ᠬᠦᠳᠡᠭᠡ ᠲᠤᠰᠬᠤᠨ ᠤ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠬᠦᠨᠳᠦ ᠡᠪᠡᠳᠴᠢᠨ ᠢ ᠲᠤᠰᠬᠠᠢ ᠲᠦᠷᠦᠯ ᠢᠶᠠᠷ ᠡᠮᠴᠢᠯᠡᠨ ᠠᠪᠤᠷᠠᠬᠤ ᠡᠪᠡᠳᠴᠢᠨ ᠤ ᠵᠦᠢᠯ ᠢ 25 ᠵᠦᠢᠯ ᠪᠤᠯᠭᠠᠨ ᠦᠷᠭᠡᠳᠭᠡᠪᠡ
ᠨᠡᠶᠢᠲᠡᠯᠡᠭᠰᠡᠨ ᠴᠠᠭ᠄
2019/5/27
    ᠤᠷᠴᠢᠮᠬᠠᠨ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠨᠢ ᠠᠷᠠᠳ ᠤᠨ ᠶᠠᠪᠤᠳᠠᠯ ᠤᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠪᠤᠯᠤᠨ ᠤᠯᠤᠰ ᠤᠨ ᠡᠮᠨᠡᠯᠭᠡ ᠶᠢᠨ ᠲᠠᠭᠠᠳᠬᠠᠯ ᠤᠨ ᠲᠤᠪᠴᠢ᠊ ᠡᠶ᠎ᠡ ᠲᠠᠢ ᠬᠠᠮᠳᠤᠷᠠᠨ ᠬᠦᠳᠡᠭᠡ ᠲᠤᠰᠬᠤᠨ ᠤ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠬᠦᠨᠳᠦ ᠡᠪᠡᠳᠴᠢᠨ ᠢ ᠲᠤᠰᠬᠠᠢ ᠲᠦᠷᠦᠯ ᠢᠶᠠᠷ ᠡᠮᠴᠢᠯᠡᠨ ᠠᠪᠤᠷᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠳᠠ ᠬᠢᠵᠦ᠂ ᠠᠪᠤᠷᠠᠨ ᠡᠮᠴᠢᠯᠡᠬᠦ ᠡᠪᠡᠳᠴᠢᠨ ᠤ ᠵᠦᠢᠯ ᠢ 25 ᠵᠦᠢᠯ ᠪᠤᠯᠭᠠᠨ ᠦᠷᠭᠡᠳᠭᠡᠨ᠎ᠡ ᠭᠡᠵᠦ ᠲᠤᠷᠠᠳᠴᠠᠢ᠃    ᠤᠯᠤᠰ ᠤᠨ ᠡᠷᠡᠬᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ ᠠᠴᠠ ᠤᠶᠢᠯᠠᠭᠠᠭᠰᠠᠨ ᠢᠶᠠᠷ᠂ 2019 ᠤᠨ ᠤ ᠬᠦᠳᠡᠭᠡ ᠲᠤᠰᠬᠤᠨ ᠤ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠬᠦᠨᠳᠦ ᠡᠪᠡᠳᠴᠢᠨ ᠢ ᠲᠤᠰᠬᠠᠢ ᠲᠦᠷᠦᠯ ᠢᠶᠠᠷ ᠡᠮᠴᠢᠯᠡᠨ ᠠᠪᠤᠷᠠᠬᠤ 25 ᠵᠦᠢᠯ ᠤᠨ ᠡᠪᠡᠳᠴᠢᠨ ᠳᠤ᠂ ᠬᠡᠦᠬᠡᠳ ᠤᠨ ᠲᠦᠷᠦᠯᠬᠢ ᠵᠢᠷᠦᠬᠡᠨ ᠡᠪᠡᠳᠴᠢᠨ᠂ ᠬᠡᠦᠬᠡᠳ ᠤᠨ ᠴᠢᠰᠤ ᠴᠠᠶᠢᠬᠤ ᠡᠪᠡᠳᠴᠢᠨ᠂ ᠬᠤᠳᠤᠭᠤᠳᠤᠨ ᠤ ᠦᠮᠠᠨ᠂ ᠤᠯᠠᠭᠠᠨ ᠬᠤᠭᠤᠯᠠᠢ ᠶᠢᠨ ᠦᠮᠠᠨ᠂ ᠬᠤᠳᠤᠷᠢᠩᠬᠠᠢ ᠭᠡᠳᠡᠰᠦᠨ ᠤ ᠦᠮᠠᠨ᠂ ᠬᠤᠰᠭᠢᠨᠠᠭ ᠤᠨ ᠦᠮᠠᠨ᠂ ᠰᠡᠭᠦᠯᠴᠢ ᠶᠢᠨ ᠬᠤᠭᠤᠴᠠᠭᠠᠨ ᠤ ᠬᠠᠷ᠎ᠠ ᠪᠦᠭᠡᠷ᠎ᠡ ᠶᠢᠨ ᠡᠪᠡᠳᠴᠢᠨ᠂ ᠠᠭᠤᠰᠬᠢᠨ ᠤ ᠦᠮᠠᠨ᠂ ᠡᠯᠢᠭᠡᠨ ᠤ ᠦᠮᠠᠨ᠂ ᠬᠥᠬᠦᠨ ᠤ ᠪᠤᠯᠴᠢᠷᠬᠠᠢ ᠶᠢᠨ ᠦᠮᠠᠨ᠂ ᠰᠠᠪᠠᠨ ᠤ ᠬᠦᠵᠦᠬᠦᠨ ᠤ ᠦᠮᠠᠨ᠂ ᠲᠦᠷᠭᠡᠨ ᠴᠢᠨᠠᠷᠲᠠᠢ ᠵᠢᠷᠦᠬᠡᠨ ᠤ ᠪᠤᠯᠴᠢᠩ ᠪᠢᠳᠡᠬᠦᠷᠡᠨ ᠦᠬᠦᠬᠦ᠂ ᠴᠠᠭᠠᠨ ᠬᠠᠷᠠᠩ᠂ ᠲᠤᠭᠤᠰᠤᠲᠤ ᠠᠭᠤᠰᠬᠢ᠂ ᠮᠡᠳᠡᠷᠡᠯ ᠤᠨ ᠡᠮ᠎ᠡ ᠡᠰ ᠤᠨ ᠬᠠᠪᠤᠳᠠᠷ᠂ ᠬᠡᠦᠬᠡᠳ ᠤᠨ ᠯᠢᠮᠪᠠ ᠶᠢᠨ ᠬᠠᠪᠤᠳᠠᠷ᠂ ᠶᠠᠰᠤ ᠮᠢᠬᠠᠨ ᠤ ᠬᠠᠪᠤᠳᠠᠷ᠂ ᠴᠢᠰᠤ ᠭᠤᠭᠤᠵᠢᠬᠤ ᠡᠪᠡᠳᠴᠢᠨ᠂ ᠴᠢᠰᠤ ᠲᠤᠳᠠᠬᠤ ᠡᠪᠡᠳᠴᠢᠨ᠂ ᠤᠷᠤᠭᠤᠯ ᠲᠠᠩᠨᠠᠢ ᠰᠡᠳᠡᠷᠬᠡᠢ᠂ ᠰᠢᠭᠡᠰᠦᠨ ᠰᠦᠪᠡ ᠰᠡᠳᠡᠷᠬᠦ᠂ ᠡᠮ ᠳᠤ ᠲᠠᠭᠠᠭᠠᠮᠠᠭᠠᠢ ᠴᠢᠨᠠᠷᠲᠠᠢ ᠰᠦᠷᠢᠶ᠎ᠡ ᠡᠪᠡᠳᠴᠢᠨ᠂ ᠲᠠᠷᠢᠬᠢᠨ ᠤ ᠰᠠ ᠡᠪᠡᠳᠴᠢᠨ᠂ ᠤᠳᠠᠭᠠᠨ ᠴᠢᠨᠠᠷᠲᠠᠢ ᠲᠦᠭᠵᠢᠷᠡᠯ ᠤᠨ ᠠᠭᠤᠰᠬᠢᠨ ᠤ ᠬᠡᠢ ᠬᠠᠪᠤᠳᠠᠷ᠂ ᠠᠶᠢᠽ ᠡᠪᠡᠳᠴᠢᠨ ᠤ ᠨᠦᠯᠦᠭᠡᠯᠡᠯ ᠵᠡᠷᠭᠡ ᠪᠠᠭᠳᠠᠵᠤ ᠪᠤᠢ᠃ ᠡᠬᠦᠨ ᠳᠤ ᠰᠡᠬᠦᠯ ᠤᠨ ᠲᠦᠷᠪᠡ ᠨᠢ ᠡᠨᠡ ᠵᠢᠯ ᠰᠢᠨ᠎ᠡ ᠪᠠᠷ ᠨᠡᠮᠡᠭᠰᠡᠨ ᠡᠪᠡᠳᠴᠢᠨ ᠤ ᠵᠦᠢᠯ ᠪᠤᠯᠤᠨ᠎ᠠ᠃    ᠰᠢᠨ᠎ᠡ ᠪᠠᠶᠢᠷᠢᠯᠠᠭᠤᠯᠤᠯᠳᠠ ᠳᠤ᠂ 2019 ᠤᠨ ᠤ ᠡᠮᠴᠢᠯᠡᠨ ᠠᠪᠤᠷᠠᠬᠤ ᠳᠤ ᠰᠢᠨ᠎ᠡ ᠪᠠᠷ ᠨᠡᠮᠡᠭᠰᠡᠨ ᠡᠪᠡᠳᠴᠢᠨ ᠤ ᠵᠦᠢᠯ ᠪᠤᠯᠤᠨ ᠰᠢᠨ᠎ᠡ ᠪᠠᠷ ᠨᠡᠷᠪᠡᠭᠳᠡᠭᠰᠡᠨ ᠡᠪᠡᠳᠴᠢᠲᠡᠨ ᠢ ᠡᠯ᠎ᠡ ᠮᠤᠵᠢ ᠡᠷᠬᠡᠪᠰᠢ ᠲᠦᠷᠭᠡᠨ ᠪᠠᠶᠢᠴᠠᠭᠠᠵᠤ᠂ ᠲᠠᠩᠰᠠ ᠡᠪᠬᠡᠮᠡᠯ ᠪᠠᠶᠢᠭᠤᠯᠤᠨ᠂ ᠨᠢᠭᠡ ᠶᠢ ᠢᠯᠡᠷᠡᠬᠦᠯᠪᠡᠯ ᠨᠢᠭᠡ ᠶᠢ ᠲᠠᠩᠰᠠᠯᠠᠵᠤ ᠡᠮᠴᠢᠯᠡᠬᠦ ᠬᠡᠷᠡᠭᠲᠡᠢ ᠭᠡᠵᠦ ᠱᠠᠭᠠᠷᠳᠠᠪᠠ᠃    ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠲᠦ ᠶᠢᠨ ᠵᠦᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ᠂ ᠬᠦᠳᠡᠭᠡ ᠲᠤᠰᠬᠤᠨ ᠤ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠬᠦᠨᠳᠦ ᠡᠪᠡᠳᠴᠢᠨ ᠢ ᠲᠤᠰᠬᠠᠢ ᠲᠦᠷᠦᠯ ᠢᠶᠠᠷ ᠡᠮᠴᠢᠯᠡᠨ ᠠᠪᠤᠷᠠᠬᠤ ᠠᠵᠢᠯ ᠢ ᠦᠷᠨᠢᠬᠦᠯᠦᠭᠰᠡᠨ ᠬᠤᠶᠠᠷ ᠵᠢᠯ ᠤᠨ ᠲᠤᠷᠰᠢ᠂ ᠡᠮᠴᠢᠯᠡᠨ ᠠᠪᠤᠷᠠᠬᠤ ᠡᠪᠡᠳᠴᠢᠨ ᠤ ᠵᠦᠢᠯ ᠢ ᠠᠩᠬ᠎ᠠ ᠡᠬᠢᠯᠡᠬᠦ ᠦᠶᠡᠰ ᠤᠨ 9 ᠵᠦᠢᠯ ᠠᠴᠠ ᠠᠯᠬᠤᠮ ᠠᠯᠬᠤᠮ ᠢᠶᠠᠷ 25 ᠵᠦᠢᠯ ᠪᠤᠯᠭᠠᠨ ᠨᠡᠮᠡᠭᠲᠡᠬᠦᠯᠦᠨ ᠂ ᠢᠳᠡᠪᠬᠢᠲᠡᠢ ᠦᠷ᠎ᠡ ᠪᠦᠳᠦᠮᠵᠢ ᠤᠯᠵᠤ᠂ ᠬᠦᠳᠡᠭᠡ ᠲᠤᠰᠬᠤᠨ ᠤ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠡᠮᠴᠢᠯᠡᠭᠡᠨ ᠤ ᠲᠠᠷᠤᠭᠠᠰᠤ ᠶᠢ ᠬᠦᠩᠭᠡᠷᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠯᠤᠯᠳᠤᠭᠠᠨ ᠳᠤ ᠬᠦᠴᠦᠨ ᠨᠡᠮᠡᠷᠢᠯᠡᠭᠰᠡᠨ ᠪᠠᠶᠢᠨ᠎ᠠ ᠭᠡᠵᠦ ᠢᠯᠡᠷᠬᠡᠶᠢᠯᠡᠪᠡ᠃    ᠢᠷᠡᠯᠲᠡ᠄ ᠰᠢᠡᠬᠤᠸᠠ ᠬᠤᠷᠢᠶ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号