ᠰᠦᠩᠱᠠᠨ ᠲᠣᠭᠤᠷᠢᠭ ᠤᠨ 2020 ᠣᠨ ᠤ 1-10 ᠰᠠᠷ᠎ᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2020/12/31
    ᠨᠢᠭᠡ᠂ ᠰᠦᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ     ︵ᠨᠢᠭᠡ︶ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠠᠴᠠ ᠦᠵᠡᠪᠡᠯ     500 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠤᠨ ᠪᠠᠷᠢᠯᠭ᠎ᠠ 137 ᠪᠣᠯᠵᠣ᠂ ᠪᠡᠯᠡ ᠣᠷᠤᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠪᠠ᠃ ᠡᠭᠦᠨ ᠳᠤ 500 - 5000 ᠲᠦᠮᠡᠨ ᠲᠥᠭᠦᠷᠢᠭ ᠤᠨ ᠲᠥᠷᠥᠯ ᠵᠦᠶ᠋ᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.1% ᠪᠠᠷ ᠪᠠᠭᠤᠷᠠᠪᠠ᠃ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13.6% ᠪᠠᠷ ᠪᠠᠭᠤᠷᠠᠪᠠ᠃ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠪᠡ᠃     ︵ᠬᠤᠶᠠᠷ︶ ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ     2020 ᠣᠨ ᠤ 1-10 ᠳ᠋ᠦᠭᠡᠷ ᠰᠠᠷ᠎ᠠ ᠳᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠳᠣᠲᠣᠷ᠎ᠠ ᠪᠠᠷᠢᠯᠭ᠎ᠠ ᠶᠢᠨ ᠤᠭᠰᠠᠷᠠᠬᠤ ᠢᠨᠵᠧᠨᠧᠷᠢᠩ ᠨᠢ ᠠᠳᠠᠯᠢ ᠬᠤᠭᠤᠴᠠᠭᠠᠨ ᠤ ᠬᠢ ᠠᠴᠠ 25.3% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 65.3% ᠶᠢ ᠡᠵᠡᠯᠡᠪᠡ᠂ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠨᠢ ᠠᠳᠠᠯᠢ ᠬᠤᠭᠤᠴᠠᠭᠠᠨ ᠤ ᠬᠢ ᠠᠴᠠ 39.6% ᠪᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 1% ᠶᠢ ᠡᠵᠡᠯᠡᠪᠡ᠂ ᠪᠤᠰᠤᠳ ᠵᠠᠷᠤᠳᠠᠯ ᠨᠢ ᠠᠳᠠᠯᠢ ᠬᠤᠭᠤᠴᠠᠭᠠᠨ ᠤ ᠬᠢ ᠠᠴᠠ 30.6% ᠪᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 33.7% ᠶᠢ ᠡᠵᠡᠯᠡᠪᠡ᠃     ︵ᠭᠤᠷᠪᠠ︶ ᠭᠤᠷᠪᠠᠨ ᠠᠵᠤ ᠦᠢᠯᠡᠰ ᠠᠴᠠ ᠦᠵᠡᠪᠡᠯ     2020 ᠣᠨ ᠤ 1 - 10 ᠳ᠋ᠦᠭᠡᠷ ᠰᠠᠷ᠎ᠠ ᠳᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠠᠬᠢ ᠨᠢᠭᠡᠳᠦᠭᠡᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.3% ᠪᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 0.5% ᠶᠢ ᠡᠵᠡᠯᠡᠪᠡ᠂ ᠬᠤᠶᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29.7% ᠪᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 5.9% ᠶᠢ ᠡᠵᠡᠯᠡᠪᠡ᠂ ᠭᠤᠷᠪᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 93.6% ᠶᠢ ᠡᠵᠡᠯᠡᠪᠡ᠃     ᠬᠤᠶᠠᠷ᠂ ᠪᠠᠯᠠ ᠣᠷᠣᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ     ︵ᠨᠢᠭᠡ︶ ᠴᠢᠬᠤᠯᠠ ᠶᠡᠭᠡ ᠲᠥᠷᠥᠯ ᠵᠦᠶ᠋ᠯ ᠤᠨ ᠲᠤᠯᠭᠠᠭᠤᠷᠢᠯᠠᠯ ᠬᠦᠷᠦᠯᠴᠡᠬᠦ ᠥᠬᠡᠶ     2020 ᠣᠨ ᠤ 1 - 10 ᠳ᠋ᠦᠭᠡᠷ ᠰᠠᠷ᠎ᠠ ᠳᠤ᠂ 5000 ᠲᠦᠮᠡ ᠠᠴᠠ ᠳᠡᠭᠡᠭᠰᠢᠬᠢ ᠲᠥᠷᠥᠯ ᠵᠦᠶ᠋ᠯ 48 ᠪᠠᠶᠢᠵᠤ᠂ ᠮᠠᠨ ᠤ ᠲᠣᠭᠤᠷᠢᠭ ᠤᠨ 5000 ᠲᠦᠮᠡ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠶ᠋ᠯ ᠨᠢ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢᠨ 17.3% ᠶᠢ ᠡᠵᠡᠯᠡᠪᠡ᠃ ᠣᠳᠣᠬᠠᠨ ᠳᠤ ᠮᠠᠨ ᠤ ᠲᠣᠭᠤᠷᠢᠭ ᠲᠤ ᠳᠠᠶᠢᠴᠢᠯᠠᠬᠤ ᠬᠦᠴᠦᠨ ᠢᠶᠠᠷ ᠶᠡᠭᠡ᠂ ᠵᠢᠱᠢᠶ᠎ᠡ ᠦᠵᠡᠭᠦᠯᠬᠦ ᠨᠥᠯᠥᠭᠡᠯᠡᠬᠦ ᠦᠢᠯᠡᠳᠦᠯ ᠢᠶᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠳᠤᠲᠠᠭᠳᠠᠵᠤ ᠪᠠᠶᠢᠨ᠎ᠠ᠃     ︵ᠬᠤᠶᠠᠷ︶ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠰᠡᠯᠭᠦᠬᠦ ᠬᠦᠴᠦ ᠬᠠᠷᠢᠴᠠᠩᠭᠤᠶ ᠪᠠᠷ ᠳᠤᠲᠠᠮᠠᠭ     ᠪᠦᠬᠦ ᠲᠣᠭᠤᠷᠢᠭ ᠤᠨ ᠲᠥᠷᠥᠯ ᠵᠦᠢᠯ ᠤᠨ ᠨᠥᠭᠡᠴᠡᠯᠡᠭᠰᠡᠨ ᠪᠠᠶᠢᠳᠠᠯ ᠠᠴᠠ ᠦᠵᠡᠪᠡᠯ᠂ ᠶᠡᠷᠦᠩᠬᠡᠶ ᠳᠤᠨᠢ ᠠᠪᠴᠤ ᠬᠡᠯᠡᠪᠡᠯ ᠮᠠᠨ ᠤ ᠲᠣᠭᠤᠷᠢᠭ ᠲᠣᠮᠣ ᠲᠥᠷᠥᠯ ᠵᠦᠢᠯ ᠴᠥᠭᠡᠨ᠂ ᠨᠥᠯᠥᠭᠡ ᠪᠠᠷ ᠠᠯᠤᠰ ᠬᠡᠳᠦ ᠶᠢᠨ᠂ ᠲᠤᠯᠭᠠᠭᠤᠷᠢᠯᠠᠬᠤ ᠬᠦᠴᠦᠨ ᠢᠶᠠᠷ ᠴᠢᠩᠭ᠎ᠠ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠦᠷ᠎ᠡ ᠪᠦᠲᠦᠮᠵᠢ ᠪᠠᠷ ᠢᠯᠡᠷᠬᠡᠶ ᠴᠢᠬᠤᠯᠠ ᠶᠡᠭᠡ ᠲᠥᠷᠥᠯ ᠵᠦᠢᠯ ᠢᠯᠠᠩᠭᠤᠶ᠎ᠠ 5 ᠳ᠋ᠦᠩᠰᠢᠭᠤᠷ ᠠᠴᠠ ᠳᠡᠭᠡᠭᠰᠢᠬᠢ ᠲᠣᠮᠣ ᠲᠥᠷᠥᠯ ᠵᠦᠢᠯ ᠴᠥᠭᠡᠨ ᠪᠠᠶᠢᠵᠤ᠂ ᠪᠡᠯᠡ ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠢᠶᠠᠷ ᠬᠢᠵᠠᠭᠠᠷ ᠲᠠᠢ ᠪᠠᠶᠢᠨ᠎ᠠ᠃     ᠭᠤᠷᠪᠠ᠂ ᠲᠠᠷᠠᠭᠠᠴᠢ ᠶᠢᠨ ᠱᠠᠲᠤᠨ ᠳᠤ ᠮᠠᠨ ᠤ ᠲᠣᠭᠤᠷᠢᠭ ᠤᠨ ᠪᠦᠲᠦᠮᠵᠢᠲᠡᠶ ᠪᠠᠯᠠ ᠣᠷᠣᠭᠤᠯᠤᠯᠲᠠ ᠶᠢ ᠨᠡᠮᠡᠭᠳᠡᠭᠦᠯᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ     ︵ᠨᠢᠭᠡ︶ ᠵᠣᠬᠢᠴᠠᠩᠭᠤᠶ ᠪᠠᠷ ᠬᠥᠭᠵᠢᠭᠦᠯᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠳᠡᠭᠡᠷ᠎ᠡ ᠰᠢᠨ᠎ᠡ ᠠᠮᠵᠢᠯᠲᠠ ᠭᠠᠷᠭᠠᠬᠤ ᠶᠢ ᠠᠬᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠦᠶ᠋ᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠬᠦᠴᠢᠷᠳᠡᠯ ᠢ ᠰᠢᠶ᠋ᠳᠪᠦᠷᠢᠯᠡᠵᠦ᠂ ᠠᠵᠤ ᠦᠶ᠋ᠯᠡᠳᠪᠦᠷᠢ ᠶᠢᠨ ᠠᠵᠤ ᠦᠶ᠋ᠯᠡᠰ ᠲᠤ ᠰᠠᠶᠢᠨ ᠰᠠᠶᠢᠬᠠᠨ ᠬᠥᠭᠵᠢᠯᠲᠡ ᠶᠢ ᠬᠠᠩᠭᠠᠨ᠎ᠠ᠃     ︵ᠬᠤᠶᠠᠷ︶ ᠡᠮᠦᠨᠡᠬᠢ ᠬᠤᠭᠤᠴᠠᠭᠠᠨ ᠤ ᠠᠵᠢᠯ ᠠᠳᠬᠤᠵᠤ᠂ ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠬᠡᠷᠡᠭᠲᠡᠶ᠃ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠳᠠᠶᠢᠴᠢᠯᠠᠬᠤ ᠴᠢᠨᠠᠷ ᠢᠶᠠᠷ ᠴᠢᠩᠭ᠎ᠠ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ ᠲᠥᠷᠥᠯ ᠵᠦᠢᠯ ᠢ ᠲᠦᠯᠬᠢᠨ ᠠᠬᠢᠭᠤᠯᠬᠤ ᠠᠵᠢᠯ ᠢ ᠦᠷᠭᠦᠯᠵᠢᠯᠡᠨ ᠲᠣᠪᠤᠶᠢᠮ᠎ᠠ ᠰᠠᠶᠢᠲᠤᠷ ᠠᠳᠬᠤᠵᠤ᠂ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ᠂ ᠡᠷᠲᠡᠬᠡᠨ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠨ᠂ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠨᠥᠭᠡᠴᠡ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃     ︵ᠭᠤᠷᠪᠠ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠠᠵᠤ  ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠠᠵᠤ ᠠᠬᠤᠶ ᠶᠢᠨ ᠨᠡᠮᠡᠭᠳᠡᠯ ᠳᠠᠬᠢ ᠲᠦᠯᠬᠢᠴᠡ ᠬᠦᠴᠦᠨ ᠢ ᠪᠦᠬᠦ ᠲᠠᠯ᠎ᠠ ᠪᠠᠷ ᠪᠠᠳᠠᠷᠠᠭᠤᠯᠬᠤ ᠬᠡᠷᠡᠭᠲᠡᠶ᠃ ᠤᠯᠠᠮᠵᠢᠯᠠᠯᠲᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ᠂ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠡᠷᠴᠢᠮ ᠢᠶᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠳᠠᠬᠢᠨ ᠦᠢᠯᠡᠳᠪᠦᠷᠢᠯᠡᠯ ᠢ ᠥᠷᠭᠡᠳᠬᠡᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠠᠮᠵᠢᠯᠠᠯᠲᠤ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠪᠣᠯᠤᠨ ᠦᠷᠭᠦᠯᠵᠢᠯᠡᠨ ᠬᠥᠭᠵᠢᠬᠦ ᠴᠢᠳᠠᠪᠤᠷᠢ ᠶᠢ ᠨᠡᠮᠡᠭᠳᠡᠭᠦᠯᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号