ᠪᠠᠭᠰᠢ ᠶᠢᠨ ᠮᠤᠷᠠᠯ ᠪᠠᠭᠰᠢ ᠶᠢᠨ ᠰᠤᠷᠲᠠᠯ ᠢ ᠬᠥᠮᠦᠵᠢᠭᠦᠯᠬᠦ ᠶᠢ ᠴᠢᠬᠤᠯᠠᠴᠢᠯᠠᠬᠤ ᠬᠡᠷᠡᠭᠲᠡᠶ
ᠨᠡᠶᠢᠲᠡᠯᠡᠭᠰᠡᠨ ᠴᠠᠭ᠄
2020/12/19
    12 ᠰᠠᠷ᠎ᠠ ᠶᠢᠨ 3 ᠤ ᠡᠳᠦᠷ᠂ ᠮᠠᠨ ᠤ ᠬᠤᠲᠠ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠤᠷᠴᠢᠨ ᠠᠬᠤᠶ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠠᠷᠭ᠎ᠠ︾ ᠳᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠵᠦ᠂ 20 ᠵᠤᠷᠪᠤᠰ ᠬᠤᠷᠢᠭ᠎ᠠ ᠴᠠᠭᠠᠵᠠ ᠲᠠᠢ ᠬᠠᠯᠳᠠᠵᠤ ᠪᠣᠯᠬᠤ ᠥᠬᠡᠶ ᠭᠡᠵᠦ ᠴᠢᠬᠤᠯᠠᠴᠢᠯᠠᠪᠠ᠃     ᠮᠠᠨ ᠤ ᠤᠯᠤᠰ ᠤᠨ ᠡᠷᠲᠡᠨ ᠤ ᠠᠯᠳᠠᠷᠲᠤ ᠪᠣᠳᠣᠯᠭᠠᠲᠠᠨ ᠬᠠᠨ ᠢᠦᠶ᠄ ︽ᠪᠠᠭᠰᠢ ᠪᠣᠯᠪᠠᠰᠤ ᠵᠦᠪᠬᠡᠨ ᠮᠡᠳᠡᠯᠭᠡ ᠤᠯᠠᠮᠵᠢᠯᠠᠬᠤ ᠪᠤᠰᠤ᠂ ᠰᠤᠷᠤᠭᠴᠢᠳ ᠲᠤ ᠬᠥᠮᠦᠨ ᠪᠣᠯᠬᠤ ᠶᠣᠰᠣ ᠤᠴᠢᠷ ᠢ ᠵᠢᠭᠠᠨ ᠦᠭᠴᠤ᠂ ᠲᠤᠬᠠᠶᠢᠯᠠᠪᠠᠯ ︿ᠵᠢᠭᠠᠨ ᠰᠤᠷᠭᠠᠬᠤ ᠪᠠᠷ ᠬᠥᠮᠦᠨ ᠢ ᠬᠥᠮᠦᠵᠢᠭᠦᠯᠤᠮᠤᠢ﹀︾ ᠭᠡᠵᠡᠢ᠃ ᠮᠡᠳᠡᠯᠭᠡ ᠦᠯᠡᠮᠵᠢ ᠪᠤᠯᠪᠠᠰᠤ ᠪᠠᠭᠰᠢ ᠪᠤᠯᠵᠤ᠂ ᠰᠤᠷᠳᠠᠯ ᠲᠦᠪ ᠪᠤᠯᠪᠠᠰᠤ ᠵᠢᠱᠢᠶ᠎ᠡ ᠪᠤᠯᠤᠮᠤᠢ᠃ ᠪᠠᠭᠰᠢ ᠪᠣᠯᠤᠭᠰᠠᠳ ᠰᠤᠷᠭᠠᠨ ᠬᠥᠮᠦᠵᠢᠬᠦᠯᠬᠦ ᠵᠢᠭᠠᠨ ᠰᠤᠷᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠬᠥᠮᠦᠵᠢᠭᠦᠯᠬᠦ ᠶᠢ ᠨᠡᠩ ᠴᠢᠬᠤᠯᠠᠴᠢᠯᠠᠬᠤ ᠬᠡᠷᠡᠭᠲᠡᠢ᠃     ᠪᠠᠭᠰᠢ ᠶᠢᠨ ᠶᠣᠰᠣ ᠮᠣᠷᠠᠯ ᠭᠡᠳᠡᠭ ᠨᠢ ᠳᠠᠷᠤᠶ ᠪᠠᠭᠰᠢ ᠶᠢᠨ ᠪᠦᠷᠢᠯᠳᠦᠭᠦᠯᠦᠭᠰᠡᠨ ᠬᠠᠮᠤᠭ ᠤᠨ ᠦᠨᠳᠦᠰᠦᠨ ᠶᠣᠰᠣ ᠰᠤᠷᠲᠠᠬᠤᠨ ᠤ ᠬᠡᠪ ᠪᠣᠯᠪᠠᠰᠤᠷᠠᠯ ᠪᠣᠯᠤᠨ᠎ᠠ︔ ᠪᠠᠭᠰᠢ ᠶᠢᠨ ᠰᠤᠷᠲᠠᠯ ᠪᠣᠯ ᠪᠠᠭᠰᠢ ᠶᠢᠨ ᠠᠵᠢᠯ ᠲᠦᠷᠦᠯ ᠤᠨ ᠬᠡᠪ ᠰᠤᠷᠲᠠᠯ ᠮᠥᠨ᠃ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠪᠤᠰᠤᠳ ᠲᠤ ᠬᠡᠪ ᠳᠠᠭᠤᠷᠢᠶᠠᠯ ᠦᠵᠡᠭᠦᠯᠬᠦ᠂ ᠬᠠᠯᠠᠰᠢᠷᠡᠯ ᠦᠭᠡᠢ ᠵᠢᠭᠠᠨ ᠰᠤᠷᠭᠠᠬᠤ᠂ ᠢᠯᠭᠠᠯ ᠦᠭᠡᠢ ᠵᠢᠭᠠᠨ ᠰᠤᠷᠭᠠᠬᠤ ᠨᠢ ᠪᠦᠷ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠣᠳᠠᠲᠠᠢ ᠢᠯᠡᠷᠡᠯ ᠪᠣᠯᠤᠨ᠎ᠠ᠃ ᠪᠢᠳᠡᠨ ᠤ ᠮᠡᠳᠡᠭᠡᠵᠢ ᠪᠠᠷ ᠪᠣᠳᠠᠲᠤ ᠠᠮᠢᠳᠤᠷᠠᠯ ᠳᠤᠮᠳᠠ᠂ ᠬᠥᠮᠦᠨ ᠨᠢᠭᠡ ᠪᠦᠷᠢ ᠶᠢᠨ ᠦᠢᠯᠡ ᠠᠵᠢᠯᠯᠠᠭ᠎ᠠ ᠨᠢ ᠴᠥᠮ ᠬᠠᠤᠯᠢ ᠴᠠᠭᠠᠵᠠ ᠪᠠ ᠶᠣᠰᠣ ᠰᠤᠷᠲᠠᠬᠤᠨ ᠤ ᠬᠢᠵᠠᠭᠠᠷᠯᠠᠯ ᠢ ᠬᠦᠯᠢᠶᠡᠳᠡᠭ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠣᠯ ᠶᠣᠰᠣ ᠮᠣᠷᠠᠯ ᠤᠨ ᠠᠶ ᠳᠤ ᠬᠠᠷᠢᠶᠠᠯᠠᠭᠳᠠᠵᠤ᠂ ᠲᠡᠷᠡ ᠨᠢ ᠶᠡᠷᠦ ᠨᠢ ᠦᠪᠡᠷ ᠢ ᠪᠠᠨ ᠱᠠᠭᠠᠷᠳᠠᠬᠤ ᠠᠵᠢᠯᠯᠠᠭ᠎ᠠ ᠪᠣᠯᠤᠨ᠎ᠠ᠃ ᠪᠠᠭᠰᠢ ᠪᠣᠯᠤᠭᠰᠠᠳ ᠰᠠᠶᠢᠨ ᠰᠠᠶᠢᠬᠠᠨ ᠶᠣᠰᠣ ᠰᠤᠷᠳᠠᠬᠤᠨ ᠤ ᠬᠡᠪ ᠴᠢᠨᠠᠷ ᠢ ᠪᠦᠷᠢᠯᠳᠦᠭᠦᠯᠪᠡᠯ ᠰᠠᠶ᠋ᠢ ᠬᠡᠪ ᠳᠠᠭᠤᠷᠢᠶᠠᠯ ᠦᠵᠡᠬᠦᠯᠬᠦ ᠬᠢᠷᠢ ᠬᠡᠮ ᠲᠠᠢ ᠪᠤᠯᠵᠤ᠂ ᠰᠤᠷᠤᠭᠴᠢᠳ ᠢ ᠨᠠᠩ ᠰᠠᠶᠢᠨ ᠵᠢᠭᠠᠨ ᠰᠤᠷᠭᠠᠵᠤ ᠬᠥᠮᠦᠵᠢᠭᠦᠯᠵᠦ ᠴᠢᠳᠠᠨ᠎ᠠ᠃ ᠡᠶᠢᠮᠦ ᠠᠴᠠ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠨᠢ ᠣᠷᠣᠰᠢᠨ ᠲᠣᠭᠲᠠᠨᠢᠬᠤ ᠶᠢᠨ ᠦᠨᠳᠦᠰᠦ ᠪᠣᠯᠤᠭᠰᠠᠨ ᠤ ᠬᠤᠪᠢ ᠳᠤ ᠪᠠᠭᠰᠢ ᠶᠢᠨ ᠬᠠᠮᠤᠭ ᠤᠨ ᠴᠢᠬᠤᠯᠠ ᠬᠡᠪ ᠪᠣᠯᠪᠠᠰᠤᠷᠠᠯ ᠪᠣᠯᠬᠤ ᠶᠤᠮ᠃     ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠦ ᠪᠠᠭᠰᠢ ᠶᠢᠨ ᠰᠤᠷᠲᠠᠯ ᠤᠨ ᠪᠠᠷᠢᠮᠵᠢᠶ᠎ᠠ ᠶᠢ ᠲᠣᠭᠲᠠᠭᠠᠵᠤ ᠪᠠᠭᠰᠢ ᠶᠢ ᠵᠢᠷᠤᠮᠵᠢᠭᠤᠯᠳᠠᠭ ᠪᠣᠯᠪᠠᠴᠤ ᠣᠨᠴᠠ ᠵᠠᠷᠢᠮ ᠪᠠᠭᠰᠢ ᠮᠦᠨ ᠯᠡ ᠳᠦᠷᠢᠮ ᠠᠴᠠ ᠵᠦᠷᠢᠴᠡᠵᠦ ᠪᠠᠶᠢᠨ᠎ᠠ᠃ ᠪᠠᠭᠰᠢ ᠪᠤᠯ ᠰᠤᠷᠤᠭᠴᠢᠳ ᠤᠨ ᠰᠤᠷᠤᠯᠴᠠᠯᠭ᠎ᠠ ᠶᠢᠨ ᠵᠠᠮᠴᠢ᠂ ᠠᠮᠢᠳᠤᠷᠠᠯ ᠤᠨ ᠵᠢᠯᠣᠭᠤᠳᠤᠭᠴᠢ᠂ ᠠᠮᠢᠳᠤᠷᠠᠯ ᠤᠨ ᠠᠶᠠᠨ ᠤ ᠵᠦᠭᠯᠡᠭᠦᠷ ᠪᠣᠯᠬᠤ ᠶᠣᠰᠤ ᠲᠠᠢ᠂ ᠬᠠᠷᠢᠨ ᠨᠠᠷᠢᠨ ᠬᠢᠨᠠᠮᠠᠭᠠᠶ ᠵᠢᠭᠠᠨ ᠰᠤᠷᠭᠠᠬᠤ ᠦᠭᠡᠢ᠂ ᠰᠤᠷᠤᠭᠴᠢᠳ ᠢ ᠲᠠᠮᠤᠯᠠᠵᠤ ᠭᠠᠳᠠᠭᠤᠷᠴᠢᠯᠠᠨ᠂ ᠭᠡᠷ ᠤᠨ ᠠᠬᠠᠮᠠᠳ ᠤᠨ ᠡᠳ᠋ ᠪᠣᠳᠠᠰ ᠢ ᠳᠤᠷ᠎ᠠ ᠪᠠᠷ ᠠᠪᠴᠤ᠂ ᠰᠤᠷᠭᠠᠭᠤᠯᠢ ᠶᠢᠨ ᠭᠠᠳᠠᠨ᠎ᠠ ᠲᠥᠯᠥᠪᠦᠷᠢ ᠲᠠᠢ ᠪᠠᠷ ᠬᠢᠴᠢᠶᠡᠯ ᠨᠥᠬᠦᠪᠥᠷᠢᠯᠡᠵᠦ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠲᠠᠶᠠᠭᠳᠠᠵᠤ ᠪᠠᠶᠢᠭ᠎ᠠ ᠪᠠᠭᠰᠢ ᠨᠠᠷ ᠯᠠᠪᠳᠠᠢ ᠰᠤᠷᠤᠭᠴᠢ᠂ ᠭᠡᠷ ᠤᠨ ᠠᠬᠠᠮᠠᠳ ᠵᠢᠴᠢ ᠨᠡᠶᠢᠭᠡᠮ ᠤᠨ ᠬᠦᠨᠳᠦᠳᠬᠡᠯ ᠪᠠ ᠢᠲᠡᠭᠡᠯ ᠢ ᠤᠯᠬᠤ ᠦᠭᠡᠢ ᠶᠤᠮ᠃     ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠬᠥᠮᠦᠵᠢᠭᠦᠯᠬᠦ ᠪᠣᠯ ᠨᠢᠭᠡᠨ ᠤᠷᠳᠤ ᠬᠤᠭᠤᠴᠠᠭᠠᠨ ᠤ ᠰᠢᠰᠲ᠋ᠧᠮᠲᠦ ᠢᠨᠵᠧᠨᠧᠷᠢᠩ ᠮᠥᠨ᠃ ᠭᠠᠷ ᠲᠤ ᠪᠠᠨ ᠣ ᠶᠢᠨ ᠪᠢᠷ ᠠᠳᠬᠤᠵᠤ᠂ ᠺᠦᠩᠽᠢ ᠮᠧᠩᠽᠢ ᠯᠣᠣᠽᠢ ᠵᠤᠸᠠᠩᠽᠢ ᠶᠢᠨ ᠡᠷᠳᠡᠮ ᠮᠡᠳᠡᠯᠭᠡ ᠶᠢ ᠤᠯᠠᠮᠵᠢᠯᠠᠨ᠎ᠠ︔ ᠬᠢᠴᠢᠶᠡᠯ ᠤᠨ ᠳᠠᠩᠬᠢᠮ ᠤᠨ ᠲᠠᠶᠢᠰᠠᠨ᠎ᠠ ᠵᠣᠭᠰᠣᠵᠤ᠂ ᠯᠢ ᠪᠠᠢ᠂ ᠳ᠋ᠦ᠋ ᠹᠦ᠋᠂ ᠬᠠᠨ ᠢᠦᠢ᠂ ᠯᠢᠦ ᠽᠦᠩ ᠶᠤᠸᠠᠨ ᠤ ᠤᠷᠠᠨ ᠵᠤᠬᠢᠶᠠᠯ ᠰᠢᠯᠦᠭ ᠢ ᠤᠯᠠᠮᠵᠢᠯᠠᠨ᠎ᠠ᠃ ᠪᠠᠭᠰᠢ ᠪᠣᠯᠤᠭᠰᠠᠳ ᠡᠩ ᠲᠡᠷᠢᠭᠦᠨ ᠳᠤ ᠬᠢᠴᠢᠶᠡᠯ ᠢᠶᠠᠨ ᠰᠠᠶᠢᠳᠤᠷ ᠪᠡᠯᠡᠳᠬᠡᠵᠦ᠂ ᠦᠢᠯᠡᠴᠢᠯᠡᠬᠦ ᠰᠡᠳᠬᠢᠯᠭᠡ ᠡᠪᠦᠷᠯᠡᠮᠡᠨᠵᠢᠨ ᠰᠠᠶ᠋ᠢ ᠴᠢᠷᠠᠢ ᠨᠢᠭᠤᠷ ᠲᠤ ᠨᠢ ᠢᠨᠢᠶᠡᠮᠰᠦᠭᠯᠡᠯ ᠳᠤᠳᠤᠷᠠᠳᠠᠭ᠃     ᠣᠳᠣ ᠶᠢᠨ ᠴᠠᠭ ᠦᠶ᠎ᠡ ᠳᠤ ᠪᠠᠭᠰᠢ ᠨᠠᠷ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠢᠳᠡᠪᠬᠢ ᠲᠠᠢ ᠰᠦᠪᠡᠭᠴᠢᠯᠡᠨ᠂ ᠰᠤᠷᠭᠠᠨ ᠬᠥᠮᠦᠵᠢᠯ ᠤᠨ ᠦᠵᠡᠯᠲᠡ ᠪᠠᠨ ᠰᠢᠨᠡᠳᠬᠡᠵᠦ᠂ ᠵᠢᠭᠠᠨ ᠰᠤᠷᠭᠠᠬᠤ ᠠᠭᠤᠯᠭ᠎ᠠ᠂ ᠠᠷᠭ᠎ᠠ ᠪᠠᠷᠢᠯ᠂ ᠠᠷᠭ᠎ᠠ ᠬᠡᠮᠵᠢᠶ᠎ᠡ ᠳᠤ ᠥᠭᠡᠷᠡᠴᠢᠯᠡᠯᠲᠡ ᠬᠢᠵᠦ᠂ ᠰᠤᠷᠤᠭᠴᠢ ᠨᠢᠭᠡ ᠪᠦᠷᠢ᠂ ᠬᠢᠴᠢᠶᠡᠯ ᠤᠨ ᠲᠠᠩᠬᠢᠮ ᠨᠢᠭᠡ ᠪᠦᠷᠢ᠂ ᠵᠢᠭᠠᠨ ᠰᠤᠷᠭᠠᠯᠲᠠ ᠶᠢᠨ ᠵᠢᠵᠢᠭ ᠭᠤᠭᠴᠤᠭ᠎ᠠ ᠨᠢᠭᠡ ᠪᠦᠷᠢ ᠳᠤ ᠬᠠᠨᠳᠤᠭᠤᠯᠵᠤ᠂ ᠰᠤᠷᠤᠭᠴᠢᠳ ᠤᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠴᠢᠬᠤᠯᠠᠴᠢᠯᠠᠨ ᠬᠥᠮᠦᠵᠢᠭᠦᠯᠵᠦ᠂ ᠰᠤᠷᠤᠭᠴᠢᠳ ᠤᠨ ᠪᠦᠲᠦᠭᠡᠯᠴᠢ ᠰᠡᠳᠬᠢᠬᠦᠶ ᠶᠢ ᠵᠣᠷᠢᠭᠵᠢᠭᠤᠯᠤᠨ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠳᠤᠷ᠎ᠠ ᠰᠣᠨᠢᠷᠬᠠᠯ ᠪᠠ ᠳᠠᠯᠳᠠ ᠴᠢᠳᠠᠪᠤᠷᠢ ᠶᠢ ᠨᠢ ᠠᠭᠤᠳᠠᠯᠤᠭᠰᠠᠨ ᠰᠠᠭᠤᠷᠢᠨ ᠳᠡᠭᠡᠷ᠎ᠡ ᠪᠦᠬᠦ ᠲᠠᠯ᠎ᠠ ᠪᠠᠷ ᠬᠥᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠰᠠᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠬᠡ ᠶᠢᠨ ᠴᠢᠳᠠᠪᠤᠷᠢ ᠲᠠᠢ ᠨᠢᠭᠡᠨ ᠦᠶ᠎ᠡ ᠶᠢᠨ ᠰᠢᠨ᠎ᠡ ᠬᠥᠮᠦᠰ ᠢ ᠴᠢᠷᠮᠠᠶᠢᠨ ᠬᠥᠮᠦᠵᠢᠭᠦᠯᠬᠦ ᠬᠡᠷᠡᠭᠲᠡᠶ᠃     ᠬᠠᠶᠢᠷ᠎ᠠ ᠬᠢᠭᠡᠳ ᠬᠠᠷᠢᠭᠤᠴᠠᠯᠭ᠎ᠠ ᠪᠣᠯ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠰᠦᠭ ᠰᠦᠨᠡᠰᠦ ᠮᠥᠨ ᠂ ᠤᠴᠢᠷ ᠨᠢ ᠬᠠᠶᠢᠷ᠎ᠠ ᠦᠭᠡᠢ ᠪᠣᠯ ᠰᠤᠷᠭᠠᠨ ᠬᠥᠮᠦᠵᠢᠯ ᠪᠠᠶᠢᠵᠤ ᠴᠢᠳᠠᠬᠤ ᠦᠭᠡᠢ᠃ ᠲᠤᠤ ᠰᠢᠩ ᡁᠢ ᠬᠠᠶᠢᠷ᠎ᠠ ᠶᠢ ᠳᠡᠯᠡᠬᠡᠢ ᠳ᠋ᠠᠬᠢᠨ ᠳᠤ ᠪᠢᠯᠬᠠᠭᠤᠯᠬᠤ ᠶᠢ ᠰᠠᠨᠠᠭᠠᠴᠢᠯᠠᠵᠤ᠂ ᠯᠦ ᠰᠢᠶᠦ᠋ᠨ ᠰᠤᠷᠭᠠᠨ ᠬᠥᠮᠦᠵᠢᠯ ᠢ ᠬᠠᠶᠢᠷ᠎ᠠ ᠳᠤ ᠦᠨᠳᠦᠰᠦᠯᠡᠭᠦᠯᠬᠦ ᠶᠢ ᠴᠢᠬᠤᠯᠠᠴᠢᠯᠠᠪᠠ᠃ ᠪᠠᠭᠰᠢ ᠪᠣᠯᠤᠭᠰᠠᠳ ᠰᠤᠷᠤᠭᠴᠢᠳ ᠢ ᠠᠪᠤ ᠡᠵᠢ ᠨᠢ ᠰᠢᠭ ᠬᠠᠯᠠᠮᠵᠢᠯᠠᠨ ᠬᠠᠶᠢᠷᠠᠯᠠᠵᠤ᠂ ᠬᠦᠨᠳᠦᠳᠬᠡᠨ᠂ ᠢᠲᠡᠭᠡᠵᠦ᠂ ᠣᠶᠢᠯᠠᠭᠠᠨ᠂ ᠬᠠᠶᠢᠷ᠎ᠠ ᠪᠠᠨ ᠪᠦᠬᠦ ᠰᠤᠷᠤᠭᠴᠢᠳ ᠲᠤ ᠲᠦᠭᠡᠭᠡᠬᠦ ᠬᠡᠷᠡᠭᠲᠡᠶ᠃ ᠪᠠᠭᠰᠢ ᠨᠠᠷ ᠲᠡᠳᠡᠭᠡᠷ ᠵᠡᠮᠳᠡᠭ ᠰᠤᠷᠤᠭᠴᠢ᠂ ᠭᠡᠷ ᠪᠦᠯᠢ ᠨᠢ ᠬᠦᠴᠢᠷᠲᠡᠢ ᠰᠤᠷᠤᠭᠴᠢ᠂ ᠭᠡᠷ ᠲᠤ ᠪᠠᠨ ᠦᠯᠡᠳᠡᠵᠦ ᠬᠤᠴᠤᠷᠤᠭᠰᠠᠨ ᠰᠤᠷᠤᠭᠴᠢᠳ ᠢ ᠨᠡᠩ ᠬᠠᠶᠢᠷᠠᠯᠠᠨ ᠬᠠᠯᠠᠮᠵᠢᠯᠠᠵᠤ᠂ ᠲᠡᠳᠡᠨ ᠤ ᠤᠷᠤᠭᠰᠢᠯᠠᠬᠤ ᠵᠠᠮ ᠢ ᠨᠢ ᠭᠡᠷᠡᠯᠲᠦᠭᠦᠯᠵᠦ ᠦᠭᠬᠦ ᠬᠡᠷᠡᠭᠲᠡᠢ᠃     ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠬᠥᠮᠦᠵᠢᠭᠦᠯᠬᠦ ᠳᠤ ᠦᠪᠡᠷ ᠤᠨ ᠤᠬᠠᠮᠰᠠᠷ ᠡᠷᠬᠢᠮ ᠪᠠᠶᠢᠳᠠᠭ᠃ ᠬᠡᠪ ᠪᠣᠯᠪᠠᠰᠤᠷᠠᠯ ᠪᠣᠯ ᠪᠠᠭᠰᠢ ᠪᠣᠯᠤᠭᠰᠠᠳ ᠤᠨ ᠥᠪᠡᠷ ᠤᠨ ᠪᠡᠶ᠎ᠡ ᠳᠤ ᠪᠠᠨ ᠬᠢᠬᠦ ᠬᠥᠮᠦᠵᠢᠯ ᠪᠠᠶᠢᠵᠤ᠂ ᠲᠠᠰᠤᠷᠠᠯᠲᠠ ᠦᠭᠡᠢ ᠰᠤᠷᠤᠯᠴᠠᠨ᠂ ᠲᠠᠰᠤᠷᠠᠯᠲᠠ ᠦᠭᠡᠢ ᠳᠠᠪᠲᠠᠨ ᠪᠣᠯᠪᠠᠰᠤᠷᠠᠬᠤ ᠠᠴᠠ ᠭᠠᠳᠠᠨ᠎ᠠ ᠨᠡᠩ ᠴᠤ ᠲᠠᠰᠤᠷᠠᠯᠲᠠ ᠦᠭᠡᠢ ᠥᠪᠡᠷ ᠢ ᠪᠠᠨ ᠬᠢᠨᠠᠵᠤ ᠤᠷᠲᠤ ᠬᠤᠭᠤᠴᠠᠭ᠎ᠠ ᠪᠠᠷ ᠪᠡᠶᠡᠴᠢᠯᠡᠨ ᠬᠢᠬᠦ ᠴᠢᠬᠤᠯᠠ ᠲᠠᠢ᠃ ᠪᠠᠭᠰᠢ ᠨᠠᠷ ᠬᠠᠤᠯᠢ ᠶᠣᠰᠣᠭᠠᠷ ᠪᠠᠭᠰᠢᠯᠠᠬᠤ ᠪᠠᠭᠰᠢ ᠶᠢᠨ ᠶᠣᠰᠣ ᠮᠣᠷᠠᠯ ᠤᠨ ᠬᠢᠵᠠᠭᠠᠷ ᠱᠤᠭᠤᠮ ᠢ ᠬᠢᠴᠢᠶᠡᠩᠭᠦ᠋ᠢᠯᠡᠨ ᠰᠠᠬᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠠᠶᠢᠨ ᠪᠠᠭᠰᠢ ᠪᠣᠯᠬᠤ ᠶᠢ ᠬᠦᠰᠡᠨᠡᠮ᠃     ᠵᠣᠬᠢᠶᠠᠭᠴᠢ᠄ ᠯᠢ ᠵᠧᠨ ᠢᠦᠢ     ᠨᠠᠶᠢᠷᠠᠭᠤᠯᠤᠭᠴᠢ᠄ ᠨᠠᠷᠠᠨᠮᠠᠨᠳᠤᠯ᠎ᠠ
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号