ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠬᠦᠴᠦ ᠣᠷᠣᠭᠤᠯᠵᠤ ᠤᠷᠲᠤ ᠬᠤᠭᠤᠴᠠᠭ᠎ᠠ ᠪᠠᠷ ᠴᠢᠷᠮᠠᠶᠢᠬᠤ ᠬᠡᠷᠡᠭᠲᠡᠶ
ᠨᠡᠶᠢᠲᠡᠯᠡᠭᠰᠡᠨ ᠴᠠᠭ᠄
2020/12/19
    ᠵᠠᠭᠤᠨ ᠵᠢᠯ ᠤᠨ ᠶᠡᠭᠡ ᠪᠤᠳᠤᠯᠭ᠎ᠠ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ︔ ᠰᠤᠷᠭᠠᠨ ᠬᠥᠮᠦᠵᠢᠯ ᠤᠨ ᠶᠡᠭᠡ ᠪᠤᠳᠤᠯᠭ᠎ᠠ ᠪᠠᠭᠰᠢ ᠪᠠᠷ ᠦᠨᠳᠦᠰᠦ ᠪᠣᠯᠭᠠᠳᠠᠭ᠃ ᠪᠠᠭᠰᠢ ᠪᠣᠯ ᠬᠥᠮᠦᠨ ᠲᠥᠷᠥᠯᠬᠢᠲᠡᠨ ᠤ ᠲᠡᠦᠬᠡᠨ ᠳᠠᠬᠢ ᠬᠠᠮᠤᠭ ᠤᠨ ᠡᠷᠲᠡᠨ ᠤ ᠠᠵᠢᠯ ᠮᠡᠷᠭᠡᠵᠢᠯ ᠤᠨ ᠨᠢᠭᠡ᠂ ᠮᠥᠨ ᠴᠦ ᠬᠠᠮᠤᠭ ᠤᠨ ᠠᠭᠤᠤ ᠶᠡᠭᠡ᠂ ᠬᠠᠮᠤᠭ ᠤᠨ ᠠᠷᠢᠭᠤᠨ ᠳᠠᠷᠬᠠᠨ ᠠᠵᠢᠯ ᠮᠡᠷᠭᠡᠵᠢᠯ ᠤᠨ ᠨᠢᠭᠡ ᠮᠥᠨ᠂ ᠲᠡᠷᠡ ᠨᠢ ᠰᠦᠭ ᠰᠦᠨᠡᠰᠦ ᠶᠢ ᠪᠤᠢ ᠪᠤᠯᠭᠠᠬᠤ ᠂ ᠠᠮᠢ ᠨᠠᠰᠤ ᠶᠢ ᠱᠤᠭᠤᠬᠤ᠂ ᠰᠢᠨ᠎ᠡ ᠬᠥᠮᠦᠨ ᠢ ᠪᠤᠶᠢᠵᠢᠭᠤᠯᠬᠤ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠳᠠᠭ᠃     ᠰᠠᠮᠪᠠᠷ᠎ᠠ ᠶᠢᠨ ᠡᠮᠦᠨ᠎ᠠ ᠬᠦᠷᠦᠨ ᠤ ᠤᠴᠢᠷ ᠢ ᠦᠭᠦᠯᠡᠵᠦ᠂ ᠤ ᠶᠢᠨ ᠪᠢᠷ ᠢᠶᠠᠷ ᠬᠦᠮᠦᠨ ᠤ ᠠᠮᠢᠳᠤᠷᠠᠯ ᠢ ᠪᠢᠴᠢᠭᠯᠡᠨᠡᠮ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠰᠠᠶᠢᠨ ᠮᠠᠭᠤ ᠨᠢ ᠦᠨᠳᠦᠰᠦᠲᠡᠨ ᠤ ᠰᠡᠷᠭᠦᠨ ᠮᠠᠨᠳᠤᠯᠲᠠ᠂ ᠨᠡᠶᠢᠭᠡᠮ ᠤᠨ ᠳᠠᠪᠰᠢᠯᠲᠠ ᠶᠢᠨ ᠰᠠᠭᠤᠷᠢ ᠴᠢᠯᠠᠭᠤ ᠶᠢ ᠪᠠᠳᠤ ᠪᠠᠬᠢ ᠪᠤᠯᠭᠠᠵᠦ ᠴᠢᠳᠠᠬᠤ ᠡᠰᠡᠬᠦ ᠲᠠᠢ ᠬᠤᠯᠪᠤᠭᠳᠠᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠦᠢᠯᠡᠰ ᠤᠨ ᠤᠷᠤᠭᠰᠢᠲᠠᠢ ᠪᠡᠶᠡᠯᠡᠭᠳᠡᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠰᠤᠷᠭᠠᠨ ᠬᠥᠮᠦᠵᠢᠯ ᠤᠨ ᠠᠵᠢᠯ ᠤᠨ ᠲᠤᠬᠠᠶ ᠠᠯᠢ ᠤᠯᠠᠨ ᠶᠠᠷᠢᠶᠠᠨ ᠳᠤ ᠪᠠᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠰᠢᠨ᠎ᠡ ᠴᠠᠭ ᠦᠶ᠎ᠡ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠷᠭᠡᠨ ᠤᠯᠠᠨ ᠪᠠᠭᠰᠢ ᠨᠠᠷ ᠢ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠵᠦ᠂ ᠶᠣᠰᠣ ᠰᠤᠷᠲᠠᠬᠤᠨ ᠢᠶᠠᠷ ᠰᠤᠷᠭᠠᠭᠤᠯᠢ ᠡᠷᠬᠢᠯᠡᠵᠦ᠂ ᠶᠣᠰᠣ ᠰᠤᠷᠲᠠᠬᠤᠨ ᠢ ᠡᠷᠬᠢᠮᠯᠠᠨ ᠵᠢᠭᠠᠨ ᠰᠤᠷᠭᠠᠬᠤ ᠬᠡᠷᠡᠭᠲᠡᠢ ᠭᠡᠵᠦ ᠤᠷᠢᠶᠠᠯᠠᠪᠠ᠃     ᠣᠶᠢᠷ᠎ᠠ ᠶᠢᠨ ᠡᠳᠦᠷ᠂ ᠮᠠᠨ ᠤ ᠬᠤᠲᠠ ᠶᠢᠨ ᠨᠡᠶᠢᠲᠡᠯᠡᠭᠰᠡᠨ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠤᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠳᠤ᠂ ᠨᠢᠭᠡ ᠲᠠᠯ᠎ᠠ ᠪᠠᠷ ᠪᠠᠭᠰᠢ ᠶᠢᠨ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠠᠵᠢᠯ ᠢ ᠠᠳᠬᠤᠵᠦ᠂ ᠰᠤᠷᠭᠠᠨ ᠬᠥᠮᠦᠵᠢᠯ ᠤᠨ ᠠᠵᠢᠯ ᠲᠦᠷᠦᠯ ᠤᠨ ᠲᠥᠪ ᠪᠤᠰᠤ ᠰᠤᠷᠲᠠᠯ ᠢ ᠦᠨᠡᠨ ᠬᠦ ᠵᠠᠯᠠᠷᠠᠭᠤᠯᠵᠤ᠂ ᠡᠶᠡᠯᠳᠡᠭ ᠳᠣᠲᠣᠨᠣ ᠪᠠᠭᠰᠢ ᠰᠤᠷᠤᠭᠴᠢ ᠶᠢᠨ ᠬᠠᠷᠢᠴᠠᠭ᠎ᠠ ᠪᠠ ᠰᠤᠷᠲᠠᠯ ᠴᠢᠬᠡᠴᠢ ᠣᠪᠣᠷ ᠲᠥᠪ ᠰᠤᠷᠭᠠᠨ ᠬᠥᠮᠦᠵᠢᠯ ᠤᠨ ᠤᠷᠴᠢᠨ ᠠᠬᠤᠶ ᠶᠢ ᠪᠤᠢ ᠪᠤᠯᠭᠠᠬᠤ ᠬᠡᠷᠡᠭᠳᠡᠢ︔ ᠨᠥᠭᠦᠭᠡ ᠲᠠᠯ᠎ᠠ ᠪᠠᠷ ᠪᠠᠭᠰᠢ ᠶᠢᠨ ᠮᠣᠷᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠠᠳᠬᠤᠵᠤ᠂ ᠰᠢᠨ᠎ᠡ ᠴᠠᠭ ᠦᠶ᠎ᠡ ᠶᠢᠨ ᠪᠠᠭᠰᠢ ᠨᠠᠷ ᠤᠨ ᠠᠵᠢᠯ ᠦᠢᠯᠡᠰ ᠢᠶᠠᠨ ᠬᠠᠶᠢᠷᠠᠯᠠᠬᠤ᠂ ᠨᠢᠭᠡ ᠰᠡᠳᠬᠢᠯ ᠢᠶᠠᠷ ᠬᠥᠮᠦᠨ ᠢ ᠬᠥᠮᠦᠵᠢᠭᠦᠯᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠨ᠎ᠡ ᠳᠦᠷᠢ ᠲᠥᠷᠬᠦ ᠶᠢ ᠶᠡᠭᠡ ᠪᠠᠷ ᠤᠬᠠᠭᠤᠯᠵᠤ᠂ ᠥᠷᠭᠡᠨ ᠣᠯᠠᠨ ᠪᠠᠭᠰᠢ ᠶᠢ ︽ᠬᠦᠰᠡᠯᠡᠩ ᠢᠲᠡᠭᠡᠯ ᠪᠢᠰᠢᠷᠡᠯ ᠲᠠᠢ᠂ ᠮᠤᠷᠠᠯ ᠮᠡᠳᠡᠯᠭᠡ ᠬᠤᠤᠰᠯᠠᠭᠰᠠᠨ᠂ ᠦᠷᠦᠪᠴᠢ ᠡᠨᠡᠷᠢᠩᠭᠦᠢ︾ ᠰᠠᠶᠢᠨ ᠪᠠᠭᠰᠢ ᠪᠣᠯᠬᠤ ᠪᠠᠷ ᠴᠢᠷᠮᠠᠶᠢᠬᠤ ᠶᠢ ᠬᠦᠳᠦᠯᠦᠨ ᠵᠢᠯᠤᠭᠤᠳᠴᠤ᠂ ᠪᠠᠭᠰᠢ ᠶᠢᠨ ᠡᠷᠬᠢᠮ ᠳᠡᠭᠡᠳᠦ ᠶᠣᠰᠣ ᠮᠣᠷᠠᠯ ᠲᠠᠢ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠳᠡᠢ ᠭᠡᠵᠦ ᠵᠢᠭᠠᠵᠦ ᠭᠠᠷᠭᠠᠵᠠᠢ᠃     ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠬᠥᠮᠦᠵᠢᠭᠦᠯᠬᠦ ᠴᠢᠬᠤᠯᠠ ᠲᠠᠢ᠂ ᠲᠦᠷᠢᠮ ᠤᠨ ᠬᠢᠵᠠᠭᠠᠷᠯᠠᠯ ᠴᠢᠬᠤᠯᠠ ᠲᠠᠢ᠂ ᠨᠡᠩ ᠴᠤ ᠪᠠᠭᠰᠢ ᠨᠢᠭᠡᠪᠦᠷᠢ ᠥᠪᠡᠷ ᠤᠨ ᠬᠡᠪ ᠪᠣᠯᠪᠠᠰᠤᠷᠠᠯ ᠢᠶᠠᠨ ᠴᠢᠩᠭᠠᠳᠬᠠᠬᠤ ᠴᠢᠬᠤᠯᠠ ᠲᠠᠢ᠃ ᠭᠧᠷᠮᠠᠨ ᠤ ᠭᠦᠨ ᠤᠬᠠᠭᠠᠨᠲᠠᠨ ᠶᠠᠰᠪᠧᠷᠰ᠄ ᠵᠢᠩᠬᠢᠨᠢ ᠰᠤᠷᠭᠠᠨ ᠬᠥᠮᠦᠵᠢᠯ ᠪᠣᠯ ᠨᠢᠭᠡ ᠰᠠᠭᠤᠷᠢ ᠮᠣᠳᠣ ᠪᠠᠷ ᠨᠥᠭᠦᠭᠡ ᠨᠢᠭᠡ ᠰᠠᠭᠤᠷᠢ ᠮᠣᠳᠣ ᠶᠢ ᠰᠠᠵᠢᠯᠠᠭᠤᠯᠵᠤ᠂ ᠨᠢᠭᠡ ᠭᠡᠰᠡᠭ ᠡᠭᠦᠯᠡ ᠪᠠᠷ ᠨᠥᠭᠦᠭᠡ ᠨᠢᠭᠡ ᠭᠡᠰᠡᠭ ᠡᠭᠦᠯᠡ ᠶᠢ ᠨᠡᠭᠦᠯᠭᠡᠵᠦ᠂ ᠨᠢᠭᠡ ᠰᠦᠭ ᠰᠦᠨᠡᠰᠦ ᠪᠠᠷ ᠪᠤᠰᠤᠳ ᠰᠦᠭ ᠰᠦᠨᠡᠰᠦ ᠶᠢ ᠰᠡᠩᠭᠡᠷᠡᠭᠦᠯᠬᠦ ᠶᠠᠪᠤᠳᠠᠯ ᠪᠤᠯᠤᠨ᠎ᠠ ᠭᠡᠪᠡ᠃ ᠪᠠᠭᠰᠢ ᠪᠣᠯᠤᠭᠰᠠᠨ ᠤ ᠬᠤᠪᠢ ᠳᠤ᠂ ᠢᠯᠠᠩᠭᠤᠶ᠎ᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠵᠥᠪᠬᠡᠨ ᠨᠣᠮ ᠪᠢᠴᠢᠭ ᠤᠨ ᠮᠡᠳᠡᠯᠭᠡ ᠶᠢ ᠤᠯᠠᠮᠵᠢᠯᠠᠳᠠᠭ ᠪᠠᠭᠰᠢ ᠲᠡᠳᠦᠢ ᠪᠢᠰᠢ᠂ ᠬᠠᠷᠢᠨ ᠰᠤᠷᠤᠭᠴᠢᠳ ᠢ ᠰᠠᠶᠢᠨ ᠰᠠᠶᠢᠬᠠᠨ ᠵᠠᠩ ᠰᠤᠷᠲᠠᠯ ᠲᠠᠢ᠂ ᠬᠦᠮᠦᠨ ᠪᠤᠯᠬᠤ ᠵᠠᠩ ᠴᠢᠨᠠᠷ ᠢ ᠬᠦᠮᠦᠵᠢᠭᠦᠯᠬᠦ ︽ᠶᠡᠭᠡ ᠪᠠᠭᠰᠢᠳᠠᠨ︾ ᠪᠣᠯᠬᠤ ᠪᠠᠷ ᠴᠢᠷᠮᠠᠶᠢᠬᠤ ᠬᠡᠷᠡᠭᠲᠡᠢ᠃ ᠥᠷᠲᠡᠭ ᠤᠨ ᠦᠵᠡᠯᠳᠡ ᠶᠢ ᠪᠤᠢ ᠪᠤᠯᠭᠠᠬᠤ᠂ ᠴᠢᠳᠠᠪᠤᠷᠢ ᠶᠢ ᠬᠥᠮᠦᠵᠢᠭᠦᠯᠬᠦ᠂ ᠮᠡᠳᠡᠯᠭᠡ ᠶᠢ ᠤᠯᠠᠮᠵᠢᠯᠠᠬᠤ ᠲᠠᠯ᠎ᠠ ᠪᠠᠷ ᠦᠢᠯᠡᠳᠦᠯ ᠢᠶᠠᠨ ᠭᠦᠢᠴᠡᠳ ᠪᠠᠳᠠᠷᠠᠭᠤᠯᠵᠦ᠂ ︽ᠨᠡᠷ᠎ᠠ ᠬᠦᠨᠳᠦ ᠲᠠᠢ ᠪᠠᠭᠰᠢ ᠪᠤᠯᠵᠤ᠂ ᠲᠥᠪ ᠭᠤᠤᠯᠴᠢ ᠬᠡᠪ ᠳᠠᠭᠤᠷᠢᠶᠠᠯ ᠪᠣᠯᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠭᠠᠭᠴᠠ ᠬᠦ ᠢᠩᠭᠢᠪᠡᠯ ᠰᠠᠶ᠋ᠢ ᠬᠡᠤᠬᠡᠳ ᠨᠢᠭᠡᠪᠦᠷᠢ ᠶᠢ ᠡᠷᠡᠭᠦᠯ ᠢᠶᠠᠷ ᠦᠰᠦᠨ ᠪᠤᠶᠢᠵᠢᠭᠤᠯᠬᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠴᠠᠭ ᠦᠶ᠎ᠡ ᠶᠢᠨ ᠡᠭᠦᠷᠭᠡ ᠶᠢ ᠡᠭᠦᠷᠭᠡᠯᠡᠵᠦ ᠴᠢᠳᠠᠨ᠎ᠠ᠃     ᠬᠤᠯᠠ ᠬᠡᠮᠡᠨ ᠪᠤᠤ ᠴᠦᠬᠦ ᠶᠠᠪᠤᠪᠠᠰᠤ ᠬᠦᠷᠦᠶᠤ᠂ ᠬᠦᠨᠳᠦ ᠬᠡᠮᠡᠨ ᠪᠤᠤ ᠰᠢᠨᠳᠠᠷᠠ ᠡᠷᠭᠦᠪᠡᠰᠦ ᠲᠠᠭᠠᠭᠠᠶᠤ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠣᠯ ᠨᠢᠭᠡ ᠯᠡ ᠴᠠᠭ ᠤᠨ ᠶᠠᠪᠤᠳᠠᠯ ᠪᠢᠰᠢ᠂ ᠬᠠᠷᠢᠨ ᠨᠢᠭᠡᠨ ᠰᠢᠰᠲ᠋ᠧᠮᠲᠦ ᠢᠨᠵᠧᠨᠧᠷᠢᠩ ᠪᠣᠯᠬᠤᠷ ᠰᠢᠰᠲ᠋ᠧᠮ ᠲᠠᠢ ᠲᠥᠯᠥᠪᠯᠡᠬᠦ ᠴᠢᠬᠤᠯᠠ ᠲᠠᠢ᠂ ᠦᠷᠭᠦᠯᠵᠢᠯᠡᠨ ᠠᠬᠢᠭᠤᠯᠬᠤ ᠪᠠ ᠬᠡᠷᠡᠭᠵᠢᠭᠦᠯᠬᠦ ᠴᠢᠬᠤᠯᠠ ᠲᠠᠢ᠃ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠪᠠᠭᠰᠢ ᠭᠡᠰᠡᠨ ᠦᠭᠡᠢ᠂ ᠪᠦᠷ ᠤᠷᠲᠤ ᠬᠤᠭᠤᠴᠠᠭ᠎ᠠ ᠪᠠᠷ ᠴᠢᠷᠮᠠᠶᠢᠵᠦ᠂ ᠦᠷᠭᠦᠯᠵᠢᠯᠡᠨ ᠬᠦᠴᠦᠯᠡᠵᠦ᠂ ᠰᠠᠷᠠᠪᠴᠢᠨ ᠤ ᠤᠰᠤ ᠶᠠᠨᠳᠡᠷ ᠤᠨ ᠴᠢᠯᠠᠭᠤ ᠶᠢ ᠴᠤᠭᠤᠯᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠶ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠶᠢ ᠪᠠᠷᠢᠮᠳᠠᠯᠠᠬᠤ ᠬᠡᠷᠡᠭᠳᠠᠢ᠃     ᠨᠠᠶᠢᠷᠠᠭᠤᠯᠤᠭᠴᠢ᠄ ᠨᠠᠷᠠᠨᠮᠠᠨᠳᠤᠯ᠎ᠠ              
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号