ᠲᠥᠯᠥᠭᠡᠯᠡᠭᠴᠢᠳ ᠡ᠄ | ᠣᠳᠤ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠬᠡᠰᠢᠭᠦᠨ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠣᠯᠪᠠᠤ᠃ | 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠮᠠᠨ ᠤ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠠᠴᠢ | ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠮᠠᠨ ᠤ ᠲᠣᠭᠤᠷᠢᠭ ᠲᠤ ᠪᠡᠶ᠎ᠡ ᠪᠠᠷ ᠢᠶᠠᠨ | ᠢᠷᠡᠵᠦ ᠪᠠᠶᠢᠴᠠᠭᠠᠨ ᠦᠵᠡᠵᠦ᠂ ᠪᠥᠬᠦ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ | ᠯᠤᠲᠤ ᠶᠡᠭᠡ ᠬᠠᠯᠠᠮᠵᠢᠯᠠᠯ ᠪᠠ ᠵᠣᠷᠢᠭᠵᠢᠭᠤᠯᠤᠯ ᠣᠯᠭᠤᠪᠠ᠃ ᠨᠢᠭᠡ ᠵᠢᠯ ᠤᠨ ᠲᠤᠷᠰᠢ᠂ ᠲᠣᠭᠤᠷᠢᠭ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠨ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠠᠵᠤ ᠠᠬᠤᠶ ᠶᠢᠨ | ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠨ᠂ ᠨᠡᠶᠢᠭᠡᠮ ᠨᠢ ᠡᠶ᠎ᠡ ᠵᠣᠬᠢᠴᠠᠯ ᠲᠠᠢ ᠪᠥᠭᠡᠳ ᠲᠣᠭᠲᠠᠭᠤᠨ | ᠪᠠᠶᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠢᠰᠦᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 270.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 5 % ᠪᠠᠷ ᠨᠡᠮᠡᠭᠳᠡᠭᠰᠡᠨ ᠪᠠᠶᠢᠨ᠎ᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ 21.8 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 15.9% ᠢᠶᠠᠷ ᠨᠡᠮᠡᠭᠳᠡᠵᠡᠢ︔ ᠲᠣᠭᠲᠠᠮᠠᠯ ᠡᠳ᠋ ᠬᠦᠷᠦᠩᠭᠡ ᠶᠢᠨ ᠪᠡᠯᠡ | ᠣᠷᠣᠭᠤᠯᠤᠯᠲᠠ ᠨᠢ 5.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠦᠬᠦ ᠲᠤᠭ᠎ᠠ ᠨᠢ 150.4 ᠳ᠋ᠦᠩᠰᠢᠭᠤᠷ ᠲᠥᠭᠦᠷᠢᠭ ᠲᠤ ᠬᠦᠷᠴᠦ᠂ 8% ᠪᠠᠷ ᠨᠡᠮᠡᠭᠳᠡᠭᠰᠡᠨ ᠪᠠᠶᠢᠨ᠎ᠠ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ ᠲᠤᠰ | ᠲᠤᠰ 36168 ᠲᠥᠭᠦᠷᠢᠭ ᠪᠠ 16555 ᠲᠥᠭᠦᠷᠢᠭ ᠲᠤ ᠬᠦᠷᠴᠦ᠂ 6.8% ᠪᠠ 10.9% ᠪᠠᠷ ᠨᠡᠮᠡᠭᠳᠡᠵᠡᠢ | ᠃ | ᠨᠢᠭᠡ ᠵᠢᠯ ᠤᠨ ᠲᠤᠷᠰᠢ᠂ ᠪᠢᠳᠡ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠷᠢᠭ᠎ᠠ ᠱᠤᠭᠤᠮ ᠤᠨ ᠡᠭᠦᠷᠭᠡ ᠵᠠᠩᠭᠢᠯᠠᠭ᠎ᠠ ᠶᠢᠨ | ᠠᠬᠢᠴᠠ ᠲᠠᠢ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠪᠡ᠃ ︽ᠭᠤᠷᠪᠠ ᠶᠢ ᠬᠤᠪᠢᠷᠠᠭᠤᠯᠬᠤ︾᠂ ︽ᠭᠤᠷᠪᠠ ᠶᠢ ᠡᠷᠭᠢᠵᠦ ᠬᠠᠷᠠᠬᠤ︾᠂ ︽ᠠᠷᠪᠠᠨ ᠵᠦᠢᠯ ᠢ | ᠦᠭᠡᠶᠢᠰᠭᠡᠬᠦ ᠶᠢ ᠪᠠᠷᠢᠮᠵᠢᠶ᠎ᠠ ᠳᠤ ᠬᠦᠷᠦᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ | ᠲᠣᠭᠤᠷᠢᠨ ᠪᠠᠶᠢᠴᠠᠭᠠᠵᠤ ᠬᠢᠨᠠᠨ ᠰᠢᠯᠭᠠᠵᠤ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠪᠠ᠃ 8910 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠰᠢᠨ᠎ᠡ ᠪᠠᠷ ᠪᠠᠶᠢᠭᠤᠯᠤᠭᠰᠠᠨ 26 ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ 3 | ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠣᠷᠣᠯᠭ᠎ᠠ ᠨᠢ ᠲᠣᠭᠲᠠᠭᠤᠨ ᠢᠶᠠᠷ ᠨᠡᠮᠡᠭᠳᠡᠵᠦ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ᠂ ᠣᠶᠤᠨ ᠤᠬᠠᠭᠠᠨ ᠬᠦᠴᠦ ᠴᠢᠳᠠᠯ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ | ᠪᠠᠲᠤᠲᠠᠢ ᠠᠬᠢᠭᠤᠯᠤᠨ᠂ ᠪᠦᠬᠦ ᠵᠢᠯ ᠳᠤ 2885 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ | ᠡᠭᠦᠰᠦᠯᠲᠡ ᠶᠢᠨ ᠨᠣᠷᠮ᠎ᠠ 0.075% ᠪᠣᠯᠲᠠᠯ᠎ᠠ ᠪᠠᠭᠤᠷᠠᠨ᠂ ︽ᠬᠥᠮᠦᠨ ᠨᠢ ᠶᠠᠳᠠᠭᠤ ᠠᠴᠠ ᠠᠩᠭᠢᠵᠢᠷᠠᠵᠤ᠂ | ᠲᠣᠰᠬᠤᠨ ᠨᠢ ᠶᠠᠳᠠᠭᠤ ᠶᠢᠨ ᠡᠩᠨᠡᠭᠡ ᠠᠴᠠ ᠭᠠᠷᠴᠤ᠂ ᠰᠢᠶᠠᠨ ᠨᠢ ᠶᠠᠳᠠᠭᠤ ᠠᠴᠠ ᠠᠩᠭᠢᠵᠢᠷᠠᠬᠤ︾ ᠬᠠᠷᠠᠯᠲᠠ ᠶᠢ | ᠪᠦᠬᠦ ᠲᠠᠯ᠎ᠠ ᠪᠠᠷ ᠪᠡᠶᠡᠯᠡᠭᠦᠯᠪᠡ᠃ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠨᠡᠮᠡᠭᠳᠡᠯ ᠢ ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ | ᠰᠡᠷᠭᠡᠶᠢᠯᠡᠬᠦ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ | ᠳᠠᠪᠠᠭᠤᠯᠤᠨ ᠪᠡᠶᠡᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ | ᠤᠳᠠᠭᠠᠰᠢᠷᠠᠭᠤᠯᠤᠭᠰᠠᠨ ᠵᠣᠭᠤᠰ ᠢ ᠨᠢᠭᠡ ᠵᠢᠯ ᠤᠷᠢᠳᠴᠢᠯᠠᠨ ᠲᠥᠯᠥᠵᠦ ᠳᠠᠭᠤᠰᠬᠠᠪᠠ᠃ ᠬᠠᠤᠯᠢ ᠪᠤᠰᠤ ᠪᠠᠷ ᠪᠡᠯᠡ | ᠮᠥᠩᠭᠦ ᠴᠤᠭᠯᠠᠭᠤᠯᠬᠤ ᠪᠠ ︽ᠴᠦᠷᠬᠡᠯᠡᠭᠡ ᠵᠢᠭᠡᠯᠡᠯᠭᠡ︾ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠶ ᠰᠡᠷᠭᠡᠶᠢᠯᠡᠨ᠂ ᠰᠢᠰᠲ᠋ᠧᠮ ᠤᠨ | ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠣᠬᠢᠷᠲᠤᠯ ᠤᠨ | ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠢᠳᠡᠪᠬᠢᠲᠡᠢ | ᠴᠡᠭᠴᠡᠯᠡᠨ ᠰᠠᠶᠢᠵᠢᠷᠠᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ 12 ᠲᠤᠰᠬᠠᠢ ᠵᠦᠢᠯ ᠤᠨ | ᠵᠠᠰᠠᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠪᠠ᠃ ᠲᠣᠭᠤᠰᠣ ᠳᠡᠭᠳᠡᠬᠦ ᠪᠣᠬᠢᠷᠲᠤᠯ ᠪᠠ ᠰᠢᠷ᠎ᠠ ᠲᠡᠮᠳᠡᠭᠲᠦ | ᠲᠡᠷᠭᠡᠨ ᠤ ᠰᠡᠭᠦᠯ ᠤᠨ ᠬᠡᠢ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠤᠲᠠ ᠶᠢᠨ | ᠲᠣᠭᠤᠷᠢᠭ ᠤᠨ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 332 ᠡᠳᠦᠷ | ᠪᠠᠶᠢᠵᠤ᠂ ᠰᠢᠯᠢᠳᠡᠭ ᠰᠠᠶᠢᠨ ᠨᠣᠷᠮ᠎ᠠ 91% ᠳᠤ ᠬᠥᠷᠪᠡ᠃ ᠭᠤᠣᠯ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠤ ︽ᠳᠥᠷᠪᠡᠨ ᠡᠷᠦᠢ ᠬᠤᠷᠤᠢ ᠦᠭᠡᠢ ᠪᠠᠶᠢᠳᠠᠯ︾ ᠢ ᠪᠦᠬᠦ | ᠬᠦᠴᠦᠨ ᠢᠶᠠᠷ ᠢᠶᠠᠨ ᠴᠡᠪᠡᠷᠯᠡᠨ᠂ 34 ᠡᠷᠦᠬᠡ ᠦᠨᠡᠮᠯᠡᠯ ᠦᠭᠡᠢ ᠡᠯᠡᠰᠦ ᠮᠠᠯᠲᠠᠬᠤ ᠲᠠᠯᠠᠪᠠᠢ᠂ 8 ᠡᠷᠦᠬᠡ ᠤᠰᠤᠨ | ᠰᠤᠷᠪᠤᠯᠵᠢ ᠶᠢᠨ ᠭᠠᠵᠠᠷ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠶᠢ ᠬᠠᠭᠠᠵᠤ᠂ ᠬᠤᠲᠠ | ᠪᠠᠯᠭᠠᠰᠤᠨ ᠤ ᠤᠰᠤᠨ ᠰᠤᠷᠪᠤᠯᠵᠢ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠣᠷᠮ᠎ᠠ ᠶᠢ 100% ᠪᠠᠷ | ᠪᠠᠲᠤᠯᠠᠪᠠ᠃ ᠠᠭᠤᠷᠬᠠᠢ ᠶᠢᠨ ᠵᠠᠰᠠᠯᠲᠠ ᠶᠢ ᠢᠳᠡᠪᠬᠢᠲᠡᠢ ᠠᠬᠢᠭᠤᠯᠵᠤ᠂ ᠱᠠᠨᠳᠦ᠋ᠩ ᠤᠨ ᠰᠢᠵᠢᠷ ᠠᠯᠳᠠᠨ ᠴᠠᠢ ᠬᠤ᠋ | ᠯᠠᠨ ᠽᠢ ᠶᠢᠨ ᠠᠭᠤᠷᠬᠠᠢ ᠨᠢ ᠪᠦᠬᠦ ᠤᠯᠤᠰ ᠤᠨ ᠪᠣᠬᠢᠷᠲᠤᠯ ᠦᠭᠡᠢ ᠠᠭᠤᠷᠬᠠᠢ ᠶᠢᠨ ᠨᠡᠷᠡᠰ ᠤᠨ ᠵᠢᠭᠰᠠᠭᠠᠯᠲᠠ ᠳᠤ | ᠣᠷᠣᠪᠠ︔ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠪᠦᠷᠬᠦᠭᠦᠯ ᠤᠨ ᠬᠠᠮᠢᠶᠠᠷᠤᠯᠲᠠ ᠪᠣᠯᠤᠨ | ᠬᠡᠷᠡᠭᠯᠡᠯᠲᠡ ᠶᠢ ᠴᠢᠩᠳᠠᠯᠠᠵᠤ᠂ ᠭᠠᠵᠠᠷ ᠰᠢᠷᠣᠶ ᠶᠢᠨ ᠭᠠᠳᠠᠷᠭᠤ ᠶᠢᠨ ᠣᠯᠠᠨ ᠡᠬᠢᠲᠦ ᠪᠣᠬᠢᠷᠲᠤᠯ ᠢ ᠪᠦᠲᠦᠮᠵᠢᠲᠡᠶ | ᠬᠢᠵᠠᠭᠠᠷᠯᠠᠪᠠ᠃ | ᠪᠢᠳᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠶᠠᠰᠤ ᠴᠢᠨᠠᠷ ᠪᠠ ᠦᠷ᠎ᠡ | ᠠᠰᠢᠭ ᠢ ᠲᠣᠭᠲᠠᠭᠤᠨ ᠢᠶᠠᠷ ᠳᠡᠭᠡᠭᠰᠢᠯᠡᠪᠡ᠃ ᠤᠳᠤ ᠦᠶ᠎ᠡ ᠶᠢᠨ ᠲᠠᠷᠢᠶᠠᠯᠠᠩ ᠤᠨ ᠦᠷ᠎ᠡ ᠠᠰᠢᠭ ᠢ ᠦᠳᠲᠡᠷ | ᠳᠦᠷᠭᠡᠨ ᠨᠡᠮᠡᠭᠳᠡᠭᠦᠯᠪᠡ᠃ ︽ᠮᠠᠯᠵᠢᠯ ᠢ ᠲᠣᠭᠲᠠᠪᠤᠷᠢᠵᠢᠭᠤᠯᠤᠨ ᠣᠢ ᠮᠣᠳᠣ ᠶᠢ ᠨᠡᠮᠡᠭᠳᠡᠭᠦᠯᠬᠦ᠂ ᠠᠵᠤ ᠠᠬᠤᠢ ᠶᠢ | ᠨᠡᠮᠡᠭᠳᠡᠭᠦᠯᠦᠨ ᠠᠮᠤ ᠪᠤᠳᠠᠭ᠎ᠠ ᠶᠢ ᠰᠢᠯᠢᠳᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠢ ᠶᠢᠨ | ᠤᠢ ᠶᠢᠨ ᠭᠤᠷᠪᠠᠨ ᠵᠢᠯ ᠤᠨ ᠲᠥᠯᠥᠪᠯᠡᠭᠡ ᠶᠢ ᠡᠬᠢᠯᠡᠭᠦᠯᠦᠨ᠂ 2.3 ᠲᠦᠮᠡᠨ ᠮᠦ ᠠᠵᠤ ᠠᠬᠤᠢ ᠶᠢᠨ ᠤᠢ ᠶᠢ | ᠬᠥᠭᠵᠢᠭᠦᠯᠵᠦ᠂ 2.6 ᠲᠦᠮᠡᠨ ᠮᠦ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ᠂ ᠠᠵᠤ | ᠠᠬᠤᠢ ᠶᠢᠨ ᠲᠠᠷᠢᠮᠠᠯ ᠤᠨ ᠲᠠᠯᠠᠪᠠᠢ 75 ᠲᠦᠮᠡᠨ ᠮᠦ ᠳᠤ ᠬᠦᠷᠴᠦ᠂ ᠠᠮᠤ ᠪᠤᠳᠠᠭᠠᠨ ᠤ ᠤᠨᠠᠯᠲᠠ 17 ᠵᠢᠯ | ᠳᠠᠷᠠᠭᠠᠯᠠᠨ ᠪᠦᠬᠦ ᠬᠤᠲᠠ ᠳᠤ ᠲᠡᠷᠢᠭᠦᠯᠡᠨ᠂ ᠪᠦᠬᠦ ᠵᠢᠯ ᠳᠤ 200 ᠲᠦᠮᠡᠨ ᠭᠠᠭ᠋ᠠᠢ᠂ 27 ᠲᠦᠮᠡᠨ ᠲᠣᠯᠤᠭᠠᠢ | ᠠᠯᠠᠰᠢᠨ ᠦᠬᠡᠷ᠂ 70 ᠲᠦᠮᠡᠨ ᠲᠣᠯᠤᠭᠠᠢ ᠠᠯᠠᠰᠢᠨ ᠬᠤᠨᠢ ᠶᠢ ᠪᠣᠷᠣᠯᠠᠭᠤᠯᠪᠠ᠃ ︽ᠲᠦᠷᠪᠡᠴᠢᠯᠡᠭᠰᠡᠨ ᠬᠠᠮᠳᠣᠷᠠᠨ | ᠬᠥᠳᠡᠯᠦᠯᠴᠡᠬᠦ︾ ᠢᠨᠵᠧᠨᠧᠷᠢᠩ ᠢ ᠬᠡᠷᠡᠭᠵᠢᠭᠦᠯᠵᠦ᠂ 118.8 ᠲᠦᠮᠡᠨ ᠮᠦ ᠭᠠᠵᠠᠷ ᠰᠢᠷᠣᠢ ᠶᠢ ᠡᠷᠭᠢᠯᠲᠡ ᠳᠤ | ᠣᠷᠣᠭᠤᠯᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶᠠᠵᠢᠯ ᠢ 56 ᠡᠷᠦᠬᠡ | ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠢ 72 | ᠡᠷᠦᠬᠡ ᠪᠣᠯᠭᠠᠨ᠂ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠨᠢ | 90% ᠶᠢ ᠳᠠᠪᠠᠪᠠ᠃ ᠨᠠᠷᠠᠲᠤ ᠲᠠᠸᠠᠷ ᠤᠨ ᠳᠡᠮᠳᠡᠭ ᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ ︽ᠭᠤᠷᠪᠠᠨ | ᠪᠦᠳᠦᠭᠡᠭᠳᠡᠬᠦᠨ ᠨᠢᠭᠡ ᠲᠡᠮᠳᠡᠭᠳᠦ︾ ᠤᠨ ᠨᠠᠷᠠᠲᠤ ᠲᠠᠸᠠᠷ ᠤᠨ ᠳᠡᠮᠳᠡᠭ ᠢ 48 ᠪᠣᠯᠭᠠᠨ᠂ ᠰᠢᠶᠠ ᠵᠢᠶᠠ ᠳ᠋ᠢᠶᠠᠨ ᠤ | ᠲᠣᠮᠣ ᠬᠠᠪᠲᠠᠭᠠᠶ ᠭᠦᠢᠯᠡᠰᠦ᠂ ᠴᠢᠪᠠᠭ᠎ᠠ ᠨᠢ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠲᠤ ᠵᠢᠭᠰᠠᠭᠠᠭᠳᠠᠪᠠ᠃ ᠠᠵᠤ ᠦᠢᠯᠡᠳᠪᠦᠷᠢ ᠶᠢᠨ ᠠᠵᠤ ᠠᠬᠤᠶ | ᠲᠣᠭᠲᠠᠭᠤᠨ ᠢᠶᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 5 ᠰᠢᠨ᠎ᠡ ᠪᠠᠷ ᠨᠡᠮᠡᠭᠳᠡᠵᠦ᠂ | ᠪᠦᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 7.9% ᠪᠣᠯᠪᠠ᠃ 23 | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠪᠦᠬᠦᠨ ᠢ ᠡᠬᠢᠯᠡᠭᠦᠯᠦᠨ᠂ ᠱᠠᠨᠳᠦ᠋ᠩ ᠤᠨ ᠰᠢᠵᠢᠷ | ᠠᠯᠲᠠᠨ ᠴᠠᠢ ᠬᠤ᠋ ᠯᠠᠨ ᠽᠢ ᠶᠢᠨ ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ᠂ ᠰᠢᠨ᠎ᠡ ᠬᠤᠲᠠ ᠲᠣᠭᠤᠷᠢᠭ ᠤᠨ | ᠹᠦ᠋ ᠯᠦᠩ ᠡᠰᠡᠷᠭᠦ ᠳᠠᠷᠤᠯᠲᠠ ᠶᠢᠨ ᠴᠠᠬᠢᠯᠭᠠᠨ ᠤ ᠦᠢᠯᠡᠳᠪᠦᠷᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ | ᠰᠡᠨ ᠬᠤᠩ ᠬᠠᠷ᠎ᠠ ᠲᠤᠭᠤᠯᠭ᠎ᠠ ᠴᠠᠶᠢᠷ ᠮᠥᠩᠭᠦ ᠮᠠᠯᠲᠠᠬᠤ ᠪᠠ ᠰᠢᠯᠢᠬᠦ ᠠᠵᠢᠯ᠂ ᠳ᠋ᠠ ᠬᠤ᠋ ᠲᠠᠢ 10 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠷᠥᠯ ᠵᠦᠢᠯ ᠤᠷᠤᠭᠰᠢᠲᠠᠢ ᠶᠠᠪᠤᠭᠳᠠᠪᠠ᠃ ᠠᠩᠴᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠭᠡᠷ ᠪᠠᠶᠢᠰᠢᠩ᠂ ᠬᠦᠷᠢᠶᠡᠯᠡᠩ ᠲᠣᠭᠤᠷᠢᠭ ᠤᠨ ᠲᠥᠷᠭᠡᠨ ᠬᠤᠷᠳᠤᠴᠠᠲᠤ ᠵᠠᠮ ᠤᠨ ᠬᠠᠷᠢᠯᠴᠠᠨ | ᠨᠡᠪᠳᠡᠷᠡᠯᠴᠡᠬᠦ ᠪᠠ ᠬᠠᠲᠠᠭᠤ ᠪᠡᠶᠡᠲᠦ ᠬᠠᠶᠠᠭᠳᠠᠮᠠᠯ ᠪᠣᠲᠠᠰ ᠤᠨ ᠲᠠᠯᠠᠪᠠᠢ ᠶᠢ ᠪᠦᠲᠦᠭᠡᠨ ᠪᠠᠶᠢᠭᠤᠯᠵᠤ ᠳᠠᠭᠤᠰᠬᠠᠨ᠂ | ᠰᠢᠨ᠎ᠡ ᠪᠠᠷ ᠭᠡᠷ᠎ᠡ ᠲᠣᠭᠲᠠᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 16 ᠪᠠᠶᠢᠵᠤ᠂ | ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ 50 ᠳᠤ ᠬᠦᠷᠴᠦ᠂ ᠵᠢᠯ ᠤᠨ ᠦᠶ᠋ᠯᠡᠳᠬᠦᠨ ᠤ ᠥᠷᠲᠡᠭ 40 | ᠳ᠋ᠦᠩᠰᠢᠭᠤᠷ ᠲᠥᠭᠦᠷᠢᠭ ᠢ ᠳᠠᠪᠠᠪᠠ᠃ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠦ᠋ ᠵᠢᠶᠠ ᠸᠠᠨ ᠵᠢᠩ ᠺᠣᠮᠫᠠᠨᠢ ᠳᠠᠮᠫᠤᠷᠠᠵᠤ ᠳᠠᠬᠢᠨ ᠴᠡᠭᠴᠡᠯᠡᠬᠦ ᠠᠵᠢᠯ ᠴᠢᠬᠤᠯᠠ ᠶᠡᠭᠡ ᠠᠬᠢᠴᠠ ᠲᠠᠢ | ᠪᠣᠯᠵᠤ᠂ ᠯᠥᠩ ᠲᠧᠩ ᠷᠦᠢ ᠬᠤᠤ᠂ ᠱᠧᠩ ᠱᠢ ᠭᠤᠸᠠᠩ ᠮᠢᠩ᠂ ᠱᠠᠨᠳᠦ᠋ᠩ ᠤᠨ ᠡᠭᠦᠳᠦᠯᠲᠡ ᠵᠡᠷᠭᠡ 5 ᠠᠵᠤ | ᠠᠬᠤᠶᠢᠯᠠᠯ ᠤᠳᠠᠯ ᠦᠭᠡᠢ ᠰᠠᠭᠤᠷᠢᠰᠢᠬᠤ ᠭᠡᠵᠦ ᠪᠠᠶᠢᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠦᠢᠯᠡᠰ ᠲᠦᠷᠭᠡᠪᠴᠢᠯᠡᠨ ᠬᠥᠭᠵᠢᠪᠡ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ | ᠭᠦᠢᠯᠭᠡᠭᠡᠨ ᠤ ᠬᠤᠲᠠ ᠶᠢᠨ ᠶᠡᠷᠦᠩᠬᠡᠢ ᠲᠦᠯᠦᠪᠵᠢᠭᠦᠯᠭᠡ᠂ ᠨᠢᠭᠡᠳᠦᠭᠡᠷ ᠬᠤᠭᠤᠴᠠᠭᠠᠨ ᠤ ᠬᠢᠵᠠᠭᠠᠷᠳᠠᠮᠠᠯ | ᠲᠥᠯᠥᠪᠵᠢᠭᠦᠯᠭᠡ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢ ᠣᠯᠪᠠ᠂ 1.3 ᠳ᠋ᠦᠩᠰᠢᠭᠤᠷ | ᠲᠥᠭᠦᠷᠢᠭ ᠪᠡᠯᠡ ᠣᠷᠤᠭᠤᠯᠤᠭᠰᠠᠨ ᠢᠯᠴᠢ ᠬᠠᠩᠭᠠᠬᠤ᠂ ᠵᠠᠮ ᠬᠠᠷᠢᠯᠴᠠᠭ᠎ᠠ᠂ ᠬᠤᠭ ᠨᠣᠪᠰᠢ ᠰᠢᠢᠳᠪᠦᠷᠢᠯᠡᠬᠦ ᠵᠡᠷᠭᠡ | ᠰᠠᠭᠤᠷᠢ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠵᠤ᠂ ᠮᠧᠩ ᠳ᠋ᠦᠩ ᠲᠠᠷᠢᠶᠠᠯᠠᠩ ᠤᠨ ᠮᠠᠰᠢᠨ ᠤ ᠵᠠᠬ᠎ᠠ | ᠳᠡᠯᠭᠡᠭᠦᠷ᠂ ᠯᠢᠦᠢ ᠯᠦ ᠲᠠᠷᠢᠮᠠᠯ ᠤᠨ ᠦᠢᠯᠡᠰ᠂ ᠪᠣᠯᠣᠳ ᠮᠠᠲ᠋ᠧᠷᠢᠶᠠᠯ ᠤᠨ ᠵᠠᠬ᠎ᠠ ᠳᠡᠯᠭᠡᠭᠦᠷ ᠵᠡᠷᠭᠡ 15 ᠲᠥᠷᠥᠯ | ᠵᠦᠢᠯ ᠢ ᠡᠮᠬᠢ ᠵᠢᠷᠤᠮ ᠲᠠᠢ ᠪᠠᠷ ᠠᠬᠢᠭᠤᠯᠤᠨ᠂ ᠠᠵᠤ ᠦᠢᠯᠡᠰ ᠤᠨ ᠢᠵᠢ ᠪᠦᠷᠢᠯᠳᠦᠭᠦᠯᠦᠭᠰᠡᠨ ᠪᠡᠯᠡ ᠮᠥᠩᠭᠦ ᠶᠢ | 10.5 ᠳ᠋ᠦᠩᠰᠢᠭᠤᠷ ᠲᠥᠭᠦᠷᠢᠭ ᠡᠭᠡᠭᠦᠯᠦᠨ ᠬᠤᠷᠢᠶᠠᠵᠠᠢ᠃ ᠳᠣᠯᠣᠭᠠᠨ ᠥᠩᠭᠡᠲᠦ ᠬᠤᠲᠠ᠂ ᠳ᠋ᠢ ᠬᠤᠣ | ᠬᠤᠳᠠᠯᠳᠤᠭᠠᠨ ᠤ ᠶᠠᠪᠤᠳᠠᠯ ᠤᠨ ᠲᠣᠭᠤᠷᠢᠭ ᠡᠭᠦᠳᠡ ᠰᠡᠬᠦᠨ ᠠᠵᠢᠯ ᠡᠬᠢᠯᠡᠵᠦ᠂ ᠸᠠᠨ ᠳ᠋ᠠ ᠠᠭᠤᠳᠠᠮ ᠲᠠᠯᠠᠪᠠᠢ ᠨᠢ | ᠰᠥᠩᠱᠠᠨ ᠳᠤ ᠰᠠᠭᠤᠷᠢᠰᠢᠪᠠ᠃ ᠪᠥᠬᠦ ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠶ ᠲᠤᠭ᠎ᠠ 1.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 34.2% ᠢᠶᠠᠷ ᠨᠡᠮᠡᠭᠳᠡᠪᠡ᠃ ᠬᠥᠳᠡᠭᠡ ᠲᠣᠰᠬᠤᠨ ᠤ ᠵᠢᠭᠤᠯᠴᠢᠯᠠᠯ ᠢ ᠯᠠᠪᠳᠠᠭᠤᠨ | ᠪᠠᠲᠤᠲᠠᠶ ᠠᠬᠢᠭᠤᠯᠤᠨ᠂ ᠰᠢᠩ ᠯᠦᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠤᠯᠢᠶᠠᠰᠦ ᠵᠡᠷᠭᠡ | ᠦᠵᠡᠮᠵᠢ ᠶᠢᠨ ᠣᠷᠣᠨ ᠢ ᠳᠥᠷᠭᠡᠳᠬᠡᠨ ᠪᠠᠶᠢᠭᠤᠯᠵᠤ᠂ ᠴᠢᠩ ᠤᠯᠤᠰ ᠤᠨ ᠬᠤᠶᠢᠲᠤ ᠬᠡᠰᠡᠭ ᠤᠨ ᠡᠷᠲᠡᠨ ᠤ | ᠪᠠᠯᠭᠠᠰᠤ ᠡᠵᠡᠩᠨᠡᠯᠲᠡ ᠪᠠᠨ ᠡᠬᠢᠯᠡᠭᠦᠯᠵᠡᠢ᠃ ᠶᠡᠷᠦᠩᠬᠡᠶ ᠤᠷᠲᠤ ᠨᠢ 129.7 ᠺᠢᠯᠣᠮᠧᠲᠷ ᠤᠨ 3 ᠵᠤᠷᠪᠤᠰ | ᠵᠢᠭᠤᠯᠴᠢᠯᠠᠯ ᠤᠨ ᠵᠠᠰᠠᠮᠠᠯ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠪᠦᠬᠦ ᠵᠢᠯ ᠤᠨ ᠵᠢᠭᠤᠯᠴᠢᠯᠠᠯ ᠤᠨ | ᠣᠷᠣᠯᠭ᠎ᠠ 11 ᠳ᠋ᠦᠩᠰᠢᠭᠤᠷ ᠲᠥᠭᠦᠷᠢᠭ ᠢ ᠳᠠᠪᠠᠪᠠ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ | ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ 470 ᠳ᠋ᠦᠩᠰᠢᠭᠤᠷ ᠲᠥᠭᠦᠷᠢᠭ ᠪᠠ 351 ᠳ᠋ᠦᠩᠰᠢᠭᠤᠷ ᠲᠥᠭᠦᠷᠢᠭ ᠢ | ᠪᠡᠶᠡᠯᠡᠭᠦᠯᠦᠨ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 75% ᠳᠤ ᠬᠥᠷᠪᠡ᠃ | ᠨᠢᠭᠡ ᠵᠢᠯ ᠤᠨ ᠲᠤᠷᠰᠢ᠂ ᠪᠢᠳᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠨ | ᠨᠡᠮᠡᠭᠳᠡᠭᠦᠯᠬᠦ ᠶᠢ ᠴᠢᠬᠤᠯᠠᠴᠢᠯᠠᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ | ᠲᠠᠰᠤᠷᠠᠯᠲᠠ ᠦᠭᠡᠢ ᠳᠡᠭᠡᠭᠰᠢᠯᠡᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ | ᠠᠬᠢᠭᠤᠯᠪᠠ᠃ ︽ᠡᠪᠦᠯ ᠤᠨ ᠤᠯᠠᠷᠢᠯ ᠤᠨ ᠠᠵᠢᠯᠯᠠᠭ᠎ᠠ︾ ᠪᠠ ︽ᠤᠯᠠᠭᠠᠨᠬᠠᠳᠠ ᠨᠤᠲᠤᠭᠲᠠᠨ ᠤ | ᠲᠦᠷᠦᠭᠦᠴᠦᠳ ᠤᠨ ᠬᠤᠷᠠᠯ︾ ᠤᠨ 40 ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠬᠡᠯᠡᠯᠴᠡᠭᠡᠷ ᠢᠶᠠᠷ ᠳᠠᠮᠵᠢᠨ | ᠣᠯᠤᠭᠰᠠᠨ ᠪᠠᠯᠠ ᠮᠥᠩᠭᠦ 120 ᠳ᠋ᠦᠩᠰᠢᠭᠤᠷ ᠲᠥᠭᠦᠷᠢᠭ ᠢ ᠳᠠᠪᠠᠵᠤ᠂ ᠬᠤᠩ ᠹᠠᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ︽ᠢᠳᠡᠰᠢᠨ | ᠨᠣᠭᠤᠭᠠᠨ ᠤ ᠰᠠᠭᠰᠤ︾ ᠵᠡᠷᠭᠡ 36 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠢ | ᠠᠮᠵᠢᠯᠲᠠ ᠲᠠᠢ ᠪᠠᠷ ᠭᠡᠷ᠎ᠡ ᠲᠣᠭᠲᠠᠪᠠ᠃ ᠳᠡᠭᠡᠳᠦ ᠱᠠᠲᠤᠨ ᠤ ᠲᠥᠰᠦᠪ ᠤᠨ ᠳᠣᠲᠣᠷᠠᠬᠢ ᠪᠡᠯᠡ ᠮᠥᠩᠭᠦ ᠶᠢ 1.43 | ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠬᠤᠣᠰ ᠰᠢᠨ᠎ᠡ ᠶᠢ ᠡᠭᠦᠳᠬᠦ ᠴᠢᠳᠠᠪᠤᠷᠢ ᠲᠣᠭᠲᠠᠭᠤᠨ ᠢᠶᠠᠷ | ᠳᠡᠭᠡᠭᠰᠢᠯᠡᠪᠡ᠃ ᠠᠨ ᠺᠤᠸᠠᠢ ᠠᠳᠠᠯ ᠦᠢᠯᠡᠰ ᠴᠣᠭᠴᠠᠯᠠᠬᠤ ᠬᠥᠨᠳᠡᠢ ᠨᠢ ︽ᠥᠪᠡᠷᠲᠡᠭᠡᠨ ᠵᠠᠰᠠᠬᠤ ᠣᠷᠣᠨ ᠤ | ᠳᠤᠮᠳᠠ ᠪᠠᠭ᠎ᠠ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ︾ | ᠤᠨ ᠴᠣᠯᠠ ᠶᠢ ᠬᠦᠷᠳᠡᠵᠦ᠂ ᠨᠡᠶᠢᠲᠡ 104 ᠠᠵᠤ ᠠᠬᠤᠶᠢᠯᠠᠯ ᠶᠢ ᠨᠡᠪᠴᠢᠭᠦᠯᠪᠡ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠲᠥᠪ ᠤᠨ ᠲᠣᠭᠠᠴᠢᠯᠠᠭᠰᠠᠨ ᠡᠭᠦᠳᠦᠯᠲᠡ ᠶᠢᠨ ᠰᠠᠭᠤᠷᠢᠨ ᠭᠠᠵᠠᠷ ᠲᠤ 19 ᠲᠤᠰᠬᠠᠶ | ᠮᠡᠷᠭᠡᠵᠢᠯ ᠤᠨ ᠪᠠᠭᠰᠢ ᠨᠡᠮᠡᠵᠦ ᠰᠤᠷᠤᠭᠴᠢ ᠶᠢᠨ ᠲᠤᠭ᠎ᠠ 1200 ᠬᠦᠮᠦᠨ ᠢ ᠳᠠᠪᠠᠨ᠂ ᠳ᠋ᠢᠶᠠᠨ ᠹᠠᠨ ᠰᠢᠨᠵᠢᠯᠡᠬᠦ | ᠤᠬᠠᠭᠠᠨ ᠮᠡᠷᠭᠡᠵᠢᠯ᠂ ᠾᠧᠩ ᠽᠤ᠋ ᠱᠧᠩ ᠱᠢ ᠵᠡᠷᠭᠡ 8 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 623 | ᠰᠤᠷᠤᠭᠴᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠠᠮᠵᠢᠯᠴᠠᠭᠠᠨ ᠤ ᠲᠥᠷᠥᠯ ᠵᠦᠢᠯ 108 ᠳᠤ | ᠬᠦᠷᠪᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠰᠬᠦᠯᠡᠩ ᠢ ᠠᠮᠵᠢᠯᠲᠠ ᠲᠠᠢ ᠬᠠᠮᠵᠢᠯᠴᠠᠨ | ᠡᠷᠬᠢᠯᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 13 ᠪᠣᠯᠵᠤ᠂ ᠥᠪᠡᠷᠲᠡᠭᠡᠨ ᠵᠠᠰᠠᠬᠤ ᠣᠷᠣᠨ ᠤ | ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ 7 ᠪᠣᠯᠪᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠤᠨ ᠰᠢᠨ᠎ᠡ ᠠᠯᠪᠠᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠠᠵᠢᠯ ᠤᠨ | ᠠᠬᠢᠴᠠ ᠤᠷᠤᠭᠰᠢᠲᠠᠶ ᠪᠠᠶᠢᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠬᠡᠬᠦ | ᠴᠡᠭ ᠢ ︽ᠪᠦᠬᠦᠨ ᠢ ᠪᠦᠷᠬᠦᠭᠦᠯᠬᠦ︾ ᠶᠢ ᠪᠡᠶᠡᠯᠡᠭᠦᠯᠦᠨ᠂ 234 ᠵᠦᠢᠯ ᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ | ᠂ ᠬᠢᠨᠠᠨ ᠬᠠᠷᠭᠤᠭᠤᠯᠬᠤ ᠪᠠ ᠬᠦᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ 196 ᠵᠦᠢᠯ ᠨᠢ ︽ᠬᠠᠮᠤᠭ | ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠦᠨ᠂ ᠠᠵᠤ ᠠᠬᠤᠶᠢᠯᠠᠯ ᠢ ᠪᠠᠶᠢᠭᠤᠯᠤᠨ ᠡᠷᠬᠢᠯᠡᠬᠦ | ᠴᠠᠭ ᠢ 4 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠲᠦᠮᠡ ᠰᠢᠬᠠᠮ | ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠴᠢᠩᠭᠠᠷᠠᠪᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | 26 ᠵᠤᠷᠪᠤᠰ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠵᠢᠯ ᠳᠤ 3755 ᠲᠦᠮᠡᠨ | ᠲᠥᠭᠦᠷᠢᠭ ᠤᠨ ᠭᠠᠶᠢᠯᠢ ᠬᠥᠩᠭᠡᠯᠡᠨ᠂ ᠳᠤᠮᠳᠠ ᠵᠢᠵᠢᠭ ᠠᠵᠤ ᠠᠬᠤᠶᠢᠯᠠᠯ ᠳᠤ 2123 ᠲᠦᠮᠡᠨ ᠲᠥᠭᠦᠷᠢᠭ ᠤᠨ ︽ | ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠲᠠᠷᠬᠠᠭᠠᠪᠠ᠃ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ | ᠳᠡᠯᠭᠡᠭᠦᠷ ᠤᠨ ᠪᠠᠯᠠ ᠮᠥᠩᠭᠦ ᠴᠤᠭᠯᠠᠭᠤᠯᠬᠤ ᠶᠢ ᠳᠡᠮᠵᠢᠨ᠂ 2 ᠭᠤᠣᠯ ᠴᠣᠭᠴᠠ ᠶᠢᠨ ᠵᠠᠬ᠎ᠠ ᠳᠡᠯᠭᠡᠭᠦᠷ ᠭᠠᠷᠤᠨ᠂ 1 | ᠰᠢᠨ᠎ᠡ ᠭᠤᠷᠪᠠᠳᠤᠭᠠᠷ ᠴᠣᠭᠴᠠ ᠫᠠᠶᠢᠰᠠ ᠡᠯᠭᠦᠵᠦ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ | ᠲᠥᠪ 36 ᠡᠷᠦᠬᠡ ᠫᠠᠶᠢᠰᠠ ᠡᠯᠭᠦᠪᠡ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠤᠳᠠ | ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠪᠡ᠃ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠤ ᠠᠳᠠᠯ ᠠᠬᠤᠶᠢᠴᠢᠯᠠᠭᠰᠠᠨ ᠬᠠᠮᠢᠶᠠᠷᠤᠯᠲᠠ ᠬᠠᠮᠠᠭᠠᠯᠠᠯᠲᠠ ᠳᠤ ᠬᠢᠨᠠᠯᠲᠠ ᠲᠠᠯᠪᠢᠬᠤ ᠪᠠ ᠬᠢᠨᠠᠨ | ᠰᠢᠯᠭᠠᠬᠤ ᠶᠢ ᠴᠢᠩᠭᠠᠳᠬᠠᠵᠤ᠂ 14487 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠡᠬᠢᠯᠡᠭᠦᠯᠦᠨ᠂ ᠬᠠᠷ᠎ᠠ ᠲᠣᠬᠤᠢ ᠵᠡᠷᠭᠡ 4 ᠪᠠᠯᠭᠠᠰᠤᠨ ᠤ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠡᠬᠢᠯᠡᠨ ᠪᠠᠶᠢᠭᠤᠯᠵᠤ᠂ ᠳ᠋ᠠ ᠮᠢᠶᠣᠣ ᠵᠡᠷᠭᠡ ᠰᠢᠶᠠᠩ ᠪᠠᠯᠭᠠᠰᠤᠨ ᠤ 16 ᠬᠤᠭ ᠨᠣᠪᠰᠢ ᠪᠤᠯᠠᠬᠤ | ᠲᠠᠯᠠᠪᠠᠢ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠨ᠂ ᠬᠥᠳᠡᠭᠡ ᠲᠣᠰᠬᠤᠨ ᠤ ᠤᠤᠭᠤᠬᠤ ᠤᠰᠤᠨ ᠤ | ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ 227 ᠬᠡᠰᠡᠭ ᠪᠡᠶᠡᠯᠡᠭᠦᠯᠪᠡ᠃ ᠬᠥᠳᠡᠭᠡ ᠲᠣᠰᠬᠤᠨ ᠤ | ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠬᠠᠮᠠᠭᠠᠯᠠᠯᠲᠠ ᠪᠠ ᠡᠵᠡᠩᠨᠡᠯᠲᠡ ᠶᠢ ᠴᠢᠩᠭᠠᠳᠬᠠᠵᠤ᠂ ︽ | ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ | ᠢᠷᠠᠭᠤ ᠠᠯᠳᠠᠷ ᠤᠨ ᠴᠣᠯᠠ ᠶᠢ ᠬᠦᠷᠲᠡᠪᠡ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠪᠦᠬᠦ ᠵᠢᠯ ᠳᠤ 3.05 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠨᠠᠨ ᠴᠧᠩ ᠲᠣᠭᠤᠷᠢᠭ ᠤᠨ ᠰᠦᠩᠱᠠᠨ ᠵᠡᠭᠡᠯᠢ᠂ ᠶᠢᠨ ᠾᠧ ᠵᠠᠮ᠂ ᠰᠥᠩ | ᠴᠧᠩ ᠵᠠᠮ᠂ ᠮᠦ ᠯᠠᠨ ᠵᠡᠭᠡᠯᠢ ᠵᠢᠴᠢ 3 ᠭᠤᠳᠤᠮᠵᠢ ᠶᠢᠨ ᠵᠠᠮ ᠢ ᠥᠭᠡᠷᠡᠴᠢᠯᠡᠬᠦ ᠪᠠᠷᠢᠯᠭ᠎ᠠ ᠶᠢ ᠴᠠᠭ ᠲᠤᠨᠢ | ᠳᠠᠭᠤᠰᠬᠠᠵᠤ᠂ 3 ᠰᠠᠭᠤᠷᠢ ᠶᠠᠪᠠᠭᠠᠨ ᠬᠥᠮᠦᠨ ᠤ ᠵᠡᠭᠡᠯᠢ ᠥᠩᠭᠡᠷᠡᠬᠦ ᠬᠥᠭᠦᠷᠭᠡ ᠶᠢ ᠪᠠᠷᠢᠯᠭ᠎ᠠ ᠡᠬᠢᠯᠡᠭᠦᠯᠪᠡ᠃ | ᠰᠦᠩᠪᠸᠢ ᠶᠢᠨ ᠰᠢᠨ᠎ᠡ ᠬᠤᠲᠠ ᠶᠢᠨ ︽ᠳᠥᠷᠪᠡᠨ ᠵᠡᠭᠡᠯᠢ ᠳᠥᠷᠪᠡᠨ ᠵᠠᠮ︾ ᠢ ᠪᠠᠶᠢᠭᠤᠯᠵᠤ ᠳᠠᠭᠤᠰᠬᠠᠭᠠᠳ ᠲᠡᠷᠭᠡ | ᠨᠡᠪᠳᠡᠷᠡᠨ᠂ ᠰᠥᠩ ᠴᠧᠩ ᠵᠠᠮ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠠᠰᠢᠭᠯᠠᠯᠲᠠ ᠳᠤ | ᠣᠷᠣᠭᠤᠯᠵᠤ᠂ ᠨᠡᠶᠢᠲᠡ 6927 ᠡᠷᠦᠬᠡ ᠭᠡᠷ ᠪᠠᠶᠢᠰᠢᠩ ᠢ ᠲᠠᠲᠠᠪᠤᠷᠢᠯᠠᠪᠠ᠃ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ 11 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ | ᠬᠦᠮᠦᠨ ᠤ ᠵᠠᠮ ᠢ ᠥᠭᠡᠷᠡᠴᠢᠯᠡᠨ ᠵᠠᠰᠠᠵᠤ᠂ ᠬᠤᠲᠠ ᠶᠢᠨ ᠨᠡᠶᠢᠲᠡ ᠶᠢᠨ ᠵᠣᠷᠯᠣᠩ ᠢ 20 ᠪᠠᠶᠢᠭᠤᠯᠤᠨ᠂ | ᠨᠡᠶᠢᠲᠡ ᠶᠢᠨ ᠭᠡᠷ ᠪᠠᠶᠢᠰᠢᠩ ᠢ 5 ᠪᠠᠶᠢᠭᠤᠯᠵᠤ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ | ᠠᠵᠢᠯᠯᠠᠭ᠎ᠠ ᠶᠢ ᠵᠠᠰᠠᠨ ᠴᠡᠭᠴᠡᠯᠡᠬᠦ ᠡᠷᠴᠢᠮ ᠢᠶᠠᠨ ᠨᠡᠮᠡᠭᠳᠡᠭᠦᠯᠪᠡ᠃ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ | ᠲᠠᠯᠪᠢᠬᠤ ᠪᠠ ᠳᠡᠯᠭᠡᠭᠦᠷ ᠤᠨ ᠭᠠᠳᠠᠨ᠎ᠠ ᠡᠵᠡᠩᠨᠡᠬᠦ ᠶᠢ ᠴᠢᠩᠭ᠎ᠠ ᠬᠠᠮᠢᠶᠠᠷᠴᠤ᠂ ᠬᠤᠭ ᠰᠢᠷᠣᠶ ᠲᠡᠭᠡᠭᠡᠪᠦᠷᠢᠯᠡᠬᠦ ᠪᠠ | ᠲᠠᠲᠠᠪᠤᠷᠢᠯᠠᠨ ᠨᠤᠷᠠᠭᠠᠬᠤ ᠪᠠ ᠬᠠᠰᠢᠬᠤ ᠠᠵᠢᠯ ᠢ ᠳᠦᠷᠢᠮᠵᠢᠭᠦᠯᠦᠨ᠂ ᠣᠷᠴᠢᠨ ᠲᠣᠭᠤᠷᠢᠨ ᠤ ᠠᠷᠢᠭᠤᠨ ᠴᠡᠪᠡᠷ ᠢ | ᠬᠠᠮᠠᠭᠠᠯᠠᠬᠤ ᠪᠠ ᠬᠤᠲᠠ ᠶᠢᠨ ᠶᠠᠪᠤᠳᠠᠯ ᠤᠨ ᠴᠡᠴᠡᠷᠯᠢᠭ ᠢ ᠠᠷᠠᠴᠢᠯᠠᠨ ᠬᠠᠮᠠᠭᠠᠯᠠᠬᠤ ᠶᠢ ᠲᠤᠰᠬᠠᠶᠢᠵᠢᠭᠤᠯᠤᠨ | ᠥᠷᠨᠢᠭᠦᠯᠵᠦ᠂ ᠬᠤᠲᠠ ᠶᠢᠨ ᠲᠣᠭᠤᠷᠢᠭ ᠤᠨ ᠳᠠᠭᠠᠭᠠᠴᠠ ᠤᠯᠠᠮ ᠨᠢᠭᠡ ᠠᠯᠬᠤᠮ ᠳᠡᠭᠡᠭᠰᠢᠯᠡᠪᠡ᠃ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠮᠤᠵᠢ ᠶᠢᠨ ᠵᠠᠮ ᠤᠨ 219 | ᠱᠤᠭᠤᠮ ᠤᠨ ᠰᠦᠩᠱᠠᠨ ᠤ ᠬᠡᠰᠡᠭ ᠲᠤ ᠲᠡᠷᠭᠡ ᠨᠡᠪᠲᠡᠷᠡᠵᠦ᠂ ᠤᠯᠤᠰ ᠤᠨ ᠵᠠᠮ ᠤᠨ 111 ᠱᠤᠭᠤᠮ ᠤᠨ ᠰᠢᠶᠣᠣ | ᠺᠠᠯᠠ ᠠᠴᠠ ᠤᠯᠠᠭᠠᠨᠬᠠᠳᠠ ᠬᠦᠷᠬᠦ ᠬᠡᠰᠡᠭ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠤᠷᠤᠭᠰᠢᠲᠠᠶ | ᠪᠠᠶᠢᠨ᠎ᠠ᠃ ᠢᠩᠭᠡ ᠶᠢᠨ ᠭᠤᠤᠯ ᠤᠨ ᠰᠢᠨ᠎ᠡ ᠤᠰᠤᠨ ᠰᠤᠷᠪᠤᠯᠵᠢ ᠶᠢᠨ ᠭᠠᠵᠠᠷ ᠪᠣᠯᠤᠨ ᠰᠠᠨ ᠽᠦᠸᠧ ᠳ᠋ᠢᠶᠠᠨ ᠤ | ᠤᠰᠤ ᠬᠠᠩᠭᠠᠬᠤ ᠢᠨᠵᠧᠨᠧᠷᠢᠩ ᠢ ᠴᠠᠭ ᠲᠤᠬᠠᠶ ᠳᠤᠨᠢ ᠨᠤᠷᠠᠭᠠᠵᠤ ᠳᠠᠭᠤᠰᠬᠠᠵᠠᠶ᠃ ᠬᠤᠲᠠ ᠲᠣᠭᠤᠷᠢᠭᠰᠠᠨ ᠤᠰᠤᠨ | ᠰᠢᠰᠲ᠋ᠧᠮ ᠢ ᠵᠠᠰᠠᠬᠤ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠡᠷᠴᠢᠮᠲᠡᠢ ᠪᠠᠶᠢᠵᠤ᠂ ᠪᠠᠨ ᡁᠢ ᠵᠢᠶᠠᠨ ᠭᠤᠣᠯ ᠤᠨ | ᠵᠠᠮ ᠢ ᠵᠠᠰᠠᠬᠤ ᠪᠠ ᠤᠰᠣᠯᠠᠯᠲᠠ ᠶᠢᠨ ᠰᠤᠪᠠᠭ ᠤᠨ ᠵᠠᠮ ᠢ ᠥᠭᠡᠷᠡᠴᠢᠯᠡᠬᠦ ᠢᠨᠵᠧᠨᠧᠷᠢᠩ ᠢ ᠪᠦᠬᠦ ᠲᠠᠯ᠎ᠠ ᠪᠠᠷ | ᠳᠠᠭᠤᠰᠬᠠᠪᠠ᠃ 1.5 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ ᠯᠤᠤᠬ᠎ᠠ ᠶᠢᠨ ᠭᠤᠤᠯ ᠤᠨ ᠳᠡᠭᠡᠳᠦ | ᠤᠷᠤᠰᠬᠠᠯ ᠤᠨ ᠵᠠᠰᠠᠯᠲᠠ ᠭᠦᠨᠵᠡᠭᠡᠶ ᠠᠬᠢᠭᠤᠯᠤᠨ᠂ 1.2 ᠲᠦᠮᠡᠨ ᠮᠦ ᠠᠮᠢ ᠠᠬᠤᠶ ᠶᠢ ᠵᠠᠰᠠᠨ ᠰᠡᠷᠭᠦᠭᠡᠵᠦ᠂ | ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢ 30 ᠲᠦᠮᠡᠨ ᠮᠦ ᠥᠭᠡᠷᠡᠴᠢᠯᠡᠪᠡ᠃ 1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 428 ᠺᠢᠯᠣᠮᠧᠳ᠋ᠷ ᠤᠨ ᠥᠨᠳᠥᠷ ᠬᠦᠴᠦᠳᠡᠯᠲᠦ ᠴᠠᠬᠢᠯᠭᠠᠨ ᠱᠤᠭᠤᠮ ᠢ ᠲᠡᠰ | ᠳᠡᠪᠰᠢᠭᠦᠯᠦᠨ ᠥᠭᠡᠷᠡᠴᠢᠯᠡᠪᠡ᠃ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ 2 ᠰᠠᠭᠤᠷᠢ | ᠪᠠᠶᠢᠭᠤᠯᠵᠤ᠂ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠢᠯᠡᠳᠲᠡ ᠴᠢᠩᠭᠠᠷᠠᠪᠠ᠃ ᠪᠠᠲᠤᠯᠠᠭ᠎ᠠ ᠶᠢᠨ | ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠬᠤᠲᠠ ᠪᠠᠯᠭᠠᠰᠤᠨ ᠤ 2703 ᠬᠥᠮᠦᠨ ᠳᠤ ᠰᠢᠨ᠎ᠡ ᠪᠠᠷ | ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4% ᠶᠢᠨ | ᠳᠣᠲᠣᠷ᠎ᠠ ᠬᠢᠵᠠᠭᠠᠷᠯᠠᠪᠠ᠃ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ 12.5 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠪᠦᠷᠢ | ᠲᠣᠰᠪᠣᠷᠢ 65 ᠲᠥᠭᠦᠷᠢᠭ ᠪᠠ 35 ᠲᠥᠭᠦᠷᠢᠭ ᠳᠡᠭᠡᠭᠰᠢᠯᠡᠭᠦᠯᠪᠡ᠃ 1.66 ᠳ᠋ᠦᠩᠰᠢᠭᠤᠷ ᠲᠥᠭᠦᠷᠢᠭ ᠤᠨ | ᠠᠪᠤᠷᠠᠨ ᠲᠤᠰᠠᠯᠠᠬᠤ ᠪᠡᠯᠡ ᠮᠥᠩᠭᠦ ᠪᠠᠭᠤᠯᠭᠠᠵᠤ᠂ 27.8 ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃ | ᠬᠤᠲᠠ ᠬᠥᠳᠡᠭᠡ ᠶᠢᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 95% ᠳᠤ ᠬᠦᠷᠴᠦ᠂ ᠡᠮ | ᠡᠮᠨᠡᠯᠭᠡ ᠶᠢᠨ ᠵᠠᠷᠤᠳᠠᠯ ᠢ 3.5 ᠳ᠋ᠦᠩᠰᠢᠭᠤᠷ ᠲᠥᠭᠦᠷᠢᠭ ᠳᠠᠩᠰᠠᠨ ᠠᠴᠠ ᠲᠠᠶᠢᠯᠪᠠ᠃ ᠬᠦᠯᠦᠰᠦᠨ ᠠᠵᠢᠯᠲᠠᠨ ᠳᠤ | ᠥᠷᠢᠳᠦᠭᠰᠡᠨ ᠴᠠᠯᠢᠩ ᠢ ᠲᠦᠯᠦᠬᠦ ᠠᠵᠢᠯ ᠤᠨ ᠴᠡᠭᠴᠡᠯᠡᠨ ᠵᠠᠰᠠᠯᠲᠠ ᠪᠠ ᠬᠦᠯᠦᠰᠦᠨ ᠠᠵᠢᠯᠲᠠᠨ ᠤ ᠴᠠᠯᠢᠩ ᠢ ᠴᠠᠭ | ᠲᠤᠬᠠᠢ ᠲᠤᠨᠢ ᠥᠭᠬᠦ ᠶᠢ ᠪᠠᠲᠤᠯᠠᠬᠤ ᠶᠢ ᠴᠢᠩᠭ᠎ᠠ ᠠᠳᠬᠤᠵᠤ᠂ ︽ᠬᠤᠶᠠᠷ ᠮᠥᠩᠭᠦ ᠭᠤᠷᠪᠠᠨ ᠲᠥᠷᠢᠮ︾ ᠢ | ᠨᠡᠶᠢᠳᠡᠮ ᠪᠦᠷᠬᠦᠭᠦᠯᠪᠡ᠃ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠨ 465 ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠤᠨ | ᠠᠰᠠᠭᠤᠳᠠᠯ ᠢ ᠰᠢᠢᠳᠪᠦᠷᠢᠯᠡᠨ᠂ 31 ᠨᠡᠷᠡᠰ ᠴᠡᠷᠢᠭ ᠠᠴᠠ ᠺᠠᠳ᠋ᠷ ᠪᠣᠯᠵᠤ ᠰᠢᠯᠵᠢᠭᠰᠡᠨ ᠪᠠ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢ ᠶᠢ ᠲᠣᠬᠢᠲᠠᠶ ᠲᠥᠪᠬᠢᠨᠡᠭᠦᠯᠪᠡ᠃ ᠰᠤᠷᠭᠠᠨ ᠬᠥᠮᠦᠵᠢᠯ ᠤᠨ ᠨᠠᠷᠠᠲᠤ ᠲᠠᠸᠠᠷ ᠤᠨ | ᠳᠡᠮᠳᠡᠭ ᠤᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠪᠦᠬᠦ ᠵᠢᠯ ᠤᠨ ᠰᠤᠷᠭᠠᠨ ᠬᠥᠮᠦᠵᠢᠯ ᠤᠨ | ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 2.74 ᠳ᠋ᠦᠩᠰᠢᠭᠤᠷ ᠲᠥᠭᠦᠷᠢᠭ ᠲᠤ ᠬᠦᠷᠴᠦ᠂ ᠨᠠᠢᠮᠠᠳᠤᠭᠠᠷ | ᠬᠡᠦᠬᠡᠳ ᠤᠨ ᠴᠡᠴᠡᠷᠯᠢᠭ᠂ ᠳ᠋ᠠᠩ ᠫᠦ ᠳ᠋ᠢ ᠬᠡᠤᠬᠡᠳ ᠤᠨ ᠴᠡᠴᠡᠷᠯᠢᠭ᠂ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠂ | ᠠᠷᠪᠠᠨ ᠬᠤᠶᠠᠳᠤᠭᠠᠷ ᠪᠠᠭ᠎ᠠ ᠰᠤᠷᠭᠠᠭᠤᠯᠢ᠂ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ 5 ᠰᠤᠷᠭᠠᠭᠤᠯᠢ | ᠠᠰᠢᠭᠯᠠᠯᠲᠠ ᠳᠤ ᠣᠷᠤᠵᠤ᠂ 54 ᠰᠤᠷᠭᠠᠭᠤᠯᠢ ᠶᠢᠨ ᠪᠠᠶᠢᠷᠢ ᠶᠢᠨ ᠭᠠᠯ ᠤᠨᠲᠠᠷᠠᠭᠠᠬᠤ ᠥᠭᠡᠷᠡᠴᠢᠯᠡᠯᠲᠡ ᠶᠢ ᠬᠢᠵᠦ᠂ | 17 ᠬᠥᠳᠡᠭᠡ ᠲᠣᠰᠬᠤᠨ ᠤ ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠳᠡᠰ ᠳᠡᠪᠰᠢᠭᠦᠯᠵᠦ᠂ ᠬᠦᠳᠡᠭᠡ ᠲᠤᠰᠬᠤᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠣᠷᠣᠢ ᠪᠠᠭᠤᠷᠠᠢ ᠰᠤᠷᠭᠠᠭᠤᠯᠢ ᠶᠢᠨ ᠥᠭᠡᠷᠡᠴᠢᠯᠡᠯᠲᠡ ᠶᠢᠨ | ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠠᠯᠪᠠᠨ ᠠᠴᠠ ᠡᠷᠬᠢᠯᠡᠭᠰᠡᠨ ᠪᠠ ᠲᠦᠭᠡᠮᠡᠯ ᠬᠠᠷᠠᠭᠠᠯᠵᠠᠯ ᠦᠵᠡᠭᠦᠯᠬᠦ | ᠴᠡᠴᠡᠷᠯᠢᠭ ᠤᠨ ᠬᠠᠷᠢᠴᠠᠯ 66.2 ᠳᠤ ᠬᠦᠷᠴᠡᠶ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠣᠭᠤᠮᠲᠠ | ᠰᠢᠪᠲᠤᠯᠬᠤ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠵᠢᠩᠬᠢᠨᠢ | ᠠᠩᠭᠢ ᠳᠤ ᠣᠷᠣᠬᠤ ᠨᠣᠷᠮ᠎ᠠ ᠶᠢ 64.9% ᠳᠤ ᠬᠦᠷᠭᠡᠪᠡ᠃ ᠡᠮᠴᠢᠯᠡᠭᠡᠨ ᠤ ᠦᠢᠯᠡᠴᠢᠯᠡᠭᠡ ᠨᠢ ᠠᠷᠠᠳ ᠲᠤ ᠨᠠᠩ | ᠠᠰᠢᠭᠲᠠᠶ ᠪᠣᠯᠪᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠭᠤᠷᠪᠠᠨ ᠵᠢᠯ ᠳᠡᠭᠡᠭᠰᠢᠯᠡᠭᠦᠯᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠰᠦᠩᠱᠠᠨ ᠤ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠤᠨ ᠰᠢᠨ᠎ᠡ ᠣᠷᠤᠨ ᠪᠠᠶᠢᠷᠢ ᠶᠢ | ᠠᠰᠢᠭᠯᠠᠯᠲᠠ ᠳᠤ ᠣᠷᠤᠭᠤᠯᠤᠨ᠂ ᠲᠣᠰ ᠲᠣᠰ ︽ᠥᠪᠡᠷᠲᠡᠭᠡᠨ ᠵᠠᠰᠠᠬᠤ ᠣᠷᠣᠨ ᠤ ᠮᠣᠩᠭᠤᠯ ᠡᠮᠨᠡᠯᠭᠡ ᠬᠢᠲᠠᠳ | ᠡᠮᠨᠡᠯᠭᠡ ᠶᠢᠨ ᠲᠦᠷᠦᠭᠦᠤ ᠪᠦᠯᠦᠭ ᠨᠠᠷᠠᠲᠤ ᠡᠮᠨᠡᠯᠭᠡ ᠶᠢᠨ ᠬᠤᠷᠢᠶ᠎ᠠ︾᠂ ︽ᠥᠪᠡᠷᠲᠡᠭᠡᠨ ᠵᠠᠰᠠᠬᠤ ᠣᠷᠣᠨ ᠤ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠵᠢᠱᠢᠶ᠎ᠡ ᠦᠵᠡᠭᠦᠯᠬᠦ ᠨᠢᠭᠡᠴᠡ︾ ᠶᠢᠨ ᠢᠷᠠᠭᠤ ᠠᠯᠳᠠᠷ ᠤᠨ ᠴᠣᠯᠠ ᠶᠢ | ᠣᠯᠪᠠ᠃ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠤᠯᠤᠰ ᠪᠠᠶᠢᠭᠤᠯᠤᠭᠳᠠᠭᠰᠠᠨ 70 | ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠪᠠᠶᠠᠯᠢᠭ ᠰᠠᠶᠢᠬᠠᠨ ᠶᠠᠪᠤᠭᠳᠠᠵᠤ᠂ ᠪᠥᠬᠦ ᠤᠯᠤᠰ ᠤᠨ ᠠᠯᠬᠤᠭ᠎ᠠ | ᠤᠷᠤᠯᠳᠤᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠢ ᠠᠮᠵᠢᠯᠲᠠ ᠲᠠᠢ ᠬᠠᠮᠵᠢᠨ ᠡᠷᠭᠢᠯᠡᠪᠡ᠃ ᠯᠢᠨ ᠬᠤᠸᠠᠩ | ᠵᠢᠶᠠ ᠶᠤᠸᠠᠨ ᠨᠡᠶᠢᠭᠡᠮ ᠲᠣᠭᠤᠷᠢᠭ ᠨᠢ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠢ︾ ᠪᠠᠷ ᠨᠡᠷᠡᠯᠡᠭᠳᠡᠪᠡ᠃ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ | ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠷ ᠦᠨᠡᠯᠡᠭᠳᠡᠪᠡ᠃ ᠲᠥᠪ ᠤᠨ | ᠱᠠᠰᠢᠨ ᠰᠤᠷᠲᠠᠬᠤᠨ ᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠪᠠ᠃ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠢ | ᠪᠡᠶᠡᠯᠡᠭᠦᠯᠪᠡ᠃ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠶᠠᠮᠤᠨ ᠨᠢ ᠪᠦᠬᠦ ᠤᠯᠤᠰ ᠤᠨ ︽ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠳᠤ ᠣᠷᠤᠯᠴᠠᠭᠰᠠᠨ ᠲᠡᠷᠢᠭᠦᠨ ᠤ ᠨᠢᠭᠡᠴᠡ︾ ᠪᠠᠷ ᠦᠨᠡᠯᠡᠭᠳᠡᠪᠡ᠃ ᠭᠠᠳᠠᠭᠠᠳᠤ | ᠶᠠᠪᠤᠳᠠᠯ ᠬᠠᠷᠢᠶᠠᠲᠤ ᠶᠢᠨ ᠶᠠᠪᠤᠳᠠᠯ᠂ ᠴᠠᠭ ᠠᠭᠤᠷ ᠭᠠᠵᠠᠷ ᠬᠥᠳᠡᠯᠦᠯᠲᠡ᠂ ᠪᠠᠶᠢᠭᠤᠯᠭ᠎ᠠ ᠶᠢᠨ ᠶᠠᠪᠤᠳᠠᠯ᠂ ᠳᠠᠩᠰᠠ | ᠡᠪᠬᠡᠮᠡᠯ ᠪᠠ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠡᠮᠬᠢ ᠵᠢᠷᠤᠮ ᠲᠠᠢ ᠶᠠᠪᠤᠭᠳᠠᠵᠤ᠂ ᠨᠠᠰᠤᠲᠠᠶᠢᠴᠤᠳ᠂ | ᠡᠮᠡᠭᠲᠡᠶᠢᠴᠦᠳ ᠬᠡᠦᠬᠡᠳ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ | ᠨᠢᠭᠦᠯᠡᠰᠦᠩᠭᠦᠢ ᠦᠢᠯᠡᠰ᠂ ᠵᠡᠮᠳᠡᠭᠴᠦᠳ ᠤᠨ ᠦᠢᠯᠡᠰ ᠰᠢᠨ᠎ᠡ ᠠᠮᠵᠢᠯᠲᠠ ᠣᠯᠪᠠ᠃ | ᠨᠢᠭᠡ ᠵᠢᠯ ᠤᠨ ᠲᠤᠷᠰᠢ᠂ ᠪᠢᠳᠡ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ︽ᠤᠭ ᠰᠠᠨᠠᠭ᠎ᠠ ᠪᠠᠨ | ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ | ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠦᠨᠡᠨ ᠬᠦ | ᠲᠤᠤᠱᠯᠠᠭᠤᠯᠪᠠ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤ ᠥᠭᠭᠦᠭᠰᠡᠨ ᠨᠤᠷᠮ᠎ᠠ | 100% ᠳᠤ ᠬᠦᠷᠪᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ | ᠠᠬᠢᠭᠤᠯᠵᠤ᠂ ᠬᠠᠤᠯᠢ ᠳᠦᠷᠢᠮ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ | ᠃ ᠲᠥᠪ ᠬᠤᠷᠢᠶᠠᠨ ᠤ ᠨᠠᠶ᠋ᠮᠠᠨ ᠵᠤᠷᠪᠤᠰ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ | ᠴᠥᠬᠦᠷᠡᠯ ᠦᠭᠡᠢ ᠵᠠᠯᠠᠷᠠᠭᠤᠯᠤᠨ᠂ ᠭᠤᠷᠪᠠᠨ ᠵᠦᠢᠯ ᠤᠨ ᠠᠯᠪᠠᠨ ᠤ ᠵᠠᠷᠤᠳᠠᠯ ᠨᠢ 11.1% ᠪᠠᠷ ᠪᠠᠭᠤᠷᠠᠪᠠ᠃ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ | ᠠᠬᠢᠭᠤᠯᠪᠠ᠃ ᠬᠤᠯᠤᠭᠠᠨ᠎ᠠ ᠶᠢᠨ ᠬᠢᠵᠢᠭ ᠪᠠ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠨ | ᠬᠢᠵᠠᠭᠠᠷᠯᠠᠪᠠ᠃ ︽ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢ ᠯᠡᠯ ᠤᠨ ᠬᠠᠮᠢᠶᠠᠷᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠵᠢᠯ︾ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠦᠬᠦ ᠵᠢᠯ ᠳᠤ | ᠡᠩ ᠤᠨ ᠬᠢ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠭᠠᠷᠤᠭᠰᠠᠨ ᠦᠭᠡᠢ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠭᠦᠨᠵᠡᠭᠡᠶᠢᠷᠡᠨ ᠠᠭᠢᠵᠤ᠂ ᠨᠡᠶᠢᠭᠡᠮ ᠤᠨ ᠠᠮᠤᠷ | ᠲᠦᠪᠰᠢᠨ ᠦᠷᠭᠦᠯᠵᠢᠯᠡᠨ ᠰᠠᠶᠢᠵᠢᠷᠠᠵᠤ᠂ ᠰᠢᠶᠠᠩ ᠶᠠᠩ ᠲᠣᠮᠢᠯᠠᠭᠰᠠᠨ ᠰᠠᠯᠪᠤᠷᠢ ︽ᠪᠥᠬᠦ ᠤᠯᠤᠰ ᠤᠨ ᠠᠷᠠᠳ | ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠶᠢᠨ ᠢᠷᠠᠭᠤ ᠠᠯᠳᠠᠷ ᠤᠨ ᠴᠣᠯᠠ ᠭᠥᠷᠳᠡᠪᠡ᠃ | ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠭᠦᠢᠴᠡᠳᠬᠡᠬᠦ ᠶᠠᠰᠤ ᠴᠢᠨᠠᠷ ᠢᠯᠡᠳᠲᠡ ᠳᠡᠭᠡᠭᠰᠢᠯᠡᠵᠦ᠂ ᠡᠯ᠎ᠡ | ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠲᠣᠬᠢᠲᠠᠶ ᠰᠢᠢᠳᠪᠦᠷᠢᠯᠡᠨ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ | ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠤᠨ ᠳᠤᠮᠳᠠᠬᠢ ᠠᠮᠵᠢᠯᠲᠠ ᠪᠦᠲᠦᠮᠵᠢ ᠪᠣᠯ ᠬᠢᠯᠪᠠᠷ ᠪᠤᠰᠤ ᠶᠤᠮ᠂ | ᠳᠠᠷᠤᠯᠲᠠ ᠳᠣᠣᠷᠠᠬᠢ ᠣᠯᠤᠯᠲᠠ ᠨᠡᠩ ᠡᠷᠬᠢᠮ ᠨᠠᠨᠳᠢᠨ ᠶᠤᠮ᠃ ᠨᠢᠭᠡ ᠵᠢᠯ ᠤᠨ ᠲᠤᠷᠰᠢ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠢᠶ᠋ᠳᠪᠦᠷᠢᠲᠦ ᠢᠯᠠᠯᠲᠠ ᠶᠢᠨ ᠱᠠᠲᠤᠨ ᠳᠤ ᠣᠷᠤᠵᠤ᠂ ᠪᠢᠳᠡ ᠶᠡᠷᠦᠩᠬᠡᠶ ᠱᠦᠵᠢ ᠶᠢᠨ | ︽ᠴᠢᠨᠡᠭᠡᠯᠢᠭ ᠠᠮᠢᠳᠤᠷᠠᠯ ᠤᠨ ᠵᠠᠮ ᠳᠤ ᠨᠢᠭᠡ ᠴᠦ ᠳᠤᠲᠠᠵᠤ ᠪᠣᠯᠬᠤ ᠦᠭᠡᠶ︾ ᠭᠡᠰᠡᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠳᠤᠲᠠᠭᠤᠳᠠᠯ ᠢᠶᠠᠨ ᠪᠦᠬᠦ | ᠬᠦᠴᠦᠨ ᠢᠶᠠᠷ ᠢᠶᠠᠨ ᠨᠥᠬᠦᠪᠦᠷᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ︔ ᠵᠥᠷᠢᠴᠡᠯ ᠤᠨ ᠲᠦᠭᠰᠢᠭᠦᠷᠢ ᠶᠢᠨ ᠴᠤᠭᠯᠠᠷᠠᠯ ᠤᠨ ᠬᠤᠭᠤᠴᠠᠭᠠᠨ ᠳᠤ | ᠂ ᠪᠢᠳᠡ ᠤᠯᠠᠭᠠᠨ ᠱᠤᠭᠤᠮ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ ᠰᠠᠨᠠᠭᠠᠴᠢᠯᠠᠭᠠᠲᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ | ᠲᠣᠭᠤᠷᠢᠨ ᠢ ᠪᠠᠶᠢᠭᠤᠯᠪᠠ︔ ᠬᠤᠷᠸ᠎ᠠ ᠠᠵᠤ ᠠᠬᠤᠶ ᠶᠢᠨ ᠳᠠᠷᠠᠭᠠᠴᠢ ᠶᠢᠨ ᠬᠤᠭᠤᠴᠠᠭᠠᠨ ᠳᠤ ᠪᠢᠳᠡ ᠰᠢᠨ᠎ᠡ ᠬᠡᠪ | ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠣᠭᠠᠴᠢᠯᠠᠭᠰᠠᠨ ᠰᠢᠨ᠎ᠡ ᠰᠡᠳᠬᠢᠮᠵᠢ ᠵᠡᠷᠭᠡ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠶᠡᠬᠡᠪᠡᠷ ᠬᠥᠭᠵᠢᠭᠦᠯᠵᠡᠶ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠨᠡᠮᠡᠭᠳᠡᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠯᠠᠪᠳᠠᠭᠤᠨ | ᠣᠷᠣᠪᠠ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ ᠴᠠᠭ ᠦᠶ᠎ᠡ ᠳᠤ᠂ ᠪᠢᠳᠡ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ᠂ ᠡᠷᠡᠮᠡᠬᠡᠶᠢᠯᠡᠨ ᠪᠦᠯᠬᠦᠮᠳᠡᠨ ᠤᠷᠤᠭᠰᠢᠯᠠᠵᠤ᠂ ︽ | ᠲᠠᠪᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ︾ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ | ᠨᠢᠭᠲᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠶ ᠱᠦᠵᠢ ᠯᠢᠨ ᠬᠤᠸᠠᠩ ᠵᠢᠶᠠ ᠶᠤᠸᠠᠨ ᠨᠡᠶᠢᠭᠡᠮ | ᠲᠣᠭᠤᠷᠢᠭ ᠲᠤ ᠪᠠᠶᠢᠴᠠᠭᠠᠨ ᠦᠵᠡᠬᠦ ᠦᠶ᠎ᠡ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠦᠢᠯᠡᠳᠦᠯᠭᠡᠵᠢᠭᠦᠯᠵᠦ᠂ | ᠪᠣᠳᠠᠲᠤ ᠦᠷ᠎ᠡ ᠪᠦᠲᠦᠮᠵᠢ ᠪᠠᠷ ᠰᠢᠨ᠎ᠡ ᠴᠠᠭ ᠦᠶ᠎ᠡ ᠶᠢᠨ ᠰᠦᠩᠱᠠᠨ ᠤ ᠵᠣᠷᠢᠭ ᠰᠠᠨᠠᠭ᠎ᠠ᠂ ᠰᠦᠩᠱᠠᠨ ᠤ ᠡᠭᠦᠷᠭᠡᠯᠡᠯ᠂ | ᠰᠦᠩᠱᠠᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ ᠡᠳᠡᠭᠡᠷ ᠠᠮᠵᠢᠯᠲᠠ ᠶᠢ ᠣᠯᠤᠭᠰᠠᠨ ᠨᠢ ᠳᠡᠭᠡᠳᠦ | ᠱᠠᠲᠤᠨ ᠤ ᠬᠤᠷᠢᠶ᠎ᠠ᠂ ᠵᠠᠰᠠᠭ ᠤᠨ ᠣᠷᠳᠣᠨ ᠪᠣᠯᠤᠨ ᠲᠣᠭᠤᠷᠢᠭ ᠤᠨ ᠬᠤᠷᠢᠶᠠᠨ ᠤ ᠵᠥᠪ ᠣᠨᠣᠪᠴᠢᠲᠠᠢ | ᠤᠳᠤᠷᠢᠳᠤᠯᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠦ ᠳᠡᠶᠢᠯᠦᠰᠢ ᠦᠭᠡᠢ ᠶᠤᠮ᠂ ᠡᠭᠦᠨ ᠳᠤ ᠪᠦᠬᠦ | ᠲᠣᠭᠤᠷᠢᠭ ᠤᠨ ᠠᠷᠠᠳ ᠲᠦᠮᠡᠨ ᠤ ᠬᠦᠴᠦ ᠬᠥᠳᠡᠯᠮᠦᠷᠢ ᠪᠠᠷ ᠪᠢᠯᠬᠠᠵᠤ᠂ ᠨᠡᠶᠢᠭᠡᠮ ᠤᠨ ᠡᠯ᠎ᠡ ᠡᠲᠡᠭᠡᠳ ᠤᠨ ᠣᠶᠤᠨ | ᠤᠬᠠᠭᠠᠨ ᠪᠣᠯᠤᠨ ᠬᠦᠴᠦᠨ ᠴᠢᠳᠠᠯ ᠢ ᠨᠢᠭᠲᠠᠷᠠᠭᠤᠯᠵᠤ ᠪᠠᠶᠢᠳᠠᠭ᠃ ᠠᠳᠡ ᠪᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠬᠡᠰᠢᠭᠦᠨ᠂ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ | ᠠᠷᠠᠳ ᠤᠨ ᠪᠦᠯᠬᠦᠮ ᠪᠠ ᠰᠥᠩᠱᠠᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠠᠮᠵᠢᠵᠤ᠂ | ᠲᠡᠭᠦᠨ ᠳᠤ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠳᠤᠲᠠᠭᠳᠠᠯ ᠢᠶᠠᠨ ᠰᠡᠷᠭᠡᠭ ᠢᠶᠠᠷ ᠣᠯᠵᠤ ᠬᠠᠷᠠᠬᠤ | ᠬᠡᠷᠡᠭᠲᠡᠢ᠂ ᠬᠥᠭᠵᠢᠭᠡᠳᠦᠶ ᠨᠢ ᠮᠥᠨ ᠯᠡ ᠣᠳᠣᠬᠠᠨ ᠤ ᠬᠠᠮᠤᠭ ᠤᠨ ᠶᠡᠭᠡ ᠲᠣᠭᠤᠷᠢᠭ ᠤᠨ ᠪᠠᠶ᠋ᠳᠠᠯ ᠪᠣᠯᠤᠨ᠎ᠠ᠂ ᠠᠵᠤ | ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠬᠥᠭᠵᠢᠯᠲᠡ ᠭᠦᠶ᠋ᠴᠡᠳ ᠦᠭᠡᠢ᠂ ᠬᠤᠪᠢᠶᠠᠷᠢᠯᠠᠯ᠂ | ᠪᠦᠲᠦᠴᠡ ᠶᠢᠨ ᠵᠥᠷᠢᠴᠡᠯ ᠲᠤᠪᠤᠶᠢᠮ᠎ᠠ ᠪᠠᠶᠢᠵᠤ᠂ ᠶᠠᠰᠤ ᠴᠢᠨᠠᠷ ᠪᠠ ᠦᠷ᠎ᠡ ᠠᠰᠢᠭ ᠢ ᠲᠦᠷᠭᠡᠨ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ︔ ᠬᠤᠲᠠ ᠬᠥᠳᠡᠭᠡ ᠶᠢᠨ ᠬᠥᠭᠵᠢᠯᠲᠡ ᠵᠣᠬᠢᠴᠠᠩᠭᠤᠢ ᠪᠤᠰᠤ᠂ ᠣᠯᠠᠨ ᠨᠡᠶᠢᠲᠡ ᠶᠢᠨ ᠡᠬᠢ | ᠪᠠᠶᠠᠯᠢᠭ ᠭᠦᠢᠴᠡᠳ ᠪᠤᠰᠤ ᠮᠦᠷᠳᠡᠭᠡᠨ ᠲᠣᠬᠢᠷᠠᠭᠤᠯᠤᠯᠲᠠ ᠲᠡᠩᠴᠡᠭᠦᠷᠢ ᠦᠭᠡᠢ᠂ ᠣᠯᠠᠨ ᠲᠦᠮᠡᠨ ᠤ ᠰᠡᠳᠬᠢᠯ | ᠲᠠᠯᠪᠢᠵᠤ ᠪᠠᠶ᠋ᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠮᠥᠨ ᠭᠦᠢᠴᠡᠳ ᠰᠢᠢᠳᠪᠦᠷᠢᠯᠡᠭᠡᠳᠦᠢ ᠪᠠᠶᠢᠭᠰᠠᠭᠠᠷ | ᠃ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠯᠠᠯ ᠤᠯᠠᠮ ᠴᠢᠩᠭᠠᠷᠠᠵᠤ᠂ ᠵᠥᠷᠢᠴᠡᠯ ᠵᠢᠭᠤᠷᠠᠯᠳᠤᠭᠠᠨ | ᠠᠮᠠᠷᠬᠠᠨ ᠣᠯᠠᠨ ᠡᠭᠦᠰᠴᠦ᠂ ᠤᠯᠠᠨ ᠨᠡᠶᠢᠲᠡ ᠶᠢᠨ ᠠᠮᠤᠷ ᠲᠦᠪᠰᠢᠨ ᠮᠥᠨ ᠬᠦ ᠪᠠᠭᠤᠷᠠᠶ ᠲᠠᠯ᠎ᠠ ᠲᠠᠢ ᠪᠠᠶᠢᠵᠤ᠂ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠦᠷᠭᠡᠨ ᠰᠠᠶᠢᠵᠢᠷᠠᠭᠤᠯᠤᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ | ᠵᠠᠰᠠᠭ ᠤᠨ ᠣᠷᠳᠣᠨ ᠤ ᠵᠠᠷᠢᠮ ᠺᠠᠳ᠋ᠷ ᠤᠨ ᠲᠦᠭᠰᠢᠭᠦᠷᠢᠲᠦ ᠤᠬᠠᠮᠰᠠᠷ ᠪᠠ ᠲᠤᠯᠭᠠᠮ᠎ᠠ ᠰᠡᠳᠬᠢᠯᠭᠡ ᠴᠢᠩᠭ᠎ᠠ ᠪᠢᠰᠢ᠂ | ᠦᠵᠡᠯ ᠰᠠᠨᠠᠭ᠎ᠠ ᠣᠶᠢᠯᠠᠭᠠᠭᠳᠠᠬᠤᠨ᠂ ᠰᠢᠨ᠎ᠡ ᠶᠢ ᠡᠭᠦᠳᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠨᠢ ᠪᠠᠰᠠ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠳᠤ ᠪᠦᠷᠢᠮᠦᠰᠦᠨ ᠵᠣᠬᠢᠴᠠᠵᠤ ᠳᠡᠶᠢᠯᠬᠦ ᠦᠭᠡᠢ | ᠪᠠᠶᠢᠨ᠎ᠠ᠃ ᠡᠭᠦᠨ ᠳᠤ ᠪᠢᠳᠡ ᠡᠷᠬᠡᠪᠰᠢ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠦᠴᠢᠷᠳᠡᠯ ᠪᠠ | ᠵᠥᠷᠢᠶ᠎ᠡ ᠳᠤ ᠵᠥᠪ ᠢᠶᠠᠷ ᠬᠠᠨᠳᠤᠵᠤ᠂ ᠶᠡᠭᠡ ᠬᠦᠴᠦ ᠣᠷᠣᠭᠤᠯᠵᠤ ᠪᠠᠶᠢᠭᠠᠳ ᠰᠢᠶ᠋ᠳᠪᠦᠷᠢᠯᠡᠬᠦ ᠬᠡᠷᠡᠭᠲᠡᠶ᠃ | | 2020 ᠣᠨ ᠤ ᠠᠵᠢᠯ ᠤᠨ ᠲᠣᠬᠢᠷᠠᠭᠤᠯᠤᠯᠲᠠ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠶᠢᠨ ᠲᠥᠯᠥᠪᠯᠡᠭᠡ ᠶᠢᠨ ᠡᠴᠦᠰ ᠤᠨ ᠵᠢᠯ ᠪᠣᠯᠤᠨ᠎ᠠ᠂ ᠨᠢᠭᠡᠳᠦᠭᠡᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠪᠠᠰᠠ ᠴᠤ ᠲᠦᠢᠯ ᠤᠨ ᠶᠡᠷᠦ ᠪᠤᠰᠤ ᠶᠢᠨ | ᠨᠢᠭᠡ ᠵᠢᠯ ᠪᠣᠯᠬᠤ ᠨᠢ ᠵᠠᠶᠢᠯᠠᠰᠢ ᠦᠭᠡᠢ ᠶᠤᠮ᠃ ᠰᠢᠨ᠎ᠡ ᠵᠢᠯ ᠤᠨ ᠡᠬᠢᠨ ᠳᠤ ᠭᠡᠨᠡᠳᠲᠡ ᠡᠭᠦᠰᠦᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠡᠮᠦᠨ᠎ᠡ᠂ ᠲᠣᠭᠤᠷᠢᠭ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠵᠠᠰᠠᠭ ᠤᠨ ᠣᠷᠳᠣᠨ ᠣᠯᠠᠨ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠵᠠᠰᠠᠬᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠣᠰᠣᠭᠠᠷ᠂ | ᠪᠦᠬᠦ ᠠᠷᠠᠳ ᠢᠶᠠᠷ ᠢᠶᠠᠨ ᠬᠥᠲᠥᠯᠥᠯᠴᠡᠨ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ᠂ ᠢᠯᠡ ᠲᠣᠳᠣ | ᠪᠠᠶᠢᠬᠤ ᠶᠢ ᠢᠮᠠᠭᠲᠠ ᠪᠠᠷᠢᠮᠲᠠᠯᠠᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠨᠢᠭᠡ ᠤᠳᠠᠭᠠᠨ ᠤ ᠠᠷᠠᠳ ᠤᠨ ᠳᠠᠶᠢᠨ | ᠬᠢᠵᠦ᠂ ᠪᠦᠬᠦ ᠲᠣᠭᠤᠷᠢᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠡᠮᠦᠨ᠎ᠡ ᠨᠢ | ᠭᠠᠪᠰᠢᠭᠠᠶᠢᠯᠠᠨ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ ᠥᠷᠭᠡᠨ ᠣᠯᠠᠨ ᠠᠷᠠᠳ ᠲᠦᠮᠡᠨ ᠪᠦᠭᠦᠳᠡᠭᠡᠷ ᠰᠡᠳᠬᠢᠯ | ᠨᠢᠭᠡᠳᠴᠦ᠂ ᠬᠠᠷᠢᠯᠴᠠᠨ ᠬᠠᠪᠰᠤᠷᠤᠯᠴᠠᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠵᠤ᠂ ᠬᠠᠮᠲᠤᠪᠡᠷ ᠴᠠᠭ ᠮᠥᠴᠡ ᠲᠠᠢ ᠤᠷᠤᠯᠳᠤᠨ᠂ ᠲᠤᠰ ᠭᠠᠵᠠᠷ ᠣᠷᠣᠨ ᠤ ᠬᠢᠵᠢᠭ ᠤᠨ | ᠪᠠᠶᠢᠳᠠᠯ ᠢ ᠦᠨᠳᠦᠰᠦᠨ ᠳᠡᠭᠡᠨ ᠬᠤᠷᠢᠭᠯᠠᠵᠤ᠂ ᠬᠠᠮᠲᠤᠪᠡᠷ ᠡᠪᠡᠳᠴᠢᠨ ᠲᠠᠢ ᠳᠡᠮᠡᠴᠡᠵᠦ᠂ ᠬᠢᠵᠢᠭ ᠤᠨ ᠪᠠᠶᠢᠳᠠᠯ ᠶᠢᠨ | ᠳᠡᠯᠭᠡᠷᠡᠬᠦ ᠬᠠᠨᠳᠤᠰᠢ ᠶᠢ ᠡᠷᠡᠰ ᠡᠵᠡᠮᠳᠡᠨ᠂ ᠬᠠᠮᠲᠤᠪᠡᠷ ᠲᠡᠦᠬᠡ ᠲᠠᠢ ᠵᠡᠷᠭᠡ ᠪᠠᠷ ᠤᠷᠤᠭᠰᠢᠯᠠᠵᠤ᠂ ᠰᠠᠯᠬᠢ | ᠪᠣᠷᠣᠭᠠᠨ ᠤ ᠳᠠᠷᠠᠭᠠᠬᠢ ᠰᠥᠩᠱᠠᠨ ᠤ ᠡᠬᠡ ᠭᠠᠵᠠᠷ ᠯᠠᠪᠳᠠᠶ᠎ᠠ ᠰᠣᠯᠣᠩᠭ᠎ᠠ ᠲᠠᠲᠠᠭᠰᠠᠨ᠂ ᠰᠠᠶᠢᠨ ᠰᠠᠶᠢᠬᠠᠨ | ᠢᠷᠡᠭᠡᠳᠦᠶ ᠪᠠᠨ ᠤᠭᠲᠤᠬᠤ ᠪᠣᠯᠤᠨ᠎ᠠ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠢᠳᠠᠯ ᠨᠢ ᠡᠨᠡ ᠵᠢᠯ ᠤᠨ ᠠᠵᠤ ᠠᠬᠤᠶ | ᠨᠡᠶᠢᠭᠡᠮ ᠤᠨ ᠬᠦᠭᠵᠢᠯᠲᠡ ᠳᠤ ᠵᠣᠬᠢᠬᠤ ᠬᠡᠮᠵᠢᠶᠡᠨ ᠤ ᠨᠥᠯᠦᠭᠡ ᠪᠣᠯᠬᠤ ᠨᠢ ᠵᠠᠶᠢᠯᠠᠰᠢ ᠦᠭᠡᠢ ᠶᠤᠮ᠂ ᠡᠨᠡ | ᠪᠠᠶᠢᠳᠠᠯ ᠤᠨ ᠲᠤᠤᠷ᠎ᠠ᠂ ᠪᠢᠳᠡ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠰᠡᠳᠬᠢᠴᠡ ᠪᠠᠨ ᠤᠯᠠᠮ ᠲᠣᠳᠣᠷᠬᠠᠢ | ᠪᠣᠯᠭᠠᠨ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠬᠡᠷᠡᠭᠲᠡᠢ᠃ ᠡᠨᠡ ᠵᠢᠯ ᠤᠨ ᠲᠣᠭᠤᠷᠢᠭ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠲᠡ ᠬᠤᠷᠠᠯᠳᠤᠭᠠᠨ ᠭᠤᠷᠪᠠᠳᠤᠭᠠᠷ ᠪᠥᠬᠦᠳᠡ ᠬᠤᠷᠠᠯᠳᠤᠭᠠᠨ ᠲᠥᠷᠪᠡᠳᠦᠭᠡᠷ ᠪᠦᠭᠦᠲᠡ ᠬᠤᠷᠠᠯᠳᠤᠭᠠᠨ ᠤ ᠵᠣᠷᠢᠭ | ᠰᠠᠨᠠᠭ᠎ᠠ ᠪᠠ ᠳᠡᠭᠡᠳᠦ ᠱᠠᠲᠤᠨ ᠤ ᠡᠯ᠎ᠡ ᠵᠦᠢᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠠ ᠲᠣᠭᠲᠠᠭᠤᠨ ᠤ ᠲᠤᠮᠳᠠ | ᠤᠷᠤᠭᠰᠢᠯᠠᠬᠤ ᠶᠡᠷᠦᠩᠬᠡᠢ ᠬᠥᠭ ᠠᠶᠠᠰ ᠢ ᠪᠠᠷᠢᠮᠲᠠᠯᠠᠨ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ | ᠦᠭᠡᠢ ᠬᠥᠭᠵᠢᠭᠦᠯᠬᠦ︾ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠷᠪᠠᠨ | ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ | ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ︾ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ | ᠬᠦ ᠪᠠᠲᠤᠯᠠᠨ᠂ ᠪᠣᠳᠠᠲᠤ ᠬᠦᠴᠦᠨ ᠲᠠᠢ᠂ ᠭᠡᠭᠡᠨ ᠰᠠᠷᠠᠭᠤᠯ᠂ ᠴᠢᠳᠠᠮᠠᠭᠠᠶ ᠪᠠᠷ ᠵᠠᠰᠠᠬᠤ᠂ ᠡᠶ᠎ᠡ ᠵᠣᠬᠢᠴᠠᠯ ᠲᠠᠢ᠂ | ᠦᠵᠡᠰᠬᠦᠯᠡᠩᠲᠦ ᠰᠠᠶᠢᠬᠠᠨ ᠰᠢᠨ᠎ᠡ ᠰᠥᠩᠱᠠᠨ ᠢ ᠪᠦᠲᠦᠭᠡᠨ ᠪᠠᠶᠢᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% | ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ | ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8% ᠣᠷᠴᠢᠮ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠢᠶᠠᠷ | ᠨᠡᠮᠡᠭᠳᠡᠭᠦᠯᠦᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7%᠂ 8% ᠣᠷᠴᠢᠮ ᠢᠶᠠᠷ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠡᠨᠡ ᠵᠢᠯ ᠨᠠᠢᠮᠠᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠷᠢᠭ᠎ᠠ ᠱᠤᠭᠤᠮ ᠤᠨ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠭᠤᠶᠢᠪᠢᠰᠢ ᠦᠭᠡᠢ ᠰᠠᠶᠢᠲᠤᠷ ᠬᠢᠨ᠎ᠡ᠃ | ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠶᠠᠰᠤ ᠴᠢᠨᠠᠷ ᠪᠠ ᠦᠷ᠎ᠡ ᠪᠦᠳᠦᠮᠵᠢ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ︽ᠳᠥᠷᠪᠡ ᠶᠢ ᠠᠪᠴᠤ ᠬᠠᠶᠠᠬᠤ ᠦᠭᠡᠢ︾᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠳᠡᠮ ᠤᠨ᠂ ᠪᠦᠬᠦ ᠲᠠᠯ᠎ᠠ ᠶᠢᠨ ︽ᠶᠡᠭᠡ ᠪᠠᠶᠢᠴᠠᠭᠠᠯᠲᠠ︾ | ᠪᠠ ᠫᠠᠶᠢᠰᠠ ᠡᠯᠭᠦᠨ ᠪᠠᠶᠢᠯᠳᠤᠭᠠᠨ ᠢ ᠬᠢᠨᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠂ ᠶᠠᠳᠠᠭᠤ ᠶᠢ ᠲᠡᠳᠬᠦᠬᠦ | ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ | ᠲᠦᠭᠰᠢᠭᠦᠷᠢ ᠶᠢ ᠪᠠᠭᠤᠷᠠᠭᠤᠯᠤᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠶ᠋ᠯᠡᠳᠦᠯ ᠢ ᠭᠦᠶ᠋ᠴᠡᠳ | ᠪᠠᠳᠠᠷᠠᠭᠤᠯᠵᠤ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ | ᠠᠰᠠᠭᠤᠳᠠᠯ ᠢ ᠴᠢᠩᠭ᠎ᠠ ᠪᠥᠭᠡᠳ ᠪᠣᠳᠠᠲᠠᠶ ᠨᠠᠷᠢᠯᠢᠭ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠪᠡᠯᠡ ᠮᠥᠩᠭᠦ ᠶᠢ 7477 ᠲᠦᠮᠡᠨ ᠲᠥᠭᠦᠷᠢᠭ ᠣᠷᠣᠭᠤᠯᠵᠤ᠂ 13 ᠶᠠᠳᠠᠭᠤ ᠶᠢ ᠲᠡᠳᠬᠦᠬᠦ | ᠠᠵᠤ ᠦᠢᠯᠡᠰ ᠤᠨ ᠬᠦᠷᠢᠶᠡᠯᠡᠩ ᠲᠣᠭᠤᠷᠢᠭ᠂ 13 ᠰᠠᠭᠤᠷᠢᠨ ᠭᠠᠵᠠᠷ᠂ 2 ᠦᠢᠯᠡᠳᠪᠦᠷᠢ ᠶᠢᠨ ᠲᠠᠰᠤᠭ᠂ 2 | ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠦᠯᠡᠳᠡᠭᠰᠡᠨ 156 ᠡᠷᠦᠬᠡ ᠶᠢᠨ | 334 334 ᠬᠥᠮᠦᠨ ᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ | ᠪᠠᠲᠤᠯᠠᠵᠤ᠂ ᠴᠢᠨᠡᠭᠡᠯᠢᠭ ᠨᠡᠶᠢᠭᠡᠮ ᠳᠤ ᠣᠷᠣᠬᠤ ᠵᠠᠮ ᠳᠤ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ | ᠪᠠᠶᠢᠬᠤ ᠶᠢ ᠪᠡᠶᠡᠯᠡᠭᠦᠯᠦᠨ᠎ᠡ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ︽ᠡᠷᠡᠰ | ᠲᠠᠰᠤᠷᠬᠠᠢ᠂ ᠡᠵᠡᠮᠳᠡᠯ ᠲᠠᠢ᠂ ᠡᠮᠬᠢ ᠲᠢᠭᠯᠢᠮ ᠲᠠᠢ᠂ ᠵᠤᠬᠢᠬᠤ ᠬᠡᠮᠵᠢᠶ᠎ᠡ ᠲᠠᠢ ᠪᠠᠶᠢᠬᠤ︾ ᠱᠠᠭᠠᠷᠳᠠᠯᠭ᠎ᠠ ᠶᠣᠰᠣᠭᠠᠷ᠂ | ᠵᠠᠰᠠᠭ ᠤᠨ ᠣᠷᠳᠣᠨ ᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠮᠠᠭᠠᠳᠯᠠᠬᠤ᠂ ᠰᠡᠷᠡᠮᠵᠢᠯᠡᠬᠦ ᠪᠠ ᠬᠢᠨᠠᠨ | ᠬᠠᠮᠢᠶᠠᠷᠬᠤ ᠶᠢ ᠴᠢᠩᠭᠠᠳᠬᠠᠵᠤ᠂ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ ᠶᠢ ᠲᠣᠪᠤᠶᠢᠯᠭᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠵᠣᠬᠢᠬᠤ ᠬᠡᠮᠵᠢᠶ᠎ᠡ ᠪᠠᠷ ᠤᠷᠢᠳᠴᠢᠯᠠᠨ᠂ | ᠡᠳ᠋ ᠤᠨ ᠵᠠᠰᠠᠭ ᠤᠨ ᠨᠢᠭᠡᠳᠦᠯᠲᠡᠶ ᠲᠥᠯᠥᠪᠯᠡᠭᠰᠡᠨ ᠡᠯ᠎ᠡ ᠲᠥᠰᠦᠪ ᠤᠨ ᠵᠠᠷᠤᠯᠭ᠎ᠠ ᠶᠢᠨ ᠨᠢᠭᠡᠴᠡ᠂ ᠡᠯ᠎ᠡ ᠬᠦᠷᠢᠶᠡᠯᠡᠩ | ᠲᠣᠭᠤᠷᠢᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠢ ᠳᠤ ᠲᠥᠯᠥᠪᠯᠡᠨ ᠲᠣᠬᠢᠷᠠᠭᠤᠯᠵᠤ᠂ ᠵᠠᠰᠠᠭ ᠤᠨ ᠣᠷᠳᠣᠨ ᠤ | ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠎ᠠ᠃ ᠤᠯᠤᠰ ᠠᠴᠠ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠭᠠᠵᠠᠷ ᠰᠢᠷᠣᠶ᠂ ᠡᠳ᠋ ᠬᠥᠷᠥᠩᠭᠡ ᠵᠡᠷᠭᠡ ᠡᠬᠢ ᠪᠠᠶᠠᠯᠢᠭ ᠢ | ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠵᠤ᠂ ᠵᠠᠰᠠᠭ ᠤᠨ ᠣᠷᠳᠣᠨ ᠤ ᠦᠯᠡᠳᠡᠭᠡᠯ ᠥᠷᠢ ᠥᠭᠴᠡᠭᠡ ᠶᠢ ᠰᠣᠯᠢᠬᠤ | ᠪᠠ ᠨᠠᠮᠳᠠᠭᠠᠬᠤ ᠠᠵᠢᠯ ᠢ ᠰᠠᠶᠢᠲᠤᠷ ᠬᠢᠵᠦ᠂ ᠣᠨ ᠤ ᠥᠷᠢ ᠥᠭᠴᠡᠭᠡ ᠶᠢ ᠨᠠᠮᠳᠠᠭᠤᠯᠬᠤ ᠡᠭᠦᠷᠭᠡ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠣᠷᠢᠭᠤᠳᠠ ᠥᠷᠢ ᠠᠴᠠ ᠪᠠᠨ ᠵᠠᠶᠢᠯᠠᠵᠤ ᠲᠠᠶᠠᠭᠳᠠᠬᠤ ᠦᠢᠯᠡ ᠠᠵᠢᠯᠯᠠᠭ᠎ᠠ᠂ | ᠮᠥᠩᠭᠦᠨ ᠭᠦᠢᠯᠭᠡᠭᠡᠨ ᠤ ᠮᠡᠬᠡᠯᠡᠯ ᠬᠢᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠦᠢᠯᠡ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ | ᠦᠯᠦ ᠡᠭᠦᠰᠬᠦ ᠶᠢ ᠦᠨᠡᠨ ᠬᠦ ᠪᠠᠲᠤᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠥᠪ ᠤᠨ ᠣᠷᠴᠢᠨ | ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠡᠷᠡᠰ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠲᠤᠯ ᠢ | ᠶᠡᠷᠦᠩᠬᠡᠶᠢᠯᠡᠨ ᠵᠠᠰᠠᠬᠤ᠂ ᠨᠡᠭᠦᠷᠡᠰᠦᠨ ᠤᠲᠤᠭ᠎ᠠ ᠶᠢᠨ ᠬᠡᠯᠪᠡᠷᠢ ᠶᠢᠨ ᠠᠭᠠᠷ ᠮᠠᠨᠳᠠᠯ ᠤᠨ ᠪᠣᠬᠢᠷᠲᠤᠯ ᠢ ᠵᠠᠰᠠᠬᠤ᠂ | ᠮᠥᠬᠦᠯᠢᠭᠲᠦ ᠪᠣᠳᠠᠰ ᠪᠠ ᠲᠣᠭᠤᠰᠣ ᠳᠡᠭᠳᠡᠬᠦ ᠪᠣᠬᠢᠷᠲᠤᠯ ᠢ ᠵᠠᠰᠠᠬᠤ ᠭᠤᠷᠪᠠᠨ ᠵᠦᠢᠯ ᠤᠨ ᠭᠤᠤᠯᠳᠠᠯᠭ᠎ᠠ ᠲᠠᠢ | ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠦᠬᠦ ᠵᠢᠯ ᠤᠨ ᠬᠤᠲᠠ ᠶᠢᠨ ᠲᠣᠭᠤᠷᠢᠭ ᠤᠨ ᠠᠭᠠᠷ ᠤᠨ | ᠴᠢᠨᠠᠷ ᠴᠢᠨᠰᠠᠭ᠎ᠠ ᠶᠢᠨ ᠴᠡᠪᠡᠷᠴᠡ ᠶᠢᠨ ᠨᠣᠷᠮ᠎ᠠ ᠶᠢ 90% ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ | ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ | ᠪᠣᠬᠢᠷ ᠤᠰᠤ ᠰᠢᠢᠳᠪᠦᠷᠢᠯᠡᠬᠦ 9 ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ᠂ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠠᠴᠠ ᠵᠥᠷᠢᠴᠡᠭᠰᠡᠨ ᠪᠠᠷᠢᠯᠭ᠎ᠠ᠂ ᠪᠣᠬᠢᠷᠳᠤᠯ ᠤᠨ | ᠡᠬᠢ ᠰᠤᠷᠪᠤᠯᠵᠢ ᠪᠠ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠠᠤᠯᠢ ᠶᠣᠰᠣᠭᠠᠷ ᠴᠡᠪᠡᠷᠯᠡᠵᠦ᠂ ᠬᠤᠲᠠ | ᠪᠠᠯᠭᠠᠰᠤ ᠶᠢᠨ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ | 100% ᠪᠠᠶᠢᠬᠤ ᠶᠢ ᠪᠠᠲᠤᠯᠠᠨ᠎ᠠ᠃ 6 ᠰᠠᠷ᠎ᠠ ᠶᠢᠨ ᠰᠡᠭᠦᠯᠴᠢ ᠪᠠᠷ 18 ᠲᠡᠤᠬᠡ ᠶᠢᠨ ᠦᠯᠡᠳᠡᠭᠳᠡᠯ ᠠᠭᠤᠷᠬᠠᠶ | ᠪᠣᠯᠤᠨ ᠬᠠᠷᠢᠭᠤᠴᠠᠯᠭ᠎ᠠ ᠶᠢᠨ ᠭᠤᠤᠯ ᠴᠣᠭᠴᠠ ᠦᠭᠡᠢ ᠠᠭᠤᠷᠬᠠᠶ ᠶᠢᠨ ᠵᠠᠰᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ | ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠡᠷᠡᠭᠯᠡᠭᠡᠨ ᠤ ᠬᠡᠮᠵᠢᠶ᠎ᠡ ᠶᠢ | ᠪᠠᠭᠠᠰᠬᠠᠬᠤ ᠶᠢ ᠲᠦᠯᠬᠢᠨ ᠠᠬᠢᠭᠤᠯᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠨ᠎ᠠ᠃ | ︵ᠬᠤᠶᠠᠷ︶ ᠲᠠᠷᠢᠶᠠᠯᠠᠩ ᠨᠢ ᠬᠦᠴᠦᠷᠬᠡᠭ᠂ ᠬᠦᠳᠡᠭᠡ ᠲᠤᠰᠬᠤᠨ ᠨᠢ ᠦᠵᠡᠰᠬᠦᠯᠡᠩ᠂ ᠲᠠᠷᠢᠶᠠᠴᠢᠨ ᠨᠢ ᠪᠠᠶᠠᠨ | ᠴᠢᠨᠡᠭᠡᠯᠢᠭ ᠪᠠᠶᠢᠬᠤ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ | ᠠᠬᠢᠭᠤᠯᠤᠨ᠎ᠠ᠃ | ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ | ᠦᠢᠯᠡᠰ ᠤᠨ ︽ᠠᠯᠠᠰᠢᠨ ᠦᠬᠡᠷ ᠤᠨ ᠲᠡᠵᠢᠭᠡᠨ ᠦᠷᠡᠵᠢᠭᠦᠯᠬᠦ ᠦᠢᠯᠡᠰ ᠢ ᠬᠦᠴᠦᠷᠬᠡᠭᠵᠢᠭᠦᠯᠵᠦ᠂ ᠭᠠᠭ᠋ᠠᠶ ᠶᠢᠨ | ᠲᠡᠵᠢᠭᠡᠨ ᠦᠷᠡᠵᠢᠭᠦᠯᠬᠦ ᠦᠢᠯᠡᠰ ᠢ ᠰᠢᠯᠢᠳᠡᠭᠵᠢᠭᠦᠯᠦᠨ᠂ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠦᠢᠯᠡᠰ ᠢ | ᠲᠣᠭᠲᠠᠪᠤᠷᠢᠵᠢᠭᠤᠯᠬᠤ︾ ᠢᠨᠵᠧᠨᠧᠷᠢᠩ ᠢ ᠬᠦᠴᠦᠲᠡᠶ ᠠᠬᠢᠭᠤᠯᠵᠤ᠂ ᠮᠦ ᠵᠢᠶᠠ ᠶᠢᠩᠽᠢ ᠪᠠᠯᠭᠠᠰᠤᠨ ᠤ ᠢ ᠵᠢᠶᠠ | ᠶᠢᠩᠽᠢ ᠲᠣᠰᠬᠤᠨ ᠵᠡᠷᠭᠡ 3 ᠠᠯᠠᠰᠢᠨ ᠦᠬᠡᠷ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠵᠤ᠂ ᠠᠯᠠᠰᠢᠨ ᠦᠬᠡᠷ ᠤᠨ ᠭᠠᠷᠭᠠᠯᠲᠠ ᠶᠢ 30 ᠲᠣᠯᠤᠭᠠᠢ | ᠳᠠᠪᠠᠭᠤᠯᠤᠨ᠎ᠠ᠃ ᠲᠠᠷᠢᠮᠠᠯ ᠤᠨ ᠦᠢᠯᠡᠰ ᠤᠨ ︽ᠠᠵᠤ ᠠᠬᠤᠶ ᠶᠢᠨ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠵᠦ ᠠᠮᠤ | ᠪᠤᠳᠠᠭ᠎ᠠ ᠶᠢᠨ ᠦᠢᠯᠡᠳᠪᠦᠷᠢᠯᠡᠯ ᠤᠨ ᠪᠦᠳᠦᠴᠡ ᠶᠢ ᠰᠢᠯᠢᠳᠡᠭᠵᠢᠭᠦᠯᠬᠦ︾ ᠢᠨᠵᠧᠨᠧᠷᠢᠩ ᠢ ᠭᠦᠨᠵᠡᠭᠡᠶ ᠲᠦᠯᠬᠢᠨ | ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ 16 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠤᠨ᠂ 3 | ᠲᠦᠮᠡᠨ ᠮᠦ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠬᠦᠭᠵᠢᠭᠦᠯᠦᠨ᠎ᠡ᠃ ︽ᠨᠢᠭᠡ ᠬᠦᠷᠢᠶᠡᠯᠡᠩ ᠨᠢᠭᠡ ᠠᠷᠭ᠎ᠠ | ᠪᠣᠳᠣᠯᠭ᠎ᠠ︾ ᠪᠠᠷ ᠬᠠᠭᠤᠴᠢᠨ ᠬᠦᠷᠢᠶᠡᠯᠡᠩ ᠲᠣᠭᠤᠷᠢᠭ ᠤᠨ ᠬᠡᠪᠴᠢᠶ᠎ᠡ᠂ ᠦᠷ᠎ᠡ ᠠᠰᠢᠭ ᠪᠠ ᠣᠷᠴᠢᠨ ᠲᠣᠭᠤᠷᠢᠨ ᠤ | ᠳᠤᠲᠠᠭᠤᠳᠠᠯ ᠢ ᠨᠥᠬᠦᠪᠦᠷᠢᠯᠡᠨ᠎ᠡ︔ ᠠᠵᠤ ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ | ᠦᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠢᠭᠡ ᠴᠠᠭᠠᠷᠢᠭ ᠨᠢᠭᠡ ᠪᠦᠰᠡ︾ | ᠶᠢᠨ ᠪᠦᠲᠦᠭᠡᠨ ᠪᠠᠶᠢᠭᠤᠯᠤᠯᠲᠠ᠂ ᠢᠩᠭᠡᠨ ᠭᠤᠣᠯ ᠳᠡᠭᠡᠳᠦ ᠤᠷᠤᠰᠬᠠᠯ ᠤᠨ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢᠨ ᠲᠣᠭᠤᠷᠢᠨ ᠳᠤ᠂ 3.14 ᠲᠦᠮᠡᠨ ᠮᠦ ᠠᠵᠤ ᠠᠬᠤᠢ ᠶᠢᠨ ᠤᠢ ᠶᠢ ᠰᠢᠨ᠎ᠡ ᠪᠠᠷ ᠬᠥᠭᠵᠢᠭᠦᠯᠦᠨ᠎ᠡ᠃ | ︽ᠨᠡᠷᠡᠲᠦ ᠲᠠᠸᠠᠷ ᠤᠨ ᠳᠡᠮᠳᠡᠭ ᠤᠨ ᠪᠠᠶᠢᠭᠤᠯᠤᠯᠲᠠ︾ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠤᠨ ᠶᠡᠷᠦᠩᠬᠡᠶᠢᠯᠡᠭᠰᠡᠨ ᠰᠢᠯᠭᠠᠨ ᠦᠨᠡᠯᠡᠬᠦ ᠠᠷᠭ᠎ᠠ ᠶᠢ ᠨᠠᠷᠢᠯᠢᠭᠵᠢᠭᠤᠯᠤᠨ᠂ | ᠲᠥᠪᠡᠳ ᠬᠠᠰᠢ᠂ ᠠᠯᠠᠰᠢᠨ ᠭᠠᠭ᠋ᠠᠶ᠂ ᠡᠯᠳᠡᠪ ᠠᠮᠤ ᠡᠯᠳᠡᠪ ᠪᠤᠷᠴᠠᠭ ᠤᠨ ᠶᠡᠷᠦᠩᠬᠡᠶ ᠬᠡᠮᠵᠢᠶᠡᠨ ᠤ ᠳᠠᠪᠠᠭᠤᠯᠢᠭ ᠲᠤ | ᠰᠠᠭᠤᠷᠢᠯᠠᠨ᠂ ᠡᠯᠧᠺᠲᠷᠣᠨ ᠬᠤᠳᠠᠯᠳᠤᠭᠠᠨ ᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠰᠦᠯᠵᠢᠶᠡᠨ ᠤ | ᠳᠡᠭᠡᠷ᠎ᠡ ᠡᠵᠡᠩᠨᠡᠨ ᠪᠣᠷᠣᠯᠠᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠵᠢᠯ ᠤᠨ ᠳᠣᠲᠣᠷ᠎ᠠ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠬᠥᠳᠡᠭᠡ ᠲᠣᠰᠬᠤᠨ ᠤ ᠰᠠᠭᠤᠷᠢ ᠨᠥᠬᠦᠴᠡᠯ ᠢ ᠲᠡᠭᠦᠯᠳᠡᠷᠵᠢᠭᠦᠯᠦᠨ᠎ᠡ᠃ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠬᠤᠭ ᠨᠣᠪᠰᠢ ᠪᠣᠬᠢᠷ ᠤᠰᠤ ᠶᠢ ᠰᠢᠶ᠋ᠳᠪᠦᠷᠢᠯᠡᠬᠦ᠂ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ ᠪᠠ ︽ᠵᠣᠷᠯᠣᠩ ᠤᠨ ᠬᠤᠪᠢᠰᠬᠠᠯ︾ ᠵᠡᠷᠭᠡ ᠲᠤᠰᠬᠠᠶ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾᠂ ᠬᠥᠳᠡᠭᠡ ᠲᠣᠰᠬᠤᠨ ᠤ | ᠪᠠᠷᠠᠭ᠎ᠠ ᠶᠢᠨ ᠭᠦᠢᠯᠭᠡᠭᠡ᠂ ᠠᠶᠢᠯ ᠲᠤᠰᠬᠤᠨ ᠤ ᠨᠣᠭᠤᠭᠠᠷᠠᠭᠤᠯᠤᠯᠲᠠ᠂ ᠰᠦᠯᠵᠢᠶᠡᠨ ᠤ ᠴᠢᠮᠡᠭᠡ ᠬᠤᠯᠪᠣᠭ᠎ᠠ᠂ | ᠬᠥᠳᠡᠭᠡ ᠲᠣᠰᠬᠤᠨ ᠤ ᠲᠣᠣᠷ ᠰᠦᠯᠵᠢᠶᠡᠨ ᠤ ᠳᠡᠰ ᠳᠡᠪᠰᠢᠬᠦ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠥᠷᠭᠡᠳᠬᠡᠨ᠂ ᠲᠡᠤᠬᠡ ᠶᠢᠨ ᠳᠤᠷᠠᠰᠬᠠᠯᠲᠤ ᠵ᠊ ᠦᠢᠯᠡᠰ᠂ ᠲᠣᠰᠬᠤᠨ ᠤ ᠤᠯᠠᠮᠵᠢᠯᠠᠯᠲᠤ ᠪᠠᠷᠢᠯᠭ᠎ᠠ | ᠪᠣᠯᠤᠨ ᠤᠰᠤᠯᠠᠯᠲᠠ ᠶᠢᠨ ᠢᠨᠵᠧᠨᠧᠷᠢᠩ ᠤᠨ ᠦᠯᠡᠳᠡᠭᠳᠡᠯ ᠤᠯᠠ ᠮᠦᠷ ᠢ ᠬᠠᠮᠠᠭᠠᠯᠠᠬᠤ ᠶᠢ ᠴᠢᠬᠤᠯᠠᠴᠢᠯᠠᠵᠤ᠂ | ᠬᠥᠳᠡᠭᠡ ᠲᠣᠰᠬᠤᠨ ᠤ ᠣᠷᠴᠢᠨ ᠲᠣᠭᠤᠷᠢᠨ ᠤ ᠲᠠᠰᠤᠷᠠᠯᠲᠠ ᠦᠭᠡᠢ ᠰᠠᠶᠢᠵᠢᠷᠠᠬᠤ ᠶᠢ ᠠᠬᠢᠭᠤᠯᠤᠨ᠂ ᠬᠥᠳᠡᠭᠡ | ᠲᠣᠰᠬᠤᠨ ᠤ ᠭᠤᠸ᠎ᠠ ᠰᠠᠶᠢᠬᠠᠨ ᠪᠠ ᠨᠤᠲᠤᠭ ᠤᠨ ᠡᠷᠢᠯ ᠢ ᠦᠯᠡᠳᠡᠭᠡᠬᠦ ᠪᠠᠷ ᠴᠢᠷᠮᠠᠶᠢᠨ᠎ᠠ᠃ | ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠥᠳᠡᠭᠡ ᠲᠣᠰᠬᠤᠨ ᠤ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠭᠤᠣᠯᠳᠠᠯᠭ᠎ᠠ ᠪᠣᠯᠭᠠᠵᠤ᠂ ᠲᠠᠷᠢᠶᠠᠴᠢᠳ ᠤᠨ ᠭᠠᠵᠠᠷ | ᠰᠢᠷᠣᠶ ᠨᠤᠲᠤᠭ ᠪᠡᠯᠴᠢᠭᠡᠷ ᠵᠡᠷᠭᠡ ᠡᠳ᠋ ᠬᠥᠷᠥᠩᠭᠡ ᠪᠠᠷ ᠢᠶᠠᠨ ᠳᠠᠭᠠᠭᠤᠯᠤᠭᠴᠢ ᠠᠵᠤ ᠠᠬᠤᠶᠢᠯᠠᠯ ᠪᠣᠯᠤᠨ | ᠬᠤᠷᠰᠢᠭᠰᠠᠨ ᠵᠣᠬᠢᠶᠠᠨ ᠪᠠᠶᠢᠭᠤᠯᠤᠯᠲᠠ ᠳᠤ ᠬᠤᠪᠢ ᠣᠷᠤᠵᠤ ᠂ ᠡᠳ᠋ ᠬᠥᠷᠥᠩᠭᠡ ᠶᠢᠨ ᠠᠰᠢᠭ ᠣᠯᠵᠠᠪᠤᠷᠢ ᠪᠣᠯᠤᠨ | ᠬᠤᠪᠢ ᠣᠷᠣᠭᠤᠯᠤᠭᠰᠠᠨ ᠮᠥᠩᠭᠦ ᠶᠢᠨ ᠠᠰᠢᠭ ᠬᠤᠪᠢᠶᠠᠷᠢᠯᠠᠯᠲᠠ ᠶᠢ ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠎ᠠ᠃ | ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠣᠯᠠᠨ ᠳᠡᠰ ᠳᠠᠪᠬᠤᠷᠭ᠎ᠠ ᠪᠠᠷ | ᠥᠷᠨᠢᠭᠦᠯᠵᠦ᠂ ᠰᠢᠨ᠎ᠡ ᠬᠡᠯᠪᠡᠷᠢ ᠶᠢᠨ ᠲᠤᠰᠬᠠᠶᠢᠵᠢᠭᠰᠠᠨ ᠲᠠᠷᠢᠶᠠᠴᠢᠨ ᠤ ᠡᠩᠨᠡᠭᠡ ᠶᠢ ᠦᠷᠭᠦᠯᠵᠢᠯᠡᠨ | ᠪᠤᠵᠠᠭᠠᠶᠢᠷᠠᠭᠤᠯᠤᠨ᠎ᠠ᠃ ᠨᠡᠶᠢᠭᠡᠮ ᠤᠨ ᠵᠠᠰᠠᠯᠲᠠ ᠪᠣᠯᠤᠨ ᠦᠢᠯᠡᠴᠢᠯᠡᠭᠡᠨ ᠤ ᠭᠤᠣᠯᠳᠠᠯᠭ᠎ᠠ ᠪᠠᠨ ᠦᠨᠳᠦᠰᠦᠨ ᠱᠠᠲᠤ | ᠲᠡᠰᠢ ᠰᠢᠯᠵᠢᠭᠦᠯᠬᠦ ᠶᠢ ᠠᠬᠢᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠤᠯᠠᠮ ᠨᠢᠭᠡ ᠠᠯᠬᠤᠮ | ᠵᠢᠷᠤᠮᠵᠢᠭᠤᠯᠤᠨ᠂ ᠶᠣᠰᠣ ᠮᠣᠷᠠᠯ ᠢᠶᠠᠷ ᠵᠠᠰᠠᠬᠤ ᠰᠤᠷᠭᠠᠨ ᠬᠥᠮᠦᠵᠢᠯ ᠬᠢᠭᠡᠳ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠵᠡᠷᠭᠡᠪᠡᠷ ᠬᠦᠴᠦᠯᠡᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠬᠠᠭᠤᠴᠢᠨ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠤᠨ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ | ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠤᠨ᠎ᠠ᠃ | ︵ᠭᠤᠷᠪᠠ︶ ᠪᠦᠲᠦᠴᠡ ᠶᠢ ᠲᠤᠬᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠲᠠᠪᠴᠠᠩ ᠢ ᠬᠦᠴᠦᠯᠡᠨ | ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠪᠦᠬᠦ ᠬᠦᠴᠦᠨ ᠢᠶᠠᠷ | ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ | ᠰᠤᠨ ᠬᠤᠩ ᠠᠭᠤᠷᠬᠠᠢ ᠶᠢᠨ ᠦᠢᠯᠡᠰ ᠤᠨ ᠬᠠᠷ᠎ᠠ ᠲᠤᠭᠤᠯᠭ᠎ᠠ ᠴᠠᠶᠢᠷ ᠮᠥᠩᠭᠦ ᠶᠢ ᠬᠠᠶᠢᠨ ᠰᠣᠩᠭᠤᠬᠤ᠂ ᠳ᠋ᠠ | ᠬᠡᠦ ᠲᠠᠢ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠶᠤᠸᠠᠨ ᠰᠢᠬᠢᠷ ᠯᠤᠤᠪᠠᠩ ᠤᠨ | ᠬᠤᠵᠢᠷ᠂ ᠷᠦ ᠱᠧᠩ ᠥᠭᠡᠬᠦᠨ ᠴᠢᠯᠠᠭᠤᠨ ᠡᠯᠡᠰᠦ ᠵᠡᠷᠭᠡ ᠪᠠᠶᠢᠭᠤᠯᠵᠤ ᠪᠠᠶ᠋ᠭ᠎ᠠ ᠲᠥᠷᠥᠯ ᠵᠦᠢᠯ ᠢ ᠵᠢᠯ ᠤᠨ | ᠳᠣᠲᠣᠷ᠎ᠠ ᠠᠰᠢᠭᠯᠠᠯᠲᠠ ᠳᠤ ᠣᠷᠤᠭᠤᠯᠬᠤ ᠶᠢ ᠠᠬᠢᠭᠤᠯᠤᠨ᠎ᠠ᠃ ᠪᠡᠭᠡᠵᠢᠩ ᠤᠨ ᠶᠠᠩ ᠳ᠋ᠧ ᠰᠠᠯᠬᠢᠨ ᠬᠦᠴᠦᠨ ᠤ | ᠴᠠᠬᠢᠯᠭᠠᠨ ᠭᠠᠷᠭᠠᠬᠤ ᠦᠢᠯᠡᠳᠪᠦᠷᠢ᠂ ᠪᠡᠭᠡᠵᠢᠩ ᠤᠨ ᠴᠣᠣ ᠪᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠬᠦᠭᠡᠷᠦᠮᠵᠢ᠂ ᠹᠧᠩ ᠶᠤᠸᠠᠨ ᠪᠠᠯ ᠴᠢᠯᠠᠭᠤᠨ ᠪᠦᠲᠦᠭᠡᠭᠳᠡᠬᠦᠨ ᠵᠡᠷᠭᠡ ᠭᠡᠷ᠎ᠡ ᠲᠣᠭᠲᠠᠭᠰᠠᠨ ᠲᠥᠷᠥᠯ ᠵᠦᠢᠯ ᠢ | ᠲᠦᠷᠭᠡᠬᠡᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠶᠢ ᠶᠡᠬᠡᠪᠡᠷ ᠲᠡᠳᠬᠦᠨ ᠳᠠᠮᠵᠢᠵᠤ᠂ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠲᠠᠪᠴᠠᠩ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠮᠧᠩ ᠬᠤᠢ ᠰᠢᠨ ᠴᠠᠭᠠᠰᠤᠨ ᠪᠦᠲᠦᠭᠡᠭᠳᠡᠬᠦᠨ᠂ ᠬᠤᠢ ᠮᠢᠩ ᠬᠡᠪᠯᠡᠯ ᠤᠨ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠵᠢᠯ ᠤᠨ ᠳᠣᠲᠣᠷ᠎ᠠ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 4 ᠶᠢ ᠰᠢᠨ᠎ᠡ ᠪᠠᠷ ᠨᠡᠮᠡᠭᠳᠡᠭᠦᠯᠦᠨ᠂ ᠦᠢᠯᠡᠳᠬᠦᠨ ᠤ ᠶᠡᠷᠦᠩᠬᠡᠢ ᠥᠷᠳᠡᠭ ᠢ | 62 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ ︽ᠦᠬᠦᠰᠢᠷᠡᠮᠡᠯ | ᠠᠵᠤ ᠠᠬᠤᠶᠢᠯᠠᠯ︾ ᠢ ᠴᠡᠪᠡᠷᠯᠡᠬᠦ ᠶᠢ ᠠᠬᠢᠭᠤᠯᠵᠤ᠂ ᠬᠤᠵᠢᠭᠳᠠᠩᠭᠤᠢ ᠦᠢᠯᠡᠳᠪᠦᠷᠢᠯᠡᠯ ᠤᠨ ᠴᠢᠳᠠᠪᠬᠢ ᠶᠢ | ᠲᠠᠶᠠᠭᠳᠠᠨ᠂ ᠵᠢᠯ ᠤᠨ ᠳᠣᠲᠣᠷ᠎ᠠ ᠨᠢᠭᠡᠴᠢ ᠶᠢᠨ GDP ᠶᠢᠨ ᠡᠨᠧᠷᠭᠢ ᠶᠢᠨ ᠬᠤᠷᠣᠭᠳᠠᠯ ᠢ 3% ᠢᠶᠠᠷ | ᠪᠠᠭᠤᠷᠠᠭᠤᠯᠤᠨ᠎ᠠ᠃ ᠵᠦᠩ ᠭᠠᠩ ᠶᠢᠨ ᠰᠢᠨ᠂ ᠬᠤᠸᠠ ᠲᠠᠢ ᠠᠭᠤᠷᠬᠠᠢ ᠶᠢᠨ ᠦᠢᠯᠡᠰ ᠵᠡᠷᠭᠡ ᠠᠭᠤᠷᠬᠠᠢ ᠶᠢᠨ | ᠭᠠᠷᠤᠯᠲᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠶᠢ ᠠᠬᠢᠭᠤᠯᠵᠤ᠂ | ᠥᠩᠭᠡᠲᠦ ᠲᠡᠮᠦᠷᠯᠢᠭ ᠤᠨ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠵᠣᠬᠢᠬᠤ ᠬᠡᠪᠴᠢᠶ᠎ᠡ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠢ ᠠᠩᠴᠢᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠣᠷᠣᠵᠤ ᠰᠠᠭᠤᠬᠤ ᠶᠢ ᠵᠣᠷᠢᠭᠵᠢᠭᠤᠯᠵᠤ᠂ ᠡᠷᠴᠢᠮᠵᠢᠭᠦᠯᠦᠨ ᠬᠥᠭᠵᠢᠭᠦᠯᠦᠨ᠎ᠡ᠃ ᠦᠢᠯᠡᠳᠪᠦᠷᠢ | ᠯᠡᠯ ᠤᠨ ᠬᠡᠯᠪᠡᠷᠢ ᠶᠢᠨ ᠠᠵᠤ ᠠᠬᠤᠶᠢᠯᠠᠯ ᠢ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠲᠡᠰᠢ | ᠬᠤᠪᠢᠷᠠᠭᠤᠯᠬᠤ ᠶᠢ ᠳᠠᠮᠵᠢᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ | ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ 4 ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ᠠᠵᠤ ᠦᠢᠯᠡᠳᠪᠦᠷᠢ ᠶᠢᠨ ᠬᠥᠭᠵᠢᠯᠲᠡ ᠶᠢᠨ ᠲᠠᠪᠴᠠᠩ ᠢ ᠪᠠᠬᠢᠵᠢᠭᠦᠯᠦᠨ᠎ᠡ᠃ ᠠᠩᠴᠢᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠱᠤᠭᠤᠮ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠳᠤᠮᠳᠠᠬᠢ ᠤᠰᠤ ᠶᠢ ᠪᠤᠴᠠᠭᠠᠨ ᠬᠡᠷᠡᠭᠯᠡᠬᠦ᠂ ᠪᠣᠷᠣᠭᠠᠨ ᠤ ᠤᠰᠤᠨ ᠤ ᠬᠥᠭᠡᠷᠭᠡ ᠶᠢᠨ ᠥᠷᠳᠡᠭᠡ | ᠵᠡᠷᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠠᠰᠢᠭᠯᠠᠯᠲᠠ ᠳᠤ ᠣᠷᠤᠭᠤᠯᠤᠨ᠂ ᠬᠦᠷᠢᠶᠡᠯᠡᠩ | ᠲᠣᠭᠤᠷᠢᠭ ᠤᠨ ᠤᠰᠤ ᠲᠠᠲᠠᠬᠤ ᠢᠨᠵᠧᠨᠧᠷᠢᠩ ᠢ ᠡᠬᠢᠯᠡᠭᠦᠯᠵᠦ᠂ 7 ᠲᠦᠮᠡᠨ ᠲᠡᠭᠰᠢ ᠳᠥᠷᠪᠡᠯᠵᠢᠨ ᠮᠧᠲᠷ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠠᠵᠤ | ᠠᠬᠤᠶᠢᠯᠠᠯ ᠤᠨ ᠰᠠᠭᠤᠷᠢᠰᠢᠬᠤ ᠪᠠ ᠤᠬᠤᠷᠢᠨ ᠭᠠᠷᠬᠤ ᠲᠣᠭᠲᠠᠴᠠ ᠶᠢ ᠵᠢᠷᠤᠮᠵᠢᠭᠤᠯᠤᠨ᠂ ᠲᠥᠷᠥᠯ ᠵᠦᠢᠯ ᠢ | ᠵᠥᠪᠰᠢᠶᠡᠷᠡᠨ ᠣᠷᠣᠭᠤᠯᠬᠤ ᠨᠥᠬᠦᠴᠡᠯ ᠢ ᠳᠡᠭᠡᠭᠰᠢᠯᠡᠭᠦᠯᠵᠦ᠂ ᠰᠠᠭᠤᠷᠢᠰᠢᠬᠤ ᠠᠵᠤ ᠠᠬᠤᠶᠢᠯᠠᠯ ᠤᠨ ᠪᠦᠲᠦᠴᠡ ᠶᠢ | ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠠᠵᠤ ᠠᠬᠤᠶᠢᠯᠠᠯ ᠢ 60 ᠠᠴᠠ ᠳᠡᠭᠡᠭᠰᠢ | ᠪᠠᠶᠢᠬᠤ ᠶᠢ ᠬᠦᠴᠦᠯᠡᠨ ᠠᠬᠢᠭᠤᠯᠵᠤ᠂ ᠵᠢᠯ ᠤᠨ ᠦᠢᠯᠡᠳᠬᠦᠨ ᠤ ᠥᠷᠲᠡᠭ ᠢ 55 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ᠃ ︽ᠠᠵᠤ ᠦᠢᠯᠡᠰ ᠬᠤᠲᠠ ᠶᠢ ᠨᠢᠭᠡ ᠴᠣᠭᠴᠠᠵᠢᠭᠤᠯᠬᠤ︾ ᠬᠡᠪ ᠵᠠᠭᠪᠤᠷ ᠶᠣᠰᠣᠭᠠᠷ᠂ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠤᠯᠠᠮ | ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠭᠦᠯᠵᠦ᠂ ᠲᠢᠶᠠᠨ ᠶᠢ ᠬᠥᠭᠦᠷᠭᠡ ᠪᠠ 11 ᠵᠤᠷᠪᠤᠰ ᠵᠠᠮ ᠤᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠂ 5 ᠵᠤᠷᠪᠤᠰ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢ | ᠪᠡᠶᠡᠯᠡᠭᠦᠯᠵᠦ᠂ ᠮᠡᠳᠡᠭᠡ ᠵᠠᠩᠭᠢ ᠶᠢᠨ ᠠᠵᠤ ᠦᠢᠯᠡᠰ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ | ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠪᠠᠨ ᠴᠢᠩᠭᠠᠳᠬᠠᠵᠤ᠂ ᠵᠢᠯ ᠤᠨ ᠳᠣᠲᠣᠷ᠎ᠠ ᠬᠦᠷᠢᠶᠡᠯᠡᠩ ᠲᠣᠭᠤᠷᠢᠭ ᠲᠤ | ᠰᠠᠭᠤᠷᠢᠰᠢᠬᠤ ᠮᠡᠳᠡᠭᠡ ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠠᠵᠤ ᠠᠬᠤᠶᠢᠯᠠᠯ ᠢ | 20 ᠠᠴᠠ ᠳᠡᠭᠡᠭᠰᠢ ᠪᠣᠯᠭᠠᠨ᠂ ᠤᠯᠠᠭᠠᠨᠬᠠᠳᠠ ᠶᠢᠨ ᠲᠣᠭᠠᠴᠢᠯᠠᠭᠰᠠᠨ ᠡᠭᠦᠳᠦᠯᠲᠡ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ | ︵ᠲᠥᠷᠪᠡ︶ ᠬᠦᠴᠦᠷᠬᠡᠭᠵᠢᠭᠦᠯᠬᠦ᠂ ᠲᠤᠰᠬᠠᠶᠢᠵᠢᠭᠤᠯᠬᠤ᠂ ᠨᠠᠷᠢᠯᠢᠭᠵᠢᠭᠤᠯᠬᠤ ᠳᠤ ᠰᠠᠭᠤᠷᠢᠯᠠᠨ᠂ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ᠃ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ | ᠤᠯᠠᠮᠵᠢᠯᠠᠯᠲᠤ ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ | ᠬᠡᠯᠪᠡᠷᠢ ᠶᠢᠨ ᠪᠤᠶᠢᠵᠢᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠶᠢᠨ ᠴᠢᠨᠠᠷ ᠴᠢᠨᠰᠠᠭ᠎ᠠ ᠪᠣᠯᠤᠨ | ᠠᠮᠢᠳᠤᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠰᠠᠭᠤᠷᠢᠯᠠᠨ᠂ ᠵᠦᠩ ᠯᠢᠶᠠᠨ ᠠᠭᠤᠳᠠᠮ ᠲᠠᠯᠠᠪᠠᠶ᠂ ᠳᠣᠯᠣᠭᠠᠨ | ᠥᠩᠭᠡᠲᠦ ᠬᠤᠲᠠ᠂ ᠬᠤᠸᠠ ᠯᠢᠶᠠᠨ ᠬᠤᠳᠠᠯᠳᠤᠭᠠᠨ ᠤ ᠲᠥᠪ᠂ ᠬᠤᠩ ᠰᠢᠩ ᠮᠧᠶ ᠺᠠᠶ ᠯᠦᠩ ᠵᠡᠷᠭᠡ | ᠬᠤᠳᠠᠯᠳᠤᠭᠠᠨ ᠤ ᠦᠢᠯᠡᠰ ᠨᠢ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠬᠠᠨᠳᠤᠰᠢ ᠶᠢ ᠳᠠᠭᠠᠵᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠦᠭᠵᠢᠭᠦᠯᠦᠨ᠎ᠡ︔ ᠰᠦᠩᠱᠠᠨ ᠤ ᠸᠠᠨ ᠳ᠋ᠠ | ᠠᠭᠤᠳᠠᠮ ᠲᠠᠯᠠᠪᠠᠢ ᠶᠢ ᠰᠡᠯᠡᠭᠦᠴᠡᠯ᠂ ᠪᠡᠶᠡᠴᠢᠯᠡᠨ ᠣᠶᠢᠯᠠᠭᠠᠬᠤ᠂ ᠤᠷᠠᠯᠢᠭ ᠤᠨ ᠲᠦᠷᠦᠯ ᠤᠨ ᠡᠵᠡᠩᠨᠡᠯᠲᠡ ᠶᠢᠨ | ᠪᠠᠶᠢᠳᠠᠯ ᠪᠦᠬᠦ ᠲᠠᠯ᠎ᠠ ᠪᠠᠷ ᠠᠭᠤᠰᠤᠯᠴᠠᠬᠤ ᠶᠢ ᠳᠡᠮᠵᠢᠨ᠂ ︽ᠲᠤᠭ᠎ᠠ︾ ᠶᠢᠨ ᠪᠠᠶᠢᠭᠤᠯᠤᠯᠲᠠ ᠶᠢ ᠬᠡᠷᠡᠭᠵᠢᠭᠦᠯᠵᠦ᠂ | ︽ᠣᠶᠤᠨ ᠤᠬᠠᠭᠠᠨ︾ ᠢᠶᠠᠷ ᠬᠥᠭᠵᠢᠭᠦᠯᠦᠨ᠎ᠡ︔ ᠲᠣᠭᠤᠷᠢᠭ ᠤᠨ ᠵᠠᠰᠠᠭ ᠤᠨ ᠣᠷᠳᠣᠨ ᠤ ᠬᠤᠶᠢᠲᠤ ᠲᠠᠯ᠎ᠠ ᠶᠢᠨ | ᠬᠤᠳᠠᠯᠳᠤᠭᠠᠨ ᠤ ᠶᠡᠷᠦᠩᠬᠡᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠵᠦ᠂ ᠰᠣᠳᠣᠨ ᠪᠠᠭᠤᠳᠠᠯ᠂ | ᠣᠨᠴᠠᠯᠢᠭᠲᠤ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ ᠶᠢ ᠪᠡᠶᠡᠴᠢᠯᠡᠨ ᠣᠶᠢᠯᠠᠭᠠᠬᠤ ᠨᠢᠭᠡ | ᠴᠣᠭᠴᠠᠵᠢᠭᠤᠯᠤᠭᠰᠠᠨ ᠬᠤᠲᠠ ᠶᠢᠨ ᠰᠢᠨ᠎ᠡ ᠴᠣᠭᠴᠠ ᠶᠢ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ | ᠂ ᠮᠡᠳᠡᠭᠡ ᠵᠠᠩᠭᠢ ᠶᠢᠨ ᠬᠡᠷᠡᠭᠯᠡᠭᠡ᠂ ᠰᠣᠶᠣᠯ ᠤᠨ ᠡᠭᠦᠳᠦᠨ ᠪᠦᠳᠦᠭᠡᠯᠲᠡ᠂ ᠰᠥᠨᠢ ᠶᠢᠨ ᠠᠵᠤ ᠠᠬᠤᠶ ᠶᠢ | ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠢᠭ ᠢ ᠪᠤᠢ ᠪᠣᠯᠭᠠᠨ᠎ᠠ᠃ | ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠨᠢᠭᠡ | ᠰᠠᠨᠠᠯ ᠬᠤᠶᠠᠷ ᠲᠥᠷᠥ ᠶᠢᠨ ᠪᠣᠳᠣᠯᠭ᠎ᠠ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠶ ᠵᠠᠬ᠎ᠠ | ᠳᠡᠯᠭᠡᠭᠦᠷ ᠤᠨ ᠪᠠᠶᠢᠷᠢᠯᠠᠭᠤᠯᠤᠯᠲᠠ᠂ ᠪᠦᠲᠦᠭᠡᠨ ᠪᠠᠶᠢᠭᠤᠯᠤᠯᠲᠠ ᠪᠣᠯᠤᠨ ᠬᠤᠳᠠᠯᠳᠤᠭᠠᠴᠢᠨ ᠤᠷᠢᠬᠤ ᠶᠢ ᠨᠠᠷᠢᠨ | ᠨᠢᠮᠪᠠᠶ ᠲᠥᠰᠦᠪᠯᠡᠵᠦ᠂ ᠰᠢᠨ ᠲᠢᠶᠠᠨ ᠳ᠋ᠢ ᠠᠭᠤᠳᠠᠮ ᠲᠠᠯᠠᠪᠠᠶ᠂ ᠱᠠᠩ ᠫᠢᠨ ᠲᠣᠭᠠᠴᠢᠯᠠᠭᠰᠠᠨ ᠬᠤᠲᠠ ᠶᠢ | ᠬᠥᠲᠥᠯᠥᠨ ᠵᠢᠯᠣᠭᠤᠳᠴᠤ ᠡᠵᠡᠩᠨᠡᠯᠲᠡ ᠶᠢᠨ ᠦᠵᠡᠯᠲᠡ ᠶᠢ ᠨᠢ ᠬᠤᠪᠢᠷᠠᠭᠤᠯᠤᠨ᠎ᠠ᠃ ᠢᠦᠢ ᠷᠦᠨ ᠵᠠᠬ᠎ᠠ ᠳᠡᠯᠭᠡᠭᠦᠷ᠂ | ᠲᠡᠮᠦᠷᠯᠢᠭ ᠮᠠᠰᠢᠨ ᠴᠠᠬᠢᠯᠭᠠᠨ ᠤ ᠬᠤᠲᠠ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠮᠧᠩ ᠳ᠋ᠦᠩ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠪᠣᠯᠣᠳ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠲᠦᠷᠭᠡᠳᠬᠡᠨ | ᠪᠠᠶᠢᠭᠤᠯᠬᠤ ᠶᠢ ᠠᠬᠢᠭᠤᠯᠤᠨ᠂ ︽ᠬᠤᠲᠠ ᠲᠣᠭᠤᠷᠢᠭ︾ ᠬᠢᠭᠡᠳ ︽ᠬᠤᠲᠠ︾ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠤᠨ᠎ᠠ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠬᠤᠲᠠ ᠶᠢᠨ ᠵᠡᠭᠡᠯᠢ | ᠭᠤᠳᠤᠮᠵᠢ᠂ ᠨᠣᠭᠤᠭᠠᠷᠠᠭᠤᠯᠤᠯᠲᠠ᠂ ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠪᠣᠬᠢᠷ | ᠤᠰᠤ ᠰᠢᠢᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠡᠷᠦᠩᠬᠡᠶ ᠪᠡᠯᠡ | ᠣᠷᠣᠭᠤᠯᠤᠯᠲᠠ ᠨᠢ 60 ᠳ᠋ᠦᠩᠰᠢᠭᠤᠷ ᠲᠥᠭᠦᠷᠢᠭ ᠪᠣᠯᠬᠤ᠂ 2000 ᠮᠦ ᠭᠠᠵᠠᠷ ᠡᠵᠡᠯᠡᠬᠦ ᠶᠠ ᠴᠢ ᠣᠯᠠᠨ | ᠤᠯᠤᠰ ᠤᠨ ᠪᠠᠷᠠᠭ᠎ᠠ ᠶᠢᠨ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠢ ᠡᠬᠢᠯᠡᠨ ᠪᠠᠶᠢᠭᠤᠯᠵᠤ᠂ ᠪᠦᠬᠦ ᠬᠤᠲᠠ ᠶᠢᠨ | ᠣᠷᠣᠨ ᠪᠦᠰᠡ ᠶᠢᠨ ᠴᠢᠨᠠᠷᠲᠠᠶ ᠠᠮᠢᠳᠤᠷᠠᠯ ᠤᠨ ᠡᠳ᠋ ᠪᠣᠳᠠᠰ ᠢ ᠬᠤᠳᠠᠯᠳᠤᠨ ᠠᠪᠬᠤ ᠪᠠ ᠬᠤᠪᠢᠶᠠᠨ ᠲᠠᠷᠬᠠᠭᠠᠬᠤ | ᠲᠥᠪ ᠢ ᠪᠠᠶᠢᠭᠤᠯᠤᠨ᠂ ᠠᠵᠤ ᠦᠢᠯᠡᠰ ᠢᠶᠠᠷ ᠬᠤᠲᠠ ᠶᠢ ᠳᠠᠶᠢᠴᠢᠯᠠᠬᠤ᠂ ᠠᠵᠤ ᠦᠢᠯᠡᠰ ᠢᠶᠠᠷ ᠬᠤᠲᠠ ᠶᠢ | ᠮᠠᠨᠳᠤᠭᠤᠯᠬᠤ᠂ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠬᠦᠴᠦ ᠪᠠᠨ ᠲᠥᠪᠯᠡᠷᠡᠭᠦᠯᠦᠨ ᠬᠥᠭᠵᠢᠭᠦᠯᠦᠨ᠎ᠡ᠃ | ᠬᠤᠲᠠ ᠶᠢᠨ ᠭᠠᠳᠠᠨᠠᠬᠢ ᠪᠠ ᠲᠣᠲᠤᠭᠠᠲᠤ ᠶᠢᠨ ᠬᠤᠶᠠᠷ ᠵᠠᠬ᠎ᠠ ᠳᠡᠯᠭᠡᠭᠦᠷ ᠢ ᠣᠨᠢᠯᠠᠵᠤ᠂ ᠬᠤᠲᠠ ᠲᠣᠭᠤᠷᠢᠭ ᠬᠥᠳᠡᠭᠡ | ᠲᠣᠰᠬᠤᠨ ᠤ ᠵᠢᠭᠤᠯᠴᠢᠯᠠᠯ ᠤᠨ ᠵᠣᠷᠢᠭᠰᠠᠨ ᠭᠠᠵᠠᠷ ᠪᠠ ᠣᠷᠣᠨ ᠪᠦᠰᠡ ᠶᠢᠨ ᠵᠢᠭᠤᠯᠴᠢᠯᠠᠯ ᠤᠨ ᠲᠥᠪᠯᠡᠷᠡᠭᠦᠯᠦᠨ | ᠲᠠᠷᠬᠠᠭᠠᠬᠤ ᠲᠥᠪ ᠢ ᠪᠠᠶᠢᠭᠤᠯᠤᠨ᠂ ᠤᠯᠢᠶᠠᠰᠤ᠂ ᠰᠢᠩ ᠯᠦᠩ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ᠂ ᠳ᠋ᠠ | ᠮᠢᠶᠣᠣ ᠶᠢᠨ ᠭᠦᠩᠵᠦ ᠶᠢᠨ ᠳᠠᠪᠠᠭ᠎ᠠ᠂ ᠶᠢᠨ ᠾᠧ ᠬᠥ᠋ ᠵᠢᠵᠢᠭ ᠪᠠᠯᠭᠠᠰᠤ᠂ ᠬᠤᠸᠠᠩ ᠵᠢᠶᠠ ᠮᠠᠨ ᠳ᠋ᠢᠶᠠᠨ ᠵᠡᠷᠭᠡ | ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠵᠠᠮ᠂ | ᠦᠵᠡᠮᠵᠢ ᠶᠢᠨ ᠣᠷᠣᠨ ᠤ ᠵᠣᠷᠯᠣᠩ᠂ ᠳᠡᠮᠳᠡᠭ ᠫᠠᠶᠢᠰᠠ ᠵᠡᠷᠭᠡ ᠢᠵᠢ ᠪᠦᠷᠢᠳᠦᠭᠦᠯᠬᠦ ᠲᠦᠬᠦᠭᠡᠷᠦᠮᠵᠢ ᠶᠢ | ᠲᠡᠭᠦᠯᠳᠡᠷᠵᠢᠭᠦᠯᠵᠦ᠂ ᠵᠢᠭᠤᠯᠴᠢᠯᠠᠯ ᠤᠨ ᠵᠠᠰᠠᠮᠠᠯ ᠵᠠᠮ ᠤᠨ ᠨᠣᠭᠤᠭᠠᠷᠠᠭᠤᠯᠤᠯᠲᠠ ᠶᠢ ᠰᠠᠶᠢᠲᠤᠷ ᠬᠡᠷᠡᠭᠵᠢᠭᠦᠯᠦᠨ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠥᠨᠳᠥᠷ ᠬᠤᠷᠳᠤᠴᠠᠲᠤ ᠲᠡᠮᠦᠷ | ᠵᠠᠮ ᠤᠨ ᠲᠤᠰᠬᠠᠶ ᠬᠠᠷᠢᠶᠠᠨ ᠤ ᠠᠵᠤ ᠠᠬᠤᠢ ᠶᠢᠨ ᠣᠷᠣᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠲᠥᠪ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠦᠬᠦ ᠬᠤᠲᠠ ᠶᠢᠨ ᠬᠤᠶᠠᠳᠤᠭᠠᠷ | ᠬᠤᠭᠤᠴᠠᠭᠠᠨ ᠤ ᠵᠢᠭᠤᠯᠴᠢᠯᠠᠯ ᠤᠨ ᠶᠡᠭᠡ ᠬᠤᠷᠠᠯ ᠢ ᠰᠠᠶᠢᠲᠤᠷ ᠡᠷᠬᠢᠯᠡᠵᠦ᠂ ᠵᠢᠯ ᠤᠨ ᠳᠣᠲᠣᠷ᠎ᠠ 76.9 ᠲᠦᠮᠡᠨ | ᠬᠥᠮᠦᠨ ᠤᠳᠠᠭ᠎ᠠ ᠠᠴᠠ ᠳᠡᠭᠡᠭᠰᠢ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 13. | 5 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ︵ᠲᠠᠪᠤ︶ ᠳᠣᠲᠣᠭᠠᠳᠤ ᠬᠦᠴᠦᠨ ᠢ ᠬᠥᠭᠵᠢᠭᠡᠬᠦ ᠪᠠ ᠭᠠᠳᠠᠭᠠᠳᠤ ᠬᠦᠴᠦᠨ ᠢ ᠠᠰᠢᠭᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠴᠢ | ᠡᠨᠧᠷᠭᠢ ᠶᠢ ᠴᠢᠩᠭᠠᠳᠬᠠᠨ᠎ᠠ᠃ | ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠤᠨ᠎ᠠ᠃ ᠭᠤᠣᠯ ᠬᠤᠲᠠ ᠲᠣᠭᠤᠷᠢᠭ ᠤᠨ ᠣᠷᠣᠨ | ᠪᠠᠶᠢᠷᠢ ᠶᠢᠨ ᠳᠠᠪᠠᠭᠤᠯᠢᠭ᠂ ᠪᠠᠷᠠᠭᠠᠨ ᠤ ᠭᠦᠢᠯᠭᠡᠭᠡᠨ ᠤ ᠬᠤᠲᠠ᠂ ᠠᠩᠴᠢᠨ ᠬᠦᠷᠢᠶᠡᠯᠡᠩ ᠲᠣᠭᠤᠷᠢᠭ ᠪᠣᠯᠤᠨ ᠮᠡᠳᠡᠭᠡ | ᠵᠠᠩᠭᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠳᠠᠪᠠᠭᠤᠯᠢᠭ ᠲᠤ ᠲᠦᠰᠢᠭᠯᠡᠨ᠂ | ᠡᠯᠪᠡᠭ ᠪᠠᠶᠠᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠤᠨ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ ᠰᠢᠯᠢᠳᠡᠭ ᠬᠦᠴᠦᠷᠬᠡᠭ 5 ᠬᠤᠳᠠᠯᠳᠤᠭᠠᠴᠢᠨ ᠤᠷᠢᠬᠤ ᠳᠤᠭᠤᠶᠢᠯᠠᠩ | ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠢᠴᠢ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠢ ᠴᠢᠩᠭ᠎ᠠ ᠠᠩᠬᠠᠷᠴᠤ᠂ ᠮᠡᠳᠡᠭᠡ ᠵᠠᠩᠭᠢ ᠶᠢᠨ ᠮᠡᠷᠭᠡᠵᠢᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠠᠭᠤᠷᠬᠠᠢ ᠶᠢᠨ ᠭᠠᠷᠤᠯᠲᠠ ᠶᠢ ᠨᠠᠷᠢᠯᠢᠭ ᠡᠳ᠋ᠰᠢᠭᠦᠯᠬᠦ᠂ ᠳᠡᠭᠡᠳᠦ ᠲᠡᠰ ᠤᠨ | ᠲᠣᠨᠤᠭ ᠲᠥᠬᠦᠭᠡᠷᠦᠮᠵᠢ ᠦᠶ᠋ᠯᠡᠳᠬᠦ᠂ ᠠᠷᠠᠯᠵᠢᠶ᠎ᠠ ᠬᠤᠳᠠᠯᠳᠤᠭᠠᠨ ᠤ ᠭᠦᠶ᠋ᠯᠭᠡᠭᠡ ᠵᠡᠷᠭᠡ ᠠᠵᠤ ᠦᠢᠯᠡᠰ ᠤᠨ ᠲᠠᠲᠠᠨ | ᠣᠷᠣᠭᠤᠯᠤᠯᠲᠠ ᠶᠢᠨ ᠰᠢᠪᠲᠤᠯᠤᠯᠲᠠ ᠶᠢ ᠪᠡᠶᠡᠯᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢᠨ ᠲᠥᠷᠥᠯ ᠵᠦᠢᠯ ᠢ 50᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ | 15 ᠶᠢ ᠣᠷᠣᠭᠤᠯᠵᠤ ᠢᠷᠡᠬᠦ ᠪᠠᠷ ᠴᠢᠷᠮᠠᠶᠢᠨ᠎ᠠ᠃ | ᠰᠢᠨ᠎ᠡ ᠶᠢ ᠡᠭᠦᠳᠬᠦ ᠪᠣᠳᠠᠲᠤ ᠬᠦᠴᠦᠨ ᠢ ᠴᠢᠩᠭᠠᠳᠬᠠᠨ᠎ᠠ᠃ ᠠᠨ ᠺᠤᠸᠠᠢ ᠠᠳᠠᠯ ᠦᠢᠯᠡᠰ ᠴᠣᠭᠴᠠᠯᠠᠬᠤ | ᠬᠥᠨᠳᠡᠶ ᠶᠢᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠦᠷ᠎ᠡ ᠪᠥᠳᠥᠭᠡᠯ ᠤᠨ ᠬᠤᠪᠢᠷᠠᠭᠤᠯᠤᠯᠲᠠ ᠶᠢ | ᠲᠦᠷᠭᠡᠳᠬᠡᠵᠦ᠂ 200 ᠡᠷᠦᠬᠡ ᠠᠵᠤ ᠠᠬᠤᠶᠢᠯᠠᠯ ᠢ ᠰᠦᠩᠱᠠᠨ ᠳᠤ ᠰᠠᠭᠤᠷᠢᠰᠢᠭᠤᠯᠬᠤ ᠪᠠᠷ ᠴᠢᠷᠮᠠᠶᠢᠨ᠎ᠠ᠃ ︽ | 5G︾ ᠬᠥᠭᠵᠢᠯᠲᠡ ᠶᠢᠨ ᠠᠵᠠ ᠲᠣᠬᠢᠶᠠᠯ ᠢ ᠠᠳᠬᠤᠵᠤ᠂ ᠲᠣᠭᠠᠴᠢᠯᠠᠭᠰᠠᠨ ᠡᠭᠦᠳᠦᠯᠲᠡ ᠶᠢᠨ ᠠᠵᠤ ᠦᠢᠯᠡᠰ ᠢ | ᠶᠡᠬᠡᠪᠡᠷ ᠬᠥᠭᠵᠢᠭᠦᠯᠦᠨ᠂ ᠰᠥᠩᠱᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠲᠣᠭᠠᠴᠢᠯᠠᠭᠰᠠᠨ | ᠡᠭᠦᠳᠦᠯᠲᠡ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠪᠠᠭᠰᠢ ᠱᠠᠪᠢ | ᠳᠠᠭᠠᠭᠤᠯᠬᠤ᠂ ᠠᠵᠢᠯ ᠮᠡᠷᠭᠡᠵᠢᠯ ᠰᠤᠷᠭᠠᠨ ᠬᠥᠮᠦᠵᠢᠯ ᠢ ᠨᠢᠭᠡ ᠴᠣᠭᠴᠠᠯᠠᠬᠤ︾ ᠲᠤᠰᠬᠠᠢ ᠮᠡᠷᠭᠡᠵᠢᠯ ᠤᠨ ᠰᠤᠷᠭᠠᠨ | ᠬᠦᠮᠦᠵᠢᠯ ᠪᠣᠯᠤᠨ ᠰᠠᠭᠤᠷᠢ ᠴᠢᠳᠠᠪᠤᠷᠢᠲᠠᠨ ᠬᠥᠮᠦᠵᠢᠭᠦᠯᠬᠦ ᠬᠡᠪ ᠵᠠᠭᠪᠤᠷ ᠢ ᠦᠷᠭᠦᠯᠵᠢᠯᠡᠨ ᠬᠡᠷᠡᠭᠵᠢᠭᠦᠯᠦᠨ᠎ᠡ᠃ ᠡᠨᠡ | ᠵᠢᠯ 540 ᠰᠤᠷᠤᠭᠴᠢ ᠶᠢ ᠰᠢᠨ᠎ᠡ ᠪᠠᠷ ᠡᠯᠰᠡᠵᠦ᠂ ᠳᠠᠳᠤᠯᠭ᠎ᠠ ᠪᠣᠯᠪᠠᠰᠤᠷᠠᠯ ᠤᠨ ᠠᠵᠢᠯ ᠢ ᠣᠷᠣᠯᠠᠨ ᠬᠢᠬᠦ ᠲᠦᠷᠦᠯ | ᠵᠦᠢᠯ ᠢ 100 ᠠᠴᠠ ᠳᠡᠭᠡᠭᠰᠢ ᠣᠷᠣᠭᠤᠯᠤᠨ᠎ᠠ᠃ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ ᠶᠢ | ᠪᠠᠷᠢᠮᠲᠠᠯᠠᠵᠤ᠂ ᠪᠡᠭᠡᠵᠢᠩ ᠤᠨ ᠠᠨ ᠺᠤᠸᠠᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠰᠥᠩᠱᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠬᠠᠮᠲᠤᠷᠠᠨ ᠰᠤᠷᠭᠠᠭᠤᠯᠢ ᠡᠷᠭᠢᠯᠡᠬᠦ ᠶᠢ | ᠢᠳᠡᠪᠬᠢᠲᠡᠶ ᠠᠬᠢᠭᠤᠯᠵᠤ᠂ ᠲᠣᠭᠠᠴᠢᠯᠠᠭᠰᠠᠨ ᠡᠭᠦᠳᠦᠯᠲᠡ ᠶᠢᠨ ᠠᠵᠤ ᠦᠢᠯᠡᠰ ᠤᠨ ᠳᠤᠮᠳᠠ ᠳᠡᠭᠡᠳᠦ ᠲᠠᠰ ᠤᠨ | ᠴᠢᠳᠠᠪᠤᠷᠢᠲᠠᠨ ᠢ ᠬᠥᠮᠦᠵᠢᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠰᠢᠨ᠎ᠡ ᠠᠯᠪᠠᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠯᠠ ᠰᠦᠯᠵᠢᠶ᠎ᠡ ᠶᠢ ᠬᠦᠴᠦᠯᠡᠨ ᠪᠠᠶᠢᠭᠤᠯᠵᠤ᠂ 201 ᠵ᠊ | ᠦᠢᠯᠡᠰ ᠢ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠦᠨ᠎ᠡ᠃ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠬᠤᠲᠠ ᠶᠢᠨ ᠱᠠᠲᠤᠨ ᠤ ᠡᠯᠧᠺᠲᠷᠣᠨ ᠲᠠᠪᠴᠠᠩ ᠳᠤ ᠵᠠᠯᠭᠠᠨ ᠣᠷᠣᠭᠤᠯᠬᠤ ᠶᠢ ᠦᠨᠡᠨᠬᠦ ᠪᠠᠲᠤᠯᠠᠵᠤ᠂ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠦᠶ᠋ᠴᠡᠳᠬᠡᠬᠦ ᠴᠠᠭ ᠤᠨ ᠬᠢᠵᠠᠭᠠᠷ ᠢ 60 ᠠᠵᠢᠯᠯᠠᠬᠤ | ᠡᠳᠦᠷ ᠤᠨ ᠳᠣᠲᠣᠷ᠎ᠠ ᠪᠠᠭᠠᠰᠬᠠᠬᠤ ᠪᠠᠷ ᠴᠢᠷᠮᠠᠶᠢᠨ᠎ᠠ᠃ ᠭᠠᠶᠢᠯᠢ ᠬᠥᠩᠭᠡᠯᠡᠵᠦ ᠰᠦᠶ᠋ᠳᠬᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠶ᠋ᠳᠬᠡᠯ | ᠬᠤᠷᠢᠶᠠᠬᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠢᠯᠭᠠᠷᠠᠭᠤᠯᠤᠨ ᠵᠢᠷᠤᠮᠵᠢᠭᠤᠯᠵᠤ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠯᠡᠨ᠂ ᠰᠢᠨ᠎ᠡ ᠶᠢ ᠡᠭᠦᠳᠬᠦ ᠬᠠᠷᠰᠢ ᠰᠠᠭᠠᠳ ᠢ ᠠᠷᠢᠯᠭᠠᠨ᠂ ᠲᠥᠪ ᠭᠤᠤᠯᠴᠢ ᠪᠠᠷ ᠠᠶᠠᠯᠠᠯ | ᠬᠠᠮᠠᠭᠠᠯᠠᠬᠤ ᠶᠢ ᠦᠨᠡᠨ ᠬᠦ ᠪᠡᠶᠡᠯᠡᠭᠦᠯᠦᠨ᠎ᠡ᠃ | ︵ᠵᠢᠷᠭᠤᠭ᠎ᠠ︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠨᠡᠩ ᠴᠢᠬᠤᠯᠠᠴᠢᠯᠠᠵᠤ᠂ | ᠬᠤᠲᠠ ᠬᠦᠳᠡᠭᠡ ᠶᠢᠨ ᠰᠠᠭᠤᠷᠢ ᠨᠥᠬᠦᠴᠡᠯ ᠢ ᠲᠦᠷᠭᠡᠪᠴᠢᠯᠡᠨ ᠰᠠᠶᠢᠵᠢᠷᠠᠭᠤᠯᠤᠨ᠎ᠠ᠃ | ᠭᠤᠣᠯ ᠬᠤᠲᠠ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ ᠤ | ᠲᠦᠭᠵᠢᠷᠡᠯ ᠢ ᠵᠠᠰᠠᠬᠤ ᠳᠤ ᠰᠥᠩ ᠵᠧᠦ ᠵᠠᠮ ᠤᠨ ᠬᠤᠶᠢᠲᠤ ᠲᠠᠯ᠎ᠠ ᠪᠠᠷ ᠨᠡᠪᠳᠡᠷᠡᠬᠦ᠂ ᠰᠦᠩ ᠶᠤᠸᠠᠢ ᠵᠡᠭᠡᠯᠢ ᠶᠢᠨ | ᠪᠠᠷᠠᠭᠤᠨ ᠬᠡᠰᠡᠭ᠂ ᠳ᠋ᠠ ᠴᠧᠩ ᠵᠠᠮ ᠤᠨ ᠳᠤᠮᠳᠠ ᠬᠡᠰᠡᠭ ᠵᠡᠷᠭᠡ 5 ᠵᠤᠷᠪᠤᠰ ᠵᠠᠮ ᠤᠨ ᠢᠨᠵᠧᠨᠧᠷᠢᠩ ᠢ ᠡᠬᠢᠯᠡᠭᠦᠯᠵᠦ | ᠂ ᠤᠯᠢᠶᠠᠰᠤ ᠵᠡᠭᠡᠯᠢ᠂ ᠰᠦᠩ ᠴᠧᠩ ᠵᠠᠮ᠂ ᠱᠣ᠋ ᠰᠢᠶᠠᠩ ᠵᠡᠭᠡᠯᠢ ᠵᠡᠷᠭᠡ 5 ᠵᠤᠷᠪᠤᠰ ᠵᠠᠮ ᠢ ᠪᠥᠬᠦ ᠱᠤᠭᠤᠮ ᠢᠶᠠᠷ | ᠲᠡᠷᠭᠡ ᠨᠡᠪᠲᠡᠷᠡᠭᠦᠯᠦᠨ᠎ᠡ᠃ ᠣᠷᠣᠨ ᠵᠠᠶ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠳᠤ ᠠᠩᠬᠠᠷᠤᠯ ᠢᠶᠠᠨ | ᠬᠠᠨᠳᠤᠭᠤᠯᠵᠤ᠂ ᠰᠥᠩ ᠵᠧᠦ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠶᠢᠩ ᠶᠢᠨ ᠴᠡᠴᠡᠷᠯᠢᠭ᠂ | ᠲᠥᠪ ᠴᠡᠴᠡᠷᠯᠢᠭ ᠤᠨ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠲᠦᠷᠭᠡᠳᠬᠡᠵᠦ᠂ 10.1 ᠲᠦᠮᠡᠨ ᠲᠡᠭᠰᠢ | ᠳᠥᠷᠪᠡᠯᠵᠢᠨ ᠮᠧᠲᠷ ᠵᠠᠮ ᠢ ᠨᠣᠭᠤᠭᠠᠷᠠᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ ᠬᠤᠭᠤᠯᠠᠶ ᠲᠣᠤᠷ ᠢ ᠰᠢᠨᠡᠳᠬᠡᠵᠦ | ᠂ ᠪᠣᠬᠢᠷ ᠤᠰᠤ ᠰᠢᠶ᠋ᠳᠪᠦᠷᠢᠯᠡᠬᠦ ᠰᠢᠨ᠎ᠡ ᠦᠢᠯᠡᠳᠪᠦᠷᠢ 1 ᠰᠠᠭᠤᠷᠢ᠂ ᠪᠣᠷᠣᠭᠠᠨ ᠤ ᠪᠣᠬᠢᠷᠲᠤᠯ ᠤᠨ ᠬᠥᠭᠡᠷᠭᠡ ᠶᠢᠨ | ᠥᠷᠲᠡᠭᠡ 2᠂ ᠪᠣᠷᠣᠭᠠᠨ ᠤ ᠤᠰᠤᠨ ᠤ ᠬᠤᠭᠤᠯᠠᠶ ᠱᠤᠭᠤᠮ ᠢ 7800 ᠮᠧᠲᠷ ᠰᠢᠨ᠎ᠡ ᠪᠠᠷ ᠪᠠᠶᠢᠭᠤᠯᠵᠤ᠂ | ᠬᠤᠲᠠ ᠶᠢᠨ ᠲᠣᠭᠤᠷᠢᠭ ᠤᠨ ᠪᠣᠬᠢᠷ ᠤᠰᠤ ᠶᠢ ᠪᠦᠬᠦᠨ ᠢ ᠴᠤᠭᠯᠠᠭᠤᠯᠵᠤ ᠪᠦᠬᠦᠨ ᠢ ᠠᠰᠢᠭᠯᠠᠬᠤ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ | ᠬᠤᠲᠠ ᠶᠢᠨ ︽ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠥᠪᠯᠡᠷᠡᠩᠭᠦᠶ ᠠᠵᠢᠯᠯᠠᠭ᠎ᠠ︾ ᠶᠢᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠵᠣᠭᠰᠣᠩᠭᠤᠶ ᠲᠡᠷᠭᠡ ᠵᠣᠭᠰᠣᠭᠠᠬᠤ ᠬᠠᠮᠢᠶᠠᠷᠤᠯᠲᠠ᠂ ᠬᠤᠲᠠ ᠶᠢᠨ | ᠶᠠᠪᠤᠳᠠᠯ ᠤᠨ ᠴᠡᠴᠡᠷᠯᠢᠭ ᠤᠨ ᠠᠷᠠᠴᠢᠯᠠ ᠬᠠᠮᠠᠭᠠᠯᠠᠬᠤ ᠬᠢᠨᠠᠨ ᠬᠠᠮᠢᠶᠠᠷᠤᠯᠲᠠ᠂ ᠪᠠᠷᠢᠯᠭ᠎ᠠ ᠶᠢ ᠨᠤᠷᠠᠭᠠᠵᠤ ᠨᠡᠭᠦᠯᠭᠡᠬᠦ | ᠪᠠᠷᠢᠯᠭ᠎ᠠ ᠶᠢᠨ ᠭᠠᠵᠠᠷ ᠢ ᠬᠦᠷᠢᠶᠡᠯᠡᠨ ᠬᠠᠮᠠᠭᠠᠯᠠᠬᠤ ᠶᠢ ᠵᠢᠷᠤᠮᠵᠢᠭᠤᠯᠵᠤ᠂ ᠣᠶᠤᠨᠴᠢ ᠪᠠᠷ ᠲᠡᠷᠭᠡ ᠵᠣᠭᠰᠣᠭᠠᠬᠤ᠂ | ᠣᠯᠠᠨ ᠨᠡᠶᠢᠲᠡ ᠶᠢᠨ ᠲᠡᠷᠭᠡ ᠵᠣᠭᠰᠤᠭᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ | ᠬᠡᠷᠡᠭᠵᠢᠭᠦᠯᠦᠨ᠎ᠡ᠃ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠲᠠᠯᠪᠢᠬᠤ | ᠂ ᠵᠠᠮ ᠡᠵᠡᠯᠡᠨ ᠡᠵᠡᠩᠨᠡᠬᠦ ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ 10 | ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠵᠠᠮ ᠢ ᠥᠭᠡᠷᠡᠴᠢᠯᠡᠵᠦ᠂ 2 ᠰᠠᠭᠤᠷᠢ ᠬᠤᠭ ᠨᠣᠪᠰᠢ ᠶᠢ | ᠳᠠᠷᠤᠰᠢᠭᠤᠯᠬᠤ ᠥᠷᠲᠡᠭᠡ᠂ 1 ᠰᠠᠭᠤᠷᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡ ᠵᠣᠭᠰᠣᠬᠤ | ᠲᠠᠯᠠᠪᠠᠢ ᠶᠢ ᠰᠢᠨ᠎ᠡ ᠪᠠᠷ ᠪᠠᠶᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠶ᠋ᠳᠪᠦᠷᠢᠯᠡᠬᠦ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠭᠡᠭᠦᠯᠦᠨ ᠬᠤᠷᠢᠶᠠᠵᠤ ᠪᠣᠯᠬᠤ ᠡᠳ᠋ ᠢ ᠪᠣᠭᠤᠳᠠᠯᠯᠠᠬᠤ ᠲᠥᠪ᠂ ᠬᠤᠭ | ᠨᠣᠪᠰᠢ ᠶᠢ ᠵᠠᠳᠠᠷᠠᠭᠤᠯᠤᠨ ᠰᠢᠢᠳᠪᠦᠷᠢᠯᠡᠬᠦ ᠦᠢᠯᠡᠳᠪᠦᠷᠢ ᠪᠣᠯᠤᠨ ᠬᠥᠨᠥᠭᠡᠯ ᠲᠠᠢ ᠬᠤᠭ ᠨᠣᠪᠰᠢ ᠶᠢ ᠲᠥᠪᠯᠡᠷᠡᠭᠦᠯᠦᠨ | ᠬᠠᠳᠠᠭᠠᠯᠠᠬᠤ ᠴᠢᠭ ᠢ ᠪᠦᠲᠦᠭᠡᠨ ᠪᠠᠶᠢᠭᠤᠯᠤᠨ᠎ᠠ᠃ ᠡᠯ᠎ᠡ ᠰᠢᠶᠠᠩ ᠪᠠᠯᠭᠠᠰᠤ ᠶᠢ ᠵᠢᠯᠣᠭᠤᠳᠤᠨ ᠵᠢᠵᠢᠭ ᠬᠤᠲᠠ | ᠪᠠᠯᠭᠠᠰᠤᠨ ᠤ ᠵᠠᠮ᠂ ᠭᠡᠷᠡᠯᠲᠦᠭᠦᠯᠭᠡ᠂ ᠨᠣᠭᠤᠭᠠᠷᠠᠭᠤᠯᠤᠯᠲᠠ᠂ ᠪᠣᠬᠢᠷ ᠤᠰᠤ ᠪᠠ ᠬᠤᠭ ᠨᠣᠪᠰᠢ ᠶᠢ ᠰᠢᠶ᠋ᠳᠪᠦᠷᠢᠯᠡᠬᠦ | ᠵᠡᠷᠭᠡ ᠢᠨᠵᠧᠨᠧᠷᠢᠩ ᠤᠨ ᠪᠠᠶᠢᠭᠤᠯᠤᠯᠲᠠ ᠬᠢᠵᠦ᠂ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠠᠯᠭᠠᠰᠤᠨ ᠤ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ | ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠠᠮᠢ ᠠᠬᠤᠶ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ 111 ᠤᠯᠤᠰ ᠤᠨ ᠲᠡᠰ ᠤᠨ ᠵᠠᠰᠠᠮᠠᠯ ᠵᠠᠮ ᠤᠨ ᠤᠯᠠᠭᠠᠨᠬᠠᠳᠠ ᠠᠴᠠ | ᠪᠠᠭ᠎ᠠ ᠺᠠᠷᠠ ᠬᠦᠷᠬᠦ ᠬᠡᠰᠡᠭ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ | ᠭᠠᠩ ᠽᠢ ᠠᠴᠠ ᠱᠢ ᠰᠠᠨ ᠲᠠᠢ ᠪᠦᠦ ᠬᠦᠷᠬᠦ ᠬᠡᠰᠡᠭ ᠵᠠᠰᠠᠮᠠᠯ ᠵᠠᠮ ᠢ ᠡᠨᠡ ᠵᠢᠯ ᠤᠨ ᠳᠣᠲᠣᠷ᠎ᠠ ᠠᠵᠢᠯ ᠡᠬᠢᠯᠡᠭᠦᠯᠦᠨ᠎ᠡ | ᠃ 315 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠶᠠᠰᠤ ᠴᠢᠨᠠᠷ ᠢ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠨᠡᠪᠲᠡᠷᠡᠯᠴᠡᠭᠡ᠂ ᠳᠣᠲᠣᠭᠠᠳᠤ ᠭᠠᠳᠠᠭᠠᠳᠤ ᠶᠢᠨ ᠰᠠᠭᠠᠳ ᠦᠭᠡᠢ | ᠨᠡᠪᠲᠡᠷᠡᠬᠦ ᠶᠢ ᠪᠦᠲᠦᠮᠵᠢᠲᠡᠶ ᠠᠬᠢᠭᠤᠯᠤᠨ᠎ᠠ᠃ ᠢᠩᠭᠡᠨ ᠭᠤᠤᠯ ᠤᠨ ᠳᠡᠭᠡᠳᠦ ᠤᠷᠤᠰᠬᠠᠯ ᠤᠨ ᠠᠮᠢ ᠠᠬᠤᠶ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠤᠰᠤᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠣᠷᠣᠨ ᠪᠦᠰᠡ ᠶᠢᠨ ᠠᠮᠢ ᠠᠬᠤᠶ ᠶᠢ ᠰᠡᠷᠭᠦᠭᠡᠨ ᠵᠠᠰᠠᠬᠤ᠂ ᠠᠵᠤ ᠦᠢᠯᠡᠰ ᠢ | ᠰᠢᠯᠢᠳᠡᠭᠵᠢᠭᠦᠯᠦᠨ ᠬᠥᠭᠵᠢᠭᠦᠯᠬᠦ 3 ᠲᠠᠯ᠎ᠠ ᠶᠢᠨ 11 ᠵᠦᠢᠯ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠯᠣᠤᠬ᠎ᠠ ᠶᠢᠨ | ᠭᠤᠣᠯ ᠤᠨ ᠰᠦᠩᠱᠠᠨ ᠤ ᠬᠡᠰᠡᠭ ᠤᠨ ᠵᠠᠰᠠᠯᠲᠠ᠂ 15 ᠲᠦᠮᠡᠨ ᠮᠦ ᠥᠨᠳᠥᠷ ᠦᠷ᠎ᠡ ᠠᠰᠢᠭᠲᠤ ᠤᠰᠤ ᠠᠷᠪᠢᠯᠠᠬᠤ | ᠤᠰᠤᠯᠠᠯᠲᠠ ᠪᠠ 2 ᠲᠦᠮᠡᠨ ᠮᠦ ᠲᠠᠷᠢᠶᠠᠯᠠᠬᠤ ᠶᠢ ᠵᠣᠭᠰᠣᠭᠠᠵᠤ ᠣᠢ ᠮᠣᠳᠣ ᠲᠠᠷᠢᠬᠤ ᠠᠵᠢᠯ ᠢ ᠰᠠᠶᠢᠲᠤᠷ ᠬᠢᠨ᠎ᠡ᠃ | ᠵᠠᠮ ᠨᠡᠪᠳᠡᠷᠡᠭᠦᠯᠭᠡ ᠶᠢᠨ ᠨᠣᠭᠤᠭᠠᠷᠠᠭᠤᠯᠤᠯᠲᠠ ᠶᠢ 2200 ᠮᠦ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ 7400 ᠮᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ 8000 ᠮᠦ | ᠵᠠᠰᠠᠨ᠎ᠠ᠃ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠶᠢ ᠨᠢᠭᠡᠳᠬᠡᠬᠦ ᠶᠢ ᠪᠠᠷᠢᠮᠲᠠᠯᠠᠬᠤ ᠶᠢ ᠴᠢᠬᠤᠯᠠᠴᠢᠯᠠᠨ᠂ | ᠪᠢᠲᠡᠭᠦᠮᠵᠢᠯᠡᠨ ᠪᠤᠶᠢᠵᠢᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠲᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠦᠷᠬᠦ ᠶᠢ ᠴᠢᠩᠭ᠎ᠠ | ᠴᠠᠭᠠᠵᠠᠯᠠᠨ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠠᠬᠢᠭᠤᠯᠤᠨ᠎ᠠ᠃ | ︵ᠳᠣᠯᠤᠭ᠎ᠠ︶ ᠠᠷᠠᠳ ᠤᠨ ᠬᠡᠷᠡᠭᠴᠡᠭᠡ ᠠᠷᠠᠳ ᠤᠨ ᠭᠠᠴᠠᠭᠳᠠᠯ ᠠᠷᠠᠳ ᠤᠨ ᠬᠦᠰᠡᠯ ᠤᠨ ᠲᠥᠯᠥᠭᠡ | ᠰᠠᠨᠠᠭᠠᠰᠢᠷᠠᠵᠤ᠂ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠰᠢᠨ᠎ᠡ ᠠᠵᠢᠯ | ᠣᠯᠭᠤᠯᠲᠠ ᠨᠢ 2000 ᠬᠥᠮᠦᠨ ᠠᠴᠠ ᠳᠡᠭᠡᠭᠰᠢ ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠨᠠᠩ ᠥᠨᠳᠥᠷ | ᠪᠠᠷᠢᠮᠵᠢᠶᠠᠲᠤ ᠨᠡᠶᠢᠭᠡᠮ ᠤᠨ ᠳᠠᠭᠠᠳᠬᠠᠯ ᠳᠤ ᠣᠷᠣᠯᠴᠠᠬᠤ ᠶᠢ ᠬᠥᠲᠥᠯᠦᠨ ᠵᠢᠯᠣᠭᠤᠳᠴᠤ ᠵᠣᠷᠢᠭᠵᠢᠭᠤᠯᠤᠨ᠎ᠠ᠃ | ᠰᠢᠭᠢᠳᠬᠡᠯ ᠮᠠᠶ᠋ᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠡᠬᠢᠯᠡᠭᠦᠯᠵᠦ᠂ ᠬᠤᠲᠠ ᠲᠣᠭᠤᠷᠢᠭ ᠤᠨ ᠬᠤᠶᠠᠷ ᠱᠠᠲᠤᠨ ᠤ | ᠨᠠᠰᠤᠲᠠᠶᠢᠴᠤᠳ ᠢ ᠠᠷᠠᠴᠢᠯᠠᠨ ᠬᠠᠮᠠᠭᠠᠯᠠᠬᠤ ᠬᠦᠷᠢᠶᠡᠯᠡᠩ᠂ ᠵᠡᠮᠳᠡᠭᠴᠦᠳ ᠤᠨ ᠡᠷᠡᠭᠡᠯᠵᠡᠯ ᠤᠨ ᠲᠥᠪ ᠤᠨ | ᠡᠵᠡᠩᠨᠡᠯᠲᠡ ᠶᠢ ᠰᠠᠶᠢᠲᠤᠷ ᠠᠳᠬᠤᠵᠤ᠂ ᠣᠯᠠᠨ ᠶᠠᠩᠵᠤ ᠶᠢᠨ᠂ ᠣᠯᠠᠨ ᠳᠡᠰ ᠲᠠᠪᠬᠤᠷᠭ᠎ᠠ ᠶᠢᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠎ᠠ᠃ ᠲᠥᠷᠪᠡᠳᠦᠭᠡᠷ ᠬᠡᠦᠬᠡᠳ ᠤᠨ | ᠴᠡᠴᠡᠷᠯᠢᠭ᠂ ᠠᠷᠪᠠᠨ ᠬᠤᠶᠠᠳᠤᠭᠠᠷ ᠪᠠᠭ᠎ᠠ ᠰᠤᠷᠭᠠᠭᠤᠯᠢ᠂ ᠶᠢᠰᠦᠳᠦᠭᠡᠷ ᠳᠤᠮᠳᠠᠳᠤ ᠰᠤᠷᠭᠠᠭᠤᠯᠢ ᠵᠡᠷᠭᠡ 7 | ᠰᠤᠷᠭᠠᠭᠤᠯᠢ ᠶᠢ ᠦᠷᠭᠦᠯᠵᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠠᠷᠪᠠᠨ ᠲᠠᠪᠤᠳᠤᠭᠠᠷ ᠬᠡᠦᠬᠡᠳ ᠤᠨ | ᠴᠡᠴᠡᠷᠯᠢᠭ᠂ ᠲᠥᠷᠪᠡᠳᠦᠭᠡᠷ ᠪᠠᠭ᠎ᠠ ᠰᠤᠷᠭᠠᠭᠤᠯᠢ᠂ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠂ ᠭᠠᠵᠠᠷ | ᠰᠢᠨᠵᠢᠯᠡᠭᠡᠨ ᠤ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ 12 ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠡᠬᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠂ ᠰᠤᠷᠤᠭᠴᠢ ᠡᠯᠰᠡᠬᠦ ᠡᠷᠴᠢᠮ ᠢᠶᠠᠨ ᠨᠡᠮᠡᠭᠳᠡᠭᠦᠯᠵᠦ᠂ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ | ᠬᠠᠷᠢᠴᠠᠯ ᠢ ᠳᠡᠭᠡᠭᠰᠢᠯᠡᠭᠦᠯᠦᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠵᠢᠴᠢ ᠪᠣᠭᠤᠮᠲᠠ ᠰᠢᠪᠲᠤᠯᠬᠤ ᠲᠥᠯᠥᠪᠯᠡᠭᠡ ᠶᠢ ᠬᠡᠷᠡᠭᠵᠢᠭᠦᠯᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ ᠨᠣᠷᠮ᠎ᠠ ᠶᠢ 90% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶ᠋ᠯᠡᠴᠢᠯᠡᠭᠡ ᠶᠢ ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠱᠠᠲᠤ ᠬᠤᠪᠢᠶᠠᠨ ᠣᠨᠣᠰᠢᠯᠠᠨ ᠡᠮᠨᠡᠬᠦ ᠰᠠᠭᠤᠷᠢ ᠶᠢ ᠪᠠᠬᠢᠵᠢᠭᠦᠯᠦᠨ᠎ᠡ᠃ ᠰᠥᠩᠱᠠᠨ ᠡᠮᠨᠡᠯᠭᠡ ᠶᠢᠨ ᠬᠤᠷᠢᠶ᠎ᠠ ᠪᠠ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ | ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭ᠎ᠠ ᠶᠢ ᠲᠥᠯᠥᠪᠯᠡᠨ᠎ᠡ᠃ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠯᠤᠭᠠᠨ᠎ᠠ ᠶᠢᠨ ᠬᠢᠵᠢᠭ ᠵᠡᠷᠭᠡ ᠡᠪᠡᠳᠴᠢᠨ ᠡᠮᠭᠡᠭ ᠢ | ᠪᠦᠲᠦᠮᠵᠢᠲᠡᠶ ᠰᠡᠷᠭᠡᠶᠢᠯᠡᠨ ᠡᠵᠡᠮᠳᠡᠨ᠎ᠡ︔ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ | ᠠᠳᠬᠤᠬᠤ ᠶᠢᠨ ᠬᠠᠮᠲᠤ᠂ ᠡᠯ᠎ᠡ ᠱᠠᠲᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠠᠰᠤᠷᠠᠯᠲᠠ ᠦᠭᠡᠢ ᠳ᠋ᠦᠩᠨᠡᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠣᠶᠣᠯ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠰ ᠢ ᠬᠥᠭᠵᠢᠭᠦᠯᠦᠨ᠎ᠡ᠃ ᠰᠥᠩ ᠪᠧᠢ ᠶᠢᠨ | ᠶᠡᠷᠦᠩᠬᠡᠶᠢᠯᠡᠭᠰᠡᠨ ᠲᠠᠯᠠᠪᠤᠷ ᠣᠷᠳᠣᠨ ᠤ ᠪᠡᠶ᠎ᠡ ᠶᠢᠨ ᠲᠠᠮᠢᠷ᠂ ᠰᠣᠶᠣᠯ᠂ ᠲᠡᠤᠬᠡ ᠶᠢᠨ ᠲᠤᠷᠠᠰᠬᠠᠯᠲᠤ ᠵ᠊ ᠦᠢᠯᠡᠰ᠂ | ᠨᠣᠮ ᠪᠢᠴᠢᠭ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠲᠣᠰ ᠵᠢᠯ ᠳᠤ ᠠᠵᠢᠯᠯᠠᠭᠤᠯᠬᠤ ᠶᠢ ᠦᠨᠡᠨᠬᠦ ᠪᠠᠲᠤᠯᠠᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠰᠢᠷᠢᠰ ᠤᠷᠠᠯᠢᠭ ᠤᠨ ᠰᠣᠳᠣᠨ ᠪᠦᠲᠦᠭᠡᠯ ᠢ ᠤᠬᠠᠭᠠᠯᠠᠨ ᠰᠡᠳᠦᠵᠦ᠂ | ᠵᠣᠬᠢᠶᠠᠨ ᠪᠦᠳᠦᠭᠡᠨ᠎ᠡ᠃ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ᠂ ᠠᠵᠢᠯ ᠤᠨ ᠵᠠᠪᠰᠠᠷᠯᠠᠭ᠎ᠠ ᠶᠢᠨ ᠪᠡᠶ᠎ᠡ | ᠴᠢᠬᠢᠷᠠᠭᠵᠢᠭᠤᠯᠬᠤ ᠶᠢ ᠳᠡᠯᠭᠡᠷᠡᠭᠦᠯᠵᠦ᠂ ᠣᠯᠠᠨ ᠲᠦᠮᠡᠨᠴᠢ ᠴᠢᠨᠠᠷᠲᠠᠶ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ | ᠢᠳᠡᠪᠬᠢᠲᠡᠢ ᠡᠷᠬᠢᠯᠡᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠭᠤᠯᠤᠭᠳᠠᠬᠤᠨ ᠢ | ᠪᠠᠶᠠᠯᠢᠭᠵᠢᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠤᠯᠢ | ᠶᠣᠰᠣᠭᠠᠷ ᠬᠠᠮᠢᠶᠠᠷᠬᠤ ᠪᠠᠨ ᠴᠢᠩᠭᠠᠳᠬᠠᠨ᠂ ᠨᠡᠶᠢᠭᠡᠮ ᠲᠣᠭᠤᠷᠢᠭ ᠤᠨ ᠳᠣᠣᠷᠠᠴᠢᠯᠠᠭᠰᠠᠨ ᠰᠠᠭᠤᠷᠢ ᠶᠢ ᠪᠠᠲᠤᠳᠬᠠᠵᠤ | ᠂ ᠤᠶᠤᠨᠲᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ | ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠦᠨ᠎ᠡ᠃ | ᠱᠠᠰᠢᠨ ᠰᠤᠷᠲᠠᠬᠤᠨ ᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠬᠠᠤᠯᠢ ᠪᠠᠷ ᠵᠠᠰᠠᠬᠤ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠰᠠᠶᠢᠲᠤᠷ ᠬᠢᠨ᠎ᠡ᠃ ᠴᠡᠷᠢᠭ ᠠᠴᠠ ᠬᠠᠯᠠᠭᠳᠠᠭᠰᠠᠳ ᠤᠨ ᠦᠶ᠋ᠯᠡᠴᠢᠯᠡᠭᠡ ᠪᠠᠲᠤᠯᠠᠭ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠠᠵᠢᠯ ᠢ ᠯᠠᠪᠳᠠᠭᠤᠨ ᠪᠠᠲᠤᠲᠠ ᠥᠷᠨᠢᠭᠦᠯᠦᠨ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ | ᠬᠤᠳᠠ ᠶᠢ ᠴᠢᠷᠮᠠᠶᠢᠨ ᠪᠠᠶᠢᠭᠤᠯᠤᠨ᠎ᠠ᠃ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠳᠡᠯᠭᠡᠷᠡᠭᠦᠯᠦᠨ ᠬᠡᠷᠡᠭᠯᠡᠵᠦ᠂ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠬᠢᠨᠠᠨ ᠵᠥᠪᠰᠢᠶᠡᠷᠡᠬᠦ ᠦᠢᠯᠡᠴᠢᠯᠡᠭᠡ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠬᠡᠷᠡᠭᠵᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠵᠢᠯ︾ ᠤᠨ | ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠵᠠᠬᠢᠳᠠᠯ ᠰᠤᠷᠪᠤᠯᠵᠢᠯᠠᠯ ᠤᠨ ︽ᠭᠤᠷᠪᠠ ᠦᠭᠡᠢ︾ | ᠲᠣᠰᠬᠤᠨ ︵ᠨᠡᠶᠢᠭᠡᠮ ᠲᠣᠭᠤᠷᠢᠭ︶ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠠᠤᠯᠢ ᠪᠠᠷ ᠵᠠᠰᠠᠬᠤ | ᠰᠥᠩᠱᠠᠨ᠂ ᠠᠮᠤᠷ ᠠᠮᠤᠭᠤᠯᠠᠩ ᠰᠥᠩᠱᠠᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ᠎ᠡ᠃ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠵᠢᠯ︾ ᠤᠨ ᠦᠷ᠎ᠡ ᠪᠦᠲᠦᠮᠵᠢ ᠶᠢ ᠥᠷᠭᠡᠳᠬᠡᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠂ ᠬᠦᠨᠳᠦ ᠶᠡᠭᠡ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠢ ᠨᠠᠩ ᠰᠠᠨᠠᠭ᠎ᠠ ᠠᠮᠤᠷ ᠢᠳᠡᠵᠦ᠂ ᠡᠮ | ᠬᠡᠷᠡᠭᠯᠡᠬᠦ ᠳᠤ ᠨᠠᠩ ᠠᠮᠤᠷ ᠲᠦᠪᠰᠢᠨ ᠪᠣᠯᠭᠠᠨ᠎ᠠ᠃ | ︵ᠨᠠᠶ᠋ᠮᠠ︶ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠵᠣᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ | ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ | ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠤᠨ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠳᠡᠭᠡᠳᠦ ᠱᠠᠲᠤ ᠪᠠ ᠲᠣᠭᠤᠷᠢᠭ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠪᠠᠷ ᠭᠤᠤᠯᠯᠠᠭᠤᠯᠤᠨ᠂ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢ | ᠤᠬᠠᠮᠰᠠᠷ ᠠᠴᠠ ᠪᠠᠨ ᠬᠡᠷᠡᠭᠯᠡᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠎ᠠ᠃ ᠵᠠᠰᠠᠭ ᠵᠠᠬᠢᠷᠭᠠᠨ ᠤ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ | ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ | ᠣᠷᠣᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠵᠥᠪᠳᠡᠯᠴᠡᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠬᠢᠨᠠᠮᠠᠭᠠᠶ ᠰᠢᠢᠳᠪᠦᠷᠢᠯᠡᠨ᠎ᠡ᠃ | ᠠᠷᠠᠳ ᠤᠨ ᠲᠥᠯᠥᠭᠡ ᠵᠢᠳᠬᠦᠬᠦ ᠵᠣᠷᠢᠯᠲᠠ ᠪᠠᠨ ᠪᠠᠲᠤ ᠴᠡᠭᠡᠵᠢᠯᠡᠨ᠎ᠡ᠃ ︽ᠤᠭ ᠰᠠᠨᠠᠭ᠎ᠠ ᠪᠠᠨ ᠦᠯᠦ ᠮᠠᠷᠲᠠᠨ | ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ᠠᠷᠭ᠎ᠠ ᠪᠦᠬᠦᠨ ᠢ ᠰᠦᠪᠡᠭᠴᠢᠯᠡᠵᠦ ᠣᠯᠠᠨ ᠲᠦᠮᠡᠨ ᠳᠤ ᠪᠣᠳᠠᠲᠠᠶ | ᠠᠵᠢᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠨ᠂ ᠰᠠᠶᠢᠨ ᠶᠠᠪᠤᠳᠠᠯ ᠬᠢᠵᠦ᠂ ᠵᠠᠰᠠᠭ ᠤᠨ ᠣᠷᠳᠣᠨ ᠤ ᠠᠵᠢᠯ ᠢ | ᠠᠷᠠᠳ ᠤᠨ ᠰᠠᠨᠠᠭ᠎ᠠ ᠳᠤ ᠨᠡᠩ ᠣᠶᠢᠷᠠᠲᠤᠭᠤᠯᠵᠤ᠂ ᠲᠡᠤᠬᠡ ᠪᠣᠯᠤᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ | ᠳᠡᠶᠢᠯᠬᠦ ᠪᠣᠳᠠᠲᠤ ᠠᠮᠵᠢᠯᠲᠠ ᠶᠢ ᠡᠭᠦᠳᠬᠦ ᠪᠠᠷ ᠴᠢᠷᠮᠠᠶᠢᠨ᠎ᠠ᠃ | ᠦᠨᠡᠨ ᠪᠣᠳᠠᠲᠠᠶ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ︽ᠪᠣᠳᠠᠲᠠᠶ ᠠᠳᠬᠤᠬᠤ ᠦᠭᠡᠢ | ᠨᠠᠶᠢᠳᠠᠪᠤᠷᠢᠵᠢᠭᠤᠯᠬᠤ ᠦᠭᠡᠢ ᠪᠣᠯ ᠳᠠᠷᠤᠶ ᠲᠤᠰᠢᠶᠠᠯ ᠳᠠᠭᠠᠨ ᠣᠰᠣᠯᠳᠠᠬᠤ︾ ᠠᠵᠢᠯ ᠤᠨ ᠣᠶᠢᠯᠠᠭᠠᠭᠳᠠᠬᠤᠨ ᠢ ᠪᠤᠢ | ᠪᠣᠯᠭᠠᠵᠤ᠂ ᠬᠢᠬᠦ ᠶᠢ ᠲᠡᠷᠢᠭᠦᠨ ᠳᠤ ᠲᠠᠯᠪᠢᠵᠤ᠂ ᠦᠨᠡᠨ ᠪᠣᠳᠠᠲᠠᠶ ᠬᠢᠬᠦ᠂ ᠵᠣᠷᠢᠭᠲᠠᠶ ᠡᠭᠦᠷᠭᠡᠯᠡᠵᠦ᠂ ᠵᠣᠷᠢᠭᠲᠠᠶ | ᠬᠢᠬᠦ ᠶᠢ ᠪᠠᠷᠢᠮᠲᠠᠯᠠᠨ᠂ ᠲᠣᠭᠲᠠᠭᠠᠭᠰᠠᠨ ᠬᠡᠷᠡᠭ ᠢ ᠴᠤᠴᠠᠯᠲᠠ ᠦᠭᠡᠢ ᠠᠳᠬᠤᠨ᠂ ᠲᠦᠯᠬᠢᠨ ᠠᠬᠢᠭᠤᠯᠬᠤ ᠶᠠᠪᠤᠳᠠᠯ ᠢ | ᠡᠴᠦᠰ ᠲᠤᠨᠢ ᠲᠤᠯᠲᠠᠯ᠎ᠠ ᠠᠳᠬᠤᠵᠤ᠂ ᠡᠯ᠎ᠡ ᠵᠦᠢᠯ ᠤᠨ ᠠᠵᠢᠯ ᠢ ᠲᠦᠷᠭᠡᠨ ᠠᠶᠢᠵᠠᠮ᠂ ᠥᠨᠳᠥᠷ ᠦᠷ᠎ᠡ | ᠪᠦᠲᠦᠮᠵᠢ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠨ᠎ᠠ᠃ | ᠠᠷᠢᠭᠤᠨ ᠴᠢᠬᠡᠴᠢ ᠪᠠᠶᠢᠬᠤ ᠶᠢ ᠡᠭᠦᠷᠢᠳᠡ ᠪᠠᠷᠢᠮᠲᠠᠯᠠᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ | ᠪᠠᠷᠢᠮᠲᠠᠯᠠᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ᠎ᠠ᠃ ︽ | ᠨᠠᠶ᠋ᠮᠠᠨ ᠲᠣᠭᠲᠠᠭᠠᠯ︾ ᠢ ᠴᠢᠩᠭ᠎ᠠ ᠵᠢᠷᠤᠮᠯᠠᠵᠤ᠂ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ︽ᠳᠥᠷᠪᠡᠨ ᠰᠤᠷᠲᠠᠯ︾ ᠶᠢᠨ ᠲᠠᠬᠢᠨ ᠡᠭᠦᠰᠬᠦ ᠶᠢ ᠴᠢᠩᠭ᠎ᠠ ᠰᠡᠷᠭᠡᠶᠢᠯᠡᠨ᠂ ᠰᠡᠷᠭᠡᠶᠢᠯᠡᠯᠲᠡ ᠶᠢᠨ | ᠱᠤᠭᠤᠮ ᠢ ᠰᠠᠶᠢᠲᠤᠷ ᠲᠣᠭᠲᠠᠭᠠᠵᠤ᠂ ᠬᠤᠷᠢᠭ᠎ᠠ ᠱᠤᠭᠤᠮ ᠢ ᠰᠠᠬᠢᠨ᠂ ᠤᠯᠠᠭᠠᠨ ᠱᠤᠭᠤᠮ ᠢ ᠦᠯᠦ ᠭᠢᠰᠬᠢᠵᠦ᠂ | ᠺᠠᠳ᠋ᠷᠴᠤᠳ ᠲᠥᠪ ᠴᠢᠬᠡᠴᠢ᠂ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠶᠢᠬᠤ ᠶᠢ ᠦᠨᠡᠨ ᠬᠦ ᠪᠠᠲᠤᠯᠠᠨ᠎ᠠ᠃ | ᠲᠥᠯᠥᠭᠡᠯᠡᠭᠴᠢᠳ ᠡ᠂ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠤᠯᠤᠰ ᠲᠦᠷᠦ ᠶᠢᠨ ᠬᠠᠨᠳᠤᠰᠢ ᠮᠥᠨ᠃ | ᠪᠢᠳᠡ ᠢᠮᠠᠭᠲᠠ ᠴᠠᠭ ᠤᠨ ᠪᠠᠶᠢᠳᠠᠯ ᠳᠤ ᠲᠣᠬᠢᠷᠠᠭᠰᠠᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ | ᠬᠢᠵᠠᠭᠠᠷᠲᠠᠶ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠨᠡᠩ ᠠᠷᠪᠢᠨ | ᠬᠡᠷᠡᠭᠯᠡᠵᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠭᠤᠤᠯ ᠰᠡᠳᠦᠪ ᠢ ᠨᠡᠩ ᠢᠯᠡ ᠲᠣᠳᠣ ᠪᠣᠯᠭᠠᠨ᠎ᠠ᠃ ᠠᠷᠠᠳ | ᠲᠦᠮᠡᠨ ᠤ ᠵᠣᠯ ᠵᠢᠷᠭᠠᠯ ᠢ ᠨᠠᠩ ᠭᠦᠨ ᠵᠤᠵᠠᠭᠠᠨ ᠪᠣᠯᠭᠠᠨ᠎ᠠ᠃ ᠡᠨᠡ ᠵᠢᠯ᠂ ᠲᠣᠭᠤᠷᠢᠭ ᠤᠨ ᠵᠠᠰᠠᠭ ᠤᠨ ᠣᠷᠳᠣᠨ 5. | 25 ᠳ᠋ᠦᠩᠰᠢᠭᠤᠷ ᠲᠥᠭᠦᠷᠢᠭ ᠣᠷᠴᠢᠮ ᠣᠷᠣᠭᠤᠯᠵᠤ᠂ ᠠᠷᠠᠳ ᠲᠤ ᠠᠰᠢᠭ ᠬᠦᠷᠲᠡᠭᠡᠬᠦ ᠠᠷᠪᠠᠨ ᠪᠣᠳᠠᠲᠤ | ᠶᠠᠪᠤᠳᠠᠯ ᠢ ᠬᠦᠴᠦᠯᠡᠨ ᠰᠠᠶᠢᠲᠤᠷ ᠬᠢᠬᠦ ᠪᠣᠯᠤᠨ᠎ᠠ᠃ | 1. 1042 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳ᠋ᠠ ᠮᠢᠶᠣᠣ᠂ ᠬᠠᠭᠤᠴᠢᠨ ᠬᠤᠷᠢᠶ᠎ᠠ ᠵᠡᠷᠭᠡ 4 | ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠪᠠ 2 ᠡᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠭᠡᠷᠡᠴᠢᠯᠡ | ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ︔ ᠰᠢᠶᠠᠩ ᠶᠠᠩ᠂ ᠵᠧᠨ ᠰᠢᠩ ᠵᠡᠷᠭᠡ 5 ᠲᠣᠭᠠᠴᠢᠯᠠᠭᠰᠠᠨ | ᠡᠪᠡᠳᠴᠢᠨ ᠢ ᠡᠰᠡᠷᠭᠦᠴᠡᠬᠦ ᠡᠭᠦᠳᠡᠨ ᠡᠮᠨᠡᠯᠭᠡ ᠶᠢᠨ ᠪᠠᠶᠢᠭᠤᠯᠤᠯᠲᠠ ᠪᠠ 2 ᠰᠠᠭᠤᠷᠢ ᠭᠤᠣᠯ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠲᠣᠭᠠᠴᠢᠯᠠᠭᠰᠠᠨ ᠲᠥᠬᠦᠭᠡᠷᠦᠮᠵᠢ ᠶᠢᠨ ᠲᠣᠣᠷᠵᠢᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | 2. 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 5 ᠰᠠᠭᠤᠷᠢ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠡᠴᠡᠷᠯᠢᠭ ᠤᠨ ᠣᠷᠣᠨ ᠲᠤᠭ᠎ᠠ ᠶᠢ | 1800 ᠰᠢᠨ᠎ᠡ ᠪᠠᠷ ᠨᠡᠮᠡᠭᠳᠡᠭᠦᠯᠦᠨ᠎ᠡ︔ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠪᠠ ᠬᠡᠷᠡᠭᠯᠡᠯᠲᠡ ᠶᠢ ᠵᠢᠷᠤᠮᠵᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ | ᠡᠷᠬᠢᠯᠡᠭᠰᠡᠨ ᠬᠡᠤᠬᠡᠳ ᠤᠨ ᠴᠡᠴᠡᠷᠯᠢᠭ ᠶᠢ 35 ᠰᠢᠨ᠎ᠡ ᠪᠠᠷ ᠨᠡᠮᠡᠭᠳᠡᠭᠦᠯᠵᠦ᠂ ᠴᠡᠴᠡᠷᠯᠢᠭ ᠤᠨ ᠣᠷᠤᠨ ᠲᠤᠭ᠎ᠠ ᠶᠢ | 6500 ᠰᠢᠨ᠎ᠡ ᠪᠠᠷ ᠨᠡᠮᠡᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠴᠡᠴᠡᠷᠯᠢᠭ ᠤᠨ ᠣᠷᠤᠨ ᠲᠤᠭ᠎ᠠ ᠶᠢ | 80% ᠳᠤ ᠬᠦᠷᠦᠭᠦᠯᠦᠨ᠎ᠡ᠃ | 3. 3300 ᠲᠦᠮᠡᠨ ᠲᠥᠭᠦᠷᠢᠭ ᠤᠨ ᠪᠡᠯᠡ ᠣᠷᠣᠭᠤᠯᠵᠤ᠂ 27.2 ᠲᠦᠮᠡᠨ ᠲᠡᠭᠰᠢ ᠳᠥᠷᠪᠡᠯᠵᠢᠨ | ᠮᠧᠲᠷ ᠤᠨ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ | 4. 3279 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠤᠣᠯ ᠬᠤᠲᠠ ᠲᠣᠭᠤᠷᠢᠭ ᠤᠨ ᠠᠮᠠᠷᠬᠠᠨ | ᠤᠰᠤᠲᠤᠬᠤ 10 ᠴᠢᠭ᠋᠂ 2 ᠭᠤᠳᠤᠮᠵᠢᠨ ᠵᠠᠮ ᠢ ᠵᠠᠰᠠᠨ᠎ᠠ᠃ | 5. 3200 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠦᠩᠱᠠᠨ ᠡᠮᠨᠡᠯᠭᠡ ᠶᠢᠨ ᠬᠤᠷᠢᠶ᠎ᠠ᠂ ᠰᠦᠩᠱᠠᠨ | ᠳᠥᠷᠪᠡᠳᠦᠭᠡᠷ ᠲᠣᠮᠳᠠᠲᠤ ᠰᠤᠷᠭᠠᠭᠤᠯᠢ᠂ ᠰᠦᠩᠱᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠡᠷᠭᠢᠨ | ᠲᠣᠭᠤᠷᠢᠨ ᠤ 3 ᠶᠠᠪᠠᠭᠠᠨ ᠬᠦᠮᠦᠨ ᠤ ᠵᠡᠭᠡᠯᠢ ᠥᠩᠭᠡᠷᠡᠬᠦ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ | 6. 2523 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠤ 213 ᠬᠥᠮᠦᠨ ᠤ | ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ | 7. 5700 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ 1.5 ᠲᠦᠮᠡᠨ | ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠤᠲᠠ ᠶᠢᠨ ᠲᠣᠭᠤᠷᠢᠭ ᠤᠨ 10 ᠨᠡᠶᠢᠲᠡ ᠶᠢᠨ ᠵᠣᠷᠯᠣᠩ ᠢ | ᠰᠢᠨ᠎ᠡ ᠪᠠᠷ ᠪᠠᠶᠢᠭᠤᠯᠤᠨ᠎ᠠ᠃ | 8. 9979 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠠᠮᠢ ᠠᠬᠤᠢ ᠶᠢᠨ | ᠣᠷᠴᠢᠨ ᠲᠣᠭᠤᠷᠢᠨ ᠢ ᠪᠠᠲᠤᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠤ ᠠᠳᠠᠯ ᠠᠬᠤᠶᠢᠴᠢᠯᠠᠭᠰᠠᠨ ᠬᠠᠮᠢᠶᠠᠷᠤᠯᠲᠠ ᠶᠢ ᠥᠷᠭᠦᠯᠵᠢᠯᠡᠨ | ᠠᠬᠢᠭᠤᠯᠵᠤ᠂ ᠬᠥᠳᠡᠭᠡ ᠲᠣᠰᠬᠤᠨ ᠤ 11 ᠬᠤᠭ ᠨᠣᠪᠰᠢ ᠪᠤᠯᠠᠬᠤ ᠲᠠᠯᠠᠪᠠᠢ᠂ 9 ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠰᠢᠨ᠎ᠡ ᠪᠠᠷ ᠪᠠᠶᠢᠭᠤᠯᠤᠨ᠎ᠠ᠃ | 9. 8392 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠰᠠᠭᠠᠳ ᠦᠭᠡᠢ | ᠨᠡᠪᠲᠡᠷᠡᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠪᠣᠯᠤᠨ ᠲᠣᠰᠬᠤᠨ | ᠳᠤᠭᠤᠶᠢᠯᠠᠩ ᠤᠨ ᠵᠠᠮ ᠢ 217 ᠺᠢᠯᠣᠮᠧᠲᠷ ᠳᠡᠰ ᠳᠡᠪᠰᠢᠭᠦᠯᠦᠨ ᠥᠭᠡᠷᠡᠴᠢᠯᠡᠵᠦ᠂ 2 ᠬᠥᠭᠦᠷᠭᠡ ᠶᠢ ᠰᠢᠨ᠎ᠡ ᠪᠠᠷ | ᠪᠠᠶᠢᠭᠤᠯᠤᠨ᠂ 6 ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ᠎ᠡ᠃ | 10. ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ | ᠢᠨᠵᠧᠨᠧᠷᠢᠩ ᠢ ᠢᠳᠡᠪᠬᠢᠲᠠᠢ ᠠᠬᠢᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠪᠦᠷᠢ ᠲᠣᠰ ᠲᠣᠰ 60 ᠲᠥᠭᠦᠷᠢᠭ ᠪᠠ 40 | ᠲᠥᠭᠦᠷᠢᠭ ᠠᠴᠠ ᠳᠡᠭᠡᠭᠰᠢ ᠳᠡᠭᠡᠭᠰᠢᠯᠡᠭᠦᠯᠵᠦ᠂ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠪᠠᠷᠢᠮᠵᠢᠶ᠎ᠠ ᠶᠢ 500 | ᠲᠥᠭᠦᠷᠢᠭ ᠠᠴᠠ ᠳᠡᠭᠡᠭᠰᠢ ᠳᠡᠭᠡᠭᠰᠢᠯᠡᠭᠦᠯᠦᠨ᠎ᠡ︔ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ | ᠪᠣᠯᠤᠨ AB ᠲᠥᠷᠥᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠬᠥᠮᠦᠨ ᠪᠦᠷᠢ ᠳᠤ 220 ᠲᠥᠭᠦᠷᠢᠭ ᠨᠥᠬᠦᠪᠥᠷᠢᠯᠡᠨ᠎ᠡ︔ | ᠪᠦᠬᠦᠯᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ | ᠰᠦᠢᠳᠬᠡᠯ ᠬᠤᠷᠢᠶᠠᠬᠤ ᠦᠭᠡᠢ ᠪᠠᠷ ᠳᠠᠭᠠᠳᠬᠠᠯ ᠳᠤ ᠣᠷᠤᠭᠤᠯᠤᠨ᠎ᠠ᠃ | ᠲᠥᠯᠥᠭᠡᠯᠡᠭᠴᠢᠳ ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠤᠲᠠ ᠶᠢᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠪᠣᠯᠤᠨ ᠲᠣᠭᠤᠷᠢᠭ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ | ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠰᠢᠨ᠎ᠡ ᠬᠠᠭᠤᠳᠠᠰᠤ ᠶᠢ ᠪᠢᠴᠢᠭᠯᠡᠵᠦ᠂ ᠪᠣᠳᠠᠲᠤ | ᠬᠦᠴᠦᠨ᠂ ᠭᠡᠭᠡᠨ ᠰᠠᠷᠠᠭᠤᠯ᠂ ᠴᠢᠳᠠᠮᠠᠭᠠᠶ ᠪᠠᠷ ᠵᠠᠰᠠᠬᠤ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ | ᠰᠥᠩᠱᠠᠨ ᠶᠢ ᠪᠦᠲᠦᠭᠡᠨ ᠪᠠᠶᠢᠭᠤᠯᠬᠤ ᠶᠢᠨ ᠲᠥᠯᠥᠭᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | ᠨᠡᠷ᠎ᠡ ᠶᠢᠨ ᠲᠠᠶᠢᠯᠪᠤᠷᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠭᠤᠷᠪᠠᠨ ᠬᠤᠪᠢᠷᠠᠯᠲᠠ︾᠄ ᠨᠡᠭᠡᠭᠡᠨ | ᠬᠥᠭᠵᠢᠭᠦᠯᠬᠦ ᠮᠠᠶ᠋ᠢᠭ ᠢᠶᠠᠷ ᠶᠠᠳᠠᠭᠤ ᠶᠢ ᠲᠡᠳᠬᠦᠬᠦ ᠶᠢ ᠨᠡᠭᠡᠭᠡᠨ ᠬᠥᠭᠵᠢᠭᠦᠯᠬᠦ ᠪᠠ ᠪᠠᠲᠤᠯᠠᠬᠤ ᠬᠡᠯᠪᠡᠷᠢ ᠪᠠᠷ ᠶᠠᠳᠠᠭᠤ ᠶᠢ | ᠲᠡᠳᠬᠦᠬᠦ ᠶᠢ ᠵᠡᠷᠭᠡᠪᠡᠷ ᠴᠢᠬᠤᠯᠠᠴᠢᠯᠠᠬᠤ ᠲᠡᠰᠢ ᠬᠤᠪᠢᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠬᠤᠷᠳᠤᠴᠠ ᠶᠢ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠪᠠ ᠪᠠᠬᠢᠵᠢᠭᠦᠯᠦᠨ ᠳᠡᠭᠡᠭᠰᠢᠯᠡᠭᠦᠯᠬᠦ ᠲᠡᠰᠢ | ᠬᠤᠪᠢᠷᠠᠭᠤᠯᠵᠤ᠂ ᠡᠳ᠋ ᠪᠣᠳᠠᠰ ᠢᠶᠠᠷ ᠶᠠᠳᠠᠭᠤ ᠶᠢ ᠲᠡᠳᠬᠦᠬᠦ ᠶᠢ ᠪᠣᠳᠠᠰ ᠤᠨ ᠪᠠ ᠤᠶᠤᠨ ᠤ ᠲᠠᠯ᠎ᠠ ᠪᠠᠷ ᠶᠠᠳᠠᠭᠤ ᠶᠢ | ᠲᠡᠳᠬᠦᠬᠦ ᠶᠢ ᠵᠡᠷᠭᠡ ᠪᠠᠷ ᠴᠢᠬᠤᠯᠠᠴᠢᠯᠠᠬᠤ ᠲᠡᠶᠢᠰᠢ ᠬᠤᠪᠢᠷᠠᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠭᠤᠷᠪᠠ ᠶᠢ ᠡᠷᠬᠢᠨ ᠬᠠᠷᠠᠬᠤ︾᠄ ᠳᠠᠩᠰᠠᠯᠠᠵᠤ | ᠺᠠᠷᠲᠯᠠᠬᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ | ᠨᠠᠶᠢᠳᠠᠪᠤᠷᠢᠵᠢᠭᠤᠯᠬᠤ ᠲᠤᠰᠬᠠᠢ ᠠᠵᠢᠯᠯᠠᠭ᠎ᠠ ᠪᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠠᠷᠪᠠᠨ ᠵᠦᠢᠯ ᠢ ᠦᠭᠡᠶᠢᠰᠭᠡᠬᠦ ᠶᠢ | ᠪᠠᠷᠢᠮᠵᠢᠶ᠎ᠠ ᠳᠤ ᠬᠦᠷᠦᠭᠦᠯᠬᠦ︾᠄ ︽ᠵᠢᠷᠭᠤᠭᠠᠨ ᠵᠦᠢᠯ ᠢ ᠪᠦᠬᠦᠨ ᠢ ᠦᠭᠡᠶᠢᠰᠬᠡᠬᠦ︾᠂ ᠲᠤᠬᠠᠶᠢᠯᠠᠪᠠᠯ ᠡᠷᠦᠬᠡ ᠳᠤ | ᠬᠦᠷᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠪᠤᠷᠤᠭᠤ ᠬᠡᠷᠡᠭᠵᠢᠭᠦᠯᠦᠭᠰᠡᠨ | ᠪᠠᠶᠢᠳᠠᠯ ᠢ ᠦᠭᠡᠶᠢᠰᠬᠡᠬᠦ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠶᠢ | ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠬᠠᠮᠤᠷᠤᠭᠤᠯᠤᠭᠠᠳᠤᠶ ᠪᠠ ᠬᠥᠳᠡᠯᠮᠦᠷᠢᠯᠡᠬᠦ ᠴᠢᠳᠠᠪᠤᠷᠢ ᠦᠭᠡᠶ | ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ | ᠬᠠᠮᠤᠷᠤᠭᠤᠯᠤᠭᠠᠳᠤᠶ ᠪᠠᠶᠢᠳᠠᠯ ᠢ ᠦᠭᠡᠶᠢᠰᠬᠡᠬᠦ᠂ ᠶᠠᠳᠠᠭᠤ ᠬᠦᠴᠢᠷᠳᠡᠯᠲᠡᠶ ᠲᠣᠰᠬᠤᠨ ᠤ ᠬᠠᠮᠲᠤ ᠶᠢᠨ ᠠᠵᠤ | ᠠᠬᠤᠶ ᠶᠢ ᠴᠡᠪᠡᠷᠯᠡᠨ ᠠᠷᠢᠯᠭᠠᠵᠤ ᠠᠬᠢᠨ ᠨᠡᠮᠡᠭᠳᠡᠭᠦᠯᠬᠦ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠪᠦᠬᠦᠨ ᠢ ᠥᠭᠡᠷᠡᠴᠢᠯᠡᠨ ᠰᠢᠨᠡᠳᠬᠡᠬᠦ᠂ ᠶᠠᠳᠠᠭᠤ ᠬᠦᠴᠢᠷᠳᠡᠯᠲᠡᠢ | ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡᠳᠦᠢ ᠪᠠ ᠶᠠᠳᠠᠭᠤ ᠬᠦᠴᠢᠷᠳᠡᠯᠲᠡᠶ ᠡᠷᠦᠬᠡ ᠳᠤ | ᠠᠮᠢᠳᠤᠷᠠᠯ ᠤᠨ ᠴᠠᠬᠢᠯᠭᠠᠨ ᠨᠡᠪᠲᠡᠷᠡᠭᠡᠳᠦᠢ ᠪᠠᠶᠢᠳᠠᠯ ᠢ ᠪᠠᠷᠢᠮᠵᠢᠶ᠎ᠠ ᠳᠤ ᠬᠦᠷᠭᠡᠬᠦ᠂ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠢ ᠡᠷᠦᠬᠡ ᠶᠢᠨ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠦᠳᠦᠭᠡᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠭᠦᠯᠦᠨ᠎ᠡ︔ ︽ᠳᠥᠷᠪᠡᠨ ᠵᠦᠢᠯ ᠢ ᠪᠠᠷᠢᠮᠵᠢᠶ᠎ᠠ ᠳᠤ ᠬᠦᠷᠭᠡᠬᠦ︾ ᠭᠡᠳᠡᠭ ᠨᠢ ᠨᠠᠷᠢᠯᠢᠭ | ᠣᠨᠣᠴᠠᠲᠠᠶ ᠪᠠᠷ ᠶᠠᠳᠠᠭᠤ ᠶᠢ ᠲᠡᠳᠬᠦᠬᠦ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ | ᠪᠡᠶᠡᠯᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ᠂ | ᠰᠢᠶᠠᠩ᠂ ᠲᠤᠰᠬᠤᠨ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠲᠥᠬᠦᠭᠡᠷᠦᠮᠵᠢ᠂ | ᠠᠵᠢᠯᠲᠠᠨ᠂ ᠡᠮ ᠵᠡᠷᠭᠡ ᠦᠨᠳᠦᠰᠦᠨ ᠡᠮᠴᠢᠯᠡᠭᠡᠨ ᠤ ᠦᠶ᠋ᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠵᠤ᠂ | ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ | ᠪᠠᠷᠢᠮᠵᠢᠶ᠎ᠠ ᠳᠤ ᠬᠦᠷᠦᠭᠦᠯᠦᠨ᠎ᠡ᠃ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠨᠢ ᠪᠠᠲᠤᠯᠠᠬᠤ ᠶᠢ ᠪᠠᠷᠢᠮᠵᠢᠶ᠎ᠠ ᠳᠤ ᠬᠦᠷᠦᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ︽ᠲᠦᠷᠪᠡ ᠶᠢ ᠲᠠᠶᠠᠭᠳᠠᠬᠤ ᠦᠭᠡᠢ︾᠄ | ᠳᠠᠷᠤᠢ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠲᠠᠶᠠᠭᠳᠠᠬᠤ ᠦᠭᠡᠢ᠂ ᠶᠠᠳᠠᠭᠤ ᠠᠴᠠ | ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ ᠲᠠᠶᠠᠭᠳᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ | ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ | ᠬᠠᠮᠢᠶᠠᠷᠤᠯᠲᠠ ᠪᠠᠨ ᠲᠠᠶᠠᠭᠳᠠᠬᠤ ᠦᠭᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ | ᠪᠠᠲᠤᠯᠠᠬᠤ︾᠄ ᠢᠳᠡᠬᠦ ᠳᠤ ᠵᠣᠪᠠᠭ᠋ᠤ ᠦᠭᠡᠢ᠂ ᠡᠮᠦᠰᠬᠦ ᠳᠤ ᠵᠣᠪᠠᠭ᠋ᠤ ᠦᠭᠡᠢ︔ ᠠᠯᠪᠠᠨ ᠵᠢᠷᠤᠮ ᠤᠨ ᠰᠤᠷᠭᠠᠨ | ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠪᠠᠲᠤᠯᠠᠭ᠎ᠠ ᠲᠠᠢ ᠪᠠᠶᠢᠬᠤ ᠶᠢ | ᠬᠡᠯᠡᠨ᠎ᠡ᠃ | ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ ᠦᠭᠡᠢ ᠪᠠᠶᠢᠳᠠᠯ︾᠄ ᠭᠤᠤᠯ ᠮᠥᠷᠡᠨ | ᠨᠠᠭᠤᠷ ᠴᠥᠭᠦᠷᠥᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠤᠬᠤᠬᠤ᠂ ᠳᠤᠷ᠎ᠠ ᠪᠠᠷ ᠢᠶᠠᠨ ᠣᠪᠣᠭᠠᠯᠠᠬᠤ᠂ | ᠳᠤᠷ᠎ᠠ ᠪᠠᠷ ᠢᠶᠠᠨ ᠪᠠᠶᠢᠭᠤᠯᠬᠤ᠃ | ︽ᠳᠥᠷᠪᠡᠴᠢᠯᠡᠯᠲᠡ ᠶᠢᠨ ᠬᠠᠮᠲᠤᠷᠠᠨ ᠬᠥᠳᠡᠯᠦᠯᠴᠡᠬᠦ︾᠄ ᠲᠠᠷᠢᠶᠠᠯᠠᠩ ᠤᠨ ᠦᠢᠯᠡᠳᠪᠦᠷᠢ ᠯᠡᠯ ᠤᠨ ᠠᠷᠭ᠎ᠠ | ᠮᠠᠶ᠋ᠢᠭ ᠤᠨ ᠵᠣᠬᠢᠶᠠᠨ ᠪᠠᠶᠢᠭᠤᠯᠤᠯᠲᠠᠴᠢᠯᠠᠯᠲᠠ᠂ ᠪᠣᠬᠢᠷᠲᠤᠯ ᠦᠭᠡᠢ᠂ ᠡᠷᠴᠢᠮᠵᠢᠭᠦᠯᠦᠯᠲᠡ᠂ ᠠᠵᠤ | ᠦᠢᠯᠡᠰᠵᠢᠭᠦᠯᠦᠯᠲᠡ᠃ | ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠄ ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠣᠬᠢᠷᠲᠤᠯ | ᠥᠬᠡᠶ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ | ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠶᠡᠷᠦᠩᠬᠡᠶ ᠨᠡᠷᠡᠶᠢᠳᠦᠯ᠃ | ︽ᠬᠥᠳᠡᠭᠡ ᠲᠣᠰᠬᠤᠨ ᠤ ᠵᠠᠮ ᠢ ᠳᠥᠷᠪᠡᠨ ᠰᠠᠶᠢᠨᠲᠠᠶ ᠪᠠᠶᠢᠯᠭᠠᠬᠤ︾᠄ ᠬᠥᠳᠡᠭᠡ ᠲᠣᠰᠬᠤᠨ ᠤ ᠵᠠᠰᠠᠮᠠᠯ ᠵᠠᠮ ᠢ | ᠰᠠᠶᠢᠳᠤᠷ ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠨ᠎ᠡ᠃ | ᠰᠥᠩ ᠪᠧᠢ ᠶᠢᠨ ᠰᠢᠨ᠎ᠡ ᠬᠤᠲᠠ ᠶᠢᠨ ︽ᠳᠥᠷᠪᠡᠨ ᠵᠡᠭᠡᠯᠢ ᠳᠥᠷᠪᠡᠨ ᠵᠠᠮ︾᠄ ᠪᠠᠷᠠᠭᠤᠨ ᠥᠷᠲᠡᠭᠡ ᠶᠡᠭᠡ | ᠵᠡᠭᠡᠯᠢ᠂ ᠭᠠᠵᠠᠷ ᠰᠢᠨᠵᠢᠯᠡᠭᠡᠨ ᠤ ᠵᠡᠭᠡᠯᠢ᠂ ᠰᠥᠩ ᠬᠠᠢ ᠵᠡᠭᠡᠯᠢ᠂ ᠰᠥᠩ ᠰᠠᠨ ᠵᠡᠭᠡᠯᠢ᠂ ᠯᠦ ᠸᠠᠩ ᠵᠠᠮ᠂ ᠱᠧᠩ | ᠠᠨ ᠵᠠᠮ᠂ ᠳ᠋ᠠ ᠴᠧᠩ ᠵᠠᠮ᠂ ᠮᠦ ᠵᠢᠶᠠ ᠶᠢᠩ ᠵᠠᠮ᠃ | ᠬᠦᠯᠦᠰᠦᠨ ᠠᠵᠢᠯᠲᠠᠨ ᠳᠤ ᠥᠷᠢᠳᠦᠭᠰᠡᠨ ᠴᠠᠯᠢᠩ ᠢ ᠲᠦᠯᠦᠬᠦ ᠠᠵᠢᠯ ᠤᠨ ᠴᠡᠭᠴᠡᠯᠡᠨ ᠵᠠᠰᠠᠯᠲᠠ ᠪᠠ | ᠬᠦᠯᠦᠰᠦᠨ ᠠᠵᠢᠯᠲᠠᠨ ᠤ ᠴᠠᠯᠢᠩ ᠢ ᠴᠠᠭ ᠲᠤᠬᠠᠢ ᠲᠤᠨᠢ ᠥᠭᠬᠦ ᠶᠢ ᠪᠠᠲᠤᠯᠠᠬᠤ᠄ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠦᠢᠯᠡ ᠠᠵᠢᠯᠯᠠᠭ᠎ᠠ ᠶᠢ ᠵᠠᠰᠠᠵᠤ᠂ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ | ︽ᠬᠤᠶᠠᠷ ᠮᠥᠩᠭᠦ ᠭᠤᠷᠪᠠᠨ ᠳᠦᠷᠢᠮ︾᠄ ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ | ᠠᠷᠭᠠᠴᠠᠭᠠᠬᠤ ᠡᠷᠭᠢᠯᠲᠡ ᠶᠢᠨ ᠮᠥᠩᠭᠦ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠩᠬᠢ ᠠᠴᠠ ᠣᠷᠣᠯᠠᠨ | ᠲᠠᠷᠬᠠᠭᠠᠬᠤ ᠲᠥᠷᠢᠮ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠳᠠᠩᠰᠠᠨ ᠡᠷᠦᠬᠡ ᠶᠢᠨ ᠳᠦᠷᠢᠮ | ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠦᠨᠡᠨ ᠨᠡᠷ᠎ᠡ ᠶᠢᠨ ᠳᠦᠷᠢᠮ᠃ | ︽ᠳᠥᠷᠪᠡᠨ ᠰᠤᠷᠲᠠᠯ︾᠄ ᠬᠡᠯᠪᠡᠷᠢᠴᠢ ᠦᠵᠡᠯ ᠤᠨ ᠰᠤᠷᠲᠠᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ | ᠰᠤᠷᠲᠠᠯ᠂ ᠱᠠᠯᠢᠨ ᠪᠦᠷᠢᠯᠭᠡᠬᠦ ᠰᠤᠷᠲᠠᠯ᠃ | ︽ᠲᠠᠪᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ︾᠄ ᠥᠨᠳᠥᠷ ᠪᠦᠲᠦᠮᠵᠢᠲᠡᠶ ᠲᠠᠷᠢᠶᠠᠯᠠᠩ ᠤᠨ ᠵᠢᠱᠢᠶ᠎ᠡ | ᠦᠵᠡᠭᠦᠯᠬᠦ ᠲᠣᠭᠤᠷᠢᠭ᠂ ᠰᠢᠨ᠎ᠡ ᠮᠠᠶ᠋ᠢᠭ ᠤᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ᠂ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠭᠤᠤᠯ ᠲᠣᠭᠤᠷᠢᠭ᠂ ᠲᠥᠪ ᠬᠤᠲᠠ ᠶᠢᠨ ᠲᠣᠭᠤᠷᠢᠭ ᠤᠨ ᠣᠷᠣᠰᠢᠨ ᠰᠠᠭᠤᠬᠤ ᠳᠤ | ᠲᠣᠬᠢᠷᠠᠮᠵᠢᠲᠠᠶ ᠲᠣᠭᠤᠷᠢᠭ᠂ ᠠᠮᠢ ᠠᠬᠤᠶ ᠶᠢᠨ ᠪᠣᠯᠪᠠᠰᠤᠨ ᠤ ᠡᠶ᠎ᠡ ᠵᠣᠬᠢᠴᠠᠯ ᠲᠠᠢ ᠲᠣᠭᠤᠷᠢᠭ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠢᠭᠡ ᠲᠣᠭᠤᠷᠢᠭ ᠨᠢᠭᠡ ᠪᠦᠰᠡ︾᠄ ᠬᠤᠲᠠ ᠶᠢᠨ | ᠲᠣᠭᠤᠷᠢᠭ ᠤᠨ ᠤᠢᠢᠷ᠎ᠠ ᠲᠡᠭᠦᠷᠭᠡ ᠶᠢᠨ ᠲᠣᠭᠤᠷᠢᠯ ᠱᠤᠭᠤᠮ ᠤᠨ ᠳᠠᠭᠠᠤ ᠲᠣᠰᠬᠤᠨ ︵ᠨᠢᠭᠡ ᠲᠣᠭᠤᠷᠢᠭ︶᠂ | ᠬᠤᠲᠠ ᠶᠢᠨ ᠲᠣᠭᠤᠷᠢᠭ ᠠᠴᠠ ᠰᠢᠶᠣᠣ ᠮᠢᠶᠣᠣ ᠽᠢ ᠲᠣᠰᠬᠤᠨ ᠬᠦᠷᠬᠦ ︵ᠨᠢᠭᠡ ᠪᠦᠰᠡ︶᠃ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠬᠥᠳᠡᠭᠡ ᠲᠣᠰᠬᠤᠨ ᠤ ᠡᠬᠢ ᠪᠠᠶᠠᠯᠢᠭ ᠢ ᠡᠳ᠋ | ᠬᠥᠷᠥᠩᠭᠡ ᠪᠣᠯᠭᠠᠬᠤ᠂ ᠪᠠᠯᠠ ᠮᠥᠩᠭᠦ ᠶᠢ ᠰᠲ᠋ᠣᠺ ᠤᠨ ᠮᠥᠩᠭᠦ ᠪᠣᠯᠭᠠᠬᠤ᠂ ᠲᠠᠷᠢᠶᠠᠴᠢᠳ ᠢ ᠬᠤᠪᠢ ᠣᠷᠣᠭᠤᠯᠤᠭᠴᠢ | ᠪᠣᠯᠭᠠᠬᠤ ᠭᠤᠷᠪᠠᠨ ᠵᠦᠢᠯ ᠤᠨ ᠥᠭᠡᠷᠡᠴᠢᠯᠡᠯᠲᠡ᠃ | ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠭ᠎ᠠ᠄ ᠵᠣᠬᠢᠬᠤ ᠬᠤᠭᠤᠴᠠᠭᠠᠨ ᠳᠣᠲᠣᠷ᠎ᠠ ᠨᠢᠭᠡ ᠭᠠᠵᠠᠷ | ᠣᠷᠣᠨ ᠤ ᠨᠢᠭᠡ ᠨᠢᠭᠡᠴᠢ ᠶᠢᠨ ᠭᠠᠵᠠᠷ ᠣᠷᠣᠨ ᠤ ᠦᠢᠯᠡᠳᠪᠦᠷᠢ ᠯᠡᠯ ᠤᠨ ᠶᠡᠷᠦᠩᠬᠡᠶ ᠥᠷᠲᠡᠭ ᠢ ᠦᠢᠯᠡᠳᠪᠦᠷᠢ ᠯᠡᠬᠦ | ᠪᠦᠷᠢ ᠳᠤ ᠵᠠᠷᠤᠴᠠᠭᠤᠯᠤᠭᠰᠠᠨ ᠡᠨᠧᠷᠭᠢ ᠶᠢᠨ ᠰᠤᠷᠪᠤᠯᠵᠢ᠃ | ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾᠄ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠬᠠᠮᠲᠤᠷᠠᠭᠰᠠᠨ ᠪᠠᠩᠬᠢ ᠲᠠᠢ ︽ᠳᠠᠭᠠᠭᠠᠯᠲᠠ ᠳᠤ ᠲᠤᠰᠠᠯᠠᠬᠤ ᠮᠥᠩᠭᠦ ᠪᠠᠷ ᠪᠡᠯᠡ ᠲᠣᠬᠢᠷᠠᠭᠤᠯᠬᠤ︾ | ᠲᠤᠬᠠᠶᠢᠯᠠᠭᠰᠠᠨ ᠠᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠠᠵᠤ ᠦᠢᠯᠡᠰ ᠤᠨ ᠬᠡᠯᠬᠢᠶ᠎ᠡ᠂ | ᠬᠤᠳᠠᠯᠳᠤᠭᠠᠨ ᠤ ᠲᠣᠭᠤᠷᠢᠭ᠂ ᠠᠵᠤ ᠠᠬᠤᠶᠢᠯᠠᠯ ᠤᠨ ᠪᠦᠯᠦᠭᠯᠡᠨ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ ᠢ | ᠥᠷᠨᠢᠭᠦᠯᠵᠦ᠂ ᠬᠤᠷᠰᠢᠬᠤ ᠬᠡᠪᠴᠢᠶᠡᠨ ᠳᠤ ᠣᠷᠣᠭᠤᠯᠤᠭᠰᠠᠨ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠪᠦᠯᠦᠭᠯᠡᠯ︾ ᠤᠨ ᠠᠵᠤ ᠠᠬᠤᠶᠢᠯᠠᠯ ᠳᠤ ᠢᠲᠡᠭᠡᠮᠵᠢ ᠣᠯᠭᠤᠬᠤ ᠮᠥᠷᠲᠡᠭᠡᠨ ᠭᠤᠶᠤᠴᠢᠯᠠᠭᠰᠠᠨ ᠠᠵᠤ | ᠠᠬᠤᠶᠢᠯᠠᠯ ᠠᠴᠠ ᠵᠣᠬᠢᠬᠤ ᠬᠠᠷᠢᠴᠠᠯ ᠪᠦᠬᠦᠢ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠮᠥᠩᠭᠦ ᠲᠤᠰᠢᠶᠠᠬᠤ | ᠵᠢᠴᠢ ᠵᠠᠰᠠᠭ ᠤᠨ ᠣᠷᠳᠣᠨ ᠠᠴᠠ ᠲᠦᠭᠰᠢᠭᠦᠷᠢ ᠶᠢᠨ ᠨᠥᠬᠦᠪᠥᠷᠢ ᠪᠠᠷᠢᠴᠠᠭᠠᠨ ᠤ ᠮᠥᠩᠭᠦ ᠬᠠᠩᠭᠠᠵᠤ ᠬᠠᠮᠲᠤᠪᠠᠷ | ᠢᠲᠡᠭᠡᠮᠵᠢ ᠨᠡᠮᠡᠭᠳᠡᠭᠦᠯᠬᠦ ᠠᠷᠭ᠎ᠠ ᠪᠠᠷᠢᠯ ᠪᠣᠯᠭᠠᠭᠰᠠᠨ ᠢᠲᠡᠭᠡᠮᠵᠢ ᠣᠯᠭᠤᠬᠤ ᠲᠤᠬᠠᠶᠢᠯᠠᠭᠰᠠᠨ ᠠᠵᠢᠯ ᠪᠣᠯᠤᠨ᠎ᠠ᠃ | ᠭᠤᠣᠯ ᠴᠣᠭᠴᠠ᠄ ᠤᠯᠠᠮᠵᠢᠯᠠᠯᠲᠤ ᠠᠵᠤ ᠦᠢᠯᠡᠰ ᠢᠶᠠᠷ ᠭᠤᠣᠯ ᠪᠣᠯᠭᠠᠭᠰᠠᠨ ᠰᠲ᠋ᠣᠺ ᠤᠨ ᠠᠷᠠᠯᠵᠢᠶᠠᠨ ᠤ | ᠵᠠᠬ᠎ᠠ ᠳᠡᠯᠭᠡᠭᠦᠷ᠂ ᠨᠢᠭᠡᠳᠦᠭᠡᠷ ᠴᠣᠭᠴᠠ ᠵᠠᠬ᠎ᠠ ᠳᠡᠯᠭᠡᠭᠦᠷ ᠪᠣᠯᠤᠨ᠎ᠠ᠃ | ᠰᠢᠨ᠎ᠡ ᠭᠤᠷᠪᠠᠳᠤᠭᠠᠷ ᠴᠣᠭᠴᠠ᠄ ᠪᠦᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠬᠤᠪᠢ | ᠰᠢᠯᠵᠢᠭᠦᠯᠦᠨ ᠥᠭᠬᠦ ᠰᠢᠰᠲ᠋ᠧᠮ᠃ | ︽ᠨᠢᠭᠡ ᠰᠠᠨᠠᠯ ᠬᠤᠶᠠᠷ ᠲᠥᠷᠥ ᠶᠢᠨ ᠪᠣᠳᠣᠯᠭ᠎ᠠ︾᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ︽ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ | ᠵᠢᠯᠣᠭᠤᠳᠬᠤ ᠰᠠᠨᠠᠯ︾ ︵ᠤᠯᠠᠭᠠᠨᠬᠠᠳᠠ ᠵᠠᠰᠠᠭ ᠲᠠᠷᠬᠠᠭᠠᠭᠰᠠᠨ ︹2019︺48 ᠳ᠋ᠤᠭᠠᠷ ᠲᠣᠭᠠᠲᠤ︶᠂ ︽ | ᠪᠤᠶᠢᠵᠢᠭᠤᠯᠬᠤ ᠪᠠ ᠣᠷᠤᠭᠤᠯᠤᠨ ᠠᠪᠴᠢᠷᠠᠬᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ︾ ︵ᠤᠯᠠᠭᠠᠨᠬᠠᠳᠠ ᠵᠠᠰᠠᠭ ᠥᠰᠥᠭ ︹2019︺33 ᠳ᠋ᠤᠭᠠᠷ ᠲᠣᠭᠠᠲᠤ︶᠂ ︽ᠭᠤᠤᠯ | ᠬᠤᠲᠠ ᠲᠣᠭᠤᠷᠢᠭ ᠤᠨ ᠲᠤᠰᠬᠠᠶ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠬᠦ | ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ︵ᠤᠯᠠᠭᠠᠨᠬᠠᠳᠠ ᠵᠠᠰᠠᠭ ᠥᠰᠥᠭ ︹2019 ︺34 ᠳ᠋ᠦᠭᠡᠷ | ᠲᠣᠭᠠᠲᠤ︶᠃ | ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ | ᠡᠲᠡᠭᠡᠳ ᠢᠶᠠᠨ ᠲᠠᠰᠢᠷᠠᠮ ᠢᠶᠠᠷ ᠰᠣᠩᠭᠤᠨ ᠠᠪᠴᠤ᠂ ᠬᠠᠤᠯᠢ ᠬᠡᠷᠡᠭᠵᠢᠭᠦᠯᠵᠦ ᠪᠠᠶ᠋ᠭ᠎ᠠ ᠪᠠᠶᠢᠳᠠᠯ ᠢ ᠪᠠᠶᠢᠴᠠᠭᠠᠬᠤ | ᠠᠵᠢᠯᠲᠠᠨ ᠢ ᠲᠠᠰᠢᠷᠠᠮ ᠳᠠᠭᠠᠤ ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ | ᠰᠢᠶ᠋ᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠵᠠᠬᠢᠳᠠᠯ ᠰᠤᠷᠪᠤᠯᠵᠢᠯᠠᠯ ᠤᠨ ︽ᠭᠤᠷᠪᠠ ᠦᠭᠡᠢ︾ ᠲᠣᠰᠬᠤᠨ ︵ᠨᠡᠶᠢᠭᠡᠮ ᠲᠣᠭᠤᠷᠢᠭ︶᠄ ᠪᠡᠭᠡᠵᠢᠩ ᠳᠤ | ᠬᠦᠷᠴᠦ ᠥᠪᠡᠷᠲᠡᠭᠡᠨ ᠵᠠᠰᠠᠬᠤ ᠣᠷᠤᠨ ᠳᠤ ᠣᠴᠢᠵᠤ ᠵᠠᠬᠢᠳᠠᠯ ᠰᠤᠷᠪᠤᠯᠵᠢᠯᠠᠯ ᠤᠨ ᠪᠤᠰᠤ ᠭᠠᠵᠠᠷ ᠲᠤ ᠬᠦᠷᠴᠦ | ᠰᠤᠷᠪᠤᠯᠵᠢᠯᠠᠯ ᠬᠢᠬᠦ ᠪᠠᠶᠢᠳᠠᠯ ᠦᠭᠡᠢ᠃ ᠪᠡᠭᠡᠵᠢᠩ ᠳᠤ ᠬᠦᠷᠴᠦ ᠱᠠᠲᠤ ᠠᠯᠤᠰᠯᠠᠨ ᠳᠡᠭᠡᠭᠰᠢ ᠰᠤᠷᠪᠤᠯᠵᠢᠯᠠᠭᠰᠠᠨ | ᠦᠭᠡᠢ᠂ ᠬᠤᠲᠠ ᠳᠤ ᠣᠷᠤᠭᠰᠠᠨ ᠠᠴᠠ ᠳᠡᠭᠡᠭᠰᠢᠬᠢ ᠶᠡᠭᠡ ᠬᠡᠪᠴᠢᠶᠡᠨ ᠤ ᠬᠠᠮᠲᠤ ᠪᠠᠷ ᠳᠡᠭᠡᠭᠰᠢ ᠰᠤᠷᠪᠤᠯᠵᠢᠯᠠᠭᠰᠠᠨ | ︵ᠭᠠᠭᠴᠠ ᠪᠦᠯᠦᠭ ᠤᠳᠠᠭ᠎ᠠ ᠨᠢ 20 ᠬᠥᠮᠦᠨ ᠠᠴᠠ ᠳᠡᠭᠡᠭᠰᠢ︶ ᠪᠠ ᠵᠠᠬᠢᠳᠠᠯ ᠰᠤᠷᠪᠤᠯᠵᠢᠯᠠᠯ ᠤᠨ | ᠠᠰᠠᠭᠤᠳᠠᠯ ᠠᠴᠠ ᠪᠣᠯᠵᠤ ᠡᠭᠦᠰᠦᠭᠰᠡᠨ ᠲᠦᠢᠯ ᠤᠨ ᠮᠠᠭᠤ ᠬᠡᠷᠡᠭ ᠭᠠᠷᠤᠭᠰᠠᠨ ᠦᠭᠡᠢ ᠲᠣᠰᠬᠤᠨ ︵ᠨᠡᠶᠢᠭᠡᠮ | ᠲᠣᠭᠤᠷᠢᠭ︶᠃ | | ᠁ |