ᠵᠢᠯᠣᠭᠤᠴᠢ ᠶᠢᠨ ᠦᠨᠡᠮᠯᠡᠯ ᠢᠶᠠᠨ ᠭᠡᠭᠡᠭᠰᠡᠨ ᠪᠣᠶᠤ ᠰᠦᠢᠳᠬᠡᠭᠰᠡᠨ ᠪᠣᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2019/8/9
     ᠨᠢᠭᠡ᠂ ᠲᠤᠰᠢᠶᠠᠬᠤ ᠮᠠᠲ᠋ᠧᠷᠢᠶᠠᠯ᠄      1᠂ ︽ᠮᠠᠰᠢᠨᠲᠦ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠣᠴᠢᠯᠠᠯ ᠤᠨ ᠬᠥᠰᠦᠨᠦᠭᠲᠦ︾︔      2᠂ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ︔      3᠂ ᠬᠦᠴᠦᠨ ᠪᠦᠬᠦᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠦᠭᠡᠳ ᠦᠨᠡᠮᠯᠡᠯ ᠰᠣᠯᠢᠬᠤ ᠳᠤ ᠬᠠᠷᠢᠶᠠᠯᠠᠭᠳᠠᠪᠠᠯ᠂ ︽ᠮᠠᠰᠢᠨᠲᠦ ᠲᠡᠷᠭᠡᠨ ᠤ ᠵᠢᠯᠣᠭᠤᠴᠢ ᠶᠢᠨ ᠪᠡᠶ᠎ᠡ ᠮᠠᠬᠠᠪᠤᠳ ᠤᠨ ᠨᠥᠬᠦᠴᠡᠯ ᠤᠨ ᠭᠡᠷᠡᠴᠢ︾ ᠲᠤᠰᠢᠶᠠᠬᠤ ᠬᠡᠷᠡᠭᠲᠡᠢ︔      4᠂ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠴᠠᠭᠠᠨ ᠳᠡᠪᠢᠰᠬᠡᠷᠲᠦ ᠨᠢᠭᠡ ᠢᠮᠠᠬᠤ ᠪᠣᠳᠤᠭᠲᠤ ᠭᠡᠷᠡᠯ ᠵᠢᠷᠤᠭ 4 ᠬᠠᠭᠤᠳᠠᠰᠤ      ᠬᠤᠶᠠᠷ᠂ ᠣᠨᠴᠠᠭᠠᠢ ᠰᠠᠨᠠᠭᠤᠯᠤᠮᠵᠢ      1᠂ ᠬᠤᠶᠠᠷ ᠪᠣᠶᠤ ᠬᠤᠶᠠᠷ ᠠᠴᠠ ᠳᠡᠭᠡᠭᠰᠢ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠵᠡᠷᠭᠡ ᠳᠤᠨᠢ ᠭᠦᠢᠴᠡᠳᠬᠡᠬᠦ ᠪᠠᠷ ᠭᠤᠶᠤᠴᠢᠯᠠᠭᠰᠠᠨ ᠳᠤ ᠪᠣᠯ ᠨᠡᠶᠢᠯᠡᠭᠦᠯᠦᠨ ᠭᠦᠢᠴᠡᠳᠬᠡᠵᠦ ᠪᠣᠯᠣᠨ᠎ᠠ︔      2᠂ ᠬᠤᠭᠤᠴᠠᠭ᠎ᠠ ᠳᠦᠭᠦᠷᠦᠭᠰᠡᠨ ᠤ ᠦᠨᠡᠮᠯᠡᠯ ᠰᠣᠯᠢᠬᠤ᠂ ᠲᠣᠭᠲᠠᠭᠰᠠᠨ ᠨᠠᠰᠤᠨ ᠳᠤ ᠬᠦᠷᠥᠭᠰᠡᠨ ᠤ ᠦᠨᠡᠮᠯᠡᠯ ᠰᠣᠯᠢᠬᠤ᠂ ᠵᠢᠯᠤᠭᠤᠳᠬᠤ ᠮᠠᠰᠢᠨ ᠤ ᠬᠡᠯᠪᠡᠷᠢ ᠪᠠᠨ ᠰᠠᠶᠢᠨ ᠳᠤᠷ᠎ᠠ ᠠᠴᠠ ᠪᠠᠨ ᠳᠣᠷᠣᠭᠰᠢᠯᠠᠭᠤᠯᠤᠭᠰᠠᠨ ᠤ ᠦᠨᠡᠮᠯᠡᠯ ᠰᠣᠯᠢᠬᠤ᠂ ᠵᠢᠯᠣᠭᠤᠴᠢ ᠶᠢᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠤ ᠦᠨᠡᠮᠯᠡᠯ ᠰᠣᠯᠢᠬᠤ ᠶᠠᠪᠤᠳᠠᠯ ᠢ ᠭᠦᠢᠴᠡᠳᠭᠡᠬᠦ ᠦᠶ᠎ᠡ ᠳᠤ ᠤᠤᠯ ᠤᠨ ᠵᠢᠯᠣᠭᠤᠴᠢ ᠶᠢᠨ ᠦᠨᠡᠮᠯᠡᠯ ᠢ ᠨᠢ ᠪᠤᠴᠠᠭᠠᠵᠦ ᠠᠪᠤᠨ᠎ᠠ᠃      ᠭᠤᠷᠪᠡ᠂ ᠬᠡᠷᠡᠭ ᠡᠷᠬᠢᠯᠡᠬᠦ ᠴᠤᠪᠤᠷᠠᠯ᠄      ᠭᠠᠷᠳᠠᠮ ᠢᠶᠠᠨ ᠪᠦᠷᠢᠳᠦᠭᠦᠯᠦᠭᠡᠳ ᠯᠠᠪᠯᠠᠯᠭ᠎ᠠ ᠶᠢᠨ ᠲᠠᠪᠴᠠᠩ ᠳᠤ ᠬᠦᠷᠴᠦ ᠳ᠋ᠤᠭᠠᠷ ᠠᠪᠤᠨ᠎ᠠ᠃ ᠬᠦᠯᠢᠶᠡᠬᠦ ᠭᠠᠵᠠᠷ ᠲᠤ ᠲᠤᠬᠠᠶᠢᠯᠠᠭᠰᠠᠨ ᠠᠵᠢᠯ ᠭᠦᠢᠴᠡᠳᠬᠡᠬᠦ ᠳ᠋ᠤᠭᠠᠷ ᠳᠠᠭᠤᠳᠠᠬᠤ ᠶᠢ ᠬᠦᠯᠢᠶᠡᠨ᠎ᠡ᠃      ᠬᠦᠯᠢᠶᠡᠨ ᠠᠪᠴᠤ ᠰᠢᠢᠳᠪᠦᠷᠢᠯᠡᠬᠦ ᠴᠤᠩᠬᠤ ᠨᠢ 1 — — — 5 ᠳ᠋ᠤᠭᠠᠷ ᠴᠤᠩᠬᠤ ᠪᠣᠯᠬᠤ ᠪᠦᠭᠡᠳ 6 ᠳ᠋ᠤᠭᠠᠷ ᠴᠤᠩᠬᠤᠨ ᠳᠤ ᠵᠠᠷᠤᠳᠠᠯ ᠲᠤᠰᠢᠶᠠᠨ᠎ᠠ᠃ 8 ᠳ᠋ᠤᠭᠠᠷ ᠴᠤᠩᠬᠤ ᠠᠴᠠ ᠵᠢᠯᠣᠭᠤᠴᠢ ᠶᠢᠨ ᠦᠨᠡᠮᠯᠡᠯ ᠢᠶᠠᠨ ᠠᠪᠤᠨ᠎ᠠ᠃
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号