ᠰᠤᠷᠪᠤᠯᠵᠢᠯᠠᠬᠴᠢ 2019 ᠤᠨ ᠤ ᠬᠦᠬᠡᠬᠤᠳᠠ ᠶᠢᠨ ᠰᠤᠷᠭᠠᠨ ᠬᠦᠮᠦᠵᠢᠯ ᠤᠨ ᠰᠤᠷᠤᠬᠴᠢ ᠡᠯᠰᠡᠬᠦ | ᠰᠢᠯᠭᠠᠯᠳᠠ ᠶᠢᠨ ᠠᠵᠢᠯ ᠤᠨ ᠬᠤᠷᠠᠯ ᠠᠴᠠ ᠤᠢᠢᠯᠠᠭᠠᠬᠰᠠᠨ ᠢᠶᠠᠷ᠂ ᠬᠦᠬᠡᠬᠤᠳᠠ ᠶᠢᠨ ᠡᠨᠡ ᠵᠢᠯ ᠤᠯᠤᠰ ᠤᠨ | ᠨᠢᠭᠡᠳᠦᠯᠲᠡᠢ ᠰᠢᠯᠭᠠᠯᠳᠠ ᠳᠤ ᠨᠡᠷ᠎ᠡ ᠮᠡᠳᠡᠭᠦᠯᠦᠭᠰᠡᠳ 26770 ᠬᠦᠮᠦᠨ ᠪᠠᠶᠢᠵᠤ᠂ ᠳᠡᠭᠡᠷ᠎ᠡ ᠵᠢᠯ ᠠᠴᠠ 2193 | ᠬᠦᠮᠦᠨ ᠨᠡᠮᠡᠭᠳᠡᠵᠠᠢ᠃ ᠨᠡᠶᠢᠳᠡ 9 ᠰᠢᠯᠭᠠᠯᠳᠠ ᠶᠢᠨ ᠤᠷᠤᠨ᠂ 21 ᠰᠢᠯᠭᠠᠯᠳᠠ ᠶᠢᠨ ᠴᠡᠭ᠂ 710 | ᠰᠢᠯᠭᠠᠯᠳᠠ ᠶᠢᠨ ᠳᠠᠯᠠᠪᠠᠢ ᠳᠤᠬᠢᠷᠠᠭᠤᠯᠵᠠᠢ᠃ | ᠤᠢᠢᠯᠠᠭᠠᠬᠰᠠᠨ ᠢᠶᠠᠷ᠂ ᠶᠡᠭᠡ ᠳᠡᠭᠡᠳᠦ ᠰᠤᠷᠭᠠᠭᠤᠯᠢ ᠳᠤ ᠳᠡᠪᠰᠢᠬᠦ ᠤᠯᠤᠰ ᠤᠨ ᠨᠢᠭᠡᠳᠦᠯᠲᠡᠢ ᠰᠢᠯᠭᠠᠯᠳᠠ ᠳᠤ | ᠨᠡᠷ᠎ᠡ ᠮᠡᠳᠡᠭᠦᠯᠦᠭᠰᠡᠨ 26770 ᠬᠦᠮᠦᠨ ᠤ ᠳᠤᠳᠤᠷ᠎ᠠ᠂ 5867 ᠬᠦᠮᠦᠨ ᠨᠢ ᠤᠷᠤᠨ ᠤ ᠳᠤᠳᠤᠭᠠᠳᠤ ᠶᠢᠨ | ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠤᠰᠠᠭᠠᠷ ᠡᠯᠰᠡᠭᠦ ᠰᠤᠷᠤᠬᠴᠢ ᠵᠢᠴᠢ ᠲᠤᠰᠠᠭᠠᠷ | ᠰᠢᠯᠭᠠᠭᠤᠯᠬᠤ ᠰᠤᠷᠤᠭᠴᠢ ᠪᠠᠶᠢᠵᠤ᠂ ᠡᠳᠡᠭᠡᠷ ᠰᠤᠷᠤᠬᠴᠢᠳ ᠰᠢᠯᠭᠠᠯᠳᠠ ᠳᠤ ᠤᠷᠤᠬᠤ ᠴᠢᠬᠤᠯᠠ ᠦᠭᠡᠢ | ᠤᠴᠢᠷ ᠠᠴᠠ ᠬᠦᠬᠡᠬᠤᠳᠠ ᠶᠢᠨ ᠡᠨᠡ ᠵᠢᠯ ᠤᠨ ᠨᠢᠭᠡᠳᠦᠯᠲᠡᠢ ᠰᠢᠯᠭᠠᠯᠳᠠ ᠳᠤ ᠵᠢᠩᠬᠢᠨᠢ ᠤᠷᠤᠯᠴᠠᠬᠤ ᠬᠦᠮᠦᠨ ᠤ | ᠲᠤᠭ᠎ᠠ 20903 ᠬᠦᠮᠦᠨ ᠪᠤᠢ᠃ ᠨᠡᠶᠢᠳᠡ 21 ᠰᠢᠯᠭᠠᠯᠳᠠ ᠶᠢᠨ ᠴᠡᠭ ᠲᠠᠢ᠂ ᠡᠭᠦᠨ ᠳᠤ ᠬᠤᠳᠠ ᠶᠢᠨ | ᠲᠤᠭᠤᠷᠢᠭ ᠲᠤ 15᠂ ᠬᠤᠰᠢᠭᠤ ᠰᠢᠶᠠᠨ ᠳᠤ 6 ᠪᠤᠢ᠃ ᠳᠡᠭᠡᠷ᠎ᠡ ᠵᠢᠯ ᠲᠠᠢ ᠬᠠᠷᠢᠴᠠᠭᠤᠯᠪᠠᠯ ᠰᠢᠯᠭᠠᠯᠳᠠ ᠶᠢᠨ | ᠴᠡᠭ ᠲᠤ ᠴᠤ ᠬᠤᠪᠢᠷᠠᠯᠳᠠ ᠲᠠᠢ᠃ ᠰᠢᠨ᠎ᠡ ᠬᠤᠳᠠ ᠲᠤᠭᠤᠷᠢᠭ ᠤᠨ ᠠᠷᠪᠠᠨ ᠲᠦᠷᠪᠡᠳᠦᠭᠡᠷ ᠳᠤᠮᠳᠠᠳᠤ | ᠰᠤᠷᠭᠠᠭᠤᠯᠢ ᠶᠢ ᠭᠤᠴᠢᠨ ᠲᠦᠷᠪᠡᠳᠦᠭᠡᠷ ᠳᠤᠮᠳᠠᠳᠤ ᠰᠤᠷᠭᠠᠭᠤᠯᠢ ᠪᠠᠷ ᠰᠤᠯᠢᠵᠤ᠂ ᠰᠢᠨ᠎ᠡ ᠪᠠᠷ ᠠᠷᠪᠠ ᠶᠢᠰᠦᠳᠦᠭᠡᠷ | ᠳᠤᠮᠳᠠᠳᠤ ᠰᠤᠷᠭᠠᠭᠤᠯᠢ ᠶᠢ ᠰᠢᠯᠭᠠᠯᠳᠠ ᠶᠢᠨ ᠴᠡᠭ ᠪᠤᠯᠭᠠᠨ ᠨᠡᠮᠡᠵᠤ᠂ ᠳᠤᠬᠳᠠᠬᠤ ᠰᠢᠶᠠᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢ ᠳᠤᠬᠳᠠᠬᠤ ᠰᠢᠶᠠᠨ ᠤ ᠦᠨᠳᠦᠰᠦᠳᠡᠨ ᠤ ᠳᠤᠮᠳᠠᠳᠤ ᠰᠤᠷᠭᠠᠭᠤᠯᠢ ᠪᠠᠷ ᠰᠤᠯᠢᠵᠠᠢ᠃ | ᠵᠣᠬᠢᠶᠠᠭᠴᠢ᠄ ᠦᠷᠴᠠᠶᠢᠬᠤ | | | | | | | | | | | ᠁ |