠨ ᠭᠠᠵᠠᠷ᠂ ᠤᠰᠤ ᠶᠢ ᠡᠭᠡᠭᠦᠯᠦᠨ ᠬᠡᠷᠡᠭᠯᠡᠬᠦ ᠰᠢᠰᠲ᠋ᠧᠮ | ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠳᠤᠯᠠᠨ᠎ᠠ᠃ ᠮᠡᠳᠡᠭᠡ ᠵᠠᠩᠭᠢ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠨᠢ ᠲᠥᠯᠥᠪᠵᠢᠭᠦᠯᠭᠡ ᠪᠠᠨ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠮᠡᠳᠡᠭᠡ ᠵᠠᠩᠭᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠢᠶᠠᠷ ᠭᠤᠣᠯ ᠪᠣᠯᠭᠠᠵᠤ᠂ | ᠪᠤᠰᠤᠳ ᠬᠡᠯᠪᠡᠷᠢ ᠪᠠᠶᠢᠳᠠᠯ ᠵᠢᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠢᠵᠢ ᠪᠦᠷᠢᠯᠳᠦᠭᠦᠯᠦᠭᠰᠡᠨ ᠪᠠᠳᠤᠯᠠᠭ᠎ᠠ ᠪᠠᠷ | ᠬᠠᠪᠰᠤᠷᠤᠯᠭ᠎ᠠ ᠪᠣᠯᠭᠠᠨ᠂ ᠲᠣᠬᠢᠷᠠᠮᠵᠢᠲᠠᠢ ᠦᠶ᠎ᠡ ᠳᠤ ᠰᠤᠷᠭᠠᠭᠤᠯᠢ᠂ ᠵᠠᠮ ᠵᠡᠷᠭᠡ ᠰᠠᠭᠤᠷᠢ ᠪᠡᠯᠡᠳᠬᠡᠮᠵᠢ ᠶᠢᠨ | ᠪᠥᠳᠥᠭᠡᠨ ᠪᠠᠶᠢᠭᠤᠯᠤᠯᠲᠠ ᠶᠢ ᠡᠬᠢᠯᠡᠨ ᠬᠡᠷᠡᠭᠵᠢᠭᠦᠯᠦᠨ᠎ᠡ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠡᠳ᠋ | ᠪᠠᠷᠠᠭᠠᠨ ᠤ ᠭᠦᠢᠯᠭᠡᠭᠡᠨ ᠤ ᠬᠤᠲᠠ ᠨᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠲᠣᠭᠤᠷᠢᠨ ᠳᠤ᠂ ᠪᠥᠲᠥᠭᠡᠨ | ᠪᠠᠶᠢᠭᠤᠯᠤᠯᠲᠠ ᠶᠢᠨ ᠴᠠᠭ ᠤᠨ ᠲᠠᠰ ᠳᠠᠷᠠᠭᠠᠯᠠᠯ ᠶᠢ ᠵᠣᠬᠢᠰᠲᠠᠶ ᠪᠠᠶᠢᠷᠢᠯᠠᠭᠤᠯᠤᠨ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ᠂ ᠬᠤᠶᠠᠷ ᠤᠰᠤᠨ ᠭᠥᠭᠦᠷᠭᠡᠨ ᠥᠷᠲᠡᠭᠡ᠂ ᠵᠤᠰᠠ ᠶᠢᠨ ᠭᠤᠣᠯ ᠤᠨ ᠬᠠᠰᠢᠯᠭ᠎ᠠ᠂ ᠵᠠᠮ᠂ ᠢᠯᠴᠢ ᠶᠢᠨ | ᠬᠠᠩᠭᠠᠯᠭ᠎ᠠ᠂ ᠤᠰᠤᠨ ᠤ ᠬᠠᠩᠭᠠᠯᠭ᠎ᠠ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠠᠮᠢ ᠠᠬᠤᠶ ᠶᠢᠨ ᠢᠨᠵᠧᠨᠧᠷᠢᠩ ᠤᠨ ᠪᠦᠳᠤᠭᠡᠨ | ᠪᠠᠶᠢᠭᠤᠯᠤᠯᠲᠠ ᠢ ᠴᠢᠩᠭᠠᠳᠬᠠᠨ᠎ᠠ᠃ ᠮᠤᠵᠢ ᠶᠢᠨ ᠵᠡᠮ 219 ᠱᠤᠭᠤᠮ ᠤᠨ ᠰᠦᠩᠱᠠᠨ ᠤ ᠬᠡᠰᠡᠭ ᠶᠢ 9 ᠰᠠᠷ᠎ᠠ ᠶᠢᠨ | ᠡᠴᠦᠰ ᠠᠴᠠ ᠡᠮᠦᠨ᠎ᠡ ᠪᠦᠬᠦ ᠱᠤᠭᠤᠮ ᠢᠶᠠᠷ ᠪᠠᠷᠢᠯᠭ᠎ᠠ ᠳᠠᠭᠤᠰᠬᠠᠨ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ | ᠠᠭᠠᠷ ᠤᠨ ᠠᠶᠠᠯᠠᠯ ᠤᠨ ᠵᠢᠵᠢᠭ ᠪᠠᠯᠭᠠᠰᠤ ᠶᠢᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠬᠢᠬᠦ ᠠᠵᠢᠯ ᠢ ᠲᠦᠷᠭᠡᠳᠬᠡᠨ᠎ᠡ᠃ ᠰᠠᠨ ᠽᠦᠸᠧ ᠳ᠋ᠢᠶᠠᠨ ᠤ ᠭᠤᠣᠯ ᠬᠤᠳᠠ | ᠲᠣᠭᠤᠷᠢᠭ ᠳᠤ ᠤᠰᠤ ᠲᠠᠲᠠᠬᠤ ᠪᠠ ᠪᠠᠨ ᡁᠢ ᠵᠢᠶᠠᠨ ᠭᠤᠣᠯ᠂ ᠢᠩᠭᠡ ᠶᠢᠨ ᠭᠤᠣᠯ ᠤᠨ ᠬᠤᠲᠠ ᠲᠣᠭᠤᠷᠢᠭᠰᠠᠨ | ᠤᠰᠤᠨ ᠰᠢᠰᠲᠧᠮ ᠢ ᠵᠠᠰᠠᠬᠤ ᠢᠨᠵᠧᠨᠧᠷᠢᠩ ᠢ ᠬᠠᠮᠵᠢᠯᠴᠠᠨ ᠬᠡᠷᠡᠭᠵᠢᠭᠦᠯᠵᠦ᠂ ᠯᠥᠩ ᠲᠠᠨ ᠤᠰᠤ ᠬᠠᠩᠭᠠᠯᠲᠠ᠂ | ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ | ᠪᠣᠷᠣᠭᠠᠨ ᠬᠠᠳᠠᠭᠠᠯᠠᠬᠤ ᠵᠢᠱᠢᠶ᠎ᠡ ᠦᠵᠡᠭᠦᠯᠦᠭᠴᠢ ᠵᠡᠷᠭᠡ ᠲᠦᠷᠦᠯ ᠵᠦᠢᠯ ᠢ ᠰᠠᠶᠢᠳᠤᠷ ᠪᠦᠳᠦᠭᠡᠨ ᠪᠠᠶᠢᠭᠤᠯᠤᠨ᠎ᠠ᠃ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ | ᠴᠡᠭᠴᠡᠯᠡᠨ ᠵᠠᠰᠠᠯᠲᠠ ᠶᠢᠨ ︽ᠵᠢᠷᠭᠤᠭᠠᠨ ᠶᠡᠭᠡ ᠢᠨᠵᠧᠨᠧᠷᠢᠩ︾ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | 5.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠣᠯᠤᠨ᠎ᠠ᠃ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢᠨ ᠵᠠᠰᠠᠯᠲᠠ᠂ ᠪᠠᠶᠢᠭᠠᠯᠢᠯᠢᠬ ᠤᠢ ᠰᠢᠭᠤᠶ ᠶᠢᠨ ᠬᠠᠮᠠᠭᠠᠯᠠᠯᠲᠠ᠂ ᠵᠠᠮ ᠤᠨ | ᠨᠣᠭᠤᠭᠠᠷᠠᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠵᠡᠷᠭᠡ | ᠭᠤᠣᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠨ᠂ ᠪᠦᠬᠦ ᠵᠢᠯ ᠳᠤ 2.8 ᠲᠦᠮᠡᠨ ᠮᠦ ᠣᠢ | ᠰᠢᠭᠤᠢ ᠶᠢ ᠣᠶᠢᠵᠢᠭᠤᠯᠵᠤ ᠳᠠᠭᠤᠰᠬᠠᠨ᠎ᠠ᠃ | ︵ᠲᠠᠪᠤ︶ ᠨᠡᠬᠡᠬᠡᠯᠳᠠ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ ᠴᠢᠩᠭᠠᠳᠬᠠᠨ᠎ᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠷ᠎ᠡ ᠪᠦᠲᠦᠭᠡᠯ ᠢ ᠴᠢᠷᠮᠠᠶᠢᠨ ᠥᠷᠭᠡᠳᠬᠡᠨ᠎ᠡ᠃ ︽ | ᠡᠪᠦᠯ ᠤᠨ ᠤᠯᠠᠷᠢᠯ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠳᠠᠯᠳᠤᠭᠠᠴᠢᠨ ᠤᠷᠢᠬᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠩᠨᠠᠨ | ᠬᠥᠬᠢᠭᠦᠯᠬᠦ ᠲᠥᠷᠥ ᠶᠢᠨ ᠪᠣᠳᠣᠯᠭ᠎ᠠ ᠶᠢ ᠪᠣᠲᠠᠲᠠᠢ ᠬᠡᠷᠡᠭᠵᠢᠭᠦᠯᠦᠨ᠂ ᠡᠯ᠎ᠡ ᠲᠠᠯ᠎ᠠ ᠶᠢᠨ ᠢᠳᠡᠪᠬᠢᠵᠢᠯ ᠢ ᠲᠠᠶᠢᠴᠢᠯᠠᠨ᠂ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ | ᠂ ᠳᠡᠭᠡᠳᠦ ᠳᠡᠰ ᠤᠨ ᠲᠣᠨᠣᠭᠯᠠᠯ ᠦᠢᠯᠡᠳᠬᠦ᠂ ᠰᠣᠶᠣᠯ ᠵᠢᠭᠤᠯᠴᠢᠯᠠᠯ ᠪᠠ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠵᠡᠷᠭᠡ 5 ᠴᠢᠭᠯᠡᠯ ᠶᠢ ᠣᠨᠤᠴᠢᠲᠠᠢ ᠠᠳᠬᠤᠵᠤ᠂ ᠪᠡᠭᠡᠵᠢᠩ ᠲᠢᠶᠠᠨᠵᠢᠨ ᠭᠠᠵᠠᠷ ᠣᠷᠣᠨ ᠤ ᠠᠵᠤ | ᠦᠢᠯᠡᠰ ᠤᠨ ᠰᠢᠯᠵᠢᠯᠲᠡ᠂ ᠮᠡᠳᠡᠭᠡ ᠵᠠᠩᠭᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ᠂ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠧᠭᠨᠢᠭ ᠮᠡᠷᠭᠡᠵᠢᠯ ᠢ ᠣᠷᠣᠭᠤᠯᠵᠤ | ᠠᠪᠴᠢᠷᠠᠬᠤ᠂ ᠠᠷᠠᠯᠵᠢᠶᠠᠴᠢᠨ ᠤᠷᠢᠬᠤ ᠲᠠᠨᠢᠯᠴᠠᠭᠤᠯᠬᠤ ᠠᠵᠢᠯᠯᠠᠭ᠎ᠠ ᠢ ᠬᠠᠨᠳᠤᠯᠭᠠᠲᠤ ᠴᠢᠨᠠᠷᠲᠠᠶ ᠪᠠᠷ ᠵᠣᠬᠢᠶᠠᠨ | ᠪᠠᠶᠢᠭᠤᠯᠤᠨ ᠰᠡᠳᠤᠵᠤ᠂ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ | 51 ᠣᠷᠣᠭᠤᠯᠵᠤ ᠢᠷᠡᠬᠦ ᠪᠠᠷ ᠴᠢᠷᠮᠠᠶᠢᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠢ 15 ᠪᠠᠶᠢᠯᠭᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ | ᠴᠢᠳᠠᠪᠬᠢ ᠶᠢᠨ ᠬᠤᠪᠢᠷᠠᠯᠲᠠ ᠪᠠ ᠲᠦᠷᠦ ᠶᠢᠨ ᠪᠤᠳᠤᠯᠭ᠎ᠠ ᠶᠢᠨ ᠬᠠᠨᠳᠤᠰᠢ ᠢ ᠳᠡᠭᠡᠳᠦ ᠬᠡᠮᠵᠢᠶ᠎ᠡ ᠪᠠᠷ ᠠᠩᠬᠠᠷᠴᠤ᠂ | ᠲᠡᠳᠬᠦᠨ ᠳᠡᠮᠵᠢᠬᠦ ᠵᠦᠢᠯᠡᠰ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠡᠭᠡᠳᠦ ᠱᠠᠲᠤᠨ ᠤ ᠪᠡᠯᠡ | ᠣᠷᠣᠭᠤᠯᠤᠯᠲᠠ ᠶᠢ ᠤᠯᠬᠤ ᠪᠠᠷ ᠢᠳᠡᠪᠬᠢᠲᠡᠶ ᠴᠢᠷᠮᠠᠶᠢᠨ᠎ᠠ᠃ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠰᠢᠨ᠎ᠡ ᠨᠢᠭᠡ | ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠵᠤ᠂ ᠪᠦᠷᠢᠨ | ᠲᠡᠭᠦᠯᠳᠡᠷ ᠰᠢᠰᠲ᠋ᠧᠮ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭᠠᠨ ᠨᠢ ᠥᠨᠳᠥᠷ ᠦᠷ᠎ᠡ | ᠪᠦᠲᠦᠮᠵᠢᠲᠡᠶ ᠡᠭᠦᠷᠭᠡ ᠴᠢᠳᠠᠪᠬᠢ ᠶᠢᠨ ᠰᠢᠰᠲ᠋ᠧᠮ ᠪᠠᠶᠢᠭᠤᠯᠬᠤ ᠶᠢ ᠲᠦᠷᠭᠡᠳᠬᠡᠨ᠎ᠡ᠃ ᠪᠡᠯᠡ ᠣᠷᠣᠭᠤᠯᠤᠯᠲᠠ ᠪᠡᠯᠡ | ᠲᠣᠬᠢᠷᠠᠭᠤᠯᠭ᠎ᠠ ᠶᠢᠨ ᠪᠠᠶᠢᠭᠤᠯᠤᠯ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠪᠠᠶᠢᠭᠤᠯᠤᠯ ᠵᠡᠷᠭᠡ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠪᠠ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠬᠦᠷᠢᠶᠡᠨ ᠳᠠᠬᠢ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠨ ᠺᠤᠸᠠᠢ ᠠᠳᠠᠯ ᠤᠶᠢᠯᠡᠰ ᠴᠣᠭᠴᠠᠯᠠᠬᠤ | ᠭᠠᠵᠠᠷ ᠤᠨ ᠨᠡᠪᠴᠢᠭᠦᠯᠦᠭᠦᠷ ᠤᠨ ᠦᠢᠯᠡᠴᠢᠯᠡᠭᠡ ᠢ ᠴᠢᠩᠭᠠᠳᠬᠠᠵᠤ᠂ ︽ᠬᠤᠣᠰ ᠡᠭᠦᠳᠦᠯᠲᠡ︾ ᠶᠢᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠠᠵᠤ | ᠠᠬᠤᠶᠢᠯᠠᠯ ᠶᠢ 20 ᠡᠷᠦᠬᠡ ᠠᠴᠠ ᠳᠠᠪᠠᠭᠤᠯᠬᠤ ᠪᠠᠷ ᠴᠢᠷᠮᠠᠶᠢᠨ᠎ᠠ᠃ ᠲᠤᠭᠠᠵᠢᠭᠤᠯᠤᠭᠰᠠᠨ ᠪᠦᠲᠦᠭᠡᠯᠴᠢ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ | ᠲᠤᠭᠠᠵᠢᠭᠤᠯᠤᠭᠰᠠᠨ ᠪᠦᠲᠦᠭᠡᠯᠴᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠢ ᠭᠦᠨᠵᠡᠭᠡᠶ ᠲᠦᠯᠬᠢᠨ ᠠᠬᠢᠭᠤᠯᠵᠤ᠂ | ᠰᠢᠨ᠎ᠡ ᠪᠠᠷ ᠡᠯᠰᠡᠬᠦ ᠲᠤᠰᠬᠠᠶ ᠮᠡᠷᠭᠡᠵᠢᠯ ᠤᠨ ᠰᠤᠷᠤᠭᠴᠢ ᠶᠢᠨ ᠲᠤᠭ᠎ᠠ ᠶᠢ 500 ᠬᠥᠮᠦᠨ ᠳᠤ ᠬᠦᠷᠭᠡᠨ᠎ᠡ︔ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠳᠠᠳᠤᠯᠭ᠎ᠠ ᠪᠣᠯᠪᠠᠰᠤᠷᠠᠭᠤᠯᠤᠯ ᠢᠶᠠᠷ | ᠪᠣᠲᠠᠲᠠᠢ ᠠᠵᠢᠯ ᠢ ᠣᠷᠣᠯᠠᠭᠤᠯᠬᠤ ᠲᠥᠷᠥᠯ ᠵᠦᠢᠯ ᠢ 10 ᠠᠴᠠ ᠳᠡᠭᠡᠭᠰᠢ ᠣᠷᠤᠭᠤᠯᠵᠤ᠂ ︽ᠬᠤᠶᠠᠷ ᠪᠠᠭᠰᠢ ᠢᠶᠠᠷ | ᠱᠠᠪᠢ ᠳᠠᠭᠠᠭᠤᠯᠬᠤ᠂ ᠪᠣᠲᠠᠲᠠᠢ ᠠᠵᠢᠯ ᠪᠠ ᠰᠤᠷᠤᠯᠴᠠᠯᠭ᠎ᠠ ᠶᠢ ᠨᠢᠭᠡ ᠴᠤᠭᠴᠠᠵᠢᠭᠤᠯᠬᠤ︾ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠ ᠴᠢᠳᠠᠪᠤᠷᠢᠲᠠᠨ ᠢ ᠬᠥᠮᠦᠵᠢᠭᠦᠯᠬᠦ ᠬᠡᠪ ᠵᠠᠭᠪᠤᠷ ᠶᠢ ᠴᠢᠷᠮᠠᠶᠢᠨ ᠬᠡᠷᠡᠭᠵᠢᠭᠦᠯᠵᠦ᠂ ᠣᠷᠣᠨ | ᠪᠦᠰᠡ ᠶᠢᠨ ᠴᠢᠨᠠᠷᠲᠠᠶ ᠲᠤᠭᠠᠵᠢᠭᠤᠯᠤᠭᠰᠠᠨ ᠪᠦᠲᠦᠭᠡᠯᠴᠢ ᠪᠣᠲᠠᠲᠠᠢ ᠠᠵᠢᠯ ᠢ ᠣᠷᠣᠯᠠᠬᠤ ᠨᠠᠷᠠᠲᠤ ᠲᠡᠮᠳᠡᠭᠲᠦ ᠶᠢ ᠪᠣᠢ | ᠪᠣᠯᠭᠠᠨ᠂ ᠮᠡᠳᠡᠭᠡ ᠵᠠᠩᠭᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠢ | ᠲᠦᠷᠭᠡᠳᠬᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠰᠢᠨ᠎ᠡ ᠠᠯᠪᠠᠯᠠᠬᠤ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠨᠢᠭᠡ ᠪᠠᠶᠢᠭᠤᠯᠭ᠎ᠠ ᠭᠥᠯᠢᠶᠡᠨ ᠠᠪᠬᠤ᠂ ᠨᠢᠭᠡ ᠯᠡ ᠤᠳᠠᠭ᠎ᠠ ᠭᠦᠶᠦᠬᠦ ᠪᠠ | ᠰᠠᠯᠠᠭ᠎ᠠ ᠮᠥᠴᠢᠷ ᠣᠷᠣᠯᠠᠨ ᠭᠦᠢᠴᠡᠳᠬᠡᠬᠦ ᠲᠦᠷᠢᠮ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠬᠠᠮᠲᠤᠷᠠᠨ ᠬᠢᠨᠠᠨ | ᠵᠥᠪᠰᠢᠶᠡᠷᠡᠬᠦ᠂ ᠣᠯᠠᠨ ᠵᠢᠷᠤᠭ ᠲᠥᠯᠥᠪᠯᠡᠭᠡ ᠶᠢ ᠬᠤᠯᠪᠣᠭᠠᠯᠠᠨ ᠬᠢᠨᠠᠬᠤ ᠢ ᠶᠡᠭᠡ ᠬᠦᠴᠦᠨ ᠪᠠᠷ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠯᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ ᠶᠢ ᠲᠦᠷᠭᠡᠪᠴᠢᠯᠡᠨ | ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ 26 ᠵᠤᠷᠪᠤᠰ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ | ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠬᠡᠷᠡᠭᠵᠢᠭᠦᠯᠵᠦ᠂ ᠰᠢᠩ ᠶᠤᠸᠠᠨ ᠤᠰᠤ ᠠᠷᠪᠢᠯᠠᠬᠤ᠂ ᠲᠢᠶᠠᠨ ᠭᠥᠩ | ᠢᠯᠴᠢ ᠬᠠᠩᠭᠠᠬᠤ ᠵᠡᠷᠭᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ ᠳᠣᠭᠢᠷᠠᠭᠤᠯᠬᠤ ᠠᠵᠢᠯ ᠢ | ᠰᠠᠶᠢᠲᠤᠷ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠤᠨ ᠥᠷᠨᠢᠨ ᠮᠠᠨᠳᠤᠬᠤ ᠢ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦ ᠪᠠᠨ ᠲᠥᠪᠯᠡᠷᠡᠭᠦᠯᠵᠦ᠂ ᠣᠯᠠᠨ | ᠲᠦᠮᠡᠨ ᠤ ᠠᠰᠢᠭ ᠬᠦᠷᠲᠡᠬᠦ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ | ᠰᠤᠷᠭᠠᠨ ᠬᠥᠮᠦᠵᠢᠯ ᠤᠨ ᠬᠥᠭᠵᠢᠯᠲᠡ ᠨᠡᠩ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃ ᠪᠡᠯᠡ | ᠣᠷᠣᠭᠤᠯᠤᠯᠲᠠ ᠪᠠᠨ ᠨᠡᠮᠡᠭᠳᠡᠭᠦᠯᠵᠦ᠂ ᠰᠥᠩᠱᠠᠨ ᠤ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠂ ᠠᠷᠪᠠᠨ | ᠳᠣᠯᠣᠳᠤᠭᠠᠷ ᠪᠠᠭ᠎ᠠ ᠰᠤᠷᠭᠠᠭᠤᠯᠢ ᠵᠡᠷᠭᠡ 9 ᠰᠤᠷᠭᠠᠭᠤᠯᠢ ᠶᠢᠨ ᠦᠷᠭᠦᠯᠵᠢᠯᠡᠨ ᠪᠠᠶᠢᠭᠤᠯᠬᠤ ᠪᠠᠷᠢᠯᠭ᠎ᠠ ᠢ | ᠪᠡᠶᠡᠯᠡᠭᠦᠯᠵᠦ᠂ 9 ᠬᠡᠦᠬᠡᠳ ᠤᠨ ᠴᠡᠴᠡᠷᠯᠢᠭ᠂ 7 ᠪᠠᠭ᠎ᠠ ᠰᠤᠷᠭᠠᠭᠤᠯᠢ᠂ 5 ᠠᠩᠬ᠎ᠠ ᠳᠤᠮᠳᠠᠳᠤ ᠰᠤᠷᠭᠠᠭᠤᠯᠢ᠂ 3 | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ | ᠢᠨᠵᠧᠨᠧᠷᠢᠩ ᠶᠢ ᠡᠬᠢᠯᠡᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ | ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠪᠠᠲᠤᠳᠬᠠᠨ | ᠳᠡᠭᠡᠭᠰᠢᠯᠡᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠥᠪᠡᠷᠮᠢᠴᠡ | ᠤᠨᠴᠠᠯᠢᠭᠲᠠᠢ᠂ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠨᠣᠷᠮ᠎ᠠ ᠶᠢ 70% ᠠᠴᠠ | ᠳᠡᠭᠡᠭᠰᠢ ᠳᠤ ᠬᠦᠷᠭᠡᠨ᠎ᠡ᠃ | ᠡᠮ ᠡᠮᠨᠡᠯᠭᠡ ᠶᠢᠨ ᠦᠢᠯᠡᠴᠢᠯᠡᠭᠡᠨ ᠶᠢ ᠠᠷᠠᠳ ᠲᠤ ᠨᠡᠩ ᠢᠯᠡᠭᠦᠦ ᠠᠰᠢᠭᠲᠠᠶ ᠪᠣᠯᠭᠠᠬᠤ ᠶᠢ ᠠᠬᠢᠭᠤᠯᠤᠨ᠎ᠠ᠃ | ᠱᠠᠳᠤ ᠬᠤᠪᠢᠶᠠᠨ ᠣᠨᠣᠰᠢᠯᠠᠨ ᠡᠮᠨᠡᠬᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ | ᠬᠢᠬᠦ ᠵᠡᠷᠭᠡ ︽ᠭᠤᠷᠪᠠᠨ ᠡᠮᠨᠡᠯᠭᠡ ᠢ ᠬᠠᠮᠳᠦ ᠪᠠᠷ ᠥᠭᠡᠷᠡᠴᠢᠯᠡᠬᠦ︾ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ | ᠪᠠᠲᠤᠲᠠᠶ ᠥᠷᠨᠢᠭᠦᠯᠵᠦ᠂ ᠡᠮ ᠡᠮᠨᠡᠯᠭᠡ ᠶᠢᠨ ᠵᠠᠷᠤᠳᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ | ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠡᠪᠡᠳᠴᠢᠨ | ᠡᠮᠭᠡᠭ ᠡᠭᠦᠰᠬᠦ ᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ ᠨᠡᠶᠢᠳᠡᠮ ᠬᠤᠶᠠᠷ ᠬᠡᠤᠬᠡᠳ ᠠᠪᠴᠤ ᠪᠣᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠤᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠭᠠᠵᠠᠷ ᠤᠨ ᠰᠢᠨ᠎ᠡ ᠠᠵᠢᠯᠯᠠᠬᠤ ᠭᠠᠵᠠᠷ ᠨᠢ 5 ᠰᠠᠷ᠎ᠠ ᠳᠤ ᠠᠰᠢᠭᠯᠠᠯᠲᠠ ᠳᠤ ᠣᠷᠤᠬᠤ ᠶᠢ ᠦᠨᠡᠨ ᠬᠦ ᠪᠠᠲᠤᠯᠠᠵᠤ᠂ | ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠪᠠᠲᠤᠯᠠᠭ᠎ᠠ ᠶᠢᠨ ᠰᠢᠰᠲ᠋ᠧᠮ ᠢ ᠨᠡᠩ ᠳᠡᠭᠦᠯᠳᠡᠷᠵᠢᠭᠦᠯᠬᠦ ᠶᠢ ᠠᠬᠢᠭᠤᠯᠤᠨ᠎ᠠ᠃ ᠬᠤᠲᠠ ᠪᠠᠯᠭᠠᠰᠤᠨ ᠤ ᠰᠢᠨ᠎ᠡ ᠪᠠᠷ | ᠨᠡᠮᠡᠭᠳᠡᠬᠦ ᠠᠵᠢᠯ ᠣᠯᠭᠤᠯᠲᠠ ᠶᠢᠨ ᠬᠦᠮᠦᠨ ᠢ 3500 ᠬᠥᠮᠦᠨ ᠳᠤ ᠬᠦᠷᠭᠡᠵᠦ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ 10 ᠲᠦᠮᠡᠨ ᠬᠥᠮᠦᠨ ᠤᠳᠠᠭ᠎ᠠ ᠳᠤ ᠬᠦᠷᠭᠡᠨ᠂ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠬᠤᠳᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠬᠥᠳᠡᠭᠡ ᠲᠣᠰᠬᠤᠨ ᠤ ᠲᠠᠪᠤᠨ ᠪᠠᠲᠤᠯᠠᠭ᠎ᠠ ᠶᠢᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠦᠬᠦ ᠠᠷᠠᠳ ᠢ ᠳᠠᠭᠠᠳᠬᠠᠯ ᠳᠤ ᠣᠷᠣᠯᠴᠠᠭᠤᠯᠬᠤ | ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠨᠡᠶᠢᠭᠡᠮ ᠤᠨ ᠪᠠᠲᠤᠯᠠᠭ᠎ᠠ ᠪᠠ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠴᠠᠯᠢᠩ ᠥᠷᠢᠲᠦᠬᠦ ᠠᠰᠠᠭᠤᠳᠠᠯ ᠢ ᠵᠠᠰᠠᠬᠤ ᠪᠠ ᠪᠠᠲᠤᠯᠠᠬᠤ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠴᠠᠭ | ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠲᠦᠯᠬᠢᠨ ᠠᠬᠢᠭᠤᠯᠤᠨ᠎ᠠ᠃ ᠬᠤᠲᠠ ᠲᠣᠭᠤᠷᠢᠭ ᠬᠤᠶᠠᠷ ᠱᠠᠲᠤᠨ ᠤ | ᠨᠠᠰᠤᠲᠠᠨ ᠶᠢ ᠠᠰᠠᠷᠠᠵᠤ ᠰᠤᠪᠢᠯᠠᠬᠤ ᠬᠦᠷᠢᠶᠡᠯᠡᠩ ᠤᠨ ᠡᠵᠡᠩᠨᠡᠯᠲᠡ ᠶᠢ ᠰᠠᠶᠢᠲᠤᠷ ᠠᠳᠬᠤᠵᠤ᠂ ᠡᠮᠴᠢᠯᠡᠭᠡ | ᠰᠤᠪᠢᠯᠠᠯᠲᠠ ᠠᠰᠠᠷᠠᠯᠲᠠ ᠶᠢᠨ ᠤᠶᠠᠯᠳᠤᠭᠤᠯ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠭᠦᠨᠵᠡᠭᠡᠶ | ᠥᠷᠨᠢᠭᠦᠯᠬᠦ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠦᠢᠯᠡᠰ ᠢ ᠨᠡᠩ ᠴᠡᠴᠡᠭᠯᠡᠭᠦᠯᠦᠨ ᠬᠥᠭᠵᠢᠭᠦᠯᠦᠨ᠎ᠡ᠃ ᠠᠵᠤ ᠠᠬᠤᠶᠢᠯᠠᠯ ᠢᠶᠠᠷ ᠪᠡᠶᠡᠴᠢ ᠴᠣᠭᠴᠠ | ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠨ᠎ᠡ᠃ ᠳᠡᠭᠡᠳᠦ ᠲᠡᠰ ᠳᠠᠪᠬᠤᠷᠭ᠎ᠠ ᠶᠢᠨ᠂ ᠥᠨᠳᠥᠷ ᠲᠦᠪᠰᠢᠨ ᠤ ᠴᠢᠳᠠᠪᠤᠷᠢᠲᠠᠨ ᠶᠢ ᠲᠠᠲᠠᠨ | ᠣᠷᠣᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤ ᠲᠤᠯᠭᠠᠭᠤᠷᠢᠯᠠᠯ | ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ᠬᠠᠮᠲᠤᠪᠠᠷ ᠡᠳ᠋ᠯᠡᠬᠦ ᠬᠠᠮᠲᠤᠪᠠᠷ ᠵᠠᠰᠠᠬᠤ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢ ᠵᠦᠴᠦᠭᠡ ᠶᠢ ᠬᠦᠳᠡᠭᠡ ᠲᠤᠰᠬᠤᠨ ᠳᠤ ᠬᠦᠷᠭᠡᠬᠦ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠵᠡᠷᠭᠡ ᠤᠯᠠᠨ ᠲᠦᠮᠡᠨᠴᠢ ᠴᠢᠨᠠᠷᠲᠠᠶ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ | ᠬᠥᠳᠡᠯᠭᠡᠭᠡᠨ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠦᠬᠦ ᠤᠯᠤᠰ ᠤᠨ ᠬᠤᠷᠲᠤᠨ ᠠᠯᠬᠤᠬᠤ ᠱᠠᠩᠨᠠᠯᠲᠤ | ᠤᠷᠤᠯᠳᠤᠭᠠᠨ ᠤ ᠤᠯᠠᠭᠠᠨᠬᠠᠳᠠ ᠥᠷᠲᠡᠭᠡ ᠶᠢᠨ ᠤᠷᠤᠯᠳᠤᠭᠠᠨ ᠢ ᠳᠠᠭᠠᠭᠠᠴᠢᠯᠠᠨ ᠡᠷᠬᠢᠯᠡᠨ᠎ᠡ᠃ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠴᠡᠷᠢᠭ ᠠᠴᠠ | ᠬᠠᠯᠠᠭᠳᠠᠭᠰᠠᠳ ᠢ ᠲᠥᠪᠬᠢᠨᠡᠭᠦᠯᠦᠨ ᠲᠣᠬᠢᠷᠠᠭᠤᠯᠬᠤ ᠲᠦᠷᠦ ᠶᠢᠨ ᠪᠤᠳᠤᠯᠭ᠎ᠠ ᠢ ᠨᠠᠶᠢᠳᠠᠪᠤᠷᠢᠵᠢᠭᠤᠯᠤᠨ᠎ᠠ᠃ | ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ | ᠤᠯᠠᠭᠠᠨ ᠵᠠᠭᠠᠯᠮᠠᠶᠢᠲᠠᠨ᠂ ᠪᠤᠶᠠᠨ ᠤ ᠦᠢᠯᠡᠰ ᠶᠢ ᠲᠦᠷᠭᠡᠪᠴᠢᠯᠡᠨ ᠬᠥᠭᠵᠢᠭᠦᠯᠦᠨ᠎ᠡ᠃ ᠨᠠᠰᠤᠲᠠᠶᠢᠴᠤᠳ᠂ | ᠡᠮᠡᠭᠲᠠᠶᠢᠴᠦᠳ ᠬᠡᠦᠬᠡᠳ ᠪᠠ ᠵᠡᠮᠳᠡᠭᠴᠦᠳ ᠤᠨ ᠠᠵᠢᠯ ᠢ ᠬᠦᠨᠳᠦᠳᠬᠡᠵᠦ ᠦᠵᠡᠨ᠎ᠡ᠃ ᠦᠨᠳᠦᠰᠦᠲᠡᠨ ᠱᠠᠰᠢᠨ | ᠰᠤᠷᠲᠠᠬᠤᠨ᠂ ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠭᠠ ᠵᠡᠷᠭᠡ ᠠᠵᠢᠯ ᠢ ᠰᠠᠶᠢᠳᠤᠷ ᠬᠢᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦ ᠪᠠᠨ ᠲᠥᠪᠯᠡᠷᠡᠭᠦᠯᠵᠦ᠂ ᠣᠯᠠᠨ | ᠲᠦᠮᠡᠨ ᠤ ᠠᠰᠢᠭ ᠬᠦᠷᠲᠡᠬᠦ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ | ᠰᠤᠷᠭᠠᠨ ᠬᠥᠮᠦᠵᠢᠯ ᠤᠨ ᠬᠥᠭᠵᠢᠯᠲᠡ ᠨᠡᠩ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃ ᠪᠡᠯᠡ | ᠣᠷᠣᠭᠤᠯᠤᠯᠲᠠ ᠪᠠᠨ ᠨᠡᠮᠡᠭᠳᠡᠭᠦᠯᠵᠦ᠂ ᠰᠥᠩᠱᠠᠨ ᠤ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠂ ᠠᠷᠪᠠᠨ | ᠳᠣᠯᠣᠳᠤᠭᠠᠷ ᠪᠠᠭ᠎ᠠ ᠰᠤᠷᠭᠠᠭᠤᠯᠢ ᠵᠡᠷᠭᠡ 9 ᠰᠤᠷᠭᠠᠭᠤᠯᠢ ᠶᠢᠨ ᠦᠷᠭᠦᠯᠵᠢᠯᠡᠨ ᠪᠠᠶᠢᠭᠤᠯᠬᠤ ᠪᠠᠷᠢᠯᠭ᠎ᠠ ᠢ | ᠪᠡᠶᠡᠯᠡᠭᠦᠯᠵᠦ᠂ 9 ᠬᠡᠦᠬᠡᠳ ᠤᠨ ᠴᠡᠴᠡᠷᠯᠢᠭ᠂ 7 ᠪᠠᠭ᠎ᠠ ᠰᠤᠷᠭᠠᠭᠤᠯᠢ᠂ 5 ᠠᠩᠬ᠎ᠠ ᠳᠤᠮᠳᠠᠳᠤ ᠰᠤᠷᠭᠠᠭᠤᠯᠢ᠂ 3 | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ | ᠢᠨᠵᠧᠨᠧᠷᠢᠩ ᠶᠢ ᠡᠬᠢᠯᠡᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ | ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠪᠠᠲᠤᠳᠬᠠᠨ | ᠳᠡᠭᠡᠭᠰᠢᠯᠡᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠥᠪᠡᠷᠮᠢᠴᠡ | ᠤᠨᠴᠠᠯᠢᠭᠲᠠᠢ᠂ ᠣᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠨᠣᠷᠮ᠎ᠠ ᠶᠢ 70% ᠠᠴᠠ | ᠳᠡᠭᠡᠭᠰᠢ ᠳᠤ ᠬᠦᠷᠭᠡᠨ᠎ᠡ᠃ | ᠡᠮ ᠡᠮᠨᠡᠯᠭᠡ ᠶᠢᠨ ᠦᠢᠯᠡᠴᠢᠯᠡᠭᠡᠨ ᠶᠢ ᠠᠷᠠᠳ ᠲᠤ ᠨᠡᠩ ᠢᠯᠡᠭᠦᠦ ᠠᠰᠢᠭᠲᠠᠶ ᠪᠣᠯᠭᠠᠬᠤ ᠶᠢ ᠠᠬᠢᠭᠤᠯᠤᠨ᠎ᠠ᠃ | ᠱᠠᠳᠤ ᠬᠤᠪᠢᠶᠠᠨ ᠣᠨᠣᠰᠢᠯᠠᠨ ᠡᠮᠨᠡᠬᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ | ᠬᠢᠬᠦ ᠵᠡᠷᠭᠡ ︽ᠭᠤᠷᠪᠠᠨ ᠡᠮᠨᠡᠯᠭᠡ ᠢ ᠬᠠᠮᠳᠦ ᠪᠠᠷ ᠥᠭᠡᠷᠡᠴᠢᠯᠡᠬᠦ︾ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ | ᠪᠠᠲᠤᠲᠠᠶ ᠥᠷᠨᠢᠭᠦᠯᠵᠦ᠂ ᠡᠮ ᠡᠮᠨᠡᠯᠭᠡ ᠶᠢᠨ ᠵᠠᠷᠤᠳᠠᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ | ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠡᠪᠡᠳᠴᠢᠨ | ᠡᠮᠭᠡᠭ ᠡᠭᠦᠰᠬᠦ ᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ ᠨᠡᠶᠢᠳᠡᠮ ᠬᠤᠶᠠᠷ ᠬᠡᠤᠬᠡᠳ ᠠᠪᠴᠤ ᠪᠣᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠤᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠭᠠᠵᠠᠷ ᠤᠨ ᠰᠢᠨ᠎ᠡ ᠠᠵᠢᠯᠯᠠᠬᠤ ᠭᠠᠵᠠᠷ ᠨᠢ 5 ᠰᠠᠷ᠎ᠠ ᠳᠤ ᠠᠰᠢᠭᠯᠠᠯᠲᠠ ᠳᠤ ᠣᠷᠤᠬᠤ ᠶᠢ ᠦᠨᠡᠨ ᠬᠦ ᠪᠠᠲᠤᠯᠠᠵᠤ᠂ | ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠪᠣᠯᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠪᠠᠲᠤᠯᠠᠭ᠎ᠠ ᠶᠢᠨ ᠰᠢᠰᠲ᠋ᠧᠮ ᠢ ᠨᠡᠩ ᠳᠡᠭᠦᠯᠳᠡᠷᠵᠢᠭᠦᠯᠬᠦ ᠶᠢ ᠠᠬᠢᠭᠤᠯᠤᠨ᠎ᠠ᠃ ᠬᠤᠲᠠ ᠪᠠᠯᠭᠠᠰᠤᠨ ᠤ ᠰᠢᠨ᠎ᠡ ᠪᠠᠷ | ᠨᠡᠮᠡᠭᠳᠡᠬᠦ ᠠᠵᠢᠯ ᠣᠯᠭᠤᠯᠲᠠ ᠶᠢᠨ ᠬᠦᠮᠦᠨ ᠢ 3500 ᠬᠥᠮᠦᠨ ᠳᠤ ᠬᠦᠷᠭᠡᠵᠦ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ 10 ᠲᠦᠮᠡᠨ ᠬᠥᠮᠦᠨ ᠤᠳᠠᠭ᠎ᠠ ᠳᠤ ᠬᠦᠷᠭᠡᠨ᠂ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠬᠤᠳᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠬᠥᠳᠡᠭᠡ ᠲᠣᠰᠬᠤᠨ ᠤ ᠲᠠᠪᠤᠨ ᠪᠠᠲᠤᠯᠠᠭ᠎ᠠ ᠶᠢᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠪᠦᠬᠦ ᠠᠷᠠᠳ ᠢ ᠳᠠᠭᠠᠳᠬᠠᠯ ᠳᠤ ᠣᠷᠣᠯᠴᠠᠭᠤᠯᠬᠤ | ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠨᠡᠶᠢᠭᠡᠮ ᠤᠨ ᠪᠠᠲᠤᠯᠠᠭ᠎ᠠ ᠪᠠ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠴᠠᠯᠢᠩ ᠥᠷᠢᠲᠦᠬᠦ ᠠᠰᠠᠭᠤᠳᠠᠯ ᠢ ᠵᠠᠰᠠᠬᠤ ᠪᠠ ᠪᠠᠲᠤᠯᠠᠬᠤ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠴᠠᠯᠢᠩ ᠢ ᠴᠠᠭ | ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠲᠦᠯᠬᠢᠨ ᠠᠬᠢᠭᠤᠯᠤᠨ᠎ᠠ᠃ ᠬᠤᠲᠠ ᠲᠣᠭᠤᠷᠢᠭ ᠬᠤᠶᠠᠷ ᠱᠠᠲᠤᠨ ᠤ | ᠨᠠᠰᠤᠲᠠᠨ ᠶᠢ ᠠᠰᠠᠷᠠᠵᠤ ᠰᠤᠪᠢᠯᠠᠬᠤ ᠬᠦᠷᠢᠶᠡᠯᠡᠩ ᠤᠨ ᠡᠵᠡᠩᠨᠡᠯᠲᠡ ᠶᠢ ᠰᠠᠶᠢᠲᠤᠷ ᠠᠳᠬᠤᠵᠤ᠂ ᠡᠮᠴᠢᠯᠡᠭᠡ | ᠰᠤᠪᠢᠯᠠᠯᠲᠠ ᠠᠰᠠᠷᠠᠯᠲᠠ ᠶᠢᠨ ᠤᠶᠠᠯᠳᠤᠭᠤᠯ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠭᠦᠨᠵᠡᠭᠡᠶ | ᠥᠷᠨᠢᠭᠦᠯᠬᠦ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠦᠢᠯᠡᠰ ᠢ ᠨᠡᠩ ᠴᠡᠴᠡᠭᠯᠡᠭᠦᠯᠦᠨ ᠬᠥᠭᠵᠢᠭᠦᠯᠦᠨ᠎ᠡ᠃ ᠠᠵᠤ ᠠᠬᠤᠶᠢᠯᠠᠯ ᠢᠶᠠᠷ ᠪᠡᠶᠡᠴᠢ ᠴᠣᠭᠴᠠ | ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠨ᠎ᠡ᠃ ᠳᠡᠭᠡᠳᠦ ᠲᠡᠰ ᠳᠠᠪᠬᠤᠷᠭ᠎ᠠ ᠶᠢᠨ᠂ ᠥᠨᠳᠥᠷ ᠲᠦᠪᠰᠢᠨ ᠤ ᠴᠢᠳᠠᠪᠤᠷᠢᠲᠠᠨ ᠶᠢ ᠲᠠᠲᠠᠨ | ᠣᠷᠣᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤ ᠲᠤᠯᠭᠠᠭᠤᠷᠢᠯᠠᠯ | ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ᠬᠠᠮᠲᠤᠪᠠᠷ ᠡᠳ᠋ᠯᠡᠬᠦ ᠬᠠᠮᠲᠤᠪᠠᠷ ᠵᠠᠰᠠᠬᠤ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢ ᠵᠦᠴᠦᠭᠡ ᠶᠢ ᠬᠦᠳᠡᠭᠡ ᠲᠤᠰᠬᠤᠨ ᠳᠤ ᠬᠦᠷᠭᠡᠬᠦ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠵᠡᠷᠭᠡ ᠤᠯᠠᠨ ᠲᠦᠮᠡᠨᠴᠢ ᠴᠢᠨᠠᠷᠲᠠᠶ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ | ᠬᠥᠳᠡᠯᠭᠡᠭᠡᠨ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠦᠬᠦ ᠤᠯᠤᠰ ᠤᠨ ᠬᠤᠷᠲᠤᠨ ᠠᠯᠬᠤᠬᠤ ᠱᠠᠩᠨᠠᠯᠲᠤ | ᠤᠷᠤᠯᠳᠤᠭᠠᠨ ᠤ ᠤᠯᠠᠭᠠᠨᠬᠠᠳᠠ ᠥᠷᠲᠡᠭᠡ ᠶᠢᠨ ᠤᠷᠤᠯᠳᠤᠭᠠᠨ ᠢ ᠳᠠᠭᠠᠭᠠᠴᠢᠯᠠᠨ ᠡᠷᠬᠢᠯᠡᠨ᠎ᠡ᠃ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠴᠡᠷᠢᠭ ᠠᠴᠠ | ᠬᠠᠯᠠᠭᠳᠠᠭᠰᠠᠳ ᠢ ᠲᠥᠪᠬᠢᠨᠡᠭᠦᠯᠦᠨ ᠲᠣᠬᠢᠷᠠᠭᠤᠯᠬᠤ ᠲᠦᠷᠦ ᠶᠢᠨ ᠪᠤᠳᠤᠯᠭ᠎ᠠ ᠢ ᠨᠠᠶᠢᠳᠠᠪᠤᠷᠢᠵᠢᠭᠤᠯᠤᠨ᠎ᠠ᠃ | ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ | ᠤᠯᠠᠭᠠᠨ ᠵᠠᠭᠠᠯᠮᠠᠶᠢᠲᠠᠨ᠂ ᠪᠤᠶᠠᠨ ᠤ ᠦᠢᠯᠡᠰ ᠶᠢ ᠲᠦᠷᠭᠡᠪᠴᠢᠯᠡᠨ ᠬᠥᠭᠵᠢᠭᠦᠯᠦᠨ᠎ᠡ᠃ ᠨᠠᠰᠤᠲᠠᠶᠢᠴᠤᠳ᠂ | ᠡᠮᠡᠭᠲᠠᠶᠢᠴᠦᠳ ᠬᠡᠦᠬᠡᠳ ᠪᠠ ᠵᠡᠮᠳᠡᠭᠴᠦᠳ ᠤᠨ ᠠᠵᠢᠯ ᠢ ᠬᠦᠨᠳᠦᠳᠬᠡᠵᠦ ᠦᠵᠡᠨ᠎ᠡ᠃ ᠦᠨᠳᠦᠰᠦᠲᠡᠨ ᠱᠠᠰᠢᠨ | ᠰᠤᠷᠲᠠᠬᠤᠨ᠂ ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠭᠠ ᠵᠡᠷᠭᠡ ᠠᠵᠢᠯ ᠢ ᠰᠠᠶᠢᠳᠤᠷ ᠬᠢᠨ᠎ᠡ᠃ | ︵ᠲᠤᠯᠤᠭ᠎ᠠ︶ ᠤᠯᠠᠨ ᠨᠡᠶᠢᠲᠡ ᠶᠢᠨ ᠠᠮᠤᠷ ᠲᠦᠪᠰᠢᠨ ᠶᠢ ᠴᠢᠩᠭ᠎ᠠ ᠠᠳᠬᠤᠵᠤ᠂ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠠᠶᠤᠯᠭᠦᠢ ᠦᠢᠯᠡᠳᠪᠦᠷᠢᠯᠡᠯ ᠤᠨ ᠶᠠᠪᠤᠴᠠ ᠶᠢᠨ ᠬᠢᠨᠠᠯᠲᠠ ᠶᠢ ᠴᠢᠩᠭᠠᠳᠬᠠᠨ᠎ᠠ᠃ ︽ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠣᠨ︾ ᠤ | ᠬᠦᠳᠡᠯᠭᠡᠭᠡᠨ ᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯᠲᠠᠨ ᠢ ︽ᠭᠤᠷᠪᠠᠨ ᠲᠠᠪᠬᠤᠷᠭ᠎ᠠ ᠨᠢᠭᠡ ᠱᠣᠭᠤᠮ︾ ᠤᠨ ᠬᠢᠨᠠᠨ ᠬᠠᠮᠢᠶᠠᠷᠤᠯᠲᠠ ᠶᠢᠨ | ᠡᠩᠨᠡᠭᠡᠨ ᠳᠤ ᠣᠷᠤᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠳᠤ ᠴᠠᠭ ᠦᠷᠭᠦᠯᠵᠢ | ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠬᠡᠷᠡᠭᠵᠢᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠭᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ | ᠬᠦᠨᠳᠦ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ᠂ | ᠭᠠᠮᠰᠢᠭ ᠠᠴᠠ ᠠᠪᠤᠷᠠᠬᠤ᠂ ᠠᠶᠤᠯ ᠠᠴᠠ ᠵᠠᠶᠢᠯᠠᠭᠤᠯᠬᠤ ᠰᠣᠷᠢᠯᠲᠠ ᠶᠢ ᠰᠠᠶᠢᠳᠤᠷ ᠬᠢᠵᠦ᠂ ᠪᠦᠬᠦ ᠨᠡᠶᠢᠭᠡᠮ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠶᠡᠷᠦᠩᠬᠡᠢ ᠳᠤ ᠨᠢ ᠳᠡᠭᠡᠭᠰᠢᠯᠡᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠥᠷᠭᠦᠯᠵᠢᠯᠡᠨ | ᠲᠦᠯᠬᠢᠨ ᠠᠬᠢᠭᠤᠯᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠪᠣᠯᠪᠠᠰᠤᠷᠠᠭᠤᠯᠬᠤ ᠬᠦᠷᠢᠶᠡᠯᠡᠩ | ᠲᠣᠭᠤᠷᠢᠭ ᠤᠨ ᠬᠤᠶᠠᠳᠠᠬᠢ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠦᠨ᠂ ᠢᠳᠡᠭᠡᠨ | ᠤᠮᠳᠠᠭᠠᠨ ᠤ ᠦᠢᠯᠡᠰ ᠤᠨ ︽ᠠᠷᠢᠭᠤᠨ ᠴᠡᠪᠡᠷ ᠲᠣᠭᠤᠭ᠎ᠠ ᠲᠤᠯᠭ᠎ᠠ ᠲᠠᠢ ᠪᠠᠶᠢᠬᠤ︾ ᠪᠠ ᠡᠯᠧᠺᠳ᠋ᠷᠣᠨ ᠬᠢᠨᠠᠯᠲᠠ | ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠶᠢ ᠲᠦᠷᠭᠡᠳᠬᠡᠵᠦ᠂ ᠢᠳᠡᠭᠡᠨ ᠪᠠ ᠡᠮ ᠤᠨ ᠵᠦᠢᠯᠡᠰ ᠤᠨ ᠬᠦᠷᠢᠶᠡᠨ ᠲᠠᠬᠢ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠷᠣᠨ ᠪᠦᠰᠡ ᠶᠢᠨ | ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠡᠭᠦᠰᠬᠦ ᠦᠭᠡᠢ | ᠪᠠᠶᠢᠬᠤ ᠶᠢ ᠪᠠᠳᠤᠯᠠᠨ᠎ᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠶᠢ ᠭᠦᠨᠵᠡᠭᠡᠶ ᠥᠷᠨᠢᠭᠦᠯᠵᠦ᠂ ᠬᠠᠷ᠎ᠠ ᠬᠠᠷᠭᠢᠰ ᠬᠦᠴᠦᠨ ᠤ | ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠠᠷ᠎ᠠ ᠬᠠᠷᠭᠢᠰ ᠬᠦᠴᠦᠨ ᠤ ᠡᠭᠦᠰᠴᠦ ᠲᠥᠯᠵᠢᠬᠦ ᠬᠥᠷᠥᠰᠥ ᠶᠢ | ᠠᠷᠢᠯᠭᠠᠵᠤ ᠬᠠᠶᠠᠨ᠎ᠠ᠃ ᠠᠮᠤᠷ ᠲᠠᠶᠢᠪᠤᠩ ᠰᠦᠩᠱᠠᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠂ ᠢᠨᠲ᠋ᠤᠷ | ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠢ ᠭᠦᠨᠵᠡᠭᠡᠶ ᠲᠦᠯᠬᠢᠨ ᠠᠬᠢᠭᠤᠯᠵᠤ᠂ ︽ᠬᠤᠷᠴᠠ ᠭᠢᠷᠠᠬᠠᠢ | ᠢᠨᠵᠧᠨᠧᠷᠢᠩ︾ ᠶᠢ ᠲᠦᠷᠭᠡᠪᠴᠢᠯᠡᠨ ᠬᠡᠷᠡᠭᠵᠢᠭᠦᠯᠵᠦ᠂ ︽ᠨᠢᠭᠡ ᠲᠣᠰᠬᠤᠨ ᠨᠢᠭᠡ ᠴᠠᠭᠳᠠᠭᠠᠨ ᠤ ᠶᠠᠪᠤᠳᠠᠯ ᠤᠨ | ᠲᠤᠰᠠᠯᠠᠭᠴᠢ︾ ᠪᠣᠯᠤᠨ ︽ᠲᠤᠰᠬᠤᠨ + ᠠᠷᠠᠳ + ᠲᠦᠷᠦᠯ ᠰᠠᠳᠦᠨ - ᠬᠡᠷᠡᠭ︾ ᠤᠨ ᠵᠠᠰᠠᠯᠲᠠ ᠶᠢᠨ ᠵᠠᠭᠪᠤᠷ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠠᠵᠢᠯ ᠢ ᠰᠢᠰᠲ᠋ᠧᠮ ᠲᠠᠢ | ᠲᠦᠯᠬᠢᠨ ᠠᠬᠢᠭᠤᠯᠵᠤ᠂ ᠵᠦᠷᠢᠴᠡᠯ ᠵᠢᠭᠤᠷᠠᠯᠳᠤᠭᠠᠨ ᠢ ᠡᠶᠡᠯᠳᠡᠭᠦᠯᠬᠦ ᠪᠠ ᠠᠷᠠᠳ ᠣᠯᠠᠨ ᠤ ᠵᠠᠬᠢᠳᠠᠯ ᠰᠤᠷᠪᠤᠯᠵᠢᠯᠠᠯ ᠢ | ᠲᠣᠭᠲᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠣᠷᠣᠨ ᠤ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃ | ︵ᠨᠠᠢᠮᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠳᠤᠷ ᠠᠳᠬᠤᠵᠤ᠂ ᠲᠦᠷᠦ ᠪᠠᠷᠢᠬᠤ ᠴᠢᠳᠠᠪᠤᠷᠢ ᠪᠠ | ᠬᠢᠷᠢ ᠲᠦᠪᠰᠢᠨ ᠪᠠᠨ ᠳᠡᠭᠡᠭᠰᠢᠯᠡᠭᠦᠯᠦᠨ᠎ᠡ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ︽ᠲᠦᠷᠪᠡᠨ ᠤᠬᠠᠮᠰᠠᠷ︾ ᠶᠢ ᠪᠠᠲᠤ ᠪᠠᠬᠢ ᠪᠤᠢ | ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯᠲᠠ︾ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠰᠥᠩᠱᠠᠨ ᠤ | ᠬᠦᠭᠵᠢᠯᠲᠡ ᠪᠠᠷ ᠡᠭᠦᠷᠭᠡ ᠪᠠᠨ ᠪᠣᠯᠭᠠᠭᠰᠠᠨ ᠪᠣᠳᠠᠲᠤ ᠦᠢᠯᠡᠳᠦᠯᠭᠡ ᠢᠶᠠᠷ ᠠᠷᠠᠳ ᠲᠦᠮᠡᠨ ᠳᠤ ᠦᠨᠡᠨᠴᠢ ᠰᠢᠳᠤᠷᠭᠤ | ᠪᠠᠶᠢᠬᠤ ᠪᠠᠨ ᠢᠯᠡᠳᠬᠡᠵᠦ᠂ ᠬᠡᠶᠢᠰᠪᠦᠷᠢ ᠶᠠᠭᠤᠮ᠎ᠠ ᠶᠢ ᠬᠦᠭᠡᠭᠡᠴᠡᠯᠳᠦᠬᠦ ᠦᠭᠡᠢ ᠪᠣᠳᠠᠲᠤ ᠠᠵᠢᠯᠯᠠᠭ᠎ᠠ ᠪᠠᠷ ᠢᠶᠠᠨ | ᠰᠦᠩᠱᠠᠨ ᠤ ᠬᠥᠭᠵᠢᠯᠲᠡ ᠶᠢ ᠲᠦᠯᠬᠢᠨ ᠠᠬᠢᠭᠤᠯᠬᠤ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠰᠢᠢᠳᠪᠦᠷᠢ | ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ | ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ | ᠪᠦᠯᠬᠦᠮ ᠤᠨ ᠰᠠᠨᠠᠯ ᠰᠠᠨᠠᠭᠤᠯᠭ᠎ᠠ ᠢ ᠨᠠᠷᠢᠨ ᠬᠢᠨᠠᠮᠠᠭᠠᠶ ᠰᠣᠨᠣᠰᠤᠨ᠎ᠠ᠃ ᠳᠣᠯᠣᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠪᠠ ᠬᠠᠤᠯᠢ | ᠴᠠᠭᠠᠵᠠ ᠶᠢᠨ ᠵᠥᠪᠯᠡᠭᠴᠢ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠰᠢᠢᠳᠪᠦᠷᠢᠲᠦ ᠪᠤᠳᠤᠯᠭ᠎ᠠ | ᠲᠣᠭᠲᠠᠭᠠᠬᠤ ᠵᠢᠷᠤᠮ ᠢ ᠴᠢᠩᠳᠠᠯᠠᠵᠤ᠂ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ | ᠠᠷᠠᠳᠴᠢᠯᠠᠯᠳᠠ᠂ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠵᠢᠯ ᠤᠨ ᠣᠪᠣᠷ ᠰᠤᠷᠲᠠᠯ ᠢᠶᠠᠨ ᠰᠠᠶᠢᠵᠢᠷᠠᠭᠤᠯᠤᠨ᠎ᠠ᠃ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ | ᠠᠵᠢᠯ ᠤᠨ ᠴᠢᠳᠠᠪᠤᠷᠢ ᠪᠠᠨ ᠨᠡᠮᠡᠭᠳᠡᠭᠦᠯᠵᠦ᠂ ᠳᠡᠭᠡᠳᠦ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ | ᠴᠢᠷᠮᠠᠶᠢᠨ ᠪᠠᠶᠢᠭᠤᠯᠤᠨ᠎ᠠ᠃ ᠡᠶᠡᠷᠭᠦ ᠴᠢᠭᠯᠡᠯ ᠤᠨ ᠵᠣᠷᠢᠭᠵᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠬᠢᠭᠴᠢ ᠶᠢᠨ ᠡᠷᠴᠢ | ᠵᠣᠷᠢᠭ ᠢ ᠬᠥᠪᠴᠢᠯᠡᠨ᠂ ᠡᠭᠦᠷᠭᠡᠯᠡᠭᠴᠢ ᠶᠢ ᠳᠡᠮᠵᠢᠡ ᠵᠣᠷᠢᠭᠵᠢᠭᠤᠯᠵᠤ᠂ ᠵᠠᠰᠠᠭ ᠤᠨ ᠶᠠᠪᠤᠳᠠᠯ ᠳᠤ ᠵᠠᠯᠬᠠᠭᠤᠷᠠᠨ | ᠬᠤᠶᠢᠷᠭᠤᠰᠢᠬᠤ᠂ ᠨᠣᠶᠠᠨ ᠰᠠᠭᠤᠴᠢᠬᠠᠭᠠᠳ ᠠᠵᠢᠯ ᠬᠢᠬᠦ ᠦᠭᠡᠢ ᠦᠵᠡᠭᠳᠡᠯ ᠶᠢ ᠡᠷᠡᠰ ᠵᠠᠯᠬᠠᠭᠠᠨ ᠰᠢᠢᠳᠬᠡᠨ᠎ᠡ᠃ | ᠵᠣᠷᠢᠭᠲᠠᠶ ᠠᠵᠢᠯᠯᠠᠨ᠂ ᠪᠣᠲᠠᠲᠠᠢ ᠶᠢ ᠲᠡᠷᠢᠭᠦᠨ ᠳᠤ ᠲᠠᠯᠪᠢᠨ᠂ ᠶᠡᠭᠡ ᠤᠴᠢᠷ᠂ ᠬᠥᠭᠵᠢᠯᠲᠡ᠂ ᠲᠥᠷᠥᠯ ᠵᠦᠢᠯ ᠢ | ᠭᠤᠤᠯᠳᠠᠯᠭ᠎ᠠ ᠲᠠᠢ ᠠᠳᠬᠤᠨ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠠᠳ ᠲᠦᠮᠡᠨ ᠤ | ᠢᠲᠡᠭᠡᠯ ᠢ ᠣᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤᠳᠬᠠᠨ᠎ᠠ᠃ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠤᠶᠠᠷ ᠬᠠᠷᠢᠭᠤᠴᠠᠯᠭ᠎ᠠ︾ ᠶᠢ | ᠡᠷᠡᠰ ᠢᠶᠠᠷ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢ ᠶᠢᠨ ᠴᠢᠨᠠᠷᠲᠠᠶ ᠵᠠᠯᠠᠷᠠᠭᠤᠯᠤᠨ᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠥᠬᠦᠷᠡᠰᠢ ᠦᠭᠡᠢ ᠪᠠᠷ ᠬᠢᠵᠠᠭᠠᠷᠯᠠᠵᠤ᠂ ᠬᠢᠵᠠᠭᠠᠷ ᠲᠠᠢ ᠡᠳ᠋ ᠤᠨ | ᠬᠦᠴᠦᠨ ᠶᠢ ᠬᠥᠭᠵᠢᠯᠲᠡ ᠶᠢᠨ ᠬᠠᠮᠤᠭ ᠤᠨ ᠬᠡᠷᠡᠭᠴᠡᠭᠡ ᠲᠠᠢ᠂ ᠤᠯᠠᠨ ᠲᠦᠮᠡᠨ ᠤ ᠬᠠᠮᠤᠭ ᠠᠴᠠ ᠢᠯᠡᠭᠦᠦ ᠠᠰᠢᠭ | ᠬᠦᠷᠳᠡᠬᠦ ᠭᠠᠵᠠᠷ ᠢᠯᠡᠭᠦᠦ ᠬᠡᠷᠡᠭᠯᠡᠨ᠎ᠡ᠃ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠣᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠠ ᠰᠠᠬᠢᠯᠭ᠎ᠠ ᠪᠠᠲᠤ ᠶᠢ | ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠵᠤ᠂ ᠭᠡᠭᠡᠨ ᠰᠠᠷᠠᠭᠤᠯ ᠤᠯᠤᠰ ᠲᠦᠷᠦ ᠶᠢᠨ ᠠᠮᠢ | ᠠᠬᠤᠢ ᠪᠠ ᠠᠷᠢᠭᠤᠨ ᠴᠡᠪᠡᠷ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ | ᠲᠥᠯᠥᠭᠡᠯᠡᠭᠴᠢᠳ ᠡ᠄ ᠲᠡᠦᠬᠡ ᠶᠢᠨ ᠬᠦᠷᠲᠤ ᠤᠷᠤᠭᠰᠢᠯᠠᠭᠰᠠᠭᠠᠷ᠂ ᠴᠠᠭ ᠦᠶ᠎ᠡ ᠶᠢᠨ ᠤᠷᠤᠰᠬᠠᠯ ᠰᠦᠷ | ᠳᠠᠯᠠᠶᠢᠴᠠᠲᠠᠢ ᠪᠠᠶᠢᠨ᠎ᠠ᠃ ᠲᠡᠦᠬᠡ ᠶᠡᠷᠦᠨᠢ ᠡᠷᠡᠰ ᠵᠤᠷᠢᠬᠳᠡᠨ᠂ ᠡᠷᠡᠮᠡᠬᠡᠶᠢᠯᠡᠨ ᠲᠡᠪᠰᠢᠬᠴᠢ ᠪᠠ ᠡᠷᠡᠯᠬᠡᠭᠯᠡᠨ | ᠤᠷᠤᠭᠰᠢᠯᠠᠭᠴᠢ ᠢ ᠢᠪᠡᠭᠡᠵᠦ᠂ ᠪᠡᠷᠬᠡᠰᠢᠶᠡᠨ ᠬᠠᠯᠠᠰᠢᠷᠠᠭᠰᠠᠳ ᠪᠠ ᠬᠤᠶᠢᠷᠭᠤ ᠬᠦᠮᠦᠨ ᠢ ᠬᠦᠯᠢᠶᠡᠬᠦ ᠦᠭᠡᠢ ᠪᠠᠶᠢᠳᠠᠭ | ᠃ ᠪᠢᠳᠡ ᠨᠡᠩ ᠥᠷᠭᠡᠨ ᠬᠠᠷᠠᠭ᠎ᠠ᠂ ᠬᠠᠳᠠ ᠴᠢᠯᠠᠭᠤ ᠮᠡᠲᠦ ᠪᠠᠲᠤ ᠪᠠᠬᠢ ᠢᠲᠡᠭᠡᠯ ᠵᠣᠷᠢᠭ᠂ ᠨᠤᠭᠤᠷᠠᠰᠢ ᠦᠭᠡᠢ | ᠴᠢᠷᠮᠠᠶᠢᠬᠤ ᠬᠠᠲᠠᠭᠤ ᠵᠣᠷᠢᠭ᠂ ᠭᠠᠭᠴᠠᠬᠦ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠨᠢᠭᠡ ᠨᠢᠭᠡ | ᠠᠯᠬᠤᠮ ᠢᠶᠠᠷ ᠴᠢᠷᠮᠠᠶᠢᠨ ᠲᠡᠮᠡᠴᠡᠵᠦ᠂ ᠭᠠᠵᠠᠷ ᠣᠷᠣᠨ ᠤ ᠬᠥᠭᠵᠢᠯᠲᠡ᠂ ᠰᠦᠩᠱᠠᠨ ᠤ ᠠᠷᠠᠳ ᠲᠦᠮᠡᠨ ᠳᠤ ᠪᠠᠨ | ᠣᠰᠣᠯᠳᠠᠬᠤ ᠦᠭᠡᠢ ᠪᠠᠷ ᠴᠢᠷᠮᠠᠶᠢᠨ᠎ᠠ︕ | ᠵᠠᠭᠤᠨ ᠴᠡᠴᠡᠭ ᠠᠴᠠ ᠪᠠᠯ ᠴᠤᠭᠯᠠᠭᠤᠯᠤᠭᠰᠠᠨ ᠬᠦᠮᠦᠨ᠂ ᠬᠠᠯᠠ ᠶᠢᠨ ᠬᠠᠷᠢᠭᠤ ᠳᠠᠬᠢ ᠠᠮᠵᠢᠯᠲᠠ ᠶᠢᠨ ᠪᠠᠯ | ᠪᠤᠷᠠᠮ ᠢ ᠡᠳ᠋ᠯᠡᠬᠦ ᠪᠣᠯᠤᠨ᠎ᠠ᠃ ᠲᠡᠦᠬᠡ ᠶᠢᠨ ᠰᠢᠨ᠎ᠡ ᠡᠬᠢᠯᠡᠯ ᠤᠨ ᠭᠠᠷᠤᠭ᠎ᠠ ᠳᠡᠭᠡᠷ᠎ᠡ ᠵᠣᠭᠰᠣᠵᠤ᠂ ᠪᠢᠳᠠ ᠶᠡᠷᠦᠩᠬᠡᠢ | ᠱᠦᠵᠢ ᠶᠢᠨ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠶ ᠮᠠᠨ ᠤ | ᠲᠡᠮᠡᠴᠡᠬᠦ ᠬᠠᠷᠠᠯᠲᠠ ᠮᠥᠨ︾ ᠬᠡᠮᠡᠬᠦ ᠶᠡᠷᠦᠩᠬᠡᠶ ᠱᠠᠭᠠᠷᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠬᠤᠲᠠ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠨ᠂ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ | ᠦᠶ᠎ᠡ ᠶᠢᠨ ᠰᠥᠩᠱᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︕ ᠰᠢᠯᠢᠳᠡᠭ ᠬᠢᠷᠢ | ᠪᠦᠲᠦᠮᠵᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠳᠠᠭᠰᠠᠨ 70 ᠵᠢᠯ ᠤᠨ ᠤᠢ ᠳᠤ | ᠬᠦᠨᠳᠦᠳᠬᠡᠯ ᠳᠡᠪᠰᠢᠭᠦᠯᠦᠨ᠎ᠡ︕ | | | ᠨᠡᠷᠡᠰ ᠤᠨ ᠲᠠᠶᠢᠯᠪᠤᠷᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠲᠤᠯᠤᠭᠠᠨ ᠠᠷᠭ᠎ᠠ ᠵᠠᠮ︾ ᠪᠠ ︽ᠲᠠᠪᠤ ᠶᠢ | ᠪᠠᠲᠤᠯᠠᠬᠤ︾᠄ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ︽ᠭᠤᠤᠯ ᠠᠵᠢᠯ ᠢᠶᠠᠨ ᠪᠣᠯᠭᠠᠵᠤ︾᠂ ᠡᠳ᠋ | ᠬᠦᠷᠦᠩᠭᠡ ᠶᠢᠨ ᠠᠰᠢᠭ ᠣᠯᠵᠠᠪᠤᠷᠢ ᠤᠯᠬᠤ ᠪᠠᠷ ︽ᠪᠠᠳᠤᠯᠠᠭ᠎ᠠ ᠪᠠᠨ ᠨᠡᠮᠡᠭᠳᠡᠭᠦᠯᠦᠨ︾᠂ ᠣᠨᠳᠣᠤ ᠭᠠᠵᠠᠷ ᠲᠤ | ᠰᠢᠯᠵᠢᠭᠦᠯᠦᠨ ᠨᠡᠭᠦᠯᠭᠡᠬᠦ ᠢᠶᠠᠷ ︽ᠶᠠᠳᠠᠭᠤ ᠠᠴᠠ ᠠᠩᠭᠢᠵᠢᠷᠠᠭᠤᠯᠵᠤ︾᠂ ᠮᠥᠩᠭᠦᠨ ᠭᠦᠢᠯᠭᠡᠭᠡᠨ ᠤ ᠬᠥᠰᠢᠭᠦᠷᠭᠡ ᠢᠶᠠᠷ | ︽ᠪᠡᠷᠬᠡ ᠪᠣᠭᠤᠮᠲᠠ ᠶᠢ ᠳᠠᠪᠠᠨ︾᠂ ᠠᠵᠤ ᠦᠢᠯᠡᠰ ᠤᠨ ᠥᠷᠭᠡᠳᠬᠡᠬᠦ ᠪᠠᠷ ︽ᠰᠢᠨ᠎ᠡ ᠵᠠᠮ ᠢ ᠬᠠᠶᠢᠵᠤ︾᠂ ᠣᠶᠤᠨ | ᠤᠬᠠᠭᠠᠨ ᠬᠦᠴᠦᠨ ᠴᠢᠳᠠᠯ ᠤᠨ ᠬᠤᠣᠰ ᠬᠠᠷᠠᠭᠠᠯᠵᠠᠯ ᠦᠵᠡᠭᠦᠯᠬᠦ ᠢᠶᠠᠷ ︽ᠬᠦᠳᠡᠯᠭᠡᠬᠦ ᠬᠦᠴᠦᠨ ᠢ ᠨᠡᠮᠡᠭᠳᠡᠭᠦᠯᠦᠨ︾ | ᠨᠡᠶᠢᠭᠡᠮ ᠢᠶᠠᠷ ᠢᠶᠠᠨ ᠬᠠᠮᠲᠤᠪᠠᠷ ᠴᠢᠷᠮᠠᠶᠢᠨ᠂ ︽ᠨᠡᠶᠢᠯᠡᠭ ᠬᠦᠴᠦ ᠶᠢ ᠪᠦᠷᠢᠯᠳᠦᠭᠦᠯᠦᠨ᠎ᠡ︾︔ ᠡᠷᠡᠭᠦᠯ ᠮᠡᠨᠳᠦ ᠶᠢ | ᠪᠠᠳᠤᠯᠠᠬᠤ᠂ ᠣᠷᠣᠨ ᠰᠠᠭᠤᠴᠠ ᠶᠢ ᠪᠠᠳᠤᠯᠠᠬᠤ᠂ ᠰᠤᠷᠭᠠᠨ ᠬᠥᠮᠦᠵᠢᠯ ᠶᠢ ᠪᠠᠳᠤᠯᠠᠬᠤ᠂ ᠦᠨᠳᠦᠰᠦᠨ ᠵᠦᠢᠯ ᠢ | ᠪᠠᠲᠤᠯᠠᠬᠤ᠂ ᠰᠠᠭᠤᠷᠢ ᠶᠢ ᠪᠠᠲᠤᠯᠠᠬᠤ ᠪᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠠᠷᠪᠠᠨ ᠵᠦᠢᠯ ᠤᠨ ᠳᠤᠲᠠᠭᠤᠳᠠᠯ︾᠄ ︽ | ᠭᠤᠷᠪᠠᠨ ᠣᠨᠢᠨ ᠳᠡᠭᠡᠷ᠎ᠡ︾᠂ ᠣᠨᠳᠣᠣ ᠭᠠᠵᠠᠷ ᠲᠤ ᠨᠡᠭᠦᠯᠭᠡᠬᠦ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ᠂ ︽ | ᠭᠤᠷᠪᠠ ᠶᠢ ᠲᠣᠰᠬᠤᠨ ᠳᠤ ᠬᠦᠷᠭᠡᠵᠦ ᠭᠤᠷᠪᠠ ᠶᠢ ᠡᠷᠦᠬᠡ ᠳᠤ ᠨᠠᠶᠢᠳᠠᠪᠤᠷᠢᠵᠢᠭᠤᠯᠬᠤ︾᠂ ᠪᠡᠯᠡ ᠮᠥᠩᠭᠦᠨ ᠤ | ᠬᠠᠮᠢᠶᠠᠷᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠲᠤᠰᠬᠤᠨ ᠤ ᠬᠠᠮᠲᠤ ᠶᠢᠨ ᠠᠵᠤ ᠠᠬᠤᠶ᠂ ᠲᠣᠰᠬᠤᠨ ᠳᠤ | ᠰᠠᠭᠤᠵᠤ ᠠᠵᠢᠯᠯᠠᠬᠤ ᠲᠤᠭᠤᠶᠢᠯᠠᠩ᠂ ᠨᠡᠶᠢᠭᠡᠮ ᠤᠨ ᠶᠠᠳᠠᠭᠤ ᠶᠢ ᠲᠡᠳᠬᠦᠬᠦ ᠵᠡᠷᠭᠡ ᠪᠣᠯᠤᠨ᠎ᠠ᠃ | ᠨᠡᠶᠢᠭᠡᠮ ᠤᠨ ᠶᠠᠳᠠᠭᠤ ᠶᠢ ᠲᠡᠳᠬᠦᠬᠦ ︽ᠠᠷᠪᠠ ᠵᠠᠭᠤ ᠮᠢᠩᠭ᠎ᠠ ᠲᠦᠮᠡ ᠶᠢᠨ ᠢᠨᠵᠧᠨᠧᠷᠢᠩ︾᠄ ᠠᠷᠪᠠᠨ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠡᠯᠳᠡᠪ ᠪᠠᠶᠢᠭᠤᠯᠭ᠎ᠠ ᠠᠵᠤ ᠠᠬᠤᠶᠢᠯᠠᠯ᠂ ᠮᠢᠩᠭᠠᠨ ᠨᠡᠷᠡᠰ ᠲᠥᠯᠥᠭᠡᠯᠡᠭᠴᠢ | ᠭᠡᠰᠢᠭᠦᠳ᠂ ᠲᠦᠮᠡᠨ ᠨᠡᠷᠡᠰ ᠰᠠᠶᠢᠨ ᠳᠤᠷ᠎ᠠ ᠶᠢᠨ ᠠᠵᠢᠯᠯᠠᠭᠴᠢ ᠬᠠᠯᠠᠭᠤᠨ ᠰᠡᠳᠬᠢᠯᠲᠦ ᠬᠥᠮᠦᠰ ᠢ ᠬᠡᠯᠡᠨ᠎ᠡ᠃ | ᠲᠠᠷᠢᠶᠠᠯᠠᠩ ᠤᠨ ︽ᠳᠥᠷᠪᠡᠨ ᠡᠵᠡᠮᠳᠡᠬᠦ ᠠᠵᠢᠯᠯᠠᠭ᠎ᠠ︾᠄ ᠪᠤᠷᠳᠤᠭᠤᠷ ᠶᠢ ᠬᠢᠵᠠᠭᠠᠷᠯᠠᠨ ᠦᠷ᠎ᠡ ᠠᠰᠢᠭ ᠢ | ᠨᠡᠮᠡᠭᠳᠡᠭᠦᠯᠬᠦ᠂ ᠡᠮ ᠢ ᠬᠢᠵᠠᠭᠠᠷᠯᠠᠨ ᠬᠤᠣᠷ ᠬᠦᠨᠦᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ | ᠪᠠᠭᠠᠰᠬᠠᠬᠤ᠂ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠬᠡᠯᠡᠨ᠎ᠡ᠃ | ᠨᠢᠭᠡ ᠴᠠᠭᠠᠷᠢᠭ ᠨᠢᠭᠡ ᠪᠦᠰᠡ ᠤᠯᠠᠨ ᠴᠡᠭ᠄ ᠬᠤᠲᠠ ᠶᠢᠨ ᠲᠣᠭᠤᠷᠢᠭ ᠠᠴᠠ ᠰᠢᠶᠣᠥ ᠮᠢᠶᠣᠥ ᠽᠢ ᠲᠣᠰᠬᠤᠨ | ᠬᠦᠷᠲᠡᠯ᠎ᠡ ︵ᠨᠢᠭᠡ ᠪᠦᠰᠡ︶᠂ ᠬᠤᠲᠠ ᠶᠢᠨ ᠲᠣᠭᠤᠷᠢᠭ ᠤᠨ ᠳᠡᠭᠦᠷᠭᠡ ᠳᠠᠭᠠᠭᠰᠠᠨ ᠴᠠᠭᠠᠷᠢᠭ ᠱᠤᠭᠤᠮ ᠤᠨ | ᠲᠣᠰᠬᠤᠨ ︵ᠨᠢᠭᠡ ᠴᠠᠭᠠᠷᠢᠭ︶᠂ ᠰᠢᠶᠠᠩ ᠪᠠᠯᠭᠠᠰᠤ ᠶᠢᠨ ᠣᠯᠠᠨ ᠵᠢᠱᠢᠶ᠎ᠡ ᠦᠵᠡᠭᠦᠯᠬᠦ ᠲᠣᠰᠬᠤᠨ ︵ᠤᠯᠠᠨ ᠴᠡᠭ︶ | ᠃ | ᠲᠠᠪᠤᠨ ᠵᠡᠭᠡᠯᠢ ᠭᠤᠷᠪᠠᠨ ᠵᠠᠮ᠄ ᠹᠦ᠋ ᠴᠢᠶᠠᠩ ᠵᠡᠭᠡᠯᠢ ᠶᠢᠨ ᠪᠠᠷᠠᠭᠤᠨ ᠬᠡᠰᠡᠭ᠂ ᠲᠣᠣ ᠯᠢ ᠵᠡᠭᠡᠯᠢ᠂ ᠰᠦᠩ | ᠶᠤᠸᠠᠨ ᠵᠡᠭᠡᠯᠢ᠂ ᠬᠤᠸᠠ ᠹᠧᠢ ᠵᠡᠭᠡᠯᠢ᠂ ᠱᠦ ᠰᠢᠶᠠᠩ ᠵᠡᠭᠡᠯᠢ᠃ ᠹᠦ᠋ ᠰᠢᠩ ᠵᠠᠮ ᠤᠨ ᠡᠮᠦᠨ᠎ᠡ ᠬᠡᠰᠡᠭ᠂ ᠱᠧᠩ ᠠᠨ | ᠵᠠᠮ᠂ ᠮᠦ ᠵᠢᠶᠠ ᠶᠢᠩᠽᠢ ᠵᠠᠮ᠃ | ᠭᠤᠷᠪᠠᠨ ᠲᠠᠪᠬᠤᠷᠭ᠎ᠠ ᠨᠢᠭᠡ ᠱᠣᠭᠤᠮ᠄ ︽ᠭᠤᠷᠪᠠᠨ ᠳᠠᠪᠬᠤᠷᠭ᠎ᠠ︾ ᠭᠡᠳᠡᠭ ᠨᠢ ᠲᠣᠰᠬᠤᠨ ︵ᠨᠡᠶᠢᠭᠡᠮ | ᠲᠣᠭᠤᠷᠢᠭ︶ ᠰᠢᠶᠠᠩ ︵ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ ᠤᠨ ᠠᠯᠪᠠᠨ ᠬᠡᠷ︶ ᠪᠣᠯᠤᠨ | ᠲᠣᠭᠤᠷᠢᠭ ᠤᠨ ︵ᠠᠶᠤᠯ ᠥᠭᠡᠢ ᠦᠢᠯᠡᠳᠪᠦᠷᠢᠯᠡᠯ ᠤᠨ ᠵᠥᠪᠯᠡᠯ︶ ᠢ ᠬᠡᠯᠡᠨ᠎ᠡ︔ ︽ᠨᠢᠭᠡ ᠱᠣᠭᠤᠮ︾ ᠭᠡᠳᠡᠭ ᠨᠢ | ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ | ᠮᠥᠴᠢᠷ ᠪᠠ ᠨᠢᠭᠡᠴᠢ ᠶᠢ ᠵᠢᠭᠠᠵᠤ ᠪᠠᠶᠢᠨ᠎ᠠ᠃ | ᠭᠤᠷᠪᠠᠨ ᠴᠣᠬᠢᠯᠲᠠ ᠥᠭᠬᠦ᠂ ᠨᠢᠭᠡ ᠴᠡᠭᠴᠡᠯᠡᠨ ᠵᠠᠰᠠᠬᠤ᠄ ᠡᠷᠡᠭᠦᠦ ᠶᠢᠨ ᠶᠠᠯᠠᠲᠤ ᠠᠵᠢᠯᠯᠠᠭ᠎ᠠ᠂ ᠠᠵᠤ | ᠠᠬᠤᠶ ᠶᠢᠨ ᠶᠠᠯᠠᠲᠤ ᠠᠵᠢᠯᠯᠠᠭ᠎ᠠ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠂ | ᠨᠡᠶᠢᠭᠡᠮ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠣᠷᠣᠨ ᠪᠦᠰᠡ ᠪᠠ ᠠᠮᠤᠷ ᠲᠦᠪᠰᠢᠨ ᠤ ᠲᠠᠯ᠎ᠠ ᠶᠢᠨ | ᠲᠤᠪᠤᠶᠢᠮ᠎ᠠ ᠠᠰᠠᠭᠤᠳᠠᠯ ᠶᠢ ᠪᠦᠬᠦ ᠲᠠᠯ᠎ᠠ ᠪᠠᠷ ᠴᠡᠭᠴᠡᠯᠡᠨ ᠵᠠᠰᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 20 ᠦᠰᠦᠭ ᠤᠨ ᠴᠢᠭᠯᠡᠯᠲᠡ᠄ ᠠᠵᠤ ᠦᠢᠯᠡᠰ ᠨᠢ | ᠬᠥᠩᠵᠢᠩᠭᠦᠢ᠂ ᠠᠮᠢ ᠠᠬᠤᠢ ᠨᠢ ᠲᠣᠬᠢᠯᠢᠭ᠂ ᠰᠤᠷᠲᠠᠯ ᠳᠠᠳᠬᠠᠯ ᠨᠢ ᠪᠣᠯᠪᠠᠰᠤᠨ᠂ ᠵᠠᠰᠠᠨ ᠴᠡᠭᠴᠡᠯᠡᠯᠲᠡ ᠨᠢ | ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ ᠶᠢ ᠬᠡᠯᠡᠨ᠎ᠡ᠃ | ︽ᠠᠴᠢᠯᠠᠯᠲᠤ ᠪᠤᠶᠠᠨᠰᠡᠭ︾ ᠨᠠᠷᠠᠨ ᠭᠡᠷᠡᠯᠳᠦ ᠨᠠᠰᠤᠵᠢᠯ ᠤᠨ ᠠᠰᠠᠷᠠᠮᠵᠢ ᠶᠢᠨ ᠢᠨᠵᠧᠨᠧᠷᠢᠩ᠄ ᠲᠣᠭᠤᠷᠢᠭ ᠤᠨ | ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠠᠯᠠᠭᠤᠨ ᠰᠡᠳᠬᠢᠯᠲᠦ ᠬᠥᠮᠦᠰ ᠰᠠᠭᠤᠷᠢ ᠮᠥᠩᠭᠦ | ᠴᠤᠭᠯᠠᠭᠤᠯᠵᠤ᠂ ᠦᠷ᠎ᠡ ᠬᠡᠦᠬᠡᠳ ᠳᠤᠨᠢ ᠵᠣᠭᠤᠰ ᠥᠭᠬᠦ᠂ ᠰᠠᠭᠤᠷᠢ ᠮᠥᠩᠭᠦᠨ ᠤ ᠱᠠᠩᠨᠠᠯ ᠪᠠᠷ ᠲᠡᠳᠬᠦᠬᠦ ᠵᠡᠷᠭᠡ | ᠠᠷᠭ᠎ᠠ ᠬᠡᠯᠪᠡᠷᠢ ᠪᠠᠷ ᠶᠠᠳᠠᠭᠤ ᠬᠦᠴᠢᠷᠲᠡᠶ ᠨᠠᠰᠤᠲᠠᠶᠢᠴᠤᠳ ᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠵᠤ | ᠪᠠᠶᠢᠬᠤ ᠶᠢ ᠬᠡᠯᠡᠨ᠎ᠡ᠃ | ᠭᠤᠷᠪᠠᠨ ᠪᠦᠲᠦᠭᠡᠭᠳᠡᠬᠦᠨ ᠨᠢᠭᠡ ᠳᠡᠮᠳᠡᠭ᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ | ᠦᠬᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ | ᠵᠦᠶ ᠶᠢᠨ ᠪᠡᠯᠭᠡ ᠳᠡᠮᠳᠡᠭ ᠤᠨ ᠪᠦᠳᠦᠭᠡᠭᠳᠡᠭᠦᠨ ᠶᠢ ᠬᠡᠯᠡᠨ᠎ᠡ᠃ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ | ᠲᠣᠭᠤᠷᠢᠨ ᠤ ᠴᠡᠭᠴᠡᠯᠡᠨ ᠵᠠᠰᠠᠯᠲᠠ ᠶᠢᠨ ︽ᠵᠢᠷᠭᠤᠭᠠᠨ ᠶᠡᠭᠡ ᠢᠨᠵᠧᠨᠧᠷᠢᠩ︾᠄ ᠠᠮᠢ ᠠᠬᠤᠶ ᠶᠢ ᠰᠡᠷᠭᠦᠭᠡᠨ | ᠵᠠᠰᠠᠬᠤ ᠢᠨᠵᠧᠨᠧᠷᠢᠩ᠂ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ᠂ ᠬᠠᠶᠠᠭᠳᠠᠮᠠᠯ ᠪᠣᠬᠢᠷ ᠡᠳ᠋ ᠢ | ᠰᠢᠢᠳᠪᠦᠷᠢᠯᠡᠬᠦ ᠢᠨᠵᠧᠨᠧᠷᠢᠩ᠂ ᠠᠭᠤᠷᠬᠠᠶ ᠶᠢᠨ ᠴᠡᠭᠴᠡᠯᠡᠨ ᠵᠠᠰᠠᠯᠲᠠ ᠶᠢᠨ ᠢᠨᠵᠧᠨᠧᠷᠢᠩ᠂ ᠬᠤᠳᠠ ᠪᠠᠯᠭᠠᠰᠤᠨ ᠤ | ᠤᠰᠤ ᠠᠷᠪᠢᠯᠠᠬᠤ ᠢᠨᠵᠧᠨᠧᠷᠢᠩ᠂ ᠤᠰᠤᠨ ᠤ ᠠᠮᠢ ᠠᠬᠤᠶ ᠶᠢ ᠬᠠᠮᠠᠭᠠᠯᠠᠬᠤ ᠢᠨᠵᠧᠨᠧᠷᠢᠩ ᠢ ᠪᠠᠭᠲᠠᠭᠠᠨ᠎ᠠ᠃ | ᠭᠤᠷᠪᠠᠨ ᠡᠮᠨᠡᠯᠭᠡ ᠢ ᠬᠠᠮᠳᠦ ᠪᠠᠷ ᠥᠭᠡᠷᠡᠴᠢᠯᠡᠬᠦ᠄ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠶᠢᠨ | ᠥᠭᠡᠷᠡᠴᠢᠯᠡᠯᠲᠡ᠂ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠡᠮ ᠤᠨ ᠵᠦᠢᠯ ᠤᠨ | ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠬᠠᠮᠳᠦ ᠪᠠᠷ ᠬᠢᠨ᠎ᠡ᠃ | ᠬᠤᠷᠴᠠ ᠭᠢᠷᠠᠬᠠᠢ ᠢᠨᠵᠧᠨᠧᠷᠢᠭ᠄ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠪᠠᠷ ᠵᠢᠯᠣᠭᠤᠳᠬᠤ | ᠲᠠᠪᠴᠠᠩ ᠪᠣᠯᠭᠠᠵᠤ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢ ᠪᠣᠯᠭᠠᠨ᠂ ᠰᠦᠯᠵᠢᠶᠡᠨ ᠤ ᠬᠠᠮᠢᠶᠠᠷᠤᠯᠲᠠ ᠪᠠᠷ | ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠠᠵᠢᠭᠯᠠᠭᠤᠷ ᠤᠨ ᠬᠢᠨᠠᠨ ᠡᠵᠡᠮᠳᠡᠬᠦ ᠰᠦᠯᠵᠢᠶᠡᠨ ᠤ | ᠬᠡᠷᠡᠭᠯᠡᠯᠲᠡ ᠢᠶᠠᠷ ᠭᠤᠣᠯᠳᠠᠯᠭ᠎ᠠ ᠪᠣᠯᠭᠠᠭᠰᠠᠨ ︽ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ ᠰᠡᠷᠭᠡᠶᠢᠯᠡᠨ | ᠢᠨᠵᠧᠨᠧᠷᠢᠩ︾ ᠢ ᠬᠡᠯᠡᠨ᠎ᠡ᠃ | ︽ᠲᠤᠰᠬᠤᠨ + ᠠᠷᠠᠳ + ᠲᠦᠷᠦᠯ ᠰᠠᠳᠤᠨ - ᠬᠡᠷᠡᠭ︾᠂ ᠬᠥᠲᠥᠯᠥᠨ ᠵᠢᠯᠣᠭᠤᠳᠴᠤ ᠡᠶᠡᠳᠡᠭᠦᠯᠬᠦ | ᠬᠡᠯᠪᠡᠷᠢ᠄ ᠲᠤᠰ ᠬᠡᠯᠪᠡᠷᠢ ᠨᠢ ︽ᠹᠧᠩ ᠴᠢᠶᠣᠣ ᠶᠢᠨ ᠲᠤᠷᠰᠢᠯᠭ᠎ᠠ︾ ᠪᠠᠷ ᠲᠣᠯᠢ ᠪᠣᠯᠭᠠᠵᠤ᠂ ᠬᠡᠷᠡᠭ ᠢ | ᠰᠢᠢᠳᠪᠦᠷᠢᠯᠡᠬᠦ᠂ ᠬᠡᠷᠡᠭ ᠢ ᠡᠶᠡᠳᠡᠭᠦᠯᠬᠦ᠂ ᠬᠡᠷᠡᠭ ᠢ ᠨᠠᠮᠳᠠᠭᠤᠯᠬᠤ᠂ ᠬᠡᠷᠡᠭ ᠢ ᠢᠳᠬᠠᠨ ᠰᠠᠯᠭᠠᠬᠤ ᠪᠠᠷ ᠵᠣᠷᠢᠯᠭ᠎ᠠ | ᠪᠣᠯᠭᠠᠨ᠂ ᠤᠯᠠᠨ ᠲᠦᠮᠡᠨ ᠤ ᠢᠳᠡᠪᠬᠢ ᠬᠦᠴᠦᠨ ᠢ ᠠᠰᠢᠭᠯᠠᠨ᠂ ᠬᠠᠮ ᠬᠡᠯᠪᠡᠷᠢ᠂ ᠤᠯᠠᠨ ᠡᠰᠢᠵᠢᠭᠰᠡᠨ ᠠᠷᠭ᠎ᠠ | ᠮᠠᠶ᠋ᠢᠭ ᠢ ᠬᠡᠷᠡᠭᠯᠡᠳᠡᠭ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠲᠥᠯᠥᠨ ᠵᠢᠯᠤᠭᠤᠳᠴᠤ | ᠰᠢᠢᠳᠪᠦᠷᠢᠯᠡᠬᠦ ᠨᠢᠭᠡ ᠵᠦᠢᠯ ᠤᠨ ᠬᠡᠯᠪᠡᠷᠢ ᠮᠥᠨ︔ ︽ᠲᠣᠰᠬᠤᠨ︾ ᠭᠡᠳᠡᠭ ᠨᠢ ᠲᠤᠰᠬᠤᠨ ᠤ ᠳᠡᠰ ᠤᠨ ᠵᠣᠬᠢᠶᠠᠨ | ᠪᠠᠶᠢᠭᠤᠯᠤᠯᠲᠠ ᠶᠢ ᠵᠢᠭᠠᠵᠤ᠂ ︽ᠠᠷᠠᠳ︾ ᠭᠡᠳᠡᠭ ᠨᠢ ᠲᠤᠰᠬᠤᠨ ᠤ ᠠᠷᠠᠳ ᠤᠨ ᠲᠥᠯᠥᠭᠡᠯᠡᠭᠴᠢ ᠪᠤᠶᠤ | ᠡᠶᠡᠳᠡᠭᠦᠯᠦᠭᠴᠢ ᠢ ᠵᠢᠭᠠᠨ᠂ ︽ᠲᠦᠷᠦᠯ ᠰᠠᠳᠤᠨ︾ ᠭᠡᠳᠡᠭ ᠨᠢ ᠲᠤᠬᠠᠶ ᠶᠢᠨ ᠬᠥᠮᠦᠨ ᠤ ᠲᠦᠷᠦᠯ ᠰᠠᠳᠤᠨ ᠨᠠᠶᠢᠵᠠ | ᠨᠥᠬᠦᠳ ᠢ ᠵᠢᠭᠠᠵᠤ᠂ ︽ᠬᠡᠷᠡᠭ︾ ᠭᠡᠳᠡᠭ ᠨᠢ ᠵᠥᠷᠢᠴᠡᠯ ᠵᠢᠭᠤᠷᠠᠯᠳᠤᠭᠠᠨ ᠤ ᠬᠡᠷᠡᠭ ᠶᠢ ᠵᠢᠭᠠᠨ᠎ᠠ᠃ | | | | | | | | | | | | | | | ᠁ |