ᠵᠢᠭᠤᠯᠴᠢᠯᠠᠯ ᠡᠵᠡᠩᠨᠡᠭᠴᠢ ᠶᠢᠨ ᠡᠭᠦᠷᠭᠡ
ᠨᠡᠶᠢᠲᠡᠯᠡᠭᠰᠡᠨ ᠴᠠᠭ᠄
2020/12/19
    ᠵᠢᠭᠤᠯᠴᠢᠨ ᠳᠤ ᠦᠢᠯᠡᠴᠢᠯᠡᠬᠦ ᠭᠠᠵᠠᠷ ᠨᠢ ᠵᠢᠭᠤᠯᠴᠢᠯᠠᠭᠴᠢᠳ ᠲᠤ ᠳᠣᠣᠷ᠎ᠠ ᠵᠢᠭᠰᠠᠭᠠᠭᠰᠠᠨ ᠵᠢᠭᠤᠯᠴᠢᠯᠠᠯ ᠤᠨ ᠲᠦᠷᠦᠯ ᠵᠦᠢᠯ ᠢ ᠲᠠᠨᠢᠯᠴᠠᠭᠤᠯᠬᠤ ᠪᠠ ᠬᠠᠩᠭᠠᠵᠤ ᠪᠣᠯᠬᠤ ᠦᠭᠡᠢ᠄     1. ᠤᠯᠤᠰ ᠭᠡᠷ ᠤᠨ ᠠᠰᠢᠭ ᠲᠤᠰᠠ ᠪᠠ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠤᠭᠰᠠᠨ ᠠᠭᠤᠯᠭ᠎ᠠ ᠠᠭᠤᠯᠤᠭᠳᠠᠵᠦ ᠪᠠᠶᠢᠬᠤ︔     2. ᠦᠨᠳᠦᠰᠦᠲᠡᠨ᠂ ᠠᠷᠠᠰᠤᠲᠠᠨ᠂ ᠱᠠᠰᠢᠨ ᠰᠤᠷᠲᠠᠬᠤᠨ᠂ ᠬᠦᠢᠰᠦ ᠢᠯᠭᠠᠯ ᠤᠨ ᠭᠠᠳᠠᠭᠤᠷᠴᠢᠯᠠᠭᠰᠠᠨ ᠠᠭᠤᠯᠭ᠎ᠠ ᠠᠭᠤᠯᠤᠭᠳᠠᠵᠦ ᠪᠠᠶᠢᠬᠤ︔     3. ᠱᠠᠯᠢᠭ ᠵᠠᠪᠬᠠᠢ᠂ ᠮᠤᠬᠤᠷ ᠰᠦᠰᠦᠭ᠂ ᠵᠣᠭᠤᠰ ᠨᠠᠭᠠᠳᠬᠤ ᠠᠭᠤᠯᠭ᠎ᠠ ᠠᠭᠤᠯᠤᠭᠳᠠᠵᠦ ᠪᠠᠶᠢᠬᠤ︔     4. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠳᠠᠭᠰᠠᠨ ᠪᠤᠰᠤᠳ ᠠᠭᠤᠯᠭ᠎ᠠ ᠠᠭᠤᠯᠤᠭᠳᠠᠵᠦ ᠪᠠᠶᠢᠬᠤ᠃     ᠵᠢᠭᠤᠯᠴᠢᠯᠠᠯ ᠡᠵᠡᠩᠨᠡᠵᠦ ᠪᠦᠬᠦᠢ ᠨᠢᠭᠡᠴᠡ ᠦᠨᠡᠨᠴᠢ ᠰᠢᠳᠤᠷᠭᠤ ᠪᠠᠷ ᠡᠵᠡᠩᠨᠡᠬᠦ᠂ ᠦᠢᠯᠡᠴᠢᠯᠡᠭᠡᠨ ᠤ ᠲᠦᠷᠦᠯ ᠵᠦᠢᠯ ᠪᠠ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠪᠠᠨ ᠢᠯᠡ ᠪᠠᠶᠢᠯᠭᠠᠬᠤ ᠬᠡᠷᠡᠭᠲᠡᠢ᠃ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠄     1. ᠬᠤᠯᠪᠤᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠤᠭᠲᠠᠭᠠᠯ ᠪᠤᠶᠤ ᠵᠢᠭᠤᠯᠴᠢᠯᠠᠭᠴᠢᠳ ᠯᠤᠭ᠎ᠠ ᠪᠣᠯᠵᠣᠨ ᠲᠣᠭᠲᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ︔     2. ᠦᠢᠯᠡᠴᠢᠯᠡᠭᠡᠨ ᠤ ᠰᠦᠢᠳᠬᠡᠯ ᠢ ᠳᠤᠷ᠎ᠠ ᠪᠠᠷ ᠢᠶᠠᠨ ᠨᠡᠮᠡᠵᠦ ᠬᠤᠷᠢᠶᠠᠬᠤ︔     3. ᠵᠢᠭᠤᠯᠴᠢᠯᠠᠭᠴᠢᠳ ᠢ ᠠᠯᠪᠠᠳᠠᠵᠤ ᠪᠠᠶᠢᠭᠠᠳ ᠰᠦᠢᠳᠬᠡᠯ ᠬᠤᠷᠢᠶᠠᠬᠤ ᠴᠢᠨᠠᠷᠲᠠᠢ ᠦᠢᠯᠡᠴᠢᠯᠡᠭᠡᠨ ᠤ ᠲᠦᠷᠦᠯ ᠵᠦᠢᠯ ᠢ ᠬᠦᠯᠢᠶᠡᠨ ᠠᠪᠤᠭᠤᠯᠬᠤ︔     4. ᠲᠥᠪ ᠪᠣᠰᠤ ᠪᠠᠷ ᠦᠷᠢᠰᠦᠯᠳᠦᠬᠦ︔     5. ᠵᠢᠭᠤᠯᠴᠢᠯᠠᠯ ᠤᠨ ᠬᠤᠳᠠᠯ ᠬᠠᠭᠤᠷᠮᠠᠭ᠂ ᠴᠢᠨᠠᠷ ᠨᠢ ᠬᠤᠪᠢᠷᠠᠭᠰᠠᠨ ᠲᠠᠸᠠᠷ ᠪᠣᠷᠤᠯᠠᠭᠤᠯᠬᠤ︔     6. ᠠᠯᠪᠠᠳᠠᠵᠦ ᠪᠠᠶᠢᠭᠠᠳ ᠵᠢᠭᠤᠯᠴᠢᠯᠠᠯ ᠤᠨ ᠲᠠᠸᠠᠷ ᠬᠤᠳᠠᠯᠳᠤᠨ ᠠᠪᠤᠭᠤᠯᠬᠤ ᠪᠠ ᠵᠢᠭᠤᠯᠴᠢᠯᠠᠭᠴᠢᠳ ᠢ ᠮᠡᠬᠡᠯᠡᠵᠦ᠂ ᠬᠢᠬᠠᠬᠤ︔     7. ᠤᠳᠤᠨ ᠳᠡᠰ ᠢᠶᠠᠷ ᠰᠢᠯᠭᠠᠨ ᠲᠣᠭᠲᠠᠭᠠᠭᠳᠠᠭᠠᠳᠥᠢ ᠪᠠᠶᠢᠭᠠᠳ ᠤᠳᠤᠨ ᠳᠡᠰ ᠤᠨ ᠬᠤᠯᠪᠤᠭᠳᠠᠯ ᠪᠦᠬᠦᠢ ᠲᠡᠮᠳᠡᠭ ᠢ ᠬᠡᠷᠡᠭᠯᠡᠬᠦ︔     8. ᠦᠢᠯᠡᠴᠢᠯᠡᠭᠡᠨ ᠤ ᠶᠠᠰᠦ ᠴᠢᠨᠠᠷ ᠤᠨ ᠪᠠᠷᠢᠮᠵᠢᠶ᠎ᠠ ᠪᠠᠨ ᠳᠤᠷᠤᠭᠰᠢᠯᠠᠭᠤᠯᠬᠤ︔    
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号