ᠰᠦᠩᠱᠠᠨ ᠲᠣᠭᠤᠷᠢᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠨᠢ ᠳᠥᠷᠪᠡᠨ ᠰᠠᠷ᠎ᠠ ᠳᠠᠷᠠᠭᠠᠯᠠᠨ ᠨᠡᠮᠡᠭᠳᠡᠪᠡ
ᠨᠡᠶᠢᠲᠡᠯᠡᠭᠰᠡᠨ ᠴᠠᠭ᠄
2019/5/21
     1 — 4 ᠰᠠᠷ᠎ᠠ ᠳᠤ᠂ ᠰᠦᠩᠱᠠᠨ ᠲᠣᠭᠤᠷᠢᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠨᠢ 80089 ᠲᠦᠮᠡᠨ ᠲᠥᠭᠦᠷᠢᠭ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19398 ᠲᠦᠮᠡᠨ ᠲᠥᠭᠦᠷᠢᠭ ᠨᠡᠮᠡᠭᠳᠡᠨ᠂ 32% ᠢᠶᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 25.3 ᠵᠠᠭᠤᠨ ᠤ ᠬᠤᠪᠢ ᠥᠨᠳᠥᠷ ᠪᠣᠯᠵᠠᠶ᠃ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠭᠤᠣᠯ ᠣᠨᠴᠠᠯᠢᠭ ᠨᠢ ᠳᠣᠣᠷᠠᠬᠢ ᠮᠡᠲᠦ᠄ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠨᠡᠯᠢᠶᠡᠳ ᠰᠠᠶᠢᠨ᠃ ᠭᠠᠶᠢᠯᠢ ᠶᠢᠨ ᠣᠷᠣᠯᠭ᠎ᠠ ᠶᠢ 74537 ᠲᠦᠮᠡᠨ ᠲᠥᠭᠦᠷᠢᠭ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 93.1% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 32.6% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 5552 ᠲᠦᠮᠡᠨ ᠲᠥᠭᠦᠷᠢᠭ ᠪᠡᠶᠡᠯᠡᠭᠦᠯᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 6.9 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 23.4 % ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号