ᠲᠣᠭᠤᠷᠢᠭ ᠤᠨ ᠨᠠᠮ ᠤᠨ ᠬᠤᠷᠢᠶ᠎ᠠ ᠶᠢᠨ ᠶᠠᠷᠢᠯᠴᠠᠨ ᠰᠤᠳᠤᠯᠬᠤ ᠪᠠᠷ ᠳᠠᠮᠵᠢᠭᠠᠳ᠂ 2 ᠨᠡᠷᠡᠰ ᠰᠠᠯᠠᠭᠠᠨ | ᠲᠡᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ | ᠲᠣᠭᠲᠠᠪᠠ᠃ | ᠨᠢᠭᠡ᠂ ᠢᠯᠡ ᠨᠡᠶᠢᠲᠡᠯᠡᠬᠦ ᠨᠡᠷᠡᠰ | ᠮᠥᠸᠧ ᠶᠢᠨ ᠮᠢᠨ᠂ ᠡᠷᠡᠭᠲᠡᠶ᠂ 1970 ᠣᠨ ᠤ 6 ᠰᠠᠷ᠎ᠠ ᠳᠤ ᠲᠦᠷᠦᠵᠠᠢ᠂ ᠬᠢᠲᠠᠳ ᠦᠨᠳᠦᠰᠦᠲᠡᠨ᠂ | ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | ᠣᠳᠣ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ | ᠵᠢᠩᠬᠢᠨᠢ ᠰᠠᠯᠠᠭᠠᠨ ᠲᠡᠰ ᠤᠨ ᠤᠳᠤᠷᠢᠳᠬᠤ ᠲᠤᠰᠢᠶᠠᠯ ᠳᠤ ᠳᠡᠪᠰᠢᠭᠦᠯᠦᠨ ᠲᠣᠮᠢᠯᠠᠬᠤ ᠪᠠᠷ ᠪᠠᠶᠢᠨ᠎ᠠ᠃ | ᠯᠢᠨ ᠯᠢᠨ᠂ ᠡᠷᠡᠭᠲᠡᠶ᠂ 1986 ᠣᠨ ᠤ 10 ᠰᠠᠷ᠎ᠠ ᠳᠤ ᠲᠦᠷᠦᠵᠠᠢ᠂ ᠬᠢᠲᠠᠳ ᠦᠨᠳᠦᠰᠦᠲᠡᠨ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠶᠡᠷᠦᠩᠬᠡᠶᠢᠯᠡᠭᠰᠡᠨ ᠲᠠᠰᠤᠭ ᠤᠨ ᠡᠷᠬᠢᠯᠡᠭᠴᠢ ᠶᠢᠨ | ᠲᠤᠰᠢᠶᠠᠯ ᠲᠠᠢ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠳᠡᠳ᠋ ᠰᠠᠯᠠᠭᠠᠨ ᠲᠡᠰ ᠤᠨ ᠤᠳᠤᠷᠢᠳᠬᠤ | ᠲᠤᠰᠢᠶᠠᠯ ᠳᠤ ᠳᠡᠪᠰᠢᠭᠦᠯᠦᠨ ᠲᠣᠮᠢᠯᠠᠬᠤ ᠪᠠᠷ ᠪᠠᠶᠢᠨ᠎ᠠ᠃ | ᠬᠤᠶᠠᠷ᠂ ᠢᠯᠡ ᠨᠡᠶᠢᠲᠡᠯᠡᠬᠦ ᠴᠠᠭ | ᠢᠯᠡ ᠨᠡᠶᠢᠲᠡᠯᠡᠬᠦ ᠴᠠᠭ ᠨᠢ 2020 ᠣᠨ ᠤ 11 ᠰᠠᠷ᠎ᠠ ᠶᠢᠨ 25 ᠤ ᠡᠳᠦᠷ ᠠᠴᠠ 2020 ᠣᠨ ᠤ 12 | ᠰᠠᠷ᠎ᠠ ᠶᠢᠨ 2 ᠤ ᠡᠳᠦᠷ ᠪᠣᠯᠲᠠᠯ᠎ᠠ᠃ | ᠭᠤᠷᠪᠠ᠂ ᠭᠥᠯᠢᠶᠡᠨ ᠠᠪᠴᠤ ᠰᠢᠶ᠋ᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠣᠯᠤᠨ ᠬᠤᠪᠢ ᠬᠥᠮᠦᠨ ᠴᠥᠮ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ | ᠢᠷᠡᠭᠦᠯᠬᠦ ᠵᠡᠷᠭᠡ ᠬᠡᠯᠪᠡᠷᠢ ᠪᠠᠷ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ | ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠳᠤ ᠪᠠᠶᠢᠴᠠᠭᠠᠵᠤ ᠪᠣᠯᠬᠤ ᠭᠡᠷᠡᠴᠢᠯᠡᠭᠴᠢ ᠵᠢᠴᠢ ᠪᠤᠰᠤᠳ | ᠬᠤᠯᠪᠣᠭᠳᠠᠯ ᠪᠦᠬᠦᠢ ᠰᠦᠪᠡᠭᠴᠢ ᠬᠠᠩᠭᠠᠬᠤ ᠬᠡᠷᠡᠭᠲᠡᠶ᠃ ᠪᠢᠳᠡ ᠠᠰᠠᠭᠤᠳᠠᠯ ᠢ ᠲᠤᠰᠬᠠᠭᠴᠢᠳ ᠵᠢᠴᠢ ᠲᠤᠰᠬᠠᠭᠰᠠᠨ | ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃ | ᠭᠥᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 — 12᠄ 00︔ | ᠦᠳᠡ ᠶᠢᠨ ᠬᠤᠶᠢᠨ᠎ᠠ 2᠄ 30 — 5᠄ 30 | ᠬᠦᠯᠢᠶᠡᠨ ᠠᠪᠴᠤ ᠰᠢᠶ᠋ᠳᠪᠦᠷᠢᠯᠡᠬᠦ ᠭᠠᠵᠠᠷ᠄ ᠰᠦᠩᠱᠠᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ | ᠠᠯᠪᠠᠨ ᠠᠰᠠᠷ ᠤᠨ 711 ᠠᠯᠪᠠᠨ ᠭᠡᠷ | ᠬᠦᠯᠢᠶᠡᠨ ᠠᠪᠴᠤ ᠰᠢᠶ᠋ᠳᠪᠦᠷᠢᠯᠡᠬᠦ ᠤᠲᠠᠰᠤ᠄ 0476-12380 ︵11 ᠳᠤ ᠰᠢᠯᠵᠢᠭᠦᠯᠦᠨ᠎ᠡ︶ | ᠣᠨᠴᠠᠭᠠᠶᠢᠯᠠᠨ ᠵᠠᠷᠯᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | 2020 ᠣᠨ ᠤ 11 ᠰᠠᠷ᠎ᠠ ᠶᠢᠨ 24 ᠤ ᠡᠳᠦᠷ | | | | | | | | | | | ᠁ |