ᠬᠡᠯᠡ ᠪᠢᠴᠢᠭ ᠤᠨ ᠬᠢᠴᠢᠶᠡᠯᠯᠡᠭᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠲᠠᠪᠤᠨ ᠲᠠᠯ ᠎ᠠ ᠶᠢ ᠠᠩᠬᠠᠷᠪᠠᠯ ᠵᠤᠬᠢᠨ᠎ᠠ
ᠨᠡᠶᠢᠲᠡᠯᠡᠭᠰᠡᠨ ᠴᠠᠭ᠄
2020/12/19
    ᠬᠡᠯᠡ ᠪᠢᠴᠢᠭ ᠤᠨ ᠵᠢᠭᠠᠨ ᠰᠣᠷᠭᠠᠯᠲᠠ ᠶᠢᠨ ᠦᠷ᠎ᠡ ᠠᠰᠢᠭ ᠢ ᠬᠡᠷᠬᠢᠨ ᠳᠡᠭᠡᠭᠰᠢᠯᠡᠬᠦᠯᠬᠦ ᠲᠤᠬᠠᠢ ᠠᠰᠠᠭᠤᠳᠠᠯ ᠢ ᠤᠯᠠᠨ ᠵᠢᠯ ᠶᠠᠷᠢᠯ᠎ᠠ᠃ ᠳᠤᠤᠷ᠎ᠠ ᠬᠡᠳᠦᠨ ᠲᠠᠯ᠎ᠠ ᠪᠠᠷ ᠴᠤᠬᠤᠰ ᠳᠣᠷᠠᠳᠤᠶ᠎ᠠ᠄     1᠂ ᠭᠤᠤᠯ ᠴᠤᠭᠴᠠᠲᠤ ᠴᠢᠨᠠᠷ ᠢ ᠤᠷᠮᠠᠰᠢᠭᠤᠯᠬᠤ ᠬᠡᠷᠡᠭᠲᠡᠢ᠃     ᠭᠧᠷᠮᠠᠨ ᠤ ᠨᠢᠭᠡ ᠰᠣᠷᠭᠠᠨ ᠬᠦᠮᠦᠵᠢᠯ ᠤᠨ ᠡᠷᠲᠡᠮᠳᠡᠨ ᠠᠴᠠ᠄ ︽ᠵᠢᠭᠠᠨ ᠰᠣᠷᠭᠠᠬᠤ ᠤᠷᠠᠯᠢᠭ ᠤᠨ ᠮᠦᠨ ᠴᠢᠨᠠᠷ ᠨᠢ ᠤᠯᠠᠮᠵᠢᠯᠠᠬᠤ ᠳᠤ ᠪᠠᠶᠢᠭ᠎ᠠ ᠪᠢᠰᠢ᠂ ᠬᠠᠷᠢᠨ ᠤᠷᠮᠠᠰᠢᠭᠤᠯᠬᠤ᠂ ᠰᠡᠷᠢᠭᠡᠨ ᠳᠠᠭᠤᠳᠠᠬᠤ᠂ ᠵᠤᠷᠢᠭᠵᠢᠭᠤᠯᠬᠤ ᠳᠤ ᠪᠣᠢ︾ ᠭᠡᠵᠡᠢ᠃ ᠬᠡᠯᠡ ᠪᠢᠴᠢᠭ ᠤᠨ ᠬᠢᠴᠢᠶᠡᠯ ᠤᠨ ᠵᠢᠭᠠᠬᠤ ᠲᠦᠰᠦᠪ ᠨᠢ ᠡᠷᠭᠡᠪᠰᠢ ᠬᠡᠯᠡ ᠪᠢᠴᠢᠭ ᠤᠨ ᠬᠢᠴᠢᠶᠡᠯ ᠤᠨ ᠵᠢᠮ᠎ᠡ ᠬᠠᠤᠯᠢ ᠳᠤ ᠨᠡᠶᠢᠴᠡᠭᠰᠡᠨ ᠪᠠᠶᠢᠬᠤ ᠬᠡᠷᠡᠭᠲᠡᠢ ᠪᠦᠭᠡᠳ ᠪᠠᠰᠠ ᠰᠣᠷᠣᠭᠴᠢ ᠨᠢᠬᠡᠪᠦᠷᠢ ᠶᠢ ᠤᠷᠮᠠᠰᠢᠭᠤᠯᠵᠤ᠂ ᠰᠣᠷᠣᠭᠴᠢ ᠨᠢᠭᠡᠪᠦᠷᠢ ᠶᠢᠨ ᠪᠡᠶ᠎ᠡ ᠪᠠᠨ ᠳᠠᠭᠠᠭᠠᠵᠤ ᠰᠤᠷᠤᠯᠴᠠᠬᠤ ᠤᠬᠠᠮᠰᠠᠷ ᠢ ᠰᠡᠷᠢᠬᠡᠨ ᠳᠠᠭᠤᠳᠠᠵᠤ᠂ ᠢᠳᠡᠪᠬᠢᠲᠡᠢ ᠪᠠᠷ ᠰᠡᠳᠭᠢᠬᠦᠯᠵᠦ ᠴᠢᠳᠠᠬᠤ ᠦᠨᠳᠦᠷ ᠦᠷ᠎ᠡ ᠠᠰᠢᠭᠲᠤ ᠵᠢᠭᠠᠬᠤ ᠲᠦᠰᠦᠪ ᠪᠠᠶᠢᠬᠤ ᠬᠡᠷᠡᠭᠲᠡᠢ᠃     2᠂ ᠰᠢᠨ᠎ᠡ ᠬᠢᠴᠢᠶᠡᠯ ᠳᠤ ᠬᠦᠲᠦᠯᠬᠦ ᠴᠡᠭ ᠢ ᠣᠨᠣᠪᠴᠢᠲᠠᠢ ᠲᠤᠭᠲᠠᠭᠠᠬᠤ ᠬᠡᠷᠡᠭᠲᠡᠢ᠃     ᠵᠢᠭᠠᠬᠤ ᠮᠠᠲ᠋ᠧᠷᠢᠶᠠᠯ ᠤᠨ ᠵᠠᠩᠬᠢᠯᠠᠭ᠎ᠠ ᠶᠢᠨ ᠴᠢᠨᠠᠷᠲᠠᠢ ᠠᠰᠠᠭᠤᠳᠠᠯ ᠢ ᠠᠳᠬᠤᠵᠤ ᠤᠷᠤᠬᠤ᠂ ᠰᠣᠷᠣᠭᠴᠢ ᠶᠢᠨ ᠤᠷᠮ᠎ᠠ ᠪᠠᠬ᠎ᠠ ᠲᠠᠢ ᠵᠦᠢᠯ ᠠᠴᠠ ᠭᠠᠷᠳᠠᠬᠤ᠂ ᠡᠰᠡᠭᠦᠯ᠎ᠡ ᠤᠤᠯ ᠤᠨ ᠮᠡᠳᠡᠯᠭᠡ ᠪᠠᠷ ᠢᠶᠠᠨ ᠤᠳᠤᠷᠢᠳᠤᠮᠵᠢ ᠪᠣᠯᠭᠠᠬᠤ ᠪᠣᠶᠣ ᠵᠤᠬᠢᠶᠠᠯ ᠤᠨ ᠬᠢᠯᠠᠰ ᠴᠡᠭ ᠠᠴᠠ ᠣᠷᠣᠬᠤ ᠮᠡᠲᠦ ᠠᠷᠭ᠎ᠠ ᠶᠢ ᠴᠦᠮ ᠬᠡᠷᠡᠭᠯᠡᠵᠦ ᠪᠣᠯᠣᠨ᠎ᠠ᠃ ᠭᠡᠬᠦ ᠳᠤ ᠵᠠᠪᠠᠯ ᠵᠢᠭᠠᠬᠤ ᠭᠤᠤᠯᠳᠠᠯᠭ᠎ᠠ ᠶᠢᠨ ᠢᠶᠠᠨ ᠲᠤᠭᠤᠷᠢᠨ ᠳᠤ ᠪᠠᠶᠢᠷᠢᠯᠠᠭᠤᠯᠬᠤ ᠬᠡᠷᠡᠭᠲᠡᠢ᠃ ᠢᠩᠬᠢᠪᠡᠯ ᠠᠰᠠᠭᠤᠳᠠᠯ ᠢ ᠰᠢᠢᠳᠪᠦᠷᠢᠯᠡᠬᠦ ᠵᠠᠩᠬᠢᠯᠠᠭ᠎ᠠ ᠶᠢ ᠠᠳᠬᠤᠵᠤ ᠴᠢᠳᠠᠬᠤ ᠪᠠᠷ ᠪᠠᠷᠠᠬᠤ ᠦᠭᠡᠢ᠂ ᠰᠣᠷᠣᠭᠴᠢ ᠶᠢ ᠵᠢᠯᠤᠭᠤᠳᠤᠨ ᠬᠦᠳᠡᠯᠦᠩᠬᠦᠢ ᠤᠩᠰᠢᠵᠤ᠂ ᠰᠡᠳᠭᠢᠵᠦ᠂ ᠰᠣᠳᠣᠯᠵᠤ ᠰᠦᠪᠡᠭᠴᠢᠯᠡᠬᠦ ᠳᠠᠳᠬᠠᠯ ᠲᠠᠢ ᠪᠤᠯᠭᠠᠵᠤ ᠴᠢᠳᠠᠨ᠎ᠠ᠃     3᠂ ᠵᠢᠭᠠᠬᠤ ᠬᠠᠷᠠᠯᠲᠠ ᠪᠠᠨ ᠨᠠᠷᠢᠯᠢᠭ ᠰᠤᠩᠭᠤᠬᠤ ᠬᠡᠷᠡᠭᠲᠡᠢ᠃     ᠬᠢᠴᠢᠶᠡᠯ ᠤᠨ ᠴᠠᠭ ᠪᠣᠯ ᠲᠤᠩ ᠬᠢᠵᠠᠭᠠᠷ ᠲᠠᠢ ᠶᠤᠮ᠃ ᠡᠶᠢᠨᠬᠦ ᠲᠠᠯ᠎ᠠ ᠪᠦᠬᠦᠨ ᠢ ᠬᠠᠮᠤᠷᠴᠤ᠂ ᠠᠭᠤᠯᠭ᠎ᠠ ᠪᠦᠬᠦᠨ ᠢ ᠠᠯᠳᠠᠯ ᠦᠭᠡᠢ ᠲᠠᠶᠢᠯᠪᠣᠷᠢᠯᠠᠪᠠᠯ ᠰᠣᠷᠣᠭᠴᠢ ᠳᠤᠷ᠎ᠠ ᠠᠯᠳᠠᠷᠠᠵᠤ ᠬᠠᠯᠠᠰᠢᠷᠠᠬᠤ ᠪᠣᠯᠣᠨ᠎ᠠ᠃ ᠡᠶᠢᠮᠦ ᠪᠠᠶᠢᠳᠠᠯ ᠳᠤᠤᠷ᠎ᠠ ᠪᠠᠭᠰᠢ ᠠᠴᠠ ᠬᠢᠴᠢᠶᠡᠯ ᠪᠦᠷᠢ ᠳᠤ ᠠᠪᠴᠤ ᠤᠷᠬᠢᠬᠤ ᠵᠠᠷᠴᠢᠮ ᠢ ᠵᠤᠷᠢᠭᠲᠠᠢ ᠪᠠᠷᠢᠮᠲᠠᠯᠠᠨ᠂ ᠨᠢᠭᠡ ᠬᠢᠴᠢᠶᠡᠯ ᠳᠡᠭᠡᠷ᠎ᠡ ᠨᠢᠭᠡ ᠬᠤᠶᠠᠷ ᠮᠡᠳᠡᠯᠭᠡ ᠶᠢᠨ ᠴᠡᠭ ᠢ ᠭᠤᠤᠯᠳᠠᠯᠭ᠎ᠠ ᠪᠣᠯᠭᠠᠨ ᠨᠠᠷᠢᠯᠢᠭ ᠰᠣᠩᠭᠤᠵᠤ᠂ ᠲᠤᠪᠴᠢ ᠳᠡᠯᠭᠡᠷᠡᠩᠬᠦᠢ ᠶᠢ ᠬᠠᠷᠠᠭᠠᠯᠵᠠᠨ ᠲᠤᠬᠢᠷᠠᠮᠵᠢᠲᠠᠢ ᠪᠠᠶᠢᠷᠢᠯᠠᠭᠤᠯᠪᠠᠯ ᠦᠷ᠎ᠡ ᠠᠰᠢᠭ ᠢᠶᠠᠷ ᠯᠠᠪᠲᠠᠶ᠎ᠠ ᠦᠨᠳᠦᠷ ᠪᠣᠯᠵᠤ ᠴᠢᠳᠠᠨ᠎ᠠ᠃     4᠂ ᠨᠠᠷᠢᠯᠢᠭ ᠲᠠᠶᠢᠯᠪᠣᠷᠢᠯᠠᠵᠤ ᠨᠢᠬᠳᠠ ᠪᠣᠯᠪᠠᠰᠤᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃     ︽ᠨᠠᠷᠢᠯᠢᠭ ᠲᠠᠶᠢᠯᠪᠣᠷᠢᠯᠠᠬᠤ︾ ᠭᠡᠭᠴᠢ ᠪᠣᠯ ᠪᠠᠭᠰᠢ ᠠᠴᠠ ᠰᠠᠭᠤᠷᠢ ᠮᠡᠳᠡᠯᠭᠡ ᠲᠠᠶᠢᠯᠪᠣᠷᠢᠯᠠᠵᠤ ᠵᠢᠭᠠᠬᠤ ᠳᠠᠭᠠᠨ ᠨᠠᠷᠢᠯᠢᠭ ᠪᠦᠭᠡᠳ ᠰᠣᠩᠭᠤᠳᠠᠭ ᠬᠡᠯᠡ ᠬᠡᠯᠡᠯᠭᠡ ᠪᠠᠷ ᠬᠡᠷᠡᠭ ᠪᠣᠳᠠᠰ ᠤᠨ ᠭᠤᠤᠯᠳᠠᠯᠭ᠎ᠠ ᠶᠢ ᠠᠳᠬᠤᠵᠤ᠂ ᠬᠡᠷᠡᠭ ᠪᠣᠳᠠᠰ ᠤᠨ ᠲᠤᠲᠤᠭᠠᠳᠤ ᠵᠢᠮ᠎ᠡ ᠬᠠᠤᠯᠢ ᠪᠠ ᠮᠦᠨ ᠴᠢᠨᠠᠷ ᠤᠨ ᠤᠨᠴᠠᠯᠢᠭ ᠰᠢᠨᠵᠢ ᠶᠢ ᠢᠯᠡᠷᠡᠭᠦᠯᠬᠦ ᠶᠢ ᠬᠡᠯᠡᠨ᠎ᠡ᠃ ᠲᠠᠶᠢᠯᠪᠣᠷᠢᠯᠠᠬᠤ ᠳᠤᠮᠳᠠ ᠰᠣᠷᠣᠭᠴᠢ ᠶᠢᠨ ᠰᠡᠳᠭᠢᠬᠦᠢ ᠶᠢ ᠠᠬᠢᠭᠤᠯᠵᠤ᠂ ᠲᠠᠶᠢᠯᠪᠣᠷᠢᠯᠠᠬᠤ ᠳᠤᠮᠳᠠ ᠰᠡᠵᠢᠭ ᠢ ᠠᠯᠳᠠᠷᠠᠭᠠᠨ ᠮᠠᠳᠠᠭ ᠢ ᠪᠠᠭᠠᠰᠬᠠᠵᠤ᠂ ᠮᠡᠳᠡᠯᠭᠡ ᠶᠢᠨ ᠬᠦᠨᠳᠡᠯᠡᠨ ᠭᠤᠯᠳᠤ ᠬᠠᠷᠢᠴᠠᠭ᠎ᠠ ᠬᠤᠯᠪᠣᠭ᠎ᠠ ᠪᠠ ᠡᠭᠦᠰᠦᠯ ᠬᠦᠭᠵᠢᠯ ᠤᠨ ᠠᠯᠬᠤᠮ ᠶᠠᠪᠤᠴᠠ ᠶᠢ ᠲᠤᠲᠤᠷᠬᠠᠶᠢᠯᠠᠨ ᠶᠠᠷᠢᠵᠤ᠂ ᠰᠢᠨᠵᠢᠯᠡᠬᠦ ᠤᠬᠠᠭᠠᠨᠴᠢ ᠰᠡᠳᠭᠢᠬᠦ ᠠᠷᠭ᠎ᠠ ᠪᠠ ᠰᠣᠷᠣᠯᠴᠠᠬᠤ ᠠᠷᠭ᠎ᠠ ᠶᠢ ᠶᠠᠷᠢᠵᠤ ᠲᠤᠰᠢᠶᠠᠬᠤ ᠬᠡᠷᠡᠭᠲᠡᠢ᠃ ᠡᠭᠦᠨ ᠤ ᠤᠯᠠᠮ ᠠᠴᠠ ᠰᠣᠷᠣᠭᠴᠢ ᠳᠤ ᠲᠠᠷᠢᠬᠢ ᠪᠠᠨ ᠬᠦᠳᠡᠯᠭᠡᠬᠦ᠂ ᠭᠠᠷ ᠬᠦᠳᠡᠯᠭᠡᠬᠦ᠂ ᠠᠮᠠ ᠬᠦᠳᠡᠯᠭᠡᠬᠦ ᠢᠯᠡᠬᠦᠴᠡ ᠴᠠᠭ ᠦᠯᠡᠳᠡᠭᠡᠵᠦ ᠦᠭᠬᠦᠨ᠎ᠡ᠃ ︽ᠨᠠᠷᠢᠯᠢᠭ ᠪᠣᠯᠪᠠᠰᠤᠷᠠᠭᠤᠯᠬᠤ︾ ᠭᠡᠭᠴᠢ ᠪᠣᠯ ᠪᠣᠯᠪᠠᠰᠤᠷᠠᠯ ᠨᠢ ᠡᠷᠭᠡᠪᠰᠢ ᠴᠦᠬᠡᠨ ᠪᠦᠭᠡᠳ ᠰᠤᠩᠭᠤᠳᠠᠭ ᠪᠠᠶᠢᠵᠤ᠂ ᠰᠣᠷᠣᠭᠴᠢ ᠳᠤ ᠬᠠᠩᠭᠠᠭᠰᠠᠨ ᠪᠣᠯᠪᠠᠰᠤᠷᠠᠯ ᠨᠢ ᠲᠦᠯᠦᠭᠡᠯᠡᠬᠦ ᠴᠢᠨᠠᠷ᠂ ᠵᠤᠷᠢᠯᠭᠠᠲᠤ ᠴᠢᠨᠠᠷ᠂ ᠳᠡᠰ ᠳᠠᠷᠠᠭᠠᠯᠠᠬᠤ ᠴᠢᠨᠠᠷ᠂ ᠳᠡᠭᠳᠡᠷᠯᠢᠭ ᠴᠢᠨᠠᠷ᠂ ᠰᠦᠪᠡᠭᠴᠢᠯᠡᠬᠦ ᠴᠢᠨᠠᠷ᠂ ᠨᠡᠶᠢᠲᠡᠯᠢᠭ ᠴᠢᠨᠠᠷ᠂ ᠶᠡᠷᠦᠩᠬᠡᠶᠢᠯᠡᠭᠰᠡᠨ ᠴᠢᠨᠠᠷ ᠲᠠᠢ ᠪᠠᠶᠢᠬᠤ ᠶᠢ ᠬᠡᠯᠡᠨ᠎ᠡ᠃ ᠰᠣᠷᠣᠭᠴᠢ ᠨᠠᠷᠢᠯᠢᠭ ᠪᠣᠯᠪᠠᠰᠤᠷᠠᠬᠤ ᠳᠤᠮᠳᠠ ᠮᠡᠳᠡᠯᠭᠡ ᠪᠠᠨ ᠤᠯᠠᠮ ᠪᠠᠲᠤᠳᠬᠠᠨ ᠪᠠᠬᠢᠵᠢᠬᠦᠯᠵᠦ ᠴᠢᠳᠠᠳᠠᠭ᠃ .     5᠂ ᠭᠡᠳᠡᠷᠭᠦ ᠪᠣᠴᠠᠯᠲᠠ ᠶᠢ ᠰᠠᠶᠢᠲᠤᠷ ᠬᠢᠬᠦ ᠬᠡᠷᠡᠭᠲᠡᠢ᠃     ᠬᠡᠯᠡ ᠪᠢᠴᠢᠭ ᠤᠨ ᠵᠢᠭᠠᠬᠤ ᠶᠠᠪᠤᠴᠠ ᠪᠣᠯ ᠪᠠᠭᠰᠢ ᠰᠣᠷᠣᠭᠴᠢ ᠶᠢᠨ ᠲᠠᠰᠤᠷᠠᠯ ᠦᠭᠡᠢ ᠰᠣᠷᠠᠭ ᠵᠠᠩᠬᠢ ᠰᠣᠯᠢᠯᠴᠠᠬᠤ ᠶᠠᠪᠤᠴᠠ ᠮᠦᠨ᠃ ᠪᠠᠭᠰᠢ ᠬᠡᠷᠪᠡ ᠡᠨᠡ ᠬᠦ ᠶᠠᠪᠤᠴᠠ ᠳᠤ ᠰᠣᠷᠣᠭᠴᠢ ᠶᠢᠨ ᠲᠠᠯ᠎ᠠ ᠠᠴᠠ ᠢᠷᠡᠭᠰᠡᠨ ᠬᠡᠳᠡᠷᠭᠦ ᠪᠤᠴᠠᠯᠲᠠ ᠶᠢᠨ ᠰᠤᠷᠠᠭ ᠵᠠᠩᠬᠢ ᠶᠢ ᠳᠠᠷᠤᠢ ᠲᠦᠷᠭᠡᠨ ᠪᠦᠭᠡᠳ ᠦᠨᠳᠦᠷ ᠦᠷ᠎ᠡ ᠪᠦᠲᠦᠮᠵᠢᠲᠡᠢ ᠪᠠᠷ ᠬᠤᠷᠢᠶᠠᠩᠭᠤᠶᠢᠯᠠᠨ ᠰᠢᠢᠳᠪᠦᠷᠢᠯᠡᠵᠦ᠂ ᠵᠢᠭᠠᠬᠤ ᠲᠦᠰᠦᠪ ᠢᠶᠠᠨ ᠳᠠᠰᠤᠷᠠᠯᠲᠠ ᠦᠭᠡᠢ ᠬᠠᠯᠠᠨ ᠰᠠᠶᠢᠵᠢᠷᠠᠭᠤᠯᠵᠤ ᠴᠢᠳᠠᠪᠠᠯ ᠵᠢᠭᠠᠬᠤ ᠠᠵᠢᠯ ᠤᠨ ᠬᠠᠮᠤᠭ ᠰᠠᠶᠢᠨ ᠦᠷ᠎ᠡ ᠪᠦᠲᠦᠮᠵᠢ ᠳᠤ ᠬᠦᠷᠴᠦ ᠴᠢᠳᠠᠨ᠎ᠠ᠃ ᠠᠳᠠᠯᠢ ᠶᠤᠰᠤ ᠪᠠᠷ ᠰᠣᠷᠣᠭᠴᠢ ᠴᠦ ᠰᠣᠷᠣᠯᠴᠠᠬᠤ ᠠᠵᠢᠯᠯᠠᠭ᠎ᠠ ᠳᠤᠮᠳᠠ ᠪᠠᠭᠰᠢ ᠶᠢᠨ ᠭᠡᠳᠡᠷᠭᠦ ᠪᠤᠴᠠᠯᠲᠠ ᠶᠢ ᠳᠠᠷᠤᠢ ᠲᠦᠷᠭᠡᠨ ᠤᠶᠢᠯᠠᠭᠠᠵᠤ ᠲᠠᠷᠢᠬᠢᠨ ᠳᠠᠭᠠᠨ ᠰᠢᠩᠭᠡᠭᠡᠵᠦ ᠴᠢᠳᠠᠪᠠᠯ ᠰᠣᠷᠣᠯᠴᠠᠯᠭ᠎ᠠ ᠶᠢᠨ ᠦᠷ᠎ᠡ ᠠᠰᠢᠭ ᠢ ᠬᠤᠪᠢ ᠳᠠᠬᠢᠨ ᠢᠶᠠᠷ ᠨᠡᠮᠡᠭᠳᠡᠭᠦᠯᠵᠦ ᠴᠢᠳᠠᠨ᠎ᠠ᠃ ᠲᠡᠶᠢᠨ ᠬᠦ ᠳᠠᠰᠬᠠᠯ ᠦᠯᠡᠳᠡᠭᠡᠪᠡᠯ ᠡᠷᠭᠡᠪᠰᠢ ᠨᠠᠷᠢᠨ ᠪᠠᠶᠢᠴᠠᠭᠠᠵᠤ ᠭᠡᠳᠡᠷᠬᠦ ᠪᠣᠴᠠᠯᠳᠠ ᠬᠢᠬᠦ ᠬᠡᠷᠡᠭᠲᠡᠢ᠃ ᠡᠰᠡ ᠪᠦᠬᠡᠰᠦ ᠣᠳᠬ᠎ᠠ ᠠᠭᠤᠯᠭ᠎ᠠ ᠪᠠᠨ ᠠᠯᠳᠠᠵᠤ ᠰᠣᠷᠣᠭᠴᠢ ᠶᠢᠨ ᠳᠣᠮᠳᠠ ᠳᠠᠰᠬᠠᠯ ᠪᠣᠯᠪᠠᠰᠣᠷᠠᠯ ᠢ ᠬᠦᠨᠳᠦᠳᠭᠡᠬᠦ ᠦᠭᠡᠢ ᠬᠠᠶᠠᠨ ᠳᠤᠨᠢ ᠬᠠᠶᠠᠬᠤ ᠦᠵᠡᠭᠳᠡᠯ ᠢᠯᠡᠷᠡᠨ᠎ᠡ᠃ ᠬᠡᠯᠡᠯᠭᠡᠨ ᠦᠭᠡᠢ ᠭᠡᠳᠡᠷᠭᠦ ᠪᠣᠴᠠᠯᠲᠠ ᠨᠢ ᠵᠦᠪᠬᠡᠨ ᠳᠠᠰᠬᠠᠯ ᠪᠣᠯᠪᠠᠰᠤᠷᠠᠯ ᠤᠨ ᠬᠡᠯᠪᠡᠷᠢ ᠪᠠᠷ ᠯᠠ ᠢᠯᠡᠷᠡᠬᠦ ᠪᠢᠰᠢ᠂ ᠬᠠᠷᠢᠨ ᠵᠢᠭᠠᠬᠤ ᠠᠵᠢᠯᠯᠠᠭ᠎ᠠ ᠶᠢᠨ ᠶᠠᠪᠤᠴᠠ ᠳᠤ ᠨᠡᠶᠢᠳᠡᠮ ᠲᠤᠤᠱᠯᠠᠭᠳᠠᠵᠤ᠂ ᠵᠢᠭᠠᠬᠤ ᠶᠠᠪᠤᠴᠠ ᠲᠠᠢ ᠵᠡᠷᠭᠡᠴᠡᠨ ᠤᠷᠤᠰᠢᠳᠠᠭ ᠶᠤᠮ᠃     ᠵᠣᠬᠢᠶᠠᠭᠴᠢ᠄ ᠨᠠᠷᠠᠨᠬᠤᠸᠠᠷ     ᠨᠠᠶᠢᠷᠠᠭᠤᠯᠤᠭᠴᠢ᠄ ᠭᠡᠭᠡᠨᠳᠤᠶᠠᠭ᠎ᠠ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号