ᠠᠭᠤᠷ ᠠᠮᠢᠰᠬᠤᠯ
ᠨᠡᠶᠢᠲᠡᠯᠡᠭᠰᠡᠨ ᠴᠠᠭ᠄
2021/1/15
                                ᠠᠭᠤᠷ ᠠᠮᠢᠰᠬᠤᠯ     ᠰᠦᠩᠱᠠᠨ ᠲᠣᠭᠤᠷᠢᠭ ᠨᠢ ᠳᠤᠮᠳᠠ ᠥᠷᠭᠡᠷᠢᠭ ᠤᠨ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠤᠨ ᠣᠷᠣᠨ ᠳᠤ ᠣᠷᠣᠰᠢᠵᠤ ᠪᠠᠶᠢᠨ᠎ᠠ᠃ ᠠᠭᠤᠷ ᠠᠮᠢᠰᠬᠤᠯ ᠤᠨ ᠭᠤᠤᠯ ᠣᠨᠴᠠᠯᠢᠭ ᠨᠢ ᠳᠥᠷᠪᠡᠨ ᠤᠯᠠᠷᠢᠯ ᠲᠣᠳᠣᠷᠬᠠᠶ᠂ ᠬᠠᠪᠤᠷ ᠤᠨ ᠤᠯᠠᠷᠢᠯ ᠳᠤ ᠭᠠᠩ ᠬᠠᠭᠤᠷᠠᠶ ᠰᠠᠯᠬᠢ ᠶᠡᠬᠡᠲᠠᠢ᠂ ᠠᠭᠤᠷᠰᠢᠯᠲᠠ ᠶᠢᠨ ᠬᠡᠮᠵᠢᠶ᠎ᠡ ᠶᠡᠭᠡ᠂ ᠠᠭᠠᠷ ᠤᠨ ᠳᠤᠯᠠᠭᠠᠨ ᠤ ᠳᠡᠭᠡᠭᠰᠢᠯᠡᠯᠲᠡ ᠨᠢ ᠲᠦᠷᠭᠡᠨ ᠪᠠᠶᠢᠳᠠᠭ︔ ᠵᠤᠨ ᠤ ᠤᠯᠠᠷᠢᠯ ᠤᠨ ᠬᠠᠯᠠᠭᠤᠨ ᠴᠠᠭ ᠪᠠ ᠬᠤᠷ᠎ᠠ ᠲᠣᠨᠣᠳᠠᠰᠤ ᠨᠢ ᠠᠳᠠᠯᠢ ᠬᠤᠭᠤᠴᠠᠭᠠᠨ ᠳᠤ ᠲᠥᠪᠯᠡᠷᠡᠵᠦ᠂ ᠮᠥᠨᠳᠥᠷ ᠤᠨ ᠭᠠᠮᠰᠢᠭ ᠣᠯᠠᠨ ᠡᠭᠦᠰᠳᠡᠭ︔ ᠨᠠᠮᠤᠷ ᠤᠨ ᠤᠯᠠᠷᠢᠯ ᠣᠬᠤᠷ᠂ ᠠᠭᠠᠷ ᠤᠨ ᠳᠤᠯᠠᠭᠠᠨ ᠳᠣᠷᠣᠭᠰᠢᠯᠠᠬᠤ ᠨᠢ ᠲᠦᠷᠭᠡᠨ᠂ ᠠᠩᠬᠠᠨ ᠤ ᠬᠢᠷᠠᠭᠤ ᠡᠷᠲᠡ ᠪᠠᠭᠤᠳᠠᠭ︔ ᠡᠪᠦᠯ ᠤᠨ ᠤᠯᠠᠷᠢᠯ ᠣᠷᠳᠣ ᠮᠥᠷᠲᠡᠭᠡᠨ ᠬᠠᠬᠢᠷ ᠬᠦᠶ᠋ᠲᠡᠨ᠂ ᠨᠡᠷᠡᠨ ᠤ ᠲᠤᠰᠤᠯᠲᠠ ᠭᠦᠶ᠋ᠴᠡᠳ ᠪᠠᠶᠢᠳᠠᠭ᠃ ᠪᠥᠬᠦ ᠲᠣᠭᠤᠷᠢᠭ ᠤᠨ ᠢᠯᠴᠢ ᠶᠢᠨ ᠬᠡᠮᠵᠢᠶ᠎ᠡ᠂ ᠴᠢᠭᠢᠭ ᠤᠨ ᠨᠥᠬᠦᠴᠡᠯ ᠤᠨ ᠴᠠᠭ ᠵᠠᠶ ᠶᠢᠨ ᠲᠠᠷᠬᠠᠯᠲᠠ ᠨᠢ ᠮᠠᠰᠢ ᠲᠡᠩᠴᠡᠭᠦᠷᠢ ᠥᠬᠡᠶ ᠪᠠᠶᠢᠵᠤ᠂ ᠶᠡᠷᠦᠩᠬᠡᠶ ᠢᠯᠴᠢ ᠶᠢᠨ ᠪᠠᠶᠢᠳᠠᠯ ᠤᠨ ᠲᠠᠷᠬᠠᠯᠲᠠ ᠨᠢ ᠵᠡᠭᠦᠨ ᠡᠮᠦᠨᠡᠲᠦ ᠬᠡᠰᠡᠭ ᠨᠢ ᠪᠠᠷᠠᠭᠤᠨ ᠬᠤᠶᠢᠲᠤ ᠬᠡᠰᠡᠭ ᠠᠴᠠ ᠰᠠᠶᠢᠨ ᠪᠠᠶᠢᠵᠤ᠂ ᠬᠤᠷ᠎ᠠ ᠲᠤᠨᠳᠠᠰᠤᠨ ᠤ ᠬᠡᠮᠵᠢᠶ᠎ᠡ ᠶᠢᠨ ᠲᠠᠷᠬᠠᠯᠲᠠ ᠨᠢ ᠬᠠᠷᠢᠨ ᠪᠠᠷᠠᠭᠤᠨ ᠬᠤᠶᠢᠲᠤ ᠬᠡᠰᠡᠭ ᠨᠢ ᠠᠷᠪᠢᠨ ᠪᠠᠶᠢᠵᠤ᠂ ᠵᠡᠭᠦᠨ ᠡᠮᠦᠨᠡᠲᠦ ᠬᠡᠰᠡᠭ ᠨᠢ ᠴᠥᠭᠡᠨ ᠪᠠᠶᠢᠳᠠᠭ᠃     2019 ᠣᠨ ᠳᠤ᠂ ᠳᠤᠮᠳᠠ ᠵᠡᠭᠦᠨ ᠬᠡᠰᠡᠭ ︵ᠤᠯᠠᠭᠠᠨᠬᠠᠳᠠ ᠶᠢᠨ ᠤᠯᠤᠰ ᠤᠨ ᠪᠠᠷᠢᠮᠵᠢᠶ᠎ᠠ ᠠᠭᠤᠷ ᠠᠮᠢᠰᠬᠤᠯ ᠤᠨ ᠥᠷᠲᠡᠭᠡ ᠶᠢᠨ ᠠᠵᠢᠭᠯᠠᠯᠲᠠ ᠶᠢᠨ ᠮᠠᠲ᠋ᠧᠷᠢᠶᠠᠯ ᠳᠤ ᠰᠠᠭᠤᠷᠢᠯᠠᠵᠠᠶ︶ ᠤᠨ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 8 . 5 °C ᠪᠠᠶᠢᠵᠤ᠂ ᠲᠦᠢᠯ ᠤᠨ ᠥᠨᠳᠥᠷ ᠠᠭᠠᠷ ᠤᠨ ᠳᠤᠯᠠᠭᠠᠨ ᠨᠢ 37 . 1 °C ᠪᠠᠶᠢᠵᠤ᠂ 7 ᠰᠠᠷ᠎ᠠ ᠶᠢᠨ 22 ᠤ ᠡᠳᠦᠷ ᠢᠯᠡᠷᠡᠵᠡᠢ︔ ᠲᠦᠯ ᠤᠨ ᠳᠣᠣᠷ᠎ᠠ ᠠᠭᠠᠷ ᠤᠨ ᠳᠤᠯᠠᠭᠠᠨ ᠨᠢ - 23 . 8 °C ᠪᠠᠶᠢᠵᠤ᠂ 2 ᠰᠠᠷ᠎ᠠ ᠶᠢᠨ 7 ᠤ ᠡᠳᠦᠷ ᠢᠯᠡᠷᠡᠪᠡ᠃ ᠡᠴᠦᠰ ᠤᠨ ᠬᠢᠷᠠᠭᠤ ᠲᠠᠢ ᠡᠳᠦᠷ ᠨᠢ 3 ᠰᠠᠷ᠎ᠠ ᠶᠢᠨ 16 ᠤ ᠡᠳᠦᠷ ᠪᠠᠶᠢᠵᠤ᠂ ᠠᠩᠬᠠᠨ ᠤ ᠬᠢᠷᠠᠭᠤ ᠲᠠᠢ ᠡᠳᠦᠷ ᠨᠢ 10 ᠰᠠᠷ᠎ᠠ ᠶᠢᠨ 14 ᠤ ᠡᠳᠦᠷ ᠪᠣᠯᠤᠨ᠎ᠠ ᠂ ᠬᠢᠷᠠᠭᠤ ᠦᠭᠡᠢ ᠬᠤᠭᠤᠴᠠᠭ᠎ᠠ ᠨᠢ 211 ᠡᠳᠦᠷ ᠪᠣᠯᠤᠨ᠎ᠠ᠃ ᠪᠦᠬᠦ ᠵᠢᠯ ᠳᠤ 19 ᠡᠳᠦᠷ ᠶᠡᠭᠡ ᠰᠠᠯᠬᠢᠨ ᠭᠠᠷᠴᠤ᠂ ᠵᠢᠯ ᠤᠨ ᠨᠡᠷᠡᠨ ᠤ ᠲᠤᠰᠤᠯᠲᠠ ᠶᠢᠨ ᠴᠠᠭ ᠨᠢ 3337 . 6 ᠴᠠᠭ ᠪᠣᠯᠤᠨ᠎ᠠ᠃ ᠵᠢᠯ ᠤᠨ ᠲᠤᠨᠳᠠᠰᠤᠨ ᠤ ᠬᠡᠮᠵᠢᠶ᠎ᠡ ᠨᠢ 338 . 7 ᠮᠢᠯᠢᠮᠧᠲᠷ᠂ ᠵᠢᠯ ᠤᠨ ᠳᠣᠲᠣᠷᠠᠬᠢ ᠨᠢᠭᠡ ᠡᠳᠦᠷ ᠤᠨ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ 52 . 3 ᠮᠢᠯᠢᠮᠧᠲᠷ ᠪᠠᠶᠢᠵᠤ᠂ 5 ᠰᠠᠷ᠎ᠠ ᠶᠢᠨ 26 ᠤ ᠡᠳᠦᠷ ᠢᠯᠡᠷᠡᠭᠰᠡᠨ ᠪᠠᠶᠢᠨ᠎ᠠ᠃2019 ᠣᠨ ᠳᠤ᠂ ᠪᠠᠷᠠᠭᠤᠨ ᠬᠤᠶᠢᠲᠤ ᠬᠡᠰᠡᠭ ︵ᠭᠠᠩ ᠽᠢ ᠶᠢᠨ ᠤᠯᠤᠰ ᠤᠨ ᠴᠠᠭ ᠠᠭᠤᠷ ᠤᠨ ᠥᠷᠲᠡᠭᠡ ᠶᠢᠨ ᠠᠵᠢᠭᠯᠠᠯᠲᠠ ᠶᠢᠨ ᠮᠠᠲ᠋ᠧᠷᠢᠶᠠᠯ ᠳᠤ ᠰᠠᠭᠤᠷᠢᠯᠠᠵᠠᠶ︶ ᠤᠨ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 5 . 4 °C ᠪᠠᠶᠢᠵᠤ᠂ ᠲᠦᠢᠯ ᠤᠨ ᠥᠨᠳᠥᠷ ᠠᠭᠠᠷ ᠤᠨ ᠳᠤᠯᠠᠭᠠᠨ ᠨᠢ 33 . 9 °C ᠪᠠᠶᠢᠵᠤ᠂ 5 ᠰᠠᠷ᠎ᠠ ᠶᠢᠨ 23 ᠤ ᠡᠳᠦᠷ ᠢᠯᠡᠷᠡᠪᠡ︔ ᠲᠦᠯ ᠤᠨ ᠳᠣᠣᠷ᠎ᠠ ᠠᠭᠠᠷ ᠤᠨ ᠳᠤᠯᠠᠭᠠᠨ ᠨᠢ - 28 . 2 °C ᠪᠠᠶᠢᠵᠤ᠂ 2 ᠰᠠᠷ᠎ᠠ ᠶᠢᠨ 13 ᠤ ᠡᠳᠦᠷ ᠢᠯᠡᠷᠡᠪᠡ᠃ ᠡᠴᠦᠰ ᠤᠨ ᠬᠢᠷᠠᠭᠤ ᠲᠠᠢ ᠡᠳᠦᠷ ᠨᠢ 4 ᠰᠠᠷ᠎ᠠ ᠶᠢᠨ 26 ᠡᠳᠦᠷ ᠪᠠᠶᠢᠵᠤ᠂ ᠠᠩᠬᠠᠨ ᠤ ᠬᠢᠷᠠᠭᠤ ᠲᠠᠢ ᠡᠳᠦᠷ ᠨᠢ 9 ᠰᠠᠷ᠎ᠠ ᠶᠢᠨ 17 ᠤ ᠡᠳᠦᠷ ᠪᠣᠯᠤᠨ᠎ᠠ᠂ ᠬᠢᠷᠠᠭᠤ ᠦᠭᠡᠢ ᠬᠤᠭᠤᠴᠠᠭ᠎ᠠ ᠨᠢ 143 ᠡᠳᠦᠷ ᠪᠣᠯᠤᠨ᠎ᠠ᠃ ᠪᠦᠬᠦ ᠵᠢᠯ ᠳᠤ 31 ᠡᠳᠦᠷ ᠶᠡᠭᠡ ᠰᠠᠯᠬᠢᠨ ᠭᠠᠷᠴᠤ᠂ ᠵᠢᠯ ᠤᠨ ᠨᠡᠷᠡᠨ ᠤ ᠲᠤᠰᠤᠯᠲᠠ ᠶᠢᠨ ᠴᠠᠭ ᠨᠢ 2803 . 5 ᠴᠠᠭ ᠪᠣᠯᠤᠨ᠎ᠠ᠃ ᠵᠢᠯ ᠤᠨ ᠲᠤᠨᠳᠠᠰᠤᠨ ᠤ ᠬᠡᠮᠵᠢᠶ᠎ᠡ ᠨᠢ 382 . 9 ᠮᠢᠯᠢᠮᠧᠲᠷ᠂ ᠵᠢᠯ ᠤᠨ ᠳᠣᠲᠣᠷᠠᠬᠢ ᠨᠢᠭᠡ ᠡᠳᠦᠷ ᠤᠨ ᠬᠠᠮᠤᠭ ᠤᠨ ᠶᠡᠭᠡ ᠲᠤᠨᠳᠠᠰᠤᠨ ᠤ ᠬᠡᠮᠵᠢᠶ᠎ᠡ ᠨᠢ 35 . 3 ᠮᠢᠯᠢᠮᠧᠲᠷ ᠪᠠᠶᠢᠵᠤ᠂ 5 ᠰᠠᠷ᠎ᠠ ᠶᠢᠨ 26 ᠤ ᠡᠳᠦᠷ ᠢᠯᠡᠷᠡᠭᠰᠡᠨ ᠪᠠᠶᠢᠨ᠎ᠠ᠃                             ᠴᠠᠭ ᠠᠭᠤᠷ ᠤᠨ ᠭᠠᠮᠰᠢᠭ     ᠴᠠᠭ ᠠᠭᠤᠷ ᠤᠨ ᠠᠵᠢᠭᠯᠠᠯᠲᠠ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠠᠯᠠᠭ᠎ᠠ ᠮᠥᠴᠢᠷ ᠤᠨ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠰᠢᠶᠠᠩ ᠪᠠᠯᠭᠠᠰᠤᠨ ᠤ ᠪᠠᠶᠢᠴᠠᠭᠠᠯᠲᠠ ᠲᠠᠢ ᠤᠶᠠᠯᠳᠤᠭᠤᠯᠤᠨ ᠪᠦᠷᠢᠳᠬᠡᠭᠰᠡᠨ ᠢᠶᠠᠷ᠄ 2019 ᠣᠨ ᠤ 6 ᠰᠠᠷ᠎ᠠ ᠶᠢᠨ 2 ᠤ ᠡᠳᠦᠷ᠂ ᠰᠦᠩᠱᠠᠨ ᠲᠣᠭᠤᠷᠢᠭ ᠤᠨ ᠪᠠᠷᠠᠭᠤᠨ ᠠᠴᠠ ᠵᠡᠭᠦᠨᠰᠢ ᠲᠠᠷᠬᠠᠭᠰᠠᠨ ᠨᠢ ᠵᠢᠭᠳᠡ ᠪᠤᠰᠤ ᠠᠶᠤᠩᠭᠠᠲᠤ ᠪᠣᠷᠣᠭᠠᠨᠲᠤ ᠠᠭᠤᠷ ᠠᠮᠢᠰᠬᠤᠯ ᠢᠯᠡᠷᠡᠵᠦ᠂ ᠡᠭᠦᠨ ᠤ ᠳᠣᠲᠣᠷ᠎ᠠ ᠬᠠᠭᠤᠴᠢᠨ ᠬᠤᠷᠢᠶ᠎ᠠ ᠪᠠᠯᠭᠠᠰᠤ᠂ ᠭᠠᠩ ᠽᠢ ᠰᠢᠶᠠᠩ᠂ ᠱᠠᠩ ᠭᠤᠸᠠᠨ ᠳ᠋ᠢ ᠪᠠᠯᠭᠠᠰᠤ᠂ ᠴᠢᠳᠬᠤᠯᠠᠩ ᠪᠠᠯᠭᠠᠰᠤ᠂ ᠳ᠋ᠠ ᠮᠢᠶᠣᠣ ᠪᠠᠯᠭᠠᠰᠤ᠂ ᠳ᠋ᠠᠶ ᠹᠦ᠋ ᠶᠢᠩᠽᠢ ᠰᠢᠶᠠᠩ ᠵᠡᠷᠭᠡ ᠵᠢᠷᠭᠤᠭᠠᠨ ᠰᠢᠶᠠᠩ ᠪᠠᠯᠭᠠᠰᠤᠨ ᠳᠤ ᠮᠥᠨᠳᠥᠷ ᠤᠨ ᠠᠭᠤᠷ ᠠᠮᠢᠰᠬᠤᠯ ᠢᠯᠡᠷᠡᠨ᠂ ᠨᠡᠶᠢᠲᠡ 16141 ᠬᠥᠮᠦᠨ ᠭᠠᠮᠰᠢᠭᠳᠠᠵᠤ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ 7852 . 68 ᠾᠧᠺᠲ᠋ᠠᠷ ᠲᠤ ᠬᠦᠷᠦᠨ᠂ ᠭᠠᠮᠰᠢᠭ ᠪᠣᠯᠤᠭᠰᠠᠨ ᠲᠠᠯᠠᠪᠠᠶ 5491 . 3 ᠾᠧᠺᠲ᠋ᠠᠷ ᠲᠤ ᠬᠦᠷᠴᠦ᠂ ᠬᠤᠷᠢᠶᠠᠯᠲᠠ ᠠᠯᠳᠠᠭᠰᠠᠨ ᠲᠠᠯᠠᠪᠠᠶ 701 ᠾᠧᠺᠲ᠋ᠠᠷ ᠲᠤ ᠬᠦᠷᠦᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ ᠵᠦᠢᠯ ᠠᠴᠠ ᠨᠡᠶᠢᠲᠡ 2222 . 8 ᠲᠦᠮᠡᠨ ᠲᠥᠭᠦᠷᠢᠭ ᠤᠨ ᠰᠢᠭᠤᠳ ᠠᠵᠤ ᠠᠬᠤᠢ ᠶᠢᠨ ᠬᠤᠬᠢᠷᠠᠯ ᠡᠭᠦᠰᠪᠡ᠂ ᠡᠭᠦᠨ ᠳᠤ ᠲᠠᠷᠢᠶᠠᠯᠠᠩ ᠠᠵᠤ ᠠᠬᠤᠢ ᠶᠢᠨ ᠬᠤᠬᠢᠷᠠᠯ 2222 . 8 ᠲᠦᠮᠡᠨ ᠲᠥᠭᠦᠷᠢᠭ ᠪᠣᠯᠤᠨ᠎ᠠ᠃ 2019 ᠣᠨ ᠤ 6 ᠰᠠᠷ᠎ᠠ ᠶᠢᠨ 18 ᠤ ᠡᠳᠦᠷ ᠪᠣᠯᠲᠠᠯ᠎ᠠ᠂ ᠰᠦᠩᠱᠠᠨ ᠲᠣᠭᠤᠷᠢᠭ ᠲᠤ ᠪᠠᠷᠠᠭᠤᠨ ᠠᠴᠠ ᠵᠡᠭᠦᠨᠰᠢ ᠵᠢᠭᠳᠡ ᠪᠤᠰᠤ ᠠᠶᠤᠩᠭᠠᠲᠤ ᠪᠣᠷᠣᠭᠠᠨ ᠤ ᠠᠭᠤᠷ ᠠᠮᠢᠰᠬᠤᠯ ᠢᠯᠡᠷᠡᠵᠦ᠂ ᠡᠭᠦᠨ ᠳᠤ ᠭᠠᠩ ᠽᠢ ᠰᠢᠶᠠᠩ᠂ ᠳ᠋ᠠ ᠮᠢᠶᠣᠣ ᠪᠠᠯᠭᠠᠰᠤ᠂ ᠳ᠋ᠠᠶ ᠹᠦ᠋ ᠶᠢᠩᠽᠢ ᠰᠢᠶᠠᠩ ᠭᠤᠷᠪᠠᠨ ᠰᠢᠶᠠᠩ ᠪᠠᠯᠭᠠᠰᠤ ᠨᠡᠶᠢᠲᠡ 8 ᠲᠣᠰᠬᠤᠨ 1 ᠬᠦᠷᠢᠶᠡᠯᠡᠩ ᠲᠣᠭᠤᠷᠢᠭ ᠲᠤ ᠮᠥᠨᠳᠥᠷ ᠤᠨ ᠠᠭᠤᠷ ᠠᠮᠢᠰᠬᠤᠯ ᠢᠯᠡᠷᠡᠨ᠂ 1219 ᠡᠷᠦᠬᠡ᠂ 3535 ᠬᠥᠮᠦᠨ ᠭᠠᠮᠰᠢᠭᠳᠠᠵᠤ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ 959 . 1 ᠾᠧᠺᠲ᠋ᠠᠷ ᠲᠤ ᠬᠦᠷᠦᠨ᠂ ᠭᠠᠮᠰᠢᠭ ᠪᠣᠯᠤᠭᠰᠠᠨ ᠲᠠᠯᠠᠪᠠᠶ 779 . 4 ᠾᠧᠺᠲ᠋ᠠᠷ ᠲᠤ ᠬᠦᠷᠴᠦ᠂ 8 ᠲᠣᠮᠣ ᠫᠧᠩ ᠡᠪᠳᠡᠭᠳᠡᠪᠡ᠃ ᠳᠡᠭᠡᠷ᠎ᠡ ᠳᠤᠷᠠᠳᠤᠭᠰᠠᠨ ᠵᠦᠢᠯ ᠠᠴᠠ ᠨᠡᠶᠢᠲᠡ 1199 . 0 ᠲᠦᠮᠡᠨ ᠲᠥᠭᠦᠷᠢᠭ ᠤᠨ ᠰᠢᠭᠤᠳ ᠠᠵᠤ ᠠᠬᠤᠢ ᠶᠢᠨ ᠬᠤᠬᠢᠷᠠᠯ ᠡᠭᠦᠰᠪᠡ᠂ ᠡᠭᠦᠨ ᠳᠤ ᠲᠠᠷᠢᠶᠠᠯᠠᠩ ᠠᠵᠤ ᠠᠬᠤᠢ ᠶᠢᠨ ᠬᠤᠬᠢᠷᠠᠯ 1199 . 0 ᠲᠦᠮᠡᠨ ᠲᠥᠭᠦᠷᠢᠭ ᠲᠤ ᠬᠦᠷᠴᠡᠢ᠃ 2019 ᠣᠨ ᠤ 7 ᠰᠠᠷ᠎ᠠ ᠶᠢᠨ 2 ᠤ ᠡᠳᠦᠷ᠂ ᠰᠦᠩᠱᠠᠨ ᠲᠣᠭᠤᠷᠢᠭ ᠲᠤ ᠲᠠᠷᠬᠠᠯᠲᠠ ᠨᠢ ᠵᠢᠭᠳᠡ ᠪᠤᠰᠤ ᠰᠣᠯᠢᠭ ᠤᠷᠤᠰᠬᠠᠯ ᠤᠨ ᠴᠢᠨᠠᠷᠲᠠᠶ ᠬᠤᠷ᠎ᠠ ᠲᠣᠨᠣᠳᠠᠰᠤ ᠲᠠᠢ ᠠᠭᠤᠷ ᠠᠮᠢᠰᠬᠤᠯ ᠢᠯᠡᠷᠡᠵᠦ᠂ ᠡᠭᠦᠨ ᠳᠤ ᠠᠩᠴᠢᠨ ᠪᠠᠯᠭᠠᠰᠤ᠂ ᠳ᠋ᠠᠢ ᠹᠦ᠋ ᠶᠢᠩᠽᠢ ᠰᠢᠶᠠᠩ 2 ᠰᠢᠶᠠᠩ ᠪᠠᠯᠭᠠᠰᠤ ᠶᠢᠨ ᠨᠡᠶᠢᠲᠡ 8 ᠲᠣᠰᠬᠤᠨ ᠳᠤ ᠮᠥᠨᠳᠥᠷ ᠤᠨ ᠭᠠᠮᠰᠢᠭ ᠡᠭᠦᠰᠴᠦ᠂ 10106 ᠬᠥᠮᠦᠨ ᠭᠠᠮᠰᠢᠭᠳᠠᠵᠤ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ ᠨᠢ 2805 . 6 ᠾᠧᠺᠲ᠋ᠠᠷ ᠳᠤ ᠬᠦᠷᠦᠨ᠂ ᠭᠠᠮᠰᠢᠭ ᠪᠣᠯᠤᠭᠰᠠᠨ ᠲᠠᠯᠠᠪᠠᠶ 2017 . 6 ᠾᠧᠺᠲ᠋ᠠᠷ ᠳᠤ ᠬᠦᠷᠴᠦ᠂ ᠬᠤᠷᠢᠶᠠᠯᠲᠠ ᠠᠯᠳᠠᠭᠰᠠᠨ ᠲᠠᠯᠠᠪᠠᠶ 17 . 3 ᠾᠧᠺᠲ᠋ᠠᠷ ᠪᠣᠯᠪᠠ᠃ ᠳᠡᠭᠡᠷ᠎ᠡ ᠳᠤᠷᠠᠳᠤᠭᠰᠠᠨ ᠵᠦᠢᠯ ᠠᠴᠠ ᠨᠡᠶᠢᠲᠡ 1013.7 ᠲᠦᠮᠡᠨ ᠲᠥᠭᠦᠷᠢᠭ ᠤᠨ ᠰᠢᠭᠤᠳ ᠠᠵᠤ ᠠᠬᠤᠢ ᠶᠢᠨ ᠬᠤᠬᠢᠷᠠᠯ ᠡᠭᠦᠰᠪᠡ᠂ ᠡᠭᠦᠨ ᠳᠤ ᠲᠠᠷᠢᠶᠠᠯᠠᠩ ᠠᠵᠤ ᠠᠬᠤᠢ ᠶᠢᠨ ᠬᠤᠬᠢᠷᠠᠯ 1013 . 7 ᠲᠦᠮᠡᠨ ᠲᠥᠭᠦᠷᠢᠭ ᠲᠤ ᠬᠦᠷᠴᠡᠢ᠃ 2019 ᠣᠨ ᠤ 7 ᠰᠠᠷ᠎ᠠ ᠶᠢᠨ 31 ᠤ ᠡᠳᠦᠷ ᠪᠣᠯᠲᠠᠯ᠎ᠠ ᠬᠡᠰᠡᠭ ᠭᠠᠵᠠᠷ ᠤᠨ ᠢᠯᠴᠢ ᠶᠢᠨ ᠰᠣᠯᠢᠭ ᠤᠷᠤᠰᠬᠠᠯ ᠤᠨ ᠨᠥᠯᠥᠭᠡᠯᠡᠯ ᠢᠶᠠᠷ᠂ ᠰᠦᠩᠱᠠᠨ ᠲᠣᠭᠤᠷᠢᠭ ᠲᠤ ᠲᠠᠷᠬᠠᠯᠲᠠ ᠨᠢ ᠵᠢᠭᠳᠡ ᠪᠤᠰᠤ ᠰᠣᠯᠢᠭ ᠤᠷᠤᠰᠬᠠᠯ ᠤᠨ ᠴᠢᠨᠠᠷᠲᠠᠶ ᠬᠤᠷ᠎ᠠ ᠲᠤᠨᠳᠠᠰᠤᠨ ᠤ ᠠᠭᠤᠷ ᠠᠮᠢᠰᠬᠤᠯ ᠢᠯᠡᠷᠡᠪᠡ᠃ ᠡᠭᠦᠨ ᠳᠤ ᠮᠦ ᠵᠢᠶᠠ ᠶᠢᠩᠽᠢ ᠪᠠᠯᠭᠠᠰᠤ᠂ ᠲᠠᠢ ᠫᠢᠩ ᠳ᠋ᠢ ᠪᠠᠯᠭᠠᠰᠤ᠂ ᠬᠠᠷ᠎ᠠ ᠲᠣᠬᠤᠢ ᠪᠠᠯᠭᠠᠰᠤ ᠶᠢᠨ 3 ᠰᠢᠶᠠᠩ ᠪᠠᠯᠭᠠᠰᠤ᠂ 22 ᠪᠠᠢᠭᠠᠯᠢᠯᠢᠭ ᠲᠣᠰᠬᠤᠨ ᠳᠤ ᠮᠥᠨᠳᠥᠷ ᠤᠨ ᠠᠭᠤᠷ ᠠᠮᠢᠰᠬᠤᠯ ᠢᠯᠡᠷᠡᠵᠦ᠂ ᠨᠡᠢᠲᠡ 34133 ᠬᠥᠮᠦᠨ ᠭᠠᠮᠰᠢᠭᠳᠠᠵᠤ᠂ ᠲᠠᠷᠢᠮᠠᠯ ᠤᠨ ᠭᠠᠮᠰᠢᠭᠳᠠᠭᠰᠠᠨ ᠲᠠᠯᠠᠪᠠᠢ 12810 . 5 ᠾᠧᠺᠲ᠋ᠠᠷ᠂ ᠭᠠᠮᠰᠢᠭ ᠪᠣᠯᠤᠭᠰᠠᠨ ᠲᠠᠯᠠᠪᠠᠢ 3161 . 0 ᠾᠧᠺᠲ᠋ᠠᠷ ᠳᠤ ᠬᠦᠷᠪᠡ᠂ ᠳᠡᠭᠡᠷ᠎ᠡ ᠳᠤᠷᠠᠳᠤᠭᠰᠠᠨ ᠨᠡᠶᠢᠲᠡ ᠠᠵᠤ ᠠᠬᠤᠢ ᠶᠢᠨ ᠬᠤᠬᠢᠷᠠᠯ 6292 ᠲᠦᠮᠡᠨ ᠲᠥᠭᠦᠷᠢᠭ᠂ ᠡᠭᠦᠨ ᠳᠤ ᠲᠠᠷᠢᠶᠠᠯᠠᠩ ᠠᠵᠤ ᠠᠬᠤᠢ ᠶᠢᠨ ᠬᠤᠬᠢᠷᠠᠯ 6292 ᠲᠦᠮᠡᠨ ᠲᠥᠭᠦᠷᠢᠭ ᠳᠤ ᠬᠦᠷᠴᠡᠢ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号