ᠰᠥᠩᠱᠠᠨ ᠲᠣᠭᠤᠷᠢᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2019/5/6
     ᠨᠢᠭᠡᠳᠦᠭᠡᠷ ᠤᠯᠠᠷᠢᠯ ᠳᠤ᠂ ᠰᠦᠩᠱᠠᠨ ᠲᠣᠭᠤᠷᠢᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠲᠣᠭᠲᠠᠭᠤᠨ ᠢᠶᠠᠷ ᠨᠡᠯᠢᠶᠡᠳ ᠲᠦᠷᠭᠡᠨ ᠨᠡᠮᠡᠭᠳᠡᠵᠦ᠂ 67750 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24184 ᠲᠦᠮᠡᠨ ᠲᠥᠭᠦᠷᠢᠭ ᠨᠡᠮᠡᠭᠳᠡᠵᠦ᠂ 55 . 5 % ᠪᠠᠷ ᠨᠡᠮᠡᠭᠳᠡᠨ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 45 . 1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠲᠡᠷᠢᠭᠦᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠭᠤᠣᠯ ᠣᠨᠴᠠᠯᠢᠭ ᠨᠢ ᠳᠣᠣᠷᠠᠬᠢ ᠮᠡᠲᠦ᠄     ᠨᠢᠭᠡ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠨᠡᠯᠢᠶᠡᠳ ᠰᠠᠶᠢᠨ ᠪᠠᠶᠢᠨ᠎ᠠ᠃ ᠭᠠᠶᠢᠯᠢ ᠶᠢᠨ ᠣᠷᠣᠯᠭ᠎ᠠ 62554 ᠲᠦᠮᠡᠨ ᠲᠥᠭᠦᠷᠢᠭ ᠳᠤ ᠬᠦᠷᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 92.3 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 58.1% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠨᠢ 5196 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 7.7% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 29.7% ᠪᠠᠷ ᠨᠡᠮᠡᠭᠳᠡᠪᠡ᠃     ᠬᠤᠶᠠᠷ᠂ ᠭᠤᠣᠯ ᠴᠣᠭᠴᠠ ᠶᠢᠨ ᠭᠠᠶᠢᠯᠢ ᠶᠢᠨ ᠲᠥᠷᠥᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ ᠃ ᠨᠡᠮᠡᠭᠳᠡᠯ ᠥᠷᠲᠡᠭ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠡᠷᠭᠡ ᠭᠤᠷᠪᠠᠨ ᠶᠡᠭᠡ ᠭᠠᠶᠢᠯᠢ ᠶᠢᠨ ᠲᠥᠷᠥᠯ ᠨᠢ ᠨᠡᠶᠢᠲᠡ 30035 ᠲᠦᠮᠡᠨ ᠲᠥᠭᠦᠷᠢᠭ ᠶᠢ ᠬᠦᠮᠦᠷᠭᠡ ᠳᠤ ᠣᠷᠣᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 44.3% ᠶᠢ ᠡᠵᠡᠯᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号