︽ᠴᠠᠭᠳᠠᠭ᠎ᠠ ᠪᠤᠶᠠᠨ︾ ᠲᠤᠮᠤ ᠱᠠᠩᠨᠠᠯ ᠲᠤᠰᠪᠠ
ᠨᠡᠶᠢᠲᠡᠯᠡᠭᠰᠡᠨ ᠴᠠᠭ᠄
2019/5/27
   
    2 ᠰᠠᠷ᠎ᠠ ᠶᠢᠨ 24 ᠤ ᠤᠷᠤᠢ᠂ ᠲᠦᠷᠪᠡᠳᠦᠬᠡᠷ ᠬᠤᠭᠤᠴᠠᠭᠠᠨ ᠤ ᠭᠧᠷᠮᠠᠨ ᠳᠠᠬᠢ ᠲᠤᠮᠳᠠᠳᠤ ᠤᠯᠤᠰ ᠤᠨ ᠺᠢᠨᠣ᠋ ᠶᠢᠨ ᠨᠠᠶᠢᠷ ᠤᠨ ᠱᠠᠩᠨᠠᠯ ᠤᠯᠭᠤᠬᠤ ᠶᠤᠰᠤᠯᠠᠯ ᠲᠡᠭᠡᠷ᠎ᠠ᠂ ᠮᠠᠨ ᠤ ᠤᠷᠤᠨ ᠤ ᠬᠦᠬᠡ ᠮᠤᠩᠭᠤᠯ ᠨᠤᠳᠤᠭ ᠺᠢᠨᠣ᠋ ᠶᠢᠨ ᠦᠢᠯᠡᠰ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠰᠡᠬᠦᠳᠡᠷᠯᠡᠨ ᠦᠢᠯᠡᠳᠦᠭᠰᠡᠨ ︽ᠴᠠᠭᠳᠠᠭ᠎ᠠ ᠪᠤᠶᠠᠨ︾ ᠬᠡᠬᠦ ᠺᠢᠨᠣ᠋ ᠶᠢᠨ ᠵᠤᠬᠢᠶᠠᠭᠴᠢ ᠼᠤᠤ ᠺᠸᠦ ᠲᠤᠰ ᠺᠢᠨᠣ᠋ ᠪᠦᠳᠦᠬᠡᠯ ᠢᠶᠠᠷ ᠢᠶᠠᠨ ︽ᠬᠠᠮᠤᠭ ᠤᠨ ᠰᠢᠯᠢᠳᠡᠭ ᠵᠦᠴᠦᠬᠡ ᠶᠢᠨ ᠵᠤᠬᠢᠶᠠᠭᠴᠢ︾ ᠶᠢᠨ ᠱᠠᠩᠨᠠᠯ ᠢ ᠲᠤᠰᠴᠠᠢ᠃ ᠲᠦᠷᠪᠡᠳᠦᠬᠡᠷ ᠬᠤᠭᠤᠴᠠᠭᠠᠨ ᠤ ᠭᠧᠷᠮᠠᠨ ᠳᠠᠬᠢ ᠲᠤᠮᠳᠠᠳᠤ ᠤᠯᠤᠰ ᠤᠨ ᠺᠢᠨᠣ᠋ ᠶᠢᠨ ᠨᠠᠶᠢᠷ 2 ᠰᠠᠷ᠎ᠠ ᠶᠢᠨ 20 — 24 ᠤ ᠡᠳᠤᠷ ᠪᠤᠯᠳᠠᠯ᠎ᠠ ᠭᠧᠷᠮᠠᠨ ᠳᠤ ᠶᠠᠪᠤᠭᠳᠠᠵᠤ᠂ ᠬᠠᠮᠤᠭ ᠤᠨ ᠰᠢᠯᠢᠳᠡᠭ ᠺᠢᠨᠣ᠋᠂ ᠬᠠᠮᠤᠭ ᠤᠨ ᠰᠢᠯᠢᠳᠡᠭ ᠤᠳᠤᠷᠢᠳᠤᠭᠠᠴᠢ᠂ ᠬᠠᠮᠤᠭ ᠤᠨ ᠰᠢᠯᠢᠳᠡᠭ ᠵᠦᠴᠦᠬᠡ ᠶᠢᠨ ᠵᠤᠬᠢᠶᠠᠯᠴᠢ᠂ ᠬᠠᠮᠤᠭ ᠤᠨ ᠰᠢᠯᠢᠳᠡᠭ ᠡᠷᠡᠭᠳᠡᠢ ᠡᠮᠡᠭᠳᠡᠢ ᠲᠤᠭᠯᠠᠭᠴᠢ᠂ ᠬᠢᠨᠠᠭᠴᠢ ᠶᠢᠨ ᠤᠨᠴᠠ ᠱᠠᠩᠨᠠᠯ᠂ ᠵᠤᠬᠢᠶᠠᠨ ᠪᠠᠶᠢᠭᠤᠯᠤᠯᠳᠠ ᠶᠢᠨ ᠺᠤᠮᠢᠰ ᠤᠨ ᠤᠨᠴᠠ ᠱᠠᠩᠨᠠᠯ ᠵᠢᠴᠢ ᠭᠠᠷᠮᠠᠭᠠᠢ ᠵᠢᠳᠬᠦᠯ ᠦᠵᠡᠬᠦᠯᠦᠭᠰᠡᠨ ᠱᠠᠩᠨᠠᠯ ᠵᠡᠷᠭᠡ ᠶᠢ ᠰᠢᠯᠭᠠᠷᠠᠭᠤᠯᠵᠠᠢ᠃     ᠺᠢᠨᠣ᠋ ︽ᠴᠠᠭᠳᠠᠭ᠎ᠠ ᠪᠤᠶᠠᠨ︾ ᠪᠤᠯ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠦ ᠬᠤᠰᠢᠭᠤᠨ ᠤ ᠴᠤᠬᠠᠦ᠋ᠨᠳᠦᠷ ᠪᠠᠯᠭᠠᠰᠤ ᠶᠢᠨ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ ᠶᠢᠨ ᠲᠡᠳ᠋ ᠲᠠᠷᠤᠭ᠎ᠠ ᠪᠤᠶᠠᠨᠳᠡᠯᠬᠡᠷ ᠢᠶᠠᠷ ᠤᠭ ᠲᠦᠷᠢ ᠪᠦᠳᠦᠬᠡᠵᠦ᠂ ᠦᠷᠬᠡᠨ ᠤᠯᠠᠨ ᠦᠨᠳᠦᠰᠦᠨ ᠱᠠᠳᠤᠨ ᠤ ᠴᠠᠭᠳᠠᠭ᠎ᠠ ᠨᠠᠷ ᠤᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠵᠦ᠂ ᠠᠷᠠᠳ ᠤᠨ ᠠᠮᠢᠳᠤᠷᠠᠯ ᠤᠨ ᠲᠦᠯᠦᠬᠡ ᠵᠢᠳᠬᠦᠨ ᠴᠢᠷᠮᠠᠶᠢᠳᠠᠭ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠲᠡᠯᠬᠡᠨ ᠦᠵᠡᠬᠦᠯᠵᠡᠢ᠃ ᠺᠢᠨᠣ᠋ ᠨᠢ ᠬᠢᠯᠢ ᠬᠢᠵᠠᠭᠠᠷ ᠴᠦᠬᠡᠨ ᠲᠤᠭᠠᠳᠤ ᠦᠨᠳᠦᠰᠦᠳᠡᠨ ᠤ ᠤᠷᠤᠨ ᠤ ᠪᠠᠶᠢᠭᠠᠯᠢᠯᠢᠭ ᠲᠦᠷᠢ ᠪᠠ ᠵᠠᠩ ᠠᠷᠠᠨᠰᠢᠨ ᠢ ᠦᠨᠡᠨ ᠪᠤᠳᠠᠳᠠᠢ᠂ ᠪᠤᠰᠤᠳᠴᠢ ᠪᠠᠷ ᠲᠤᠰᠬᠠᠪᠠ᠃     ᠲᠦᠷᠪᠡᠳᠦᠬᠡᠷ ᠬᠤᠭᠤᠴᠠᠭᠠᠨ ᠤ ᠭᠧᠷᠮᠠᠨ ᠳᠠᠬᠢ ᠲᠤᠮᠳᠠᠳᠤ ᠤᠯᠤᠰ ᠤᠨ ᠺᠢᠨᠣ᠋ ᠶᠢᠨ ᠨᠠᠶᠢᠷ ᠪᠤᠯ ᠲᠤᠮᠳᠠᠳᠤ ᠤᠯᠤᠰ ᠤᠨ ᠭᠧᠷᠮᠠᠨ ᠳᠠᠬᠢ ᠡᠯᠴᠢᠨ ᠰᠠᠶᠢᠳ ᠤᠨ ᠭᠠᠵᠠᠷ ᠤᠨ 2019 ᠤᠨ ᠤ ︽ᠪᠠᠶᠠᠷ ᠵᠢᠷᠭᠠᠯᠳᠤ ᠴᠠᠭᠠᠨ ᠰᠠᠷ᠎ᠠ ︾ ᠶᠢᠨ ᠰᠢᠷᠢᠰ ᠠᠵᠢᠯᠯᠠᠭᠠᠨ ᠤ ᠨᠢᠬᠡ ᠪᠤᠯᠤᠨ᠎ᠠ᠂ ᠡᠸᠦ᠋ᠷᠦᠫᠠ ᠶᠢᠨ ᠴᠠᠭ ᠰᠤᠨᠢᠨ ᠰᠤᠶᠤᠯ ᠵᠠᠭᠤᠴᠢᠯᠠᠭᠤᠷ ᠤᠨ ᠪᠦᠯᠬᠦᠮ ᠠᠴᠠ ᠭᠤᠤᠯᠯᠠᠨ ᠡᠷᠬᠢᠯᠡᠵᠡᠢ᠃ ᠺᠢᠨᠣ᠋ ᠶᠢᠨ ᠨᠠᠶᠢᠷ ᠤᠨ ᠬᠤᠭᠤᠴᠠᠭᠠᠨ ᠳᠤ ︽ᠠᠩᠬᠠᠳᠠᠭᠴᠢ ᠰᠠᠯᠤᠯᠳᠠ︾᠂ ︽ᠤᠳᠤᠨ ᠭᠠᠷᠠᠭ ᠤᠨ ᠭᠤᠷᠪᠠ ᠤᠳᠠᠭᠠᠨ ᠤ ᠬᠠᠴᠢᠨ ᠤᠴᠠᠷᠠᠯ︾᠂ ︽ᠨᠠᠮᠤᠷ ᠤᠨ ᠲᠠᠷᠢᠶᠠᠨ ᠭᠠᠵᠠᠷ︾ ᠵᠡᠷᠬᠡ 14 ᠪᠦᠯᠦᠭ ᠺᠢᠨᠣ᠋ ᠶᠢ ᠭᠧᠷᠮᠠᠨ ᠤ ᠦᠵᠡᠭᠴᠢᠳ ᠲᠤ ᠲᠡᠯᠬᠡᠨ ᠦᠵᠡᠬᠦᠯᠵᠦ᠂ ᠬᠢᠳᠡᠳ ᠬᠡᠯᠡᠨ ᠤ ᠺᠢᠨᠣ᠋ ᠶᠢᠨ ᠰᠢᠨ᠎ᠠ ᠲᠦᠷᠢ ᠲᠦᠷᠬᠦ ᠶᠢ ᠭᠠᠶᠢᠬᠠᠭᠤᠯᠵᠠᠢ᠃     ᠤᠢᠢᠯᠠᠭᠠᠭᠰᠠᠨ ᠢᠶᠠᠷ᠂ ᠤᠢᠢᠷ᠎ᠠ ᠶᠢᠨ ᠵᠢᠯ ᠠᠴᠠ ᠨᠠᠭᠠᠰᠢ ᠨᠡᠩ ᠤᠯᠠᠨ ᠲᠤᠮᠳᠠᠳᠤ ᠶᠢᠨ ᠺᠢᠨᠣ᠋ ᠤᠯᠤᠰ ᠠᠴᠠ ᠪᠠᠨ ᠭᠠᠷᠴᠤ᠂ ᠲᠡᠯᠡᠬᠡᠢ ᠶᠢᠨ ᠬᠦᠮᠦᠰ ᠲᠤ ᠲᠤᠮᠳᠠᠳᠤ ᠤᠯᠤᠰ ᠢ ᠤᠢᠢᠯᠠᠭᠠᠨ ᠲᠠᠨᠢᠬᠤ ᠴᠢᠬᠤᠯᠠ ᠠᠷᠭ᠎ᠠ ᠵᠠᠮ ᠪᠤᠯᠤᠭᠰᠠᠨ ᠪᠠᠶᠢᠨ᠎ᠠ᠃ ᠲᠤᠰ ᠬᠤᠭᠤᠴᠠᠭᠠᠨ ᠤ ᠭᠧᠷᠮᠠᠨ ᠳᠠᠬᠢ ᠲᠤᠮᠳᠠᠳᠤ ᠤᠯᠤᠰ ᠤᠨ ᠺᠢᠨᠣ᠋ ᠶᠢᠨ ᠨᠠᠶᠢᠷ ᠨᠢ ᠲᠤᠮᠳᠠᠳᠤ ᠤᠯᠤᠰ ᠤᠨ ᠴᠠᠭᠠᠨ ᠰᠠᠷ᠎ᠠ ᠶᠢᠨ ᠦᠨᠤᠷ ᠠᠮᠳᠠ ᠪᠠ ᠰᠤᠶᠤᠯ ᠤᠨ ᠷᠢᠳᠢ ᠰᠢᠳᠢ ᠶᠢ ᠤᠯᠠᠮᠵᠢᠯᠠᠨ ᠲᠠᠮᠵᠢᠭᠤᠯᠵᠦ᠂ ᠬᠤᠶᠠᠷ ᠤᠯᠤᠰ ᠤᠨ ᠰᠤᠶᠤᠯ ᠤᠨ ᠰᠤᠯᠢᠯᠴᠠᠭ᠎ᠠ ᠪᠠ ᠬᠠᠮᠳᠤᠷᠠᠯᠴᠠᠭᠠᠨ ᠳᠤ ᠴᠢᠬᠤᠯᠠ ᠲᠠᠪᠴᠠᠩ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号