ᠰᠤᠷᠭᠠᠨ ᠬᠦᠮᠦᠵᠢᠯ ᠤᠨ ᠵᠢᠳᠭᠦᠯᠲᠡᠨ ᠲᠤᠤ ᠰᠢᠩ ᡁᠢ᠄ ︽ᠨᠢᠭᠡᠨ ᠰᠤᠷᠭᠠᠭᠤᠯᠢ ᠶᠢ ᠦᠨᠡᠯᠡᠬᠦ ᠳᠤ᠂ ᠡᠩ | ᠲᠡᠷᠢᠬᠦᠨ ᠳᠤ ᠰᠤᠷᠭᠠᠭᠤᠯᠢ ᠶᠢᠨ ᠵᠠᠬᠢᠷᠤᠯ ᠢ ᠨᠢ ᠦᠨᠡᠯᠡᠬᠦ ᠭᠡᠷᠡᠭᠳᠡᠢ︾ ᠭᠡᠵᠤ ᠭᠡᠯᠡᠵᠤ ᠦᠡᠭᠭᠡᠷᠡᠭᠰᠡᠨ ᠪᠢᠯᠡ᠃ | ᠡᠬᠦᠨ ᠲᠠᠢ ᠠᠳᠠᠯᠢ ᠪᠠᠷ ᠨᠢᠭᠡᠨ ᠠᠩᠬᠢ ᠶᠢ ᠦᠨᠡᠯᠡᠬᠦ ᠳᠤ ᠬᠠᠮᠤᠬ ᠲᠦᠷᠦᠬᠦᠨ ᠳᠤ ᠠᠩᠬᠢ ᠶᠢᠨ ᠡᠷᠬᠢᠯᠡᠭᠴᠢ ᠶᠢ ᠨᠢ | ᠦᠨᠡᠯᠡᠬᠦ ᠭᠡᠷᠡᠭᠳᠡᠢ᠃ ᠲᠡᠭᠡᠪᠡᠯ ᠭᠡᠷᠬᠢᠨ ᠠᠩᠬᠢ ᠨᠢᠭᠡᠴᠡ ᠶᠢᠨ ᠬᠠᠮᠢᠶᠠᠷᠤᠯᠳᠠ ᠶᠢᠨ ᠴᠢᠳᠠᠪᠤᠷᠢ ᠪᠠᠨ ᠲᠡᠭᠡᠭᠰᠢᠯᠡᠬᠦᠯᠵᠤ | ᠂ ᠨᠢᠭᠡᠨ ᠬᠢᠷᠢ ᠲᠡᠩᠴᠡᠭᠰᠡᠨ ᠠᠩᠬᠢ ᠶᠢᠨ ᠡᠷᠬᠢᠯᠡᠭᠴᠢ ᠪᠤᠯᠬᠤ ᠶᠤᠮ ᠪᠤᠢ︖ ᠮᠢᠨᠤ ᠦᠵᠡᠬᠦ ᠪᠠᠷ ᠠᠩᠬᠢ ᠶᠢᠨ | ᠡᠷᠬᠢᠯᠡᠭᠴᠢ ᠨᠢ ᠲᠤᠤᠷᠠᠬᠢ ᠮᠡᠳᠦ ᠲᠠᠪᠤᠨ ᠵᠠᠩᠬᠢᠯᠠᠭ᠎ᠠ ᠶᠢᠨ ᠴᠢᠳᠠᠪᠤᠷᠢ ᠶᠢ ᠪᠦᠷᠢᠯᠳᠦᠬᠦᠯᠪᠡᠯ ᠵᠤᠬᠢᠨ᠎ᠠ᠃ | ᠨᠢᠭᠡ ᠳᠤ᠂ ᠰᠤᠷᠤᠬᠴᠢᠳ ᠢ ᠪᠦᠬᠦ ᠲᠠᠯ᠎ᠠ ᠪᠠᠷ ᠤᠢᠢᠯᠠᠭᠠᠬᠤ ᠴᠢᠳᠠᠪᠤᠷᠢ ᠲᠠᠢ ᠪᠠᠶᠢᠬᠤ ᠭᠡᠷᠡᠭᠳᠡᠢ᠃ | ᠰᠤᠷᠤᠬᠴᠢᠳ ᠤᠨ ᠦᠨᠳᠦᠰᠦᠨ ᠪᠠᠶᠢᠳᠠᠯ ᠢ ᠤᠢᠢᠯᠠᠭᠠᠬᠤ ᠪᠤᠯ ᠠᠩᠬᠢ ᠶᠢᠨ ᠡᠷᠬᠢᠯᠡᠭᠴᠢ ᠶᠢᠨ ᠠᠵᠢᠯ ᠤᠨ | ᠦᠨᠳᠦᠰᠦᠨ ᠱᠠᠭᠠᠷᠳᠠᠯᠭ᠎ᠠ ᠪᠤᠯᠤᠨ᠎ᠠ᠃ ᠠᠩᠬᠢ ᠶᠢᠨ ᠡᠷᠬᠢᠯᠡᠭᠴᠢ ᠨᠢ ᠪᠦᠬᠦ ᠠᠩᠬᠢ ᠶᠢᠨ ᠰᠤᠷᠤᠬᠴᠢᠳ ᠤᠨ ᠢᠶᠠᠨ | ᠪᠦᠬᠦᠯᠢ ᠴᠤᠬᠴᠠ ᠶᠢᠨ ᠪᠠᠶᠢᠳᠠᠯ ᠢ ᠤᠢᠢᠯᠠᠭᠠᠬᠰᠠᠨ ᠪᠠᠶᠢᠬᠤ ᠭᠡᠷᠡᠭᠳᠡᠢ ᠪᠦᠭᠡᠳ ᠪᠠᠰᠠ ᠰᠤᠷᠤᠬᠴᠢ ᠨᠢᠭᠡᠪᠦᠷᠢ ᠶᠢᠨ | ᠪᠤᠳᠠᠳᠠᠢ ᠪᠠᠶᠢᠳᠠᠯ ᠢ ᠡᠳᠦᠢ ᠲᠡᠳᠦᠢ ᠮᠡᠳᠡᠭᠰᠡᠨ ᠪᠠᠶᠢᠬᠤ ᠭᠡᠷᠡᠭᠳᠡᠢ᠃ ᠭᠠᠭᠴᠡᠬᠦ ᠢᠡᠭᠬᠢᠮᠡᠨᠵᠢᠨ ᠰᠠᠶ᠋ᠢ ᠠᠩᠬᠢ ᠶᠢᠨ | ᠡᠷᠬᠢᠯᠡᠭᠴᠢ ᠨᠢ ᠠᠩᠬᠢ ᠨᠢᠭᠡᠴᠡ ᠶᠢᠨ ᠬᠦᠭᠵᠢᠯᠳᠡ ᠶᠢᠨ ᠴᠢᠭᠯᠡᠯ ᠢ ᠵᠦᠪ ᠤᠨᠤᠪᠴᠢᠳᠠᠢ ᠲᠤᠬᠳᠠᠭᠠᠵᠤ ᠴᠢᠳᠠᠬᠤ ᠶᠢᠨ | ᠬᠠᠮᠳᠤᠳᠠ ᠰᠤᠷᠤᠬᠴᠢᠳ ᠲᠠᠭᠠᠨ ᠴᠢᠭᠯᠡᠬᠦᠯᠦᠯᠳᠦ ᠴᠢᠨᠠᠷᠳᠠᠢ ᠰᠤᠷᠭᠠᠨ ᠬᠦᠮᠦᠵᠢᠯ ᠤᠨ ᠵᠢᠯᠤᠭᠤᠳᠤᠯᠭ᠎ᠠ ᠬᠢᠵᠤ᠂ | ᠬᠠᠮᠤᠬ ᠡᠴᠦᠰ ᠲᠤ ᠰᠤᠷᠤᠬᠴᠢᠳ ᠤᠨ ᠦᠪᠡᠷᠮᠢᠴᠡ ᠦᠰᠦᠨ ᠪᠤᠶᠢᠵᠢᠯᠳᠠ ᠬᠢᠭᠡᠳ ᠪᠦᠬᠦ ᠲᠠᠯ᠎ᠠ ᠪᠠᠷ ᠬᠦᠭᠵᠢᠬᠦ ᠶᠢ | ᠪᠡᠶᠡᠯᠡᠬᠦᠯᠵᠤ ᠴᠢᠳᠠᠨ᠎ᠠ᠃ | ᠬᠤᠶᠠᠷ ᠲᠤ᠂ ᠰᠤᠷᠤᠬᠴᠢᠳ ᠢ ᠴᠢᠳᠠᠮᠠᠭᠠᠢ ᠪᠠᠷ ᠤᠷᠮᠠᠰᠢᠭᠤᠯᠤᠨ ᠵᠤᠷᠢᠬᠵᠢᠭᠤᠯᠬᠤ ᠴᠢᠳᠠᠪᠤᠷᠢ ᠲᠠᠢ ᠪᠠᠶᠢᠬᠤ | ᠬᠡᠷᠡᠭᠲᠠᠢ᠃ ᠠᠩᠬᠢ ᠶᠢᠨ ᠡᠷᠬᠢᠯᠡᠭᠴᠢ ᠪᠤᠯᠤᠬᠰᠠᠳ ᠨᠢ ᠭᠠᠭᠴᠠᠬᠦ ᠰᠤᠷᠤᠬᠴᠢᠳ ᠢᠶᠠᠨ ᠪᠤᠰᠤᠳᠴᠢ ᠲᠦᠪ | ᠭᠤᠤᠯᠴᠢ ᠪᠠᠷ ᠦᠨᠡᠯᠡᠵᠤ᠂ ᠰᠤᠷᠤᠬᠴᠢᠳ ᠲᠠᠭᠠᠨ ᠵᠦᠪ ᠢᠶᠠᠷ ᠬᠠᠨᠳᠤᠮᠠᠨᠵᠢᠨ ᠰᠠᠶ᠋ᠢ ᠰᠤᠷᠤᠬᠴᠢᠳ ᠨᠢ ᠰᠤᠷᠭᠠᠨ | ᠬᠦᠮᠦᠵᠢᠯ ᠳᠤ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠵᠤ᠂ ᠰᠠᠶ᠋ᠢ ᠪᠦᠬᠦ ᠰᠤᠷᠤᠬᠴᠢᠳ ᠤᠨ ᠡᠷᠡᠬᠦᠯ ᠢᠶᠠᠷ ᠪᠦᠬᠦ | ᠲᠠᠯ᠎ᠠ ᠪᠠᠷ ᠬᠦᠭᠵᠢᠬᠦ ᠶᠢ ᠠᠬᠢᠭᠤᠯᠵᠤ᠂ ᠰᠠᠶ᠋ᠢ ᠠᠩᠬᠢ ᠨᠢᠭᠡᠴᠡ ᠶᠢᠨ ᠬᠠᠮᠢᠶᠠᠷᠤᠯᠳᠠ ᠶᠢᠨ ᠦᠷ᠎ᠠ ᠠᠰᠢᠬ ᠢᠶᠠᠨ | ᠲᠡᠭᠡᠭᠰᠢᠯᠡᠬᠦᠯᠵᠤ ᠴᠢᠳᠠᠨ᠎ᠠ᠃ | ᠡᠬᠦᠨ ᠠᠴᠠ ᠭᠠᠳᠠᠨ᠎ᠠ᠂ ᠠᠩᠬᠢ ᠶᠢᠨ ᠡᠷᠬᠢᠯᠡᠭᠴᠢ ᠶᠢᠨ ᠦᠨᠡᠯᠡᠯᠳᠡ ᠨᠢ ᠤᠷᠮᠠᠰᠢᠭᠤᠯᠤᠨ ᠵᠤᠷᠢᠬᠵᠢᠭᠤᠯᠬᠤ | ᠴᠢᠨᠠᠷᠳᠠᠢ ᠪᠠᠶᠢᠬᠤ ᠭᠡᠷᠡᠭᠳᠡᠢ᠃ ᠭᠠᠭᠴᠠᠬᠦ ᠢᠡᠭᠬᠢᠮᠡᠨᠵᠢᠨ ᠰᠠᠶ᠋ᠢ ᠰᠤᠷᠤᠬᠴᠢᠳ ᠢ ᠬᠠᠪᠰᠤᠷᠴᠤ ᠢᠳᠡᠭᠡᠯ ᠵᠤᠷᠢᠬᠳᠠᠢ | ᠪᠤᠯᠭᠠᠵᠤ᠂ ᠰᠤᠷᠤᠬᠴᠢᠳ ᠤᠨ ︽ᠲᠡᠮᠡᠴᠡᠯ ᠤᠨ ᠵᠤᠷᠢᠬ︾ ᠢ ᠬᠦᠭᠵᠢᠭᠡᠵᠤ᠂ ᠠᠩᠬᠢ ᠶᠢᠨ ᠬᠦᠭᠵᠢᠯᠳᠡ ᠶᠢᠨ | ᠲᠤᠳᠤᠭᠠᠳᠤ ᠤᠷᠤᠬᠰᠢᠯᠠᠭᠤᠯᠬᠤ ᠬᠦᠴᠦᠨ ᠢ ᠡᠷᠴᠢᠮᠵᠢᠬᠦᠯᠦᠨ ᠴᠢᠩᠭᠠᠳᠬᠠᠵᠤ ᠴᠢᠳᠠᠨ᠎ᠠ᠃ ᠶᠡᠷᠦᠩᠭᠡᠢ | ᠴᠤᠬᠴᠠ ᠠᠴᠠ ᠠᠪᠴᠤ ᠭᠡᠯᠡᠪᠡᠯ᠂ ᠠᠩᠬᠢ ᠶᠢᠨ ᠡᠷᠬᠢᠯᠡᠭᠴᠢ ᠨᠢ ᠭᠠᠭᠴᠡᠬᠦ ᠰᠤᠷᠤᠬᠴᠢᠳ ᠢᠶᠠᠨ ᠵᠦᠪ | ᠤᠨᠤᠪᠴᠢᠳᠠᠢ ᠪᠠᠷ ᠦᠨᠡᠯᠡᠮᠡᠵᠢᠨ ᠰᠠᠶ᠋ᠢ ᠰᠤᠷᠭᠠᠨ ᠬᠦᠮᠦᠵᠢᠯ ᠨᠢ ᠲᠡᠬᠦᠨ ᠤ ᠪᠢᠴᠢᠭ ᠵᠢᠭᠠᠵᠤ ᠬᠦᠮᠦᠨ ᠢ | ᠬᠦᠮᠦᠵᠢᠬᠦᠯᠬᠦ ᠮᠦᠨ ᠴᠢᠨᠠᠷ ᠢᠶᠠᠨ ᠢᠯᠡᠷᠡᠬᠦᠯᠵᠤ ᠴᠢᠳᠠᠨ᠎ᠠ᠃ | ᠭᠤᠷᠪᠠ ᠳᠤ᠂ ᠬᠤᠴᠤᠷᠤᠩᠭᠤᠢ ᠰᠤᠷᠤᠬᠴᠢ ᠶᠢ ᠬᠤᠪᠢᠷᠠᠭᠤᠯᠬᠤ ᠴᠢᠳᠠᠪᠤᠷᠢ ᠲᠠᠢ ᠪᠠᠶᠢᠬᠤ ᠬᠡᠷᠡᠭᠲᠠᠢ᠃ | ᠬᠤᠴᠤᠷᠤᠩᠭᠤᠢ ᠰᠤᠷᠤᠬᠴᠢᠳ ᠢ ᠰᠤᠷᠭᠠᠨ ᠬᠦᠮᠦᠵᠢᠬᠦᠯᠬᠦ ᠪᠠ ᠤᠶᠠᠷᠠᠭᠤᠯᠤᠨ ᠤᠬᠠᠭᠠᠷᠠᠭᠤᠯᠬᠤ ᠶᠠᠪᠤᠴᠠ ᠶᠢᠨ | ᠲᠤᠮᠳᠠ᠂ ᠠᠩᠬᠢ ᠶᠢᠨ ᠡᠷᠬᠢᠯᠡᠭᠴᠢ ᠨᠢ ᠦᠪᠡᠷ ᠤᠨ ᠪᠡᠶ᠎ᠠ ᠪᠠᠷ ᠢᠶᠠᠨ ᠲᠦᠷᠢᠮ ᠪᠤᠯᠵᠤ᠂ ᠦᠪᠡᠷ ᠤᠨ ᠪᠤᠳᠠᠳᠤ | ᠦᠢᠯᠡ ᠠᠵᠢᠯᠯᠠᠭᠠᠨ ᠢᠶᠠᠷ ᠢᠶᠠᠨ ᠬᠤᠴᠤᠷᠤᠩᠭᠤᠢ ᠰᠤᠷᠤᠬᠴᠢᠳ ᠢ ᠨᠦᠯᠦᠭᠡᠯᠡᠬᠦ ᠶᠢᠨ ᠲᠡᠭᠡᠷ᠎ᠠ ᠨᠢ ᠪᠠᠰᠠ ᠰᠠᠬᠦᠯᠡᠷ ᠨᠢ | ᠴᠠᠬ ᠲᠤᠬᠠᠢ ᠳᠤᠨᠢ ᠵᠠᠯᠭᠠᠵᠤ ᠬᠢᠬᠦ ᠰᠤᠷᠭᠠᠨ ᠬᠦᠮᠦᠵᠢᠯ ᠤᠨ ᠬᠦᠳᠦᠯᠦᠨ ᠵᠢᠯᠤᠭᠤᠳᠤᠯᠭ᠎ᠠ ᠵᠡᠷᠭᠡ ᠨᠢ ᠬᠠᠮᠤᠬ | ᠡᠴᠦᠰ ᠲᠤ ᠲᠡᠳᠡᠨᠦᠰ ᠲᠤ ᠤᠶᠤᠨ ᠰᠠᠨᠠᠭᠠᠨ ᠤ ᠲᠤᠩᠰᠤᠯᠤᠯᠳᠠ ᠪᠤᠯᠵᠤ᠂ ᠲᠡᠳᠡᠨᠦᠰ ᠢ ᠦᠯᠦ ᠮᠡᠳᠡᠭᠳᠡᠮ᠎ᠠ ᠪᠠᠷ | ᠬᠤᠪᠢᠷᠠᠭᠤᠯᠤᠨ ᠵᠦᠭᠰᠢᠷᠡᠬᠦᠯᠳᠡᠭ ᠪᠠᠶᠢᠨ᠎ᠠ᠃ ᠡᠬᠦᠨ ᠠᠴᠠ ᠭᠠᠳᠠᠨ᠎ᠠ ᠠᠩᠬᠢ ᠶᠢᠨ ᠡᠷᠬᠢᠯᠡᠭᠴᠢ ᠨᠢ ᠪᠠᠰᠠ ᠠᠵᠠ | ᠲᠤᠬᠢᠶᠠᠯ ᠢ ᠠᠳᠬᠤᠨ ᠠᠪᠬᠤ ᠶᠢ ᠰᠤᠷᠤᠬᠰᠠᠨ ᠪᠠᠶᠢᠬᠤ ᠭᠡᠷᠡᠭᠳᠡᠢ᠃ ᠵᠢᠱᠢᠶᠡᠯᠡᠪᠡᠯ᠄ ᠰᠤᠷᠤᠬᠴᠢᠳ ᠶᠠᠬ ᠰᠠᠶ᠋ᠢᠬᠠᠨ | ᠭᠡᠳᠡᠰᠬᠢᠨ ᠪᠤᠰᠬᠤ ᠭᠡᠵᠤ ᠲᠠᠪ ᠲᠠᠪ ᠭᠡᠵᠤ ᠪᠠᠶᠢᠭ᠎ᠠ ᠵᠠᠩᠬᠢᠯᠠᠭ᠎ᠠ ᠶᠢᠨ ᠦᠶ᠎ᠠ ᠳᠤᠨᠢ᠂ ᠴᠠᠬ ᠲᠤᠬᠠᠢ ᠳᠤᠨᠢ | ᠵᠤᠷᠢᠬᠵᠢᠭᠤᠯᠤᠯ ᠦᠭᠬᠦ ᠭᠡᠷᠡᠭᠳᠡᠢ᠃ ᠰᠤᠷᠤᠬᠴᠢᠳ ᠲᠦᠭᠡᠷᠢᠭᠳᠡᠯ ᠳᠤ ᠤᠴᠠᠷᠠᠭᠠᠳ ᠵᠠᠮ ᠢᠶᠠᠨ ᠤᠯᠬᠤ ᠦᠭᠡᠢ | ᠰᠠᠨᠳᠤᠷᠴᠤ ᠪᠠᠶᠢᠬᠤ ᠦᠶ᠎ᠠ ᠳᠤᠨᠢ ᠵᠠᠮ ᠮᠦᠷ ᠢ ᠨᠢ ᠵᠢᠭᠠᠵᠤ ᠦᠭᠬᠦ ᠭᠡᠷᠡᠭᠳᠡᠢ᠃ ᠰᠤᠷᠤᠬᠴᠢᠳ ᠰᠦᠷᠦᠭ ᠠᠴᠠ ᠪᠠᠨ | ᠰᠠᠯᠵᠤ᠂ ᠦᠨᠦᠴᠢᠷᠡᠨ ᠭᠠᠭᠴᠠᠭᠠᠷᠳᠠᠵᠤ ᠵᠤᠪᠠᠵᠤ ᠲᠠᠨᠤᠵᠤ ᠪᠠᠶᠢᠬᠤ ᠦᠶ᠎ᠠ ᠳᠤᠨᠢ ᠬᠠᠶᠢᠷᠠᠯᠠᠨ ᠬᠠᠯᠠᠮᠵᠢᠯᠠᠵᠤ᠂ | ᠬᠠᠯᠠᠭᠤᠨ ᠲᠤᠯᠠᠭᠠᠨ ᠢ ᠬᠦᠷᠭᠡᠵᠤ ᠦᠭᠬᠦ ᠭᠡᠷᠡᠭᠳᠡᠢ᠃ ᠰᠤᠷᠤᠬᠴᠢᠳ ᠤᠰᠤᠯ ᠪᠤᠷᠤᠭᠤ ᠭᠠᠷᠭᠠᠴᠢᠬᠠᠭᠠᠳ ᠶᠡᠭᠡᠳᠡ | ᠬᠠᠷᠠᠮᠰᠠᠨ ᠭᠡᠮᠰᠢᠵᠤ ᠪᠠᠶᠢᠬᠤ ᠦᠶ᠎ᠠ ᠳᠤᠨᠢ ᠦᠨᠡᠨᠴᠢ ᠦᠭᠡ ᠬᠦᠨ ᠰᠡᠳᠬᠢᠯᠭᠡ ᠪᠠᠷ ᠢᠳᠬᠠᠨ ᠰᠤᠷᠭᠠᠬᠤ ᠪᠠ | ᠬᠦᠳᠦᠯᠦᠨ ᠵᠢᠯᠤᠭᠤᠳᠤᠨ᠎ᠠ᠃ ᠡᠳᠡᠭᠡᠷ ᠲᠤᠬᠢᠶᠠᠯ ᠢ ᠠᠳᠬᠤᠨ ᠠᠪᠤᠭᠠᠳ ᠴᠢᠳᠠᠳᠠᠬ ᠲᠤ ᠯᠡ ᠬᠦᠷᠪᠡᠯ᠂ ᠬᠠᠶᠢᠷ᠎ᠠ | ᠰᠡᠳᠬᠢᠯᠭᠡ ᠶᠢᠨ ᠲᠠᠯ᠎ᠠ ᠪᠠᠷ ᠬᠤᠴᠤᠷᠤᠩᠭᠤᠢ ᠰᠤᠷᠤᠬᠴᠢᠳ ᠲᠠᠢ ᠨᠡᠩ ᠤᠢᠢᠷᠠᠳᠤᠵᠤ᠂ ᠪᠤᠳᠤᠯ ᠰᠡᠳᠬᠢᠯ ᠢᠶᠠᠨ | ᠨᠡᠪᠳᠡᠷᠡᠯᠴᠡᠬᠦ ᠬᠦᠬᠦᠷᠭᠡ ᠲᠠᠯᠪᠢᠵᠤ᠂ ᠬᠠᠮᠤᠬ ᠡᠴᠦᠰ ᠲᠤ ᠬᠤᠴᠤᠷᠤᠩᠭᠤᠢ ᠰᠤᠷᠤᠬᠴᠢᠳ ᠤᠨ ᠤᠷᠤᠬᠰᠢᠯᠠᠨ | ᠲᠠᠪᠰᠢᠬᠤ ᠪᠠ ᠦᠷᠬᠦᠯᠵᠢᠯᠡᠨ ᠬᠦᠭᠵᠢᠬᠦ ᠶᠢ ᠪᠠᠶᠡᠯᠡᠬᠦᠯᠵᠤ ᠴᠢᠳᠠᠨ᠎ᠠ᠃ | ᠲᠦᠷᠪᠡ ᠳᠤ᠂ ᠰᠤᠷᠤᠬᠴᠢᠳ ᠤᠨ ᠺᠠᠳ᠋ᠷ ᠢ ᠰᠢᠯᠭᠠᠷᠠᠭᠤᠯᠵᠤ ᠬᠦᠮᠦᠵᠢᠬᠦᠯᠬᠦ ᠴᠢᠳᠠᠪᠤᠷᠢ ᠲᠠᠢ ᠪᠠᠶᠢᠬᠤ ᠬᠡᠷᠡᠭᠲᠠᠢ | ᠃ ᠠᠩᠬᠢ ᠶᠢᠨ ᠺᠠᠳ᠋ᠷ ᠤᠨ ᠡᠩᠨᠡᠭᠡ ᠶᠢ ᠰᠠᠶᠢᠳᠤᠷ ᠰᠢᠯᠢᠨ ᠰᠤᠩᠭᠤᠬᠤ ᠪᠠ ᠬᠦᠮᠦᠵᠢᠬᠦᠯᠵᠤ᠂ ᠡᠷᠭᠡ ᠶᠢ | ᠲᠡᠳᠡᠨᠦᠰ ᠲᠤ ᠦᠭᠬᠦ ᠨᠢ ᠰᠤᠷᠤᠬᠴᠢᠳ ᠦᠪᠡᠷ ᠢ ᠪᠠᠨ ᠦᠪᠡᠷᠳᠡᠭᠡᠨ ᠵᠠᠰᠠᠬᠤ ᠦᠷ ᠠ ᠳ᠋ᠦᠡᠭ ᠳᠤ ᠬᠦᠷᠭᠡᠵᠤ᠂ | ᠠᠩᠬᠢ ᠶᠢᠨ ᠡᠷᠬᠢᠯᠡᠭᠴᠢ ᠶᠢᠨ ᠠᠵᠢᠯ ᠨᠢ ᠨᠦᠰᠡᠷ ᠬᠦᠨᠳᠦ ᠪᠠᠶᠢᠬᠰᠠᠨ ᠠᠴᠠ ᠪᠠᠨ ᠲᠦᠬᠦᠮ ᠪᠦᠭᠡᠳ ᠬᠦᠡᠭᠭᠡᠨ | ᠪᠤᠯᠤᠨ᠎ᠠ᠃ ᠨᠢᠭᠡᠨ ᠰᠠᠯᠠᠭ᠎ᠠ ᠬᠦᠴᠦᠨ ᠪᠦᠬᠦᠢ ᠠᠩᠬᠢ ᠶᠢᠨ ᠺᠠᠳ᠋ᠷᠴᠤᠳ ᠤᠨ ᠡᠩᠨᠡᠭᠡ ᠶᠢ ᠭᠡᠷᠬᠢᠨ ᠪᠠᠶᠢᠭᠤᠯᠪᠠᠯ | ᠵᠤᠬᠢᠬᠤ ᠶᠤᠮ ᠪᠤᠢ︖ ᠡᠨᠡ ᠪᠤᠯ ᠶᠤᠰᠤᠳᠠᠢ ᠨᠢᠭᠡᠨ ᠠᠷᠤ ᠶᠢᠨ ᠡᠬᠦᠷᠭᠡ ᠬᠦᠨᠳᠦ ᠠᠶᠠᠨ ᠤ ᠵᠠᠮ ᠪᠠᠶᠢᠳᠠᠬ ᠶᠠᠪᠤᠳᠠᠯ | ᠪᠤᠯᠬᠤ ᠠᠵᠢ᠃ ᠠᠩᠬᠢ ᠶᠢᠨ ᠡᠷᠬᠢᠯᠡᠭᠴᠢ ᠨᠢ ᠠᠩᠬᠢ ᠶᠢᠨ ᠺᠠᠳ᠋ᠷ ᠢ ᠰᠢᠯᠢᠨ ᠰᠤᠩᠭᠤᠬᠤ ᠶᠠᠪᠤᠴᠠ ᠶᠢᠨ ᠲᠤᠮᠳᠠ ᠪᠠᠨ | ᠂ ᠡᠩ ᠲᠡᠷᠢᠬᠦᠨ ᠳᠤ᠂ ᠪᠦᠬᠦ ᠠᠩᠬᠢ ᠶᠢᠨ ᠰᠤᠷᠤᠬᠴᠢᠳ ᠲᠠᠭᠠᠨ ᠪᠦᠬᠦ ᠲᠠᠯ᠎ᠠ ᠶᠢᠨ ᠤᠢᠢᠯᠠᠭᠠᠯᠳᠠ ᠲᠠᠢ ᠪᠠᠶᠢᠬᠤ | ᠭᠡᠷᠡᠭᠳᠡᠢ᠃ ᠰᠤᠷᠤᠬᠴᠢᠳ ᠢᠶᠠᠷ ᠰᠤᠩᠭᠤᠨ ᠲᠠᠨᠢᠯᠴᠠᠭᠤᠯᠬᠤ ᠪᠠ ᠠᠩᠬᠢ ᠶᠢᠨ ᠡᠷᠬᠢᠯᠡᠭᠴᠢ ᠶᠢᠨ ᠪᠠᠶᠢᠴᠠᠭᠠᠨ | ᠰᠤᠳᠤᠯᠤᠯᠳᠠ ᠪᠠᠷ ᠲᠠᠮᠵᠢᠭᠤᠯᠤᠨ᠂ ᠠᠩᠬᠢ ᠶᠢᠨ ᠲᠤᠳᠤᠷ᠎ᠠ ᠪᠠᠨ ᠨᠡᠯᠢᠶᠡᠳ ᠰᠠᠶᠢᠨ ᠴᠢᠳᠠᠪᠤᠷᠢᠳᠠᠢ᠂ ᠬᠠᠮᠳᠤ | ᠰᠤᠷᠤᠬᠴᠢᠳ ᠤᠨ ᠬᠢᠨᠢ ᠲᠠᠨᠢᠨ ᠵᠦᠪᠰᠢᠶᠡᠷᠡᠬᠦ ᠬᠡᠮᠵᠢᠶ᠎ᠠ ᠨᠢ ᠨᠡᠯᠢᠶᠡᠳ ᠲᠡᠭᠡᠭᠦᠷ ᠪᠠᠶᠢᠬᠤ ᠰᠤᠷᠤᠬᠴᠢᠳ ᠢ ᠰᠢᠯᠢᠨ | ᠰᠤᠩᠭᠤᠵᠤ ᠭᠠᠷᠭᠠᠭᠠᠳ᠂ ᠲᠠᠬᠢᠨ ᠰᠤᠷᠤᠬᠴᠢ ᠨᠢᠭᠡᠪᠦᠷᠢ ᠶᠢᠨ ᠬᠤᠪᠢ ᠬᠦᠮᠦᠨ ᠤ ᠰᠤᠩᠭᠤᠯᠳᠠ ᠬᠢᠭᠡᠳ ᠠᠩᠬᠢ | ᠨᠢᠭᠡᠴᠢ ᠶᠢᠨ ᠰᠢᠯᠭᠠᠨ ᠪᠠᠶᠢᠴᠠᠭᠠᠯᠳᠠ ᠪᠠᠷ ᠲᠠᠮᠵᠢᠭᠤᠯᠵᠤ ᠪᠠᠶᠢᠭᠠᠳ ᠲᠡᠬᠦᠨ ᠤ ᠡᠬᠦᠷᠭᠡᠯᠡᠬᠦ ᠲᠤᠰᠢᠶᠠᠯ ᠢ | ᠲᠤᠬᠳᠠᠭᠠᠨ᠎ᠠ᠃ ᠢᠡᠭᠬᠢᠭᠰᠡᠨ ᠤ ᠪᠠᠨ ᠲᠠᠷᠠᠭ᠎ᠠ᠂ ᠠᠩᠬᠢ ᠶᠢᠨ ᠡᠷᠬᠢᠯᠡᠭᠴᠢ ᠨᠢ ᠰᠢᠨᠵᠢᠯᠡᠬᠦ ᠤᠬᠠᠭᠠᠨᠴᠢ | ᠪᠤᠯᠪᠠᠰᠤᠷᠠᠭᠤᠯᠤᠯ ︵ᠰᠤᠷᠭᠠᠭᠤᠯᠢᠯᠠᠯ︶ ᠬᠢᠭᠡᠳ ᠵᠢᠭᠠᠨ ᠵᠢᠯᠤᠭᠤᠳᠤᠯᠭ᠎ᠠ ᠪᠠᠷ ᠲᠠᠮᠵᠢᠭᠤᠯᠵᠤ᠂ ᠲᠡᠳᠡᠨ ᠢ | ᠬᠠᠪᠰᠤᠷᠴᠤ ᠪᠠᠶᠢᠭᠠᠳ ᠦᠳᠳᠠᠷ ᠲᠦᠷᠭᠡᠨ ᠢᠶᠠᠷ ᠤᠷᠤᠨ ᠪᠠᠶᠢᠷᠢ ᠲᠦᠷᠢ ᠲᠦᠷᠢᠯᠡᠭᠴᠢ ᠳᠤᠨᠢ ᠤᠷᠤᠭᠤᠯᠵᠤ᠂ | ᠠᠩᠬᠢ ᠶᠢᠨ ᠺᠠᠳ᠋ᠷ ᠨᠠᠷ ᠬᠦᠳᠦᠯᠦᠨ ᠵᠢᠯᠤᠭᠤᠳᠴᠤ ᠪᠦᠯᠬᠦᠮᠳᠡᠨ ᠨᠢᠭᠡᠳᠴᠤ ᠦᠨᠳᠦᠷ ᠦᠷ᠎ᠠ ᠠᠰᠢᠬᠳᠠᠢ ᠪᠠᠷ | ᠠᠵᠢᠯ ᠢᠶᠠᠨ ᠪᠡᠶᠡᠯᠡᠬᠦᠯᠵᠤ᠂ ᠠᠩᠬᠢ ᠨᠢᠭᠡᠴᠢ ᠶᠢᠨ ᠰᠤᠷᠤᠬᠴᠢᠳ ᠤᠨ ᠦᠷᠢᠰᠦᠯᠳᠦᠬᠦ ᠲᠤᠬᠳᠠᠴᠠ ᠶᠢ ᠡᠬᠦᠳᠦᠨ | ᠪᠠᠶᠢᠭᠤᠯᠵᠤ᠂ ᠠᠩᠬᠢ ᠶᠢᠨ ᠺᠠᠳ᠋ᠷᠴᠤᠳ ᠢ ᠲᠤᠬᠳᠠᠬᠰᠠᠨ ᠴᠠᠬ ᠲᠤ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠬᠦᠯᠵᠤ | ᠂ ᠠᠩᠬᠢ ᠶᠢᠨ ᠺᠠᠳ᠋ᠷᠴᠤᠳ ᠤᠨ ᠡᠩᠨᠡᠭᠡᠨ ᠤ ᠦᠷ᠎ᠠ ᠠᠰᠢᠬᠳᠠᠢ ᠪᠠᠷ ᠡᠮᠬᠢ ᠲᠠᠷᠠᠭᠠᠯᠠᠯ ᠲᠠᠢ ᠪᠠᠷ ᠶᠠᠪᠤᠬᠳᠠᠬᠤ ᠶᠢ | ᠪᠡᠶᠡᠯᠡᠬᠦᠯᠦᠨ᠎ᠠ᠃ | ᠲᠠᠪᠤ ᠳᠤ᠂ ᠠᠩᠬᠢ ᠨᠡᠶᠢᠳᠡ ᠶᠢᠨ ᠬᠦᠳᠡᠯᠭᠡᠭᠡᠨ ︵ᠠᠵᠢᠯᠯᠠᠭᠠᠨ︶ ᠢ ᠵᠤᠬᠢᠶᠠᠨ ᠪᠠᠶᠢᠭᠤᠯᠬᠤ ᠴᠢᠳᠠᠪᠤᠷᠢ ᠲᠠᠢ | ᠪᠠᠶᠢᠬᠤ ᠬᠡᠷᠡᠭᠲᠠᠢ᠃ ᠠᠩᠬᠢ ᠶᠢᠨ ᠬᠦᠳᠡᠯᠭᠡᠭᠡᠨ ᠢ ᠵᠤᠬᠢᠶᠠᠨ ᠪᠠᠶᠢᠭᠤᠯᠬᠤ ᠶᠢᠨ ᠠᠮᠵᠢᠯᠳᠠ ᠤᠯᠬᠤ ᠡᠰᠡᠬᠦ ᠨᠢ | ᠰᠤᠷᠤᠬᠴᠢᠳ ᠤᠨ ᠪᠦᠯᠬᠦᠮᠳᠡᠯᠳᠤ ᠴᠢᠨᠠᠷ᠂ ᠢᠳᠡᠪᠭᠢᠳᠦ ᠴᠢᠨᠠᠷ᠂ ᠬᠦᠳᠡᠯᠦᠩᠬᠦᠢ ᠴᠢᠨᠠᠷ᠂ ᠡᠬᠦᠳᠦᠨ ᠪᠦᠳᠦᠭᠡᠬᠦ | ᠴᠢᠨᠠᠷ ᠲᠠᠢ ᠬᠤᠯᠪᠤᠬᠳᠠᠳᠠᠬ᠃ ᠡᠷᠴᠢᠮ ᠲᠠᠢ ᠰᠠᠶᠢᠬᠠᠨ ᠠᠩᠬᠢ ᠶᠢᠨ ᠬᠦᠳᠡᠯᠭᠡᠭᠡᠨ ᠨᠢ ᠰᠤᠷᠤᠬᠴᠢᠳ ᠲᠤ ᠰᠢᠯᠢᠳᠡᠭ | ᠰᠠᠶᠢᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠵᠤ ᠦᠭᠳᠡᠭ ᠤᠨ ᠬᠠᠮᠳᠤᠳᠠ ᠰᠤᠷᠤᠬᠴᠢᠳ ᠤᠨ ᠦᠰᠦᠨ | ᠪᠤᠶᠢᠵᠢᠯᠳᠠ ᠶᠢ ᠲᠦᠷᠭᠡᠳᠭᠡᠳᠡᠭ ᠶᠤᠮ᠃ ᠠᠩᠬᠢ ᠶᠢᠨ ᠡᠷᠬᠢᠯᠡᠭᠴᠢ ᠨᠢ ᠠᠩᠬᠢ ᠶᠢᠨ ᠢᠶᠠᠨ ᠪᠤᠳᠠᠳᠠᠢ ᠪᠠᠶᠢᠳᠠᠯ ᠠᠴᠠ | ᠡᠬᠦᠰᠴᠤ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠡᠭᠤᠯᠭᠠ ᠶᠢ ᠲᠤᠬᠢᠷᠠᠭᠤᠯᠵᠤ᠂ ᠰᠤᠷᠤᠬᠴᠢᠳ ᠢ ᠬᠦᠳᠦᠯᠦᠨ | ᠵᠢᠯᠤᠭᠤᠳᠴᠤ ᠪᠠᠶᠢᠭᠠᠳ ᠲᠠᠬᠢᠨ ᠨᠢᠬᠳᠠ ᠬᠦᠳᠡᠯᠭᠡᠭᠡᠨ ᠤ ᠲᠦᠯᠦᠪᠯᠡᠭᠡ ᠵᠤᠬᠢᠶᠠᠵᠤ᠂ ᠬᠦᠳᠡᠯᠭᠡᠭᠡᠨ ᠢ ᠦᠨᠳᠦᠷ | ᠦᠷ᠎ᠠ ᠠᠰᠢᠬᠳᠠᠢ ᠡᠮᠬᠢ ᠲᠠᠷᠠᠭᠠᠯᠠᠯ ᠲᠠᠢ ᠪᠠᠷ ᠶᠠᠪᠤᠬᠳᠠᠭᠤᠯᠬᠤ ᠶᠢ ᠪᠠᠳᠤᠯᠠᠵᠤ᠂ ᠰᠤᠷᠤᠬᠴᠢᠳ ᠤᠨ ᠢᠳᠡᠪᠬᠢᠵᠢᠯ ᠢ | ᠬᠦᠢᠴᠡᠳ ᠪᠠᠳᠠᠷᠠᠭᠤᠯᠵᠤ᠂ ᠰᠤᠷᠤᠬᠴᠢᠳ ᠢ ᠬᠦᠳᠡᠯᠭᠡᠭᠡᠨ ᠤ ᠲᠤᠮᠳᠠ ᠲᠠᠰᠤᠷᠠᠯ ᠦᠭᠡᠢ ᠦᠰᠭᠡᠨ ᠪᠤᠶᠢᠵᠢᠭᠤᠯᠤᠨ᠎ᠠ᠃ | | ᠵᠣᠬᠢᠶᠠᠭᠴᠢ᠄ ᠲᠦᠮᠬᠠᠦ᠋ᠯᠵᠡᠢ | ᠨᠠᠶᠢᠷᠠᠭᠤᠯᠤᠭᠴᠢ᠄ ᠨᠠᠷᠠᠨᠮᠠᠨᠳᠤᠯ᠎ᠠ | | | | | | | | | | | | | | ᠁ |