ᠰᠦᠩᠱᠠᠨ ᠲᠣᠭᠤᠷᠢᠭ ᠤᠨ 1 — 6 ᠳ᠋ᠤᠭᠠᠷ ᠰᠠᠷ᠎ᠠ ᠶᠢᠨ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2019/8/2
     ᠨᠢᠭᠡ᠂ ᠡᠳ᠋ ᠤᠨ ᠵᠠᠰᠠᠭ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ᠄     1 — 6 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 117636 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ 58.8 % ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 15045 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ 14.7 % ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠤᠵᠤ᠂ ᠨᠡᠮᠡᠭᠳᠡᠯ ᠤᠨ ᠬᠡᠮᠵᠢᠶ᠎ᠡ ᠨᠢ ᠪᠥᠬᠦ ᠬᠤᠲᠠ ᠳᠤ ᠮᠦᠨ ᠬᠤᠶᠠᠳᠤᠭᠠᠷ ᠲᠤ ᠪᠠᠶᠢᠷᠢᠯᠠᠨ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠡᠮᠵᠢᠶ᠎ᠡ ᠠᠴᠠ 11.1 ᠵᠠᠭᠤᠨ ᠤ ᠨᠢᠭᠡᠴᠢ ᠥᠨᠳᠥᠷ ᠪᠣᠯᠪᠠ᠃     ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠰᠠᠯᠠᠭ᠎ᠠ ᠮᠥᠴᠢᠷ ᠬᠤᠪᠢᠶᠠᠨ ᠪᠡᠶᠡᠯᠡᠭᠦᠯᠦᠭᠰᠡᠨ ᠪᠠᠶᠢᠳᠠᠯ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 108692 ᠲᠦᠮᠡᠨ ᠲᠥᠭᠦᠷᠢᠭ ᠢ ᠬᠥᠮᠥᠷᠭᠡ ᠳᠤ ᠣᠷᠣᠭᠤᠯᠵᠤ᠂ ᠵᠢᠯ ᠤᠨ ᠡᠬᠢᠨ ᠤ ᠲᠥᠰᠦᠪ ᠤᠨ 59.1% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 29943 ᠲᠦᠮᠡᠨ ᠲᠥᠭᠦᠷᠢᠭ ᠨᠡᠮᠡᠭᠳᠡᠨ᠂ 38.0% ᠢᠶᠠᠷ ᠨᠡᠮᠡᠭᠳᠡᠪᠡ︔ ᠡᠳ᠋ ᠤᠨ ᠵᠠᠰᠠᠭ ᠤᠨ ᠰᠠᠯᠠᠭ᠎ᠠ ᠮᠥᠴᠢᠷ 8944 ᠲᠦᠮᠡᠨ ᠲᠥᠭᠦᠷᠢᠭ ᠢ ᠬᠥᠮᠥᠷᠭᠡ ᠳᠤ ᠣᠷᠣᠭᠤᠯᠵᠤ᠂ ᠵᠢᠯ ᠤᠨ ᠡᠬᠢᠨ ᠤ ᠲᠥᠰᠦᠪ ᠤᠨ 55.6% ᠶᠢ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 14898 ᠲᠦᠮᠡᠨ ᠲᠥᠭᠦᠷᠢᠭ ᠤᠨ ᠣᠷᠣᠯᠭ᠎ᠠ ᠬᠠᠰᠤᠭᠳᠠᠵᠤ᠂ 62.5 % ᠪᠠᠷ ᠪᠠᠭᠤᠷᠠᠪᠠ᠃     ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ ᠪᠦᠲᠦᠴᠡ ᠠᠴᠠ ᠦᠵᠡᠪᠡᠯ᠂ ᠭᠠᠶᠢᠯᠢ ᠶᠢᠨ ᠣᠷᠣᠯᠭ᠎ᠠ 106083 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 90.2% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 29432 ᠲᠦᠮᠡᠨ ᠲᠥᠭᠦᠷᠢᠭ ᠨᠡᠮᠡᠭᠳᠡᠨ᠂ 38.4 % ᠨᠡᠮᠡᠭᠳᠡᠵᠡᠢ︔ ᠭᠠᠶᠢᠯᠢ ᠶᠢᠨ ᠪᠤᠰᠤ ᠣᠷᠣᠯᠭ᠎ᠠ 11553 ᠲᠦᠮᠡᠨ ᠲᠥᠭᠦᠷᠢᠭ ᠢ ᠪᠡᠶᠡᠯᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢᠨ 9.8 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 14387 ᠲᠦᠮᠡᠨ ᠲᠥᠭᠦᠷᠢᠭ ᠬᠠᠰᠤᠨ ᠬᠤᠷᠢᠶᠠᠵᠤ᠂ 55.5 % ᠪᠠᠷ ᠪᠠᠭᠤᠷᠠᠪᠠ᠃     ᠬᠤᠶᠠᠷ᠂ ᠡᠳ᠋ ᠤᠨ ᠵᠠᠰᠠᠭ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ᠄     1 — 6 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 180056 ᠲᠦᠮᠡᠨ ᠲᠥᠭᠦᠷᠢᠭ ᠢ ᠪᠡᠶᠡᠯᠡᠭᠦᠯᠵᠦ᠂ ᠲᠣᠬᠢᠷᠠᠭᠤᠯᠤᠯᠲᠠ ᠬᠢᠭᠰᠡᠨ ᠲᠥᠰᠦᠪ ᠤᠨ 41.7 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4673 ᠲᠦᠮᠡᠨ ᠲᠥᠭᠦᠷᠢᠭ ᠬᠠᠰᠤᠭᠳᠠᠵᠤ᠂ 2.5 % ᠪᠠᠷ ᠪᠠᠭᠤᠷᠠᠪᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 135095 ᠲᠦᠮᠡᠨ ᠲᠥᠭᠦᠷᠢᠭ ᠪᠠᠶᠢᠵᠤ᠂ ᠶᠡᠷᠦᠩᠬᠡᠶ ᠵᠠᠷᠤᠯᠭ᠎ᠠ ᠶᠢᠨ 75.0 % ᠢ ᠡᠵᠡᠯᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号