ᠪᠠᠭᠰᠢ ᠪᠤᠯᠤᠭᠰᠠᠳ ᠤᠨ ᠵᠠᠪᠠᠯ ᠪᠦᠷᠢᠯᠳᠦᠬᠦᠯᠬᠦ ᠴᠢᠬᠤᠯᠠᠳᠠᠢ ᠲᠦᠷᠪᠡᠨ ᠵᠦᠢᠯ ᠤᠨ ᠴᠢᠳᠠᠪᠤᠷᠢ
ᠨᠡᠶᠢᠲᠡᠯᠡᠭᠰᠡᠨ ᠴᠠᠭ᠄
2020/12/19
    ᠵᠢᠭᠠᠬᠤ ᠮᠠᠲ᠋ᠧᠷᠢᠶᠠᠯ ᠢ ᠰᠢᠢᠳᠪᠦᠷᠢᠯᠡᠬᠦ ᠴᠢᠳᠠᠪᠤᠷᠢ     ᠦᠩᠬᠡᠷᠡᠭᠰᠡᠨ ᠳᠤ ᠵᠢᠭᠠᠬᠤ ᠮᠠᠲ᠋ᠧᠷᠢᠶᠠᠯ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠡᠰᠢ ᠪᠠᠷᠢᠮᠳᠠ ᠪᠠᠶᠢᠵᠤ᠂ ᠤᠳᠤ ᠵᠢᠭᠠᠬᠤ ᠮᠠᠲ᠋ᠧᠷᠢᠶᠠᠯ ᠨᠢ ᠵᠢᠭᠠᠨ ᠰᠤᠷᠭᠠᠯᠳᠠ ᠶᠢᠨ ᠯᠠᠪᠯᠠᠯᠳᠠ ᠪᠤᠯᠵᠠᠢ᠃ ᠵᠢᠭᠠᠬᠤ ᠮᠠᠲ᠋ᠧᠷᠢᠶᠠᠯ ᠢ ᠡᠰᠢ ᠪᠠᠷᠢᠮᠳᠠ ᠪᠤᠯᠭᠠᠵᠤ ᠪᠠᠶᠢᠭᠰᠠᠨ ᠦᠶ᠎ᠠ ᠳᠤ ᠪᠠᠭᠰᠢ ᠨᠢ ᠡᠷᠬᠡᠪᠰᠢ ᠲᠡᠬᠦᠨ ᠢ ᠲᠠᠭᠠᠨ ᠡᠷᠬᠢᠯᠳᠦᠵᠦ᠂ ᠯᠠᠪᠯᠠᠯᠳᠠ ᠪᠤᠯᠭᠠᠬᠤ ᠪᠤᠯᠤᠭᠰᠠᠨ ᠳᠤ ᠲᠡᠷᠡ ᠨᠢ ᠪᠠᠭᠰᠢ ᠨᠠᠷ ᠤᠨ ᠲᠤᠷ᠎ᠠ ᠮᠡᠳᠡᠨ ᠡᠰᠬᠡᠵᠦ ᠬᠠᠶᠢᠴᠢᠯᠠᠬᠤ ᠦᠬᠡᠳᠡᠰᠦ ᠰᠢᠷᠪᠦᠰᠦ ᠪᠤᠯᠵᠠᠢ᠃ ᠪᠠᠭᠰᠢ ᠨᠠᠷ ᠨᠢ ᠵᠢᠭᠠᠬᠤ ᠮᠠᠲ᠋ᠧᠷᠢᠶᠠᠯ ᠢ ᠰᠢᠯᠢᠨ ᠰᠤᠩᠭᠤᠬᠤ ᠳᠠᠭᠠᠨ ᠵᠢᠭᠠᠨ ᠰᠤᠷᠭᠠᠬᠤ ᠫᠷᠦᠭᠷᠠᠮ ᠢ ᠪᠠᠳᠤᠳᠠᠢ ᠡᠵᠡᠮᠰᠢᠵᠦ᠂ ᠬᠢᠴᠢᠶᠡᠯ ᠲᠦᠷᠦᠯ ᠤᠨ ᠮᠡᠳᠡᠯᠬᠡ ᠶᠢᠨ ᠰᠢᠰᠲ᠋ᠧᠮ ᠢ ᠲᠤᠭᠤᠷᠠᠳᠠᠯ᠎ᠠ ᠰᠠᠶᠢᠨ ᠮᠡᠳᠡᠭᠰᠡᠨ ᠪᠠᠶᠢᠬᠤ ᠬᠡᠷᠡᠭᠳᠡᠢ᠂ ᠰᠤᠷᠤᠭᠴᠢᠳ ᠤᠨ ᠰᠤᠷᠴᠤ ᠪᠠᠶᠢᠬᠤ ᠪᠠᠶᠢᠳᠠᠯ ᠢ ᠴᠤ ᠲᠤᠳᠤᠷᠬᠠᠢ ᠰᠠᠶᠢᠬᠠᠨ ᠤᠢᠢᠯᠠᠭᠠᠭᠰᠠᠨ ᠪᠠᠶᠢᠬᠤ ᠬᠡᠷᠡᠭᠳᠡᠢ᠃ ᠡᠨᠡᠬᠦ ᠤᠷᠢᠳᠠᠯ ᠤᠨ ᠲᠤᠤᠷ᠎ᠠ ᠰᠠᠶ᠋ᠢ ᠪᠦᠷᠢᠨ ᠪᠦᠲᠦᠨ ᠬᠢᠴᠢᠶᠡᠯ ᠤᠨ ᠲᠦᠰᠦᠪ ᠢ ᠪᠢᠴᠢᠵᠤ ᠭᠠᠷᠭᠠᠵᠤ ᠴᠢᠳᠠᠨ᠎ᠠ᠃ ᠪᠦᠷᠢᠨ ᠪᠦᠳᠦᠨ ᠬᠢᠴᠢᠶᠡᠯ ᠤᠨ ᠲᠦᠰᠦᠪ ᠬᠡᠳᠡᠭ ᠨᠢ ᠰᠤᠷᠤᠭᠴᠢᠳ ᠤᠨ ᠦᠪᠡᠷᠳᠡᠬᠡᠨ ᠰᠤᠷᠤᠯᠴᠠᠬᠤ ᠶᠢ ᠵᠢᠭᠠᠨ ᠵᠢᠯᠤᠭᠤᠳᠬᠤ ᠰᠤᠷᠤᠯᠴᠠᠬᠤ ᠲᠦᠰᠦᠯ᠂ ᠨᠡᠪᠳᠡᠷᠡᠳᠡᠯ᠎ᠡ ᠶᠠᠷᠢᠭᠰᠠᠨ ᠶᠠᠷᠢᠶᠠᠨ ᠤ ᠲᠦᠰᠦᠯ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠤᠷᠠᠯᠢᠭ ᠢ ᠢᠯᠡᠷᠡᠬᠦᠯᠦᠭᠰᠡᠨ ᠵᠢᠭᠠᠨ ᠰᠤᠷᠭᠠᠯᠳᠠ ᠶᠢ ᠵᠤᠬᠢᠶᠠᠨ ᠪᠠᠶᠢᠭᠤᠯᠬᠤ ᠬᠢᠴᠢᠶᠡᠯ ᠤᠨ ᠲᠠᠩᠬᠢᠮ ᠤᠨ ᠲᠦᠰᠦᠯ ᠢ ᠵᠢᠭᠠᠵᠤ ᠪᠠᠶᠢᠭ᠎ᠠ ᠶᠤᠮ᠃     ᠡᠶᠢᠮᠦᠷᠬᠦ ᠬᠢᠴᠢᠶᠡᠯ ᠤᠨ ᠲᠦᠰᠦᠪ ᠨᠢ ᠠᠮᠢ ᠲᠠᠢ ᠭᠤᠤᠯ ᠲᠠᠢ ᠲᠦᠰᠦᠪ ᠪᠤᠯᠬᠤ ᠶᠤᠮ᠂ ᠤᠴᠢᠷ ᠨᠢ ᠪᠠᠭᠰᠢ ᠬᠢᠴᠢᠶᠡᠯ ᠤᠨ ᠬᠡᠷ ᠲᠤ ᠤᠷᠤᠵᠤ ᠢᠷᠡᠭᠰᠡᠬᠡᠷ ᠯᠡ ᠬᠢᠴᠢᠶᠡᠯ ᠤᠨ ᠲᠦᠰᠦᠪ ᠲᠠᠭᠤᠰᠴᠢᠬᠠᠬᠤ ᠶᠠᠪᠤᠳᠠᠯ ᠪᠢᠰᠢ᠂ ᠬᠠᠷᠢᠨ ᠦᠷᠬᠦᠯᠵᠢᠯᠡᠨ ᠶᠠᠪᠤᠭᠳᠠᠭᠰᠠᠭᠠᠷ ᠪᠠᠶᠢᠳᠠᠭ᠃ ᠬᠢᠴᠢᠶᠡᠯ ᠤᠨ ᠲᠦᠰᠦᠪ ᠨᠢ ᠬᠢᠴᠢᠶᠡᠯ ᠤᠨ ᠲᠠᠩᠬᠢᠮ ᠤᠨ ᠡᠬᠦᠰᠦᠮᠡᠯ ᠠᠰᠠᠭᠤᠳᠠᠯ ᠠᠴᠠ ᠪᠤᠯᠵᠤ ᠴᠠᠭ ᠢᠮᠠᠭᠳᠠ ᠵᠤᠬᠢᠴᠠᠭᠤᠯᠵᠤ ᠪᠤᠯᠳᠠᠭ᠃ ᠬᠢᠴᠢᠶᠡᠯ ᠤᠨ ᠲᠦᠰᠦᠪ ᠨᠢ ᠬᠢᠴᠢᠶᠡᠯ ᠤᠨ ᠲᠠᠩᠬᠢᠮ ᠤᠨ ᠶᠡᠷᠦᠩᠬᠡᠢ ᠰᠡᠷᠡᠭᠳᠡᠯ ᠠᠴᠠ ᠪᠤᠯᠵᠤ ᠬᠢᠴᠢᠶᠡᠯ ᠤᠨ ᠬᠤᠶᠢᠨ᠎ᠠ ᠨᠦᠬᠦᠪᠦᠷᠢᠯᠡᠭᠳᠡᠬᠦ ᠪᠠ ᠪᠦᠷᠢᠨ ᠲᠡᠬᠦᠯᠳᠡᠷ ᠪᠤᠯᠳᠠᠭ᠃     ︽ᠠᠰᠠᠭᠤᠳᠠᠯᠳᠤ ᠤᠬᠠᠮᠰᠠᠷ︾ ᠢ ᠬᠦᠮᠦᠵᠢᠬᠦᠯᠬᠦ ᠴᠢᠳᠠᠪᠤᠷᠢ     ᠵᠠᠷᠢᠮ ᠬᠦᠮᠦᠨ ᠬᠡᠯᠡᠬᠦ ᠳᠡᠭᠡᠨ᠂ ᠰᠤᠷᠭᠠᠭᠤᠯᠢ ᠶᠢᠨ ᠬᠦᠷᠢᠶᠡᠨ ᠠᠴᠠ ᠭᠠᠷᠤᠭᠠᠳ ᠨᠡᠶᠢᠬᠡᠮ ᠲᠡᠭᠡᠷ᠎ᠡ ᠭᠠᠷᠤᠭᠰᠠᠨ ᠤ ᠲᠠᠷᠠᠭ᠎ᠠ᠂ ᠲᠠᠷᠢᠬᠢᠨ ᠳᠤ ᠦᠯᠡᠳᠡᠵᠦ ᠬᠤᠴᠤᠷᠤᠭᠰᠠᠨ ᠶᠠᠭᠤᠮ᠎ᠠ ᠨᠢ ᠰᠠᠶ᠋ᠢ ᠰᠤᠷᠭᠠᠭᠤᠯᠢ ᠠᠴᠠ ᠤᠯᠵᠤ ᠰᠤᠷᠤᠭᠰᠠᠨ ᠶᠠᠭᠤᠮ᠎ᠠ ᠪᠤᠯᠤᠨ᠎ᠠ ᠬᠡᠵᠡᠢ᠃ ᠰᠤᠨᠤᠰᠬᠤᠯᠠᠷ ᠲᠠᠷᠢᠬᠢᠨ ᠳᠤ ᠦᠯᠡᠳᠡᠵᠦ ᠬᠤᠴᠤᠷᠤᠭᠰᠠᠨ ᠶᠠᠭᠤᠮ᠎ᠠ ᠨᠢ ᠰᠤᠷᠤᠭᠰᠠᠨ ᠶᠠᠭᠤᠮ᠎ᠠ ᠶᠢᠨ 20% ᠤᠷᠴᠢᠮ ᠯᠡ ᠪᠠᠶᠢᠵᠤ᠂ ᠮᠠᠷᠳᠠᠭᠳᠠᠬᠤ ᠪᠤᠶᠤ ᠡᠰᠡᠬᠦᠯ᠎ᠡ ᠴᠡᠬᠡᠵᠢᠯᠡᠮᠵᠢ ᠶᠢᠨ ᠲᠤᠳᠤᠷ᠎ᠠ ᠪᠠᠶᠢᠬᠤ ᠨᠢ ᠪᠦᠷ ︽ᠠᠰᠠᠭᠤᠳᠠᠯᠳᠤ ᠤᠬᠠᠮᠰᠠᠷ︾ ᠪᠤᠢ ᠪᠤᠯᠬᠤ ᠡᠰᠡᠬᠦ ᠠᠴᠠ ᠪᠤᠯᠤᠭᠰᠠᠨ ᠪᠠᠶᠢᠳᠠᠭ᠃ ᠮᠡᠳᠡᠯᠬᠡ ᠨᠢ ᠬᠡᠷᠪᠡ ᠤᠭᠤᠷᠠᠭ ᠲᠠᠷᠢᠬᠢ ᠪᠠᠨ ᠰᠢᠪᠬᠠᠨ ᠰᠡᠳᠬᠢᠨ ᠪᠤᠳᠤᠵᠤ᠂ ᠰᠦᠨᠢ ᠤᠨᠳᠠᠬᠤ ᠦᠬᠡᠢ᠂ ᠰᠠᠨᠠᠭ᠎ᠠ ᠠᠮᠤᠷ ᠦᠬᠡᠢ ᠪᠠᠶᠢᠭᠠᠳ ᠪᠠᠶᠢᠪᠠᠯ ᠲᠡᠷᠨ ᠨᠢ ᠲᠠᠷᠤᠢ ︽ᠶᠡᠷᠦ ᠠᠴᠠ ᠪᠤᠳᠤᠵᠤ ᠰᠡᠳᠬᠢᠭᠰᠡᠨ ᠤ ᠬᠡᠷᠡᠭ ᠦᠬᠡᠢ᠂ ᠦᠨᠢ ᠡᠬᠦᠷᠢᠳᠡ ᠮᠠᠷᠳᠠᠭᠳᠠᠬᠤ ᠦᠬᠡᠢ ᠪᠤᠯᠤᠨ᠎ᠠ︾᠃ ︽ᠠᠰᠠᠭᠤᠳᠠᠯᠳᠤ ᠤᠬᠠᠮᠰᠠᠷ︾ ᠬᠡᠮᠡᠭᠴᠢ ᠨᠢ ᠲᠠᠷᠤᠢ ᠰᠤᠷᠤᠭᠴᠢᠳ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢᠨ ᠶᠠᠪᠤᠴᠠ ᠲᠤᠮᠳᠠ᠂ ᠬᠤᠯᠠ ᠶᠢ ᠪᠤᠳᠤᠬᠤ ᠪᠠ ᠬᠠᠴᠢᠨ ᠪᠤᠳᠤᠯ ᠤᠷᠭᠤᠵᠤ᠂ ᠰᠡᠵᠢᠭ ᠮᠠᠳᠠᠭ ᠪᠠ ᠬᠦᠴᠢᠷ ᠪᠡᠷᠬᠡ ᠳᠤ ᠲᠤᠯᠭᠠᠭᠤᠷᠢᠯᠠᠬᠤ ᠶᠢ ᠬᠡᠯᠡᠨ᠎ᠡ᠃ ᠰᠠᠶᠢᠨ ᠬᠢᠴᠢᠶᠡᠯ ᠤᠨ ᠲᠠᠩᠬᠢᠮ ᠨᠢ ᠨᠢᠬᠡ ᠯᠡ ᠲᠡᠬᠡᠷ᠎ᠡ ᠪᠦᠬᠦᠨ ᠢ ᠦᠵᠡᠬᠦ ᠬᠢᠴᠢᠶᠡᠯ ᠤᠨ ᠲᠠᠩᠬᠢᠮ ᠪᠢᠰᠢ᠂ ᠬᠠᠷᠢᠨ ᠰᠡᠳᠬᠢᠬᠦ ᠶᠢᠨ ᠲᠤᠮᠳᠠ ᠰᠠᠶᠢᠨ ᠪᠡᠯᠬᠡ ᠢᠯᠡᠷᠡᠬᠦ ᠬᠢᠴᠢᠶᠡᠯ ᠤᠨ ᠲᠠᠩᠬᠢᠮ ᠪᠤᠯᠬᠤ ᠶᠤᠮ᠃     ᠬᠢᠴᠢᠶᠡᠯ ᠤᠨ ᠲᠠᠩᠬᠢᠮ ᠤᠨ ᠲᠠᠶᠢᠴᠢᠯᠠᠨ ᠬᠦᠳᠡᠯᠬᠡᠬᠦ ᠴᠢᠳᠠᠪᠤᠷᠢ     ᠡᠨᠡᠬᠦ ᠴᠢᠳᠠᠪᠤᠷᠢ ᠨᠢ ᠪᠠᠷᠤᠭ ᠯᠡ ᠪᠦᠷ ᠵᠢᠭᠠᠨ ᠰᠤᠷᠭᠠᠯᠳᠠ ᠲᠠᠢ ᠬᠤᠯᠪᠤᠭ᠎ᠠ ᠦᠬᠡᠢ ᠮᠡᠳᠦ ᠪᠠᠶᠢᠳᠠᠬ᠂ ᠬᠡᠶ᠎ᠠ ᠰᠤᠷᠤᠭᠴᠢᠳ ᠤᠨ ᠰᠤᠷᠤᠯᠴᠠᠬᠤ ᠬᠠᠯᠠᠭᠤᠨ ᠤᠷᠮᠠᠰ᠂ ᠰᠤᠷᠤᠭᠴᠢᠳ ᠤᠨ ᠠᠩᠬᠠᠷᠤᠯ ᠢᠶᠠᠨ ᠲᠦᠪᠯᠡᠷᠡᠬᠦᠯᠬᠦ ᠬᠡᠮᠵᠢᠶ᠎ᠡ᠂ ᠰᠤᠷᠤᠭᠴᠢᠳ ᠤᠨ ᠰᠡᠳᠬᠢᠬᠦᠢ ᠶᠢᠨ ᠴᠢᠭᠯᠡᠯ ᠬᠢᠬᠡᠳ ᠤᠷᠤᠨ ᠬᠡᠴᠡ᠂ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠤᠨ ᠰᠡᠳᠬᠢᠴᠡ ᠶᠢᠨ ᠪᠠᠶᠢᠳᠠᠯ ᠵᠡᠷᠬᠡ ᠪᠦᠬᠦ ᠲᠠᠯ᠎ᠠ ᠶᠢ ᠪᠦᠷ ᠨᠦᠯᠦᠬᠡᠯᠡᠬᠦ ᠦᠢᠯᠡᠳᠦᠯ ᠲᠠᠢ ᠪᠠᠶᠢᠳᠠᠬ᠃ ︽ᠪᠠᠭᠰᠢ ᠶᠢᠨ ᠭᠤᠤᠯᠯᠠᠭᠴᠢ︾ ᠲᠦᠷᠢ ᠶᠢᠨ ᠬᠢᠷᠢ ᠬᠡᠮᠵᠢᠶ᠎ᠡ ᠶᠢ ᠲᠤᠰᠬᠠᠳᠠᠭ ᠨᠢ ᠲᠠᠷᠤᠢ ᠡᠨᠡᠬᠦ ᠴᠢᠳᠠᠪᠤᠷᠢ ᠪᠤᠯᠬᠤ ᠶᠤᠮ᠃ ᠡᠨᠡᠬᠦ ᠴᠢᠳᠠᠪᠤᠷᠢ ᠨᠢ ᠲᠦᠷᠦᠯᠬᠢ ᠠᠪᠢᠶᠠᠰ ᠪᠢᠯᠢᠭ ᠪᠤᠯᠬᠤ ᠪᠠ ᠪᠠᠭᠰᠢ ᠶᠢᠨ ᠬᠡᠪ ᠪᠤᠯᠪᠠᠰᠤᠷᠠᠯ ᠤᠨ ᠢᠯᠡᠷᠡᠬᠦᠯᠦᠯᠳᠡ᠂ ᠪᠢᠴᠢᠭ ᠦᠵᠡᠭᠰᠡᠨ ᠦᠩᠬᠡᠷᠡᠯᠳᠡ ᠬᠢᠬᠡᠳ ᠬᠢᠴᠢᠶᠡᠯ ᠤᠨ ᠲᠠᠩᠬᠢᠮ ᠤᠨ ᠲᠤᠷᠰᠢᠯᠭ᠎ᠠ ᠶᠢᠨ ᠤᠷᠳᠤ ᠬᠤᠭᠤᠴᠠᠭᠠᠨ ᠤ ᠬᠤᠷᠠᠮᠳᠤᠭᠤᠯᠭ᠎ᠠ ᠶᠢᠨ ᠦᠷ᠎ᠡ ᠳ᠋ᠦᠩ ᠪᠤᠯᠬᠤ ᠶᠤᠮ᠃     ᠦᠬᠡ ᠬᠡᠯᠡᠨ ᠤ ᠴᠢᠳᠠᠪᠤᠷᠢ     ᠲᠡᠬᠦᠨ ᠳᠤ ᠶᠠᠷᠢᠶᠠᠨ ᠤ ᠦᠬᠡ᠂ ᠰᠡᠳᠬᠢᠯᠬᠡ ᠶᠢᠨ ᠦᠬᠡ ᠪᠠᠭᠳᠠᠭᠳᠠᠵᠤ᠂ ᠲᠡᠷᠨ ᠨᠢ ᠲᠦᠷᠦᠯᠬᠢ ᠶᠢᠨ ᠤᠶᠤᠨ ᠴᠢᠳᠠᠪᠤᠷᠢ ᠶᠢᠨ ᠬᠡᠪ ᠰᠢᠨᠵᠢ ᠬᠢᠬᠡᠳ ᠤᠤᠭᠠᠯ ᠪᠤᠰᠤ ᠰᠤᠶᠤᠯ ᠤᠨ ᠦᠨᠳᠦᠰᠦᠨ ᠪᠤᠯᠪᠠᠰᠤᠷᠠᠯ ᠵᠢᠴᠢ ᠰᠤᠷᠭᠠᠨ ᠬᠦᠮᠦᠵᠢᠯ ᠤᠨ ᠲᠠᠯ᠎ᠠ ᠳᠠᠬᠢ ᠤᠢᠢᠯᠠᠭᠠᠯᠳᠠ ᠬᠢᠬᠡᠳ ᠬᠦᠬᠡᠬᠡᠴᠡᠯᠳᠦᠯ ᠪᠤᠯᠬᠤ ᠶᠤᠮ᠃ ᠶᠠᠷᠢᠶᠠᠨ ᠤ ᠦᠬᠡ ᠨᠢ ᠲᠤᠪᠴᠢ ᠤᠢᠢᠯᠠᠭᠠᠮᠵᠢᠳᠠᠢ᠂ ᠢᠯᠭᠤᠮ ᠤᠷᠤᠰᠤᠮ᠎ᠠ᠂ ᠡᠯᠢᠬᠡᠰᠡᠭ ᠲᠤᠳᠤᠨᠤ᠂ ᠵᠦᠪ ᠤᠨᠤᠪᠴᠢᠳᠠᠢ ᠪᠠᠶᠢᠬᠤ ᠬᠡᠷᠡᠭᠳᠡᠢ ᠶᠤᠮ᠃ ᠮᠦᠴᠢ ᠶᠢᠨ ᠦᠬᠡ ᠬᠢᠬᠡᠳ ᠰᠡᠳᠬᠢᠯᠬᠡ ᠶᠢᠨ ᠦᠬᠡ ᠨᠢ ᠡᠶᠡᠯᠰᠡᠭ ᠡᠨᠡᠷᠢᠩᠬᠦᠢ᠂ ᠠᠮᠢᠳᠤ ᠲᠦᠷᠰᠦᠯᠢᠭ᠂ ᠨᠦᠬᠦᠷᠰᠡᠭ ᠠᠶᠠᠨᠳᠠᠭᠠᠨ ᠪᠠᠶᠢᠬᠤ ᠬᠡᠷᠡᠭᠳᠡᠢ᠃ ᠦᠬᠡ ᠬᠡᠯᠡᠨ ᠤ ᠴᠢᠳᠠᠪᠤᠷᠢ ᠨᠢ ᠬᠡᠯᠡ ᠠᠮᠠ ᠬᠤᠷᠴᠠ ᠪᠠᠶᠢᠬᠤ ᠪᠠᠷ ᠦᠯᠦ ᠪᠠᠷᠠᠮ ᠪᠠᠰᠠ ᠬᠦᠨ ᠬᠦᠨᠵᠡᠬᠡᠢ᠂ ᠮᠡᠷᠬᠡᠨ ᠰᠡᠴᠡᠨ᠂ ᠱᠤᠭ ᠶᠦᠮᠦᠷᠯᠢᠭ᠂ ᠡᠷᠡᠰ ᠰᠢᠭᠤᠷᠬᠠᠢ᠂ ᠪᠤᠷᠤᠭᠵᠢᠭᠤᠨ ᠵᠡᠷᠬᠡ ᠤᠯᠠᠨ ᠲᠠᠯ᠎ᠠ ᠶᠢᠨ ᠠᠭᠤᠯᠤᠭᠳᠠᠬᠤᠨ ᠲᠠᠢ ᠪᠠᠶᠢᠬᠤ ᠬᠡᠷᠡᠭᠳᠡᠢ ᠪᠦᠬᠡᠳ ᠲᠡᠷᠡ ᠨᠢ ᠪᠠᠭᠰᠢ ᠪᠤᠯᠤᠭᠰᠠᠳ ᠤᠨ ᠭᠤᠤᠯᠯᠠᠭᠴᠢ ᠬᠡᠪ ᠪᠤᠯᠪᠠᠰᠤᠷᠠᠯ ᠤᠨ ᠭᠠᠳᠠᠨ᠎ᠠ ᠢᠯᠡᠷᠡᠬᠦ ᠬᠡᠪ ᠮᠠᠶ᠋ᠢᠭ ᠪᠤᠯᠤᠨ᠎ᠠ᠃     ᠵᠣᠬᠢᠶᠠᠭᠴᠢ᠄ ᠲᠦᠮᠬᠠᠦ᠋ᠯᠵᠡᠢ     ᠨᠠᠶᠢᠷᠠᠭᠤᠯᠤᠭᠴᠢ᠄ ᠨᠠᠷᠠᠨᠮᠠᠨᠳᠤᠯ᠎ᠠ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号