ᠰᠤᠷᠤᠬᠴᠢᠳ ᠢ ᠵᠤᠭᠤᠰ ᠮᠦᠡᠭᠬᠦ ᠪᠠᠷ ᠲᠤᠷᠭᠠᠬᠤ ᠨᠢ ᠰᠤᠷᠭᠠᠨ ᠬᠦᠮᠦᠵᠢᠯ ᠢ ᠤᠷᠤᠯᠠᠵᠤ ᠴᠢᠳᠠᠬᠤ ᠭᠡᠵᠦ ᠤᠤ
ᠨᠡᠶᠢᠲᠡᠯᠡᠭᠰᠡᠨ ᠴᠠᠭ᠄
2020/12/19
    ᠤᠢᠢᠷ᠎ᠠ ᠶᠢᠨ ᠬᠡᠳᠦᠨ ᠵᠢᠯ ᠳᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢ ᠶᠢᠨ ᠰᠠᠬᠢᠯᠭ᠎ᠠ ᠲᠦᠷᠢᠮ ᠢ ᠴᠢᠩᠭᠠᠳᠬᠠᠵᠤ᠂ ᠰᠤᠷᠤᠬᠴᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠲᠡᠭᠡᠷ᠎ᠠ ᠬᠦᠴᠦ ᠲᠡᠯᠪᠢᠵᠦ ᠢᠷᠡᠪᠡ᠃ ᠡᠨᠡ ᠨᠢ ᠦᠨᠡᠨ ᠳᠡᠭᠡᠨ ᠵᠦᠢ ᠶᠤᠰᠤᠨ ᠳᠤ ᠨᠡᠶᠢᠴᠡᠬᠦ ᠪᠠᠷ ᠪᠠᠷᠠᠬᠤ ᠦᠭᠡᠢ ᠰᠤᠷᠭᠠᠭᠤᠯᠢ ᠶᠢᠨ ᠬᠡᠪ ᠨᠠᠮᠪᠠ ᠶᠢ ᠰᠠᠶᠢᠵᠢᠷᠠᠭᠤᠯᠬᠤ ᠲᠠᠢ ᠰᠠᠯᠵᠤ ᠪᠤᠯᠤᠰᠢ ᠦᠭᠡᠢ ᠬᠠᠷᠢᠴᠠᠭ᠎ᠠ ᠬᠤᠯᠪᠤᠭ᠎ᠠ ᠲᠠᠢ ᠶᠤᠮ᠃ ᠭᠡᠲᠡᠯ᠎ᠠ ᠨᠡᠶᠢᠭᠡᠮ ᠲᠡᠭᠡᠷ᠎ᠡ ᠵᠠᠷᠢᠮ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢ ᠶᠢᠨ ᠲᠦᠷᠢᠮ ᠲᠤᠬᠳᠠᠭᠠᠯ ᠢ ᠴᠢᠩᠭᠠᠳᠬᠠᠬᠤ ᠲᠤᠮᠳᠠ ᠵᠠᠷᠢᠮ ᠠᠩᠬᠢ ᠶᠢᠨ ᠡᠷᠬᠢᠯᠡᠭᠴᠢ ᠠᠩᠬᠢ ᠶᠢᠨ ᠢᠶᠠᠨ ᠬᠠᠮᠢᠶᠠᠷᠤᠯᠳᠠ ᠶᠢᠨ ᠲᠦᠷᠢᠮ ᠢᠶᠠᠨ ᠲᠤᠬᠳᠠᠭᠠᠬᠤ ᠳᠠᠭᠠᠨ ᠬᠢᠴᠢᠶᠡᠯ ᠠᠴᠠ ᠬᠤᠵᠢᠮᠳᠠᠬᠤ ᠪᠤᠶᠤ ᠬᠢᠴᠢᠶᠡᠯ ᠠᠴᠠ ᠪᠠᠨ ᠰᠠᠭᠠᠳᠠᠪᠠᠯ ᠬᠤᠶᠠᠷ ᠠᠴᠠ ᠭᠤᠷᠪᠠᠨ ᠲᠦᠬᠦᠷᠢᠭ ᠮᠦᠡᠭᠬᠦ ᠪᠠᠷ ᠲᠤᠷᠭᠠᠨ᠎ᠠ᠂ ᠬᠢᠴᠢᠶᠡᠯ ᠲᠡᠭᠡᠷ᠎ᠠ ᠬᠢᠴᠢᠶᠡᠯ ᠢᠶᠠᠨ ᠰᠠᠶᠢᠬᠠᠨ ᠰᠤᠨᠤᠰᠬᠤ ᠦᠭᠡᠢ ᠪᠤᠰᠤᠳ ᠨᠤᠮ ᠦᠵᠡᠬᠦ ᠪᠤᠶᠤ ᠬᠢᠴᠢᠶᠡᠯ ᠤᠨ ᠲᠤᠮᠳᠠ ᠤᠨᠳᠠᠪᠠᠯ ᠪᠠᠰᠠ ᠬᠤᠶᠠᠷ ᠲᠦᠬᠦᠷᠢᠭ ᠢᠶᠠᠷ ᠲᠤᠷᠭᠠᠨ᠎ᠠ ᠭᠡᠵᠦ ᠲᠤᠬᠳᠠᠭᠠᠪᠠ᠃ ᠢᠡᠭᠬᠢᠵᠦ ᠬᠠᠮᠢᠶᠠᠷᠤᠯᠳᠠ ᠶᠢ ᠴᠢᠩᠭᠠᠳᠬᠠᠬᠤ ᠨᠢ ᠶᠠᠮᠠᠷ ᠴᠤ ᠵᠦᠢ ᠶᠤᠰᠤᠨ ᠳᠤ ᠨᠡᠶᠢᠴᠡᠬᠦ ᠦᠭᠡᠢ᠂ ᠨᠡᠩ ᠴᠤ ᠰᠤᠷᠭᠠᠭᠤᠯᠢ ᠶᠢᠨ ᠲᠦᠷᠢᠮ ᠲᠤᠬᠳᠠᠭᠠᠯ ᠲᠠᠢ ᠤᠬᠳᠤᠬᠠᠨ ᠴᠤ ᠨᠡᠶᠢᠴᠡᠬᠦ ᠦᠭᠡᠢ ᠶᠤᠮ᠃ ᠴᠢᠩᠬᠢᠪᠡᠯ ᠡᠨᠡ ᠮᠦᠡᠭᠬᠦ ᠶᠢ ᠬᠠᠮᠢᠭ᠎ᠠ ᠠᠴᠠ ᠤᠯᠳᠠᠭ ᠪᠤᠢ︖ ᠭᠡᠪᠡᠯ ᠪᠠᠰᠠ ᠯᠠ ᠠᠪᠤ ᠡᠵᠢ ᠠᠴᠠ ᠪᠠᠨ ᠠᠪᠴᠤ ᠦᠭᠳᠡᠭ᠂ ᠤᠯᠠᠨ ᠤᠳᠠᠭ᠎ᠠ ᠠᠪᠤ ᠡᠵᠢ ᠠᠴᠠ ᠪᠠᠨ ᠠᠪᠤᠭᠠᠳ ᠪᠠᠶᠢᠪᠠᠯ ᠡᠴᠦᠰ ᠲᠡᠭᠡᠨ ᠶᠠᠮᠠᠷ ᠦᠷ᠎ᠠ ᠳ᠋ᠦᠡᠭ ᠭᠠᠷᠳᠠᠭ ᠪᠤᠢ︖ ᠨᠢᠭᠡ ᠠᠷᠠᠳ ᠤᠨ ᠪᠠᠭᠰᠢ ᠪᠤᠯᠤᠬᠰᠠᠨ ᠤ ᠬᠤᠪᠢ ᠠᠴᠠ ᠦᠵᠡᠪᠡᠯ ᠡᠳᠡᠭᠡᠷ ᠠᠰᠠᠭᠤᠳᠠᠯ ᠢ ᠶᠠᠭᠠᠬᠢᠭᠠᠳ ᠬᠦᠨ ᠪᠤᠳᠤᠯᠬᠢᠯᠠᠳᠠᠭ ᠦᠭᠡᠢ ᠪᠤᠢ︖ ᠡᠶᠢᠮᠦ ᠮᠠᠶ᠋ᠢᠭ ᠤᠨ ᠠᠩᠬᠢ ᠶᠢᠨ ᠪᠠᠭᠰᠢ ᠶᠢᠨ ᠰᠠᠨᠠᠭ᠎ᠠ ᠨᠢ ᠰᠠᠶᠢᠨ ᠪᠤᠯᠪᠠᠴᠤ ᠠᠷᠭ᠎ᠠ ᠨᠢ ᠵᠤᠬᠢᠰ ᠦᠭᠡᠢ ᠲᠤᠯᠠ ᠡᠷᠡᠰ ᠬᠠᠯᠠᠵᠤ ᠦᠭᠡᠷᠡᠴᠢᠯᠡᠪᠡᠯ ᠵᠤᠬᠢᠨ᠎ᠠ᠃ ᠪᠠᠰᠠ ᠵᠠᠷᠢᠮ ᠠᠩᠬᠢ ᠶᠢᠨ ᠡᠷᠬᠢᠯᠡᠭᠴᠢ ᠪᠠᠭᠰᠢ ᠰᠤᠷᠤᠬᠴᠢ ᠶᠢ ᠡᠮᠦᠨ᠎ᠠ ᠬᠤᠶᠢᠨ᠎ᠠ ᠤᠷᠤ ᠰᠤᠯᠢᠵᠤ ᠰᠠᠭᠤᠯᠭᠠᠬᠤ ᠳᠠᠭᠠᠨ ᠪᠠᠰᠠ ᠠᠪᠤ ᠡᠵᠢ ᠠᠴᠠ ᠨᠢ ᠪᠡᠯᠡᠭ ᠰᠡᠯᠡᠭ ᠬᠦᠷᠭᠡᠪᠡᠯ ᠰᠠᠶ᠋ᠢ ᠰᠠᠶᠢᠬᠠᠨ ᠤᠷᠤ ᠳᠤᠨᠢ ᠣᠯᠵᠤ ᠰᠠᠭᠤᠬᠤ ᠭᠡᠨ᠎ᠠ᠃ ᠡᠨᠡ ᠨᠢ ᠶᠠᠭᠤ ᠪᠤᠯᠵᠤ ᠪᠠᠶᠢᠭ᠎ᠠ ᠪᠤᠢ︖ ᠪᠠᠭᠰᠢ ᠶᠢᠨ ᠬᠦᠮᠦᠨ ᠴᠢᠨᠡᠷ ᠬᠤᠪᠢᠷᠠᠴᠢᠬᠠᠬᠰᠠᠨ ᠭᠡᠵᠦ ᠤᠤ︖ ᠠᠷᠠᠢ ᠲᠡᠶᠢᠮᠦ ᠪᠢᠰᠢ ᠪᠠᠶᠢᠬ᠎ᠠ︕     ᠠᠩᠬᠢ ᠶᠢᠨ ᠡᠷᠬᠢᠯᠡᠭᠴᠢ ᠪᠤᠯ ᠠᠩᠬᠢ ᠶᠢᠨ ᠰᠤᠷᠤᠬᠴᠢᠳ ᠤᠨ ᠵᠤᠬᠢᠶᠠᠨ ᠪᠠᠶᠢᠭᠤᠯᠤᠬᠴᠢ᠂ ᠰᠤᠷᠭᠠᠨ ᠬᠦᠮᠦᠵᠢᠬᠦᠯᠦᠭᠴᠢ ᠪᠠ ᠬᠠᠪᠰᠤᠷᠤᠨ ᠵᠢᠯᠤᠭᠤᠳᠤᠬᠴᠢ ᠮᠦᠨ᠃ ᠲᠡᠶᠢᠮᠦ ᠠᠴᠠ ᠠᠩᠬᠢ ᠶᠢᠨ ᠡᠷᠬᠢᠯᠡᠭᠴᠢ ᠦᠪᠡᠷ ᠤᠨ ᠠᠵᠢᠯ ᠢᠶᠠᠨ ᠬᠠᠯᠠᠭᠤᠨ ᠢᠶᠠᠷ ᠬᠠᠶᠢᠷᠠᠯᠠᠵᠤ ᠰᠤᠷᠭᠠᠨ ᠬᠦᠮᠦᠵᠢᠯ ᠤᠨ ᠤᠬᠠᠬᠳᠠᠬᠤᠨ ᠢᠶᠠᠨ ᠰᠢᠨᠡᠳᠭᠡᠵᠦ᠂ ᠪᠠᠭᠰᠢ ᠰᠤᠷᠤᠬᠴᠢ ᠶᠢᠨ ᠰᠢᠨ᠎ᠠ ᠬᠠᠷᠢᠴᠠᠭ᠎ᠠ ᠶᠢ ᠪᠤᠢ ᠪᠤᠯᠭᠠᠵᠤ ᠰᠤᠷᠭᠠᠨ ᠬᠦᠮᠦᠵᠢᠯ ᠤᠨ ᠠᠭᠤᠯᠭ᠎ᠠ ᠪᠠ ᠠᠷᠭ᠎ᠠ ᠪᠠᠨ ᠦᠭᠡᠷᠡᠴᠢᠯᠡᠵᠦ᠂ ᠶᠤᠰᠤ ᠮᠤᠷᠠᠯ᠂ ᠤᠶᠤᠨ ᠤᠬᠠᠭᠠᠨ᠂ ᠪᠡᠶ᠎ᠠ ᠶᠢᠨ ᠲᠠᠮᠢᠷ᠂ ᠭᠤᠸ᠎ᠠ ᠰᠠᠶᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠪᠠᠷ ᠬᠦᠭᠵᠢᠬᠦᠯᠬᠦ ᠶᠤᠰᠤ ᠪᠠᠷ ᠠᠩᠬᠢ ᠶᠢᠨ ᠠᠵᠢᠯ ᠢ ᠦᠷᠨᠢᠬᠦᠯᠵᠦ᠂ ᠰᠤᠷᠤᠬᠴᠢᠳ ᠲᠤ ᠪᠦᠬᠦ ᠲᠠᠯ᠎ᠠ ᠶᠢᠨ ᠬᠦᠮᠦᠵᠢᠯ᠂ ᠬᠠᠮᠢᠶᠠᠷᠤᠯᠳᠠ ᠪᠠ ᠵᠢᠯᠤᠭᠤᠳᠤᠯᠭ᠎ᠠ ᠬᠢᠵᠦ᠂ ᠲᠡᠳᠡᠨ ᠢ ᠬᠦᠰᠡᠯᠡᠩ ᠲᠠᠢ᠂ ᠶᠤᠰᠤ ᠮᠤᠷᠠᠯ ᠲᠠᠢ᠂ ᠰᠤᠶᠤᠯ ᠲᠠᠢ᠂ ᠰᠠᠬᠢᠯᠭ᠎ᠠ ᠪᠠᠳᠤ ᠲᠠᠢ᠂ ᠪᠡᠶ᠎ᠠ ᠴᠤᠬᠴᠠ ᠡᠷᠡᠬᠦᠯ ᠴᠢᠬᠢᠷᠠᠭ ᠠᠷᠠᠳ ᠢᠷᠭᠡᠨ ᠪᠤᠯᠭᠠᠨ ᠬᠦᠮᠦᠵᠢᠬᠦᠯᠬᠦ ᠬᠡᠷᠡᠭᠲᠡᠢ᠃     ᠠᠩᠬᠢ ᠶᠢᠨ ᠡᠷᠬᠢᠯᠡᠭᠴᠢ ᠶᠢᠨ ᠠᠵᠢᠯ ᠤᠨ ᠭᠤᠤᠯ ᠬᠠᠨᠳᠤᠰᠢ ᠪᠤᠯ ᠦᠵᠡᠯ ᠰᠠᠨᠠᠭ᠎ᠠ ᠬᠠᠶᠢᠷ᠎ᠠ ᠰᠡᠳᠬᠢᠯᠭᠡ ᠲᠠᠢ᠂ ᠨᠡᠶᠢᠭᠡᠮ ᠤᠨ ᠡᠯ᠎ᠠ ᠲᠠᠯ᠎ᠠ ᠶᠢᠨ ᠨᠦᠯᠦᠭᠡ ᠬᠦᠷᠲᠡᠵᠦ ᠪᠠᠶᠢᠭ᠎ᠠ ᠵᠠᠯᠠᠭᠤ ᠪᠠᠭᠠᠴᠤᠳ ᠢ ᠬᠦᠮᠦᠵᠢᠬᠦᠯᠬᠦ ᠶᠠᠪᠤᠳᠠᠯ ᠪᠤᠯᠤᠨ᠎ᠠ᠃ ᠠᠯᠢ ᠨᠢᠭᠡ ᠰᠤᠷᠤᠬᠴᠢ ᠶᠢᠨ ᠤᠳᠤᠮᠰᠢᠯ ᠤᠨ ᠬᠡᠪ ᠴᠢᠨᠡᠷ᠂ ᠰᠡᠳᠬᠢᠴᠡ ᠶᠢᠨ ᠤᠨᠴᠠᠯᠢᠭ᠂ ᠨᠡᠶᠢᠭᠡᠮ ᠤᠨ ᠤᠷᠴᠢᠨ ᠲᠤᠭᠤᠷᠢᠨ᠂ ᠭᠡᠷ ᠪᠦᠯᠢ ᠶᠢᠨ ᠬᠦᠮᠦᠵᠢᠯ ᠵᠡᠷᠭᠡ ᠪᠡᠶ᠎ᠠ ᠶᠢᠨ ᠴᠢᠷᠮᠠᠶᠢᠯᠭ᠎ᠠ ᠶᠢᠨ ᠬᠢᠷᠢ ᠬᠡᠮᠵᠢᠶ᠎ᠠ ᠨᠢ ᠪᠦᠷ ᠠᠳᠠᠯᠢ ᠦᠭᠡᠢ ᠪᠠᠶᠢᠳᠠᠭ᠃ ᠠᠳᠠᠯᠢ ᠦᠭᠡᠢ ᠤᠨᠴᠠᠯᠢᠭ ᠲᠠᠢ ᠰᠤᠷᠤᠬᠴᠢᠳ ᠢ ᠬᠦᠮᠦᠵᠢᠬᠦᠯᠦᠨ ᠪᠤᠶᠢᠵᠢᠭᠤᠯᠬᠤ ᠶᠠᠪᠤᠳᠠᠯ ᠲᠡᠭᠡᠷ᠎ᠠ ᠠᠩᠬᠢ ᠶᠢᠨ ᠡᠷᠬᠢᠯᠡᠭᠴᠢ ᠨᠢ ᠠᠵᠢᠯ ᠤᠨ ᠲᠤᠮᠳᠠ ᠪᠠᠨ ᠮᠠᠰᠢ ᠠᠷᠪᠢᠨ ᠠᠮᠢᠳᠤᠯᠢᠬ ᠠᠷᠭ᠎ᠠ ᠮᠠᠶ᠋ᠢᠭ ᠢ ᠰᠦᠪᠡᠭᠴᠢᠯᠡᠬᠦ ᠴᠢᠬᠤᠯᠠ ᠲᠠᠢ ᠶᠤᠮ᠃ ᠠᠩᠬᠢ ᠶᠢᠨ ᠡᠷᠬᠢᠯᠡᠭᠴᠢ ᠪᠤᠯᠤᠬᠰᠠᠳ ᠰᠤᠷᠤᠬᠴᠢ ᠪᠠᠨ ᠬᠠᠶᠢᠷᠠᠯᠠᠵᠤ᠂ ᠰᠤᠷᠤᠬᠴᠢ ᠪᠠᠨ ᠬᠦᠨᠲᠦᠳᠭᠡᠵᠦ ᠰᠤᠷᠤᠬᠴᠢᠳ ᠲᠠᠭᠠᠨ ᠴᠢᠩᠭ᠎ᠠ ᠱᠠᠭᠠᠷᠳᠠᠯᠭ᠎ᠠ ᠲᠠᠯᠪᠢᠬᠤ ᠮᠦᠷᠲᠡᠭᠡᠨ ᠪᠠᠰᠠ ᠬᠠᠯᠠᠮᠵᠢᠯᠠᠨ ᠬᠠᠷᠠᠭᠠᠯᠵᠠᠬᠤ ᠭᠡᠷᠡᠭᠲᠡᠢ᠃ ᠢᠯᠠᠩᠭᠤᠶ᠎ᠠ ᠦᠵᠡᠯ ᠰᠠᠨᠠᠭ᠎ᠠ ᠪᠠ ᠰᠤᠷᠤᠯᠭ᠎ᠠ ᠳᠠᠭᠠᠨ ᠪᠠᠷᠤᠭ ᠲᠠᠢ ᠰᠤᠷᠤᠬᠴᠢ ᠶᠢ ᠮᠦᠡᠭᠬᠦ ᠪᠠᠷ ᠲᠤᠷᠭᠠᠬᠤ ᠨᠢ ᠰᠠᠶᠢᠨ ᠶᠠᠪᠤᠳᠠᠯ ᠪᠢᠰᠢ᠂ ᠲᠡᠳᠡᠨ ᠤ ᠦᠵᠡᠯ ᠰᠠᠨᠠᠭ᠎ᠠ ᠰᠡᠳᠬᠢᠯᠭᠡ ᠶᠢ ᠤᠢᠢᠯᠠᠭᠠᠵᠤ᠂ ᠬᠦᠯᠢᠴᠡᠩᠬᠦᠢ ᠤᠳᠠᠭᠠᠨ ᠲᠠᠭᠠᠭᠠᠮᠠᠭᠠᠢ ᠪᠠᠷ ᠰᠤᠷᠭᠠᠨ ᠬᠦᠮᠦᠵᠢᠬᠦᠯᠬᠦ ᠪᠠ ᠵᠢᠭᠠᠨ ᠵᠢᠯᠤᠭᠤᠳᠴᠤ᠂ ᠬᠠᠮᠳᠤ ᠰᠤᠷᠤᠯᠭᠠᠳᠠᠨ ᠢᠶᠠᠨ ᠬᠦᠭᠡᠭᠡᠵᠦ ᠬᠦᠢᠴᠡᠬᠦ ᠠᠯᠬᠤᠴᠠ ᠶᠢ ᠨᠢ ᠲᠦᠷᠭᠡᠳᠭᠡᠬᠦ ᠭᠡᠷᠡᠭᠲᠡᠢ᠃ ᠠᠩᠬᠢ ᠶᠢᠨ ᠡᠷᠬᠢᠯᠡᠭᠴᠢ ᠶᠢᠨ ᠠᠵᠢᠯ ᠪᠤᠯ ᠦᠪᠡᠷ ᠤᠨ ᠮᠡᠳᠡᠯᠭᠡ ᠪᠠ ᠴᠢᠳᠠᠪᠤᠷᠢ᠂ ᠶᠤᠰᠤ ᠮᠤᠷᠠᠯ ᠪᠠ ᠤᠶᠤᠨ ᠤᠬᠠᠭᠠᠨ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠲᠠᠮᠵᠢᠭᠤᠯᠤᠨ ᠦᠢᠯᠡᠲᠦᠯ ᠦᠵᠡᠬᠦᠯᠬᠦ ᠶᠤᠮ᠃ ᠲᠡᠶᠢᠮᠦ ᠠᠴᠠ ᠠᠩᠬᠢ ᠶᠢᠨ ᠡᠷᠬᠢᠯᠡᠭᠴᠢ ᠦᠵᠡᠯ ᠰᠠᠨᠠᠭ᠎ᠠ᠂ ᠶᠤᠰᠤ ᠮᠤᠷᠠᠯ᠂ ᠪᠤᠯᠪᠠᠰᠤᠨ ᠦᠢᠯᠡ ᠠᠵᠢᠯᠯᠠᠭ᠎ᠠ ᠵᠡᠷᠭᠡ ᠲᠠᠯ᠎ᠠ ᠪᠠᠷ ᠰᠤᠷᠤᠬᠴᠢᠳ ᠲᠤ ᠦᠯᠢᠭᠡᠷ ᠲᠠᠭᠤᠷᠢᠶᠠᠯ ᠪᠤᠯᠬᠤ ᠪᠠᠷ ᠴᠢᠷᠮᠠᠶᠢᠬᠤ ᠭᠡᠷᠡᠭᠲᠡᠢ᠃ ᠪᠠᠰᠠ ᠠᠷᠠᠳᠴᠢᠯᠠᠯ᠂ ᠡᠷᠬᠡ ᠲᠡᠭᠰᠢ᠂ ᠡᠪ ᠨᠠᠶᠢᠷ ᠲᠠᠢ᠂ ᠠᠭᠤᠷ ᠠᠮᠢᠰᠬᠤᠯ ᠤᠨ ᠲᠤᠮᠳᠠ ᠠᠩᠬᠢ ᠶᠢᠨ ᠠᠵᠢᠯ ᠢᠶᠠᠨ ᠦᠷᠨᠢᠬᠦᠯᠵᠦ᠂ ᠬᠠᠶᠢᠷ᠎ᠠ ᠬᠠᠯᠠᠮᠵᠢ ᠪᠠᠷ ᠰᠤᠷᠤᠬᠴᠢᠳ ᠤᠨ ᠢᠶᠠᠨ ᠰᠡᠳᠬᠢᠯ ᠢ ᠨᠢ ᠬᠦᠳᠡᠯᠭᠡᠵᠦ ᠴᠢᠳᠠᠬᠰᠠᠨ ᠪᠠᠶᠢᠬᠤ ᠭᠡᠷᠡᠭᠲᠡᠢ᠃ ᠰᠤᠷᠤᠬᠴᠢᠳ ᠤᠨ ᠦᠪᠡᠷ ᠢ ᠪᠠᠨ ᠬᠠᠮᠢᠶᠠᠷᠬᠤ ᠶᠢ ᠡᠷᠬᠢᠮᠯᠡᠵᠦ᠂ ᠡᠵᠡᠨ ᠮᠡᠳᠡᠬᠦ ᠵᠤᠷᠢᠭ ᠰᠠᠨᠠᠭ᠎ᠠ ᠪᠠ ᠪᠡᠶ᠎ᠠ ᠪᠠᠨ ᠲᠠᠭᠠᠭᠠᠵᠤ ᠰᠡᠳᠬᠢᠬᠦ᠂ ᠦᠪᠡᠷ ᠢ ᠪᠠᠨ ᠬᠦᠮᠦᠵᠢᠬᠦᠯᠬᠦ ᠴᠢᠳᠠᠪᠤᠷᠢ ᠶᠢ ᠨᠢ ᠨᠡᠮᠡᠭᠳᠡᠬᠦᠯᠬᠦ ᠬᠡᠷᠡᠭᠲᠡᠢ᠃ ᠢᠡᠭᠬᠢᠪᠡᠯ ᠰᠠᠶ᠋ᠢ ᠲᠡᠳᠡᠭᠡᠷ ᠰᠠᠶᠢᠨ ᠰᠠᠶᠢᠬᠠᠨ ᠰᠤᠷᠭᠠᠨ ᠬᠦᠮᠦᠵᠢᠯ ᠤᠨ ᠤᠷᠴᠢᠨ ᠲᠤᠭᠤᠷᠢᠨ ᠢ ᠪᠤᠢ ᠪᠤᠯᠭᠠᠵᠤ᠂ ᠰᠤᠷᠤᠬᠴᠢᠳ ᠤᠨ ᠲᠤᠷ᠎ᠠ ᠪᠠᠬ᠎ᠠ ᠶᠢ ᠨᠢ ᠲᠠᠳᠠᠵᠤ᠂ ᠤᠯᠠᠮ ᠴᠢᠷᠮᠠᠶᠢᠨ ᠰᠤᠷᠤᠯᠴᠠᠳᠠᠭ ᠪᠤᠯᠭᠠᠵᠤ ᠴᠢᠳᠠᠨ᠎ᠠ᠃     ᠵᠣᠬᠢᠶᠠᠭᠴᠢ᠄ ᠪᠠ᠊ · ᠤᠳᠽᠠᠷ     ᠨᠠᠶᠢᠷᠠᠭᠤᠯᠤᠭᠴᠢ᠄ ᠰᠤᠳᠤᠨ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号