ᠰᠥᠩᠱᠠᠨ ᠲᠣᠭᠤᠷᠢᠭ ᠤᠨ ᠨᠡᠷ᠎ᠡ ᠶᠢᠨ ᠢᠷᠡᠯᠲᠡ
ᠨᠡᠶᠢᠲᠡᠯᠡᠭᠰᠡᠨ ᠴᠠᠭ᠄
2021/1/15
     ᠯᠢᠶᠣᠤ ᠤᠯᠤᠰ ᠤᠨ ᠺᠠᠢ ᠲᠠᠢ ᠶᠢᠨ ᠬᠤᠶᠠᠳᠤᠭᠠᠷ ᠣᠨ ︵1013 ᠣᠨ︶ ᠳᠤ᠂ ᠣᠲᠣ ᠶᠢᠨ ᠲᠣᠭᠤᠷᠢᠭ ᠤᠨ ᠬᠠᠷᠢᠶᠠᠨ ᠳᠤ ᠰᠥᠩᠱᠠᠨ ᠰᠢᠶᠠᠨ ᠢ ᠭᠠᠷᠭᠠᠵᠤ᠂ ᠰᠢᠶᠠᠨ ᠤ ᠵᠠᠬᠢᠷᠭ᠎ᠠ ᠨᠢ ᠤᠳᠤ ᠶᠢᠨ ᠰᠦᠩᠱᠠᠨ ᠲᠣᠭᠤᠷᠢᠭ ᠤᠨ ᠴᠧᠩ ᠽᠢ ᠰᠢᠶᠠᠩ ᠤᠨ ᠴᠧᠩ ᠽᠢ ᠲᠣᠰᠬᠤᠨ ᠳᠤ ᠪᠠᠶᠢᠪᠠ᠃ ᠶᠢᠨ᠂ ᠶᠤᠸᠠᠨ᠂ ᠮᠢᠩ ᠭᠤᠷᠪᠠᠨ ᠲᠥᠷᠥ ᠶᠢᠨ ᠦᠶ᠎ᠡ ᠳᠤ ᠰᠦᠩᠱᠠᠨ ᠰᠢᠶᠠᠨ ᠢ ᠬᠡᠷᠡᠭᠯᠡᠵᠦ ᠪᠠᠶᠢᠵᠠᠢ᠃ ᠴᠢᠩ ᠤᠯᠤᠰ ᠤᠨ ᠳᠡᠭᠡᠳᠤ ᠡᠷᠲᠡᠮᠲᠦ ᠶᠢᠨ ᠲᠡᠷᠢᠭᠦᠨ ᠣᠨ ︵1636 ᠣᠨ︶ ᠳᠤ᠂ ᠲᠣᠭᠤᠷᠢᠭ ᠨᠢ ᠣᠩᠨᠢᠭᠤᠳ ᠪᠠᠷᠠᠭᠤᠨ ᠭᠠᠷᠤᠨ ᠬᠤᠰᠢᠭᠤᠨ ᠳᠤ ᠬᠠᠷᠢᠶᠠᠯᠠᠭᠳᠠᠵᠤ᠂ ᠬᠤᠰᠢᠭᠤ ᠰᠢᠶᠠᠨ ᠢ ᠵᠡᠷᠭᠡᠪᠡᠷ ᠪᠠᠶᠢᠭᠤᠯᠤᠨ᠂ ᠬᠤᠰᠢᠭᠤᠨ ᠤ ᠵᠠᠬᠢᠷᠭ᠎ᠠ ᠨᠢ ᠢᠩ ᠰᠢᠷᠬ᠎ᠠ ᠴᠢᠳᠬᠤᠯᠠᠩ ︵ᠤᠳᠤ ᠶᠢᠨ ᠳ᠋ᠠ ᠮᠢᠶᠣᠣ ᠪᠠᠯᠭᠠᠰᠤᠨ ᠤ ᠰᠢᠶᠣᠣ ᠮᠢᠶᠣᠣ ᠽᠢ ᠲᠣᠰᠬᠤᠨ︶ ᠳᠤ ᠪᠠᠶᠢᠪᠠ᠂ ᠬᠤᠵᠢᠮ ᠨᠢ ᠤᠳᠤ ᠶᠢᠨ ᠸᠠᠩ ᠤᠨ ᠬᠤᠷᠤᠭ᠎ᠠ ᠪᠠᠯᠭᠠᠰᠤᠨ ᠤ ᠸᠠᠩ ᠤᠨ ᠬᠤᠷᠤᠭ᠎ᠠ ᠲᠣᠰᠬᠤᠨ ᠳᠤ ᠰᠢᠯᠵᠢᠭᠦᠯᠵᠡᠢ᠃ ᠨᠠᠶᠢᠷᠠᠯᠲᠤ ᠲᠥᠪ ᠤᠨ ᠳᠣᠯᠣᠳᠤᠭᠠᠷ ᠣᠨ ︵1729 ᠣᠨ︶ ᠳᠤ᠂ ᠪᠠ ᠭᠸᠦ ᠬᠡᠷᠡᠭ ᠮᠡᠳᠡᠬᠦ ᠲᠢᠩᠬᠢᠮ ᠢ ᠪᠠᠶᠢᠭᠤᠯᠵᠤ᠂ ᠲᠤᠰ ᠲᠣᠭᠤᠷᠢᠭ ᠨᠢ ᠳᠡᠭᠦᠨ ᠤ ᠬᠤᠶᠢᠲᠤ ᠬᠢᠵᠠᠭᠠᠷ ᠲᠤ ᠪᠠᠶᠢᠪᠠ᠃ ᠲᠩᠷᠢ ᠲᠡᠳᠬᠦᠭᠴᠢ ᠶᠢᠨ ᠭᠤᠴᠢ ᠶᠢᠰᠦᠳᠦᠭᠡᠷ ᠣᠨ ︵1774 ᠣᠨ︶ ᠳᠤ᠂ ᠪᠠ ᠭᠧᠤ ᠲᠢᠩᠬᠢᠮ ᠢ ᠤᠯᠠᠭᠠᠨᠬᠠᠳᠠ ᠬᠡᠷᠡᠭ ᠰᠢᠢᠳᠬᠡᠬᠦ ᠲᠢᠩᠬᠢᠮ ᠪᠣᠯᠭᠠᠨ ᠪᠠᠶᠢᠭᠤᠯᠪᠠ᠃ ᠲᠩᠷᠢ ᠲᠡᠳᠬᠦᠭᠴᠢ ᠶᠢᠨ ᠳᠥᠴᠢᠨ ᠭᠤᠷᠪᠠᠳᠤᠭᠠᠷ ᠣᠨ ︵1778 ᠣᠨ︶ ᠳᠤ᠂ ᠤᠯᠠᠭᠠᠨᠬᠠᠳᠠ ᠲᠢᠩᠬᠢᠮ ᠢ ᡂᠢ ᠹᠧᠩ ᠰᠢᠶᠠᠨ ᠪᠣᠯᠭᠠᠨ ᠥᠭᠡᠷᠡᠴᠢᠯᠡᠵᠦ᠂ ᠵᠠᠬᠢᠷᠭ᠎ᠠ ᠶᠢ ᠤᠯᠠᠭᠠᠨᠬᠠᠳᠠ ᠵᠡᠭᠡᠯᠢ ︵ᠣᠳᠣ ᠶᠢᠨ ᠬᠤᠩᠱᠠᠨ ᠲᠣᠭᠤᠷᠢᠭ︶ ᠳᠤ ᠪᠠᠶᠢᠭᠤᠯᠪᠠ᠃ ᠪᠠᠳᠠᠷᠠᠭᠤᠯᠲᠤ ᠲᠦᠷᠦ ᠶᠢᠨ ᠭᠤᠴᠢᠨ ᠭᠤᠷᠪᠠᠳᠤᠭᠠᠷ ᠣᠨ ︵1907 ᠣᠨ︶ ᠳᠤ᠂ ᡂᠢ ᠹᠧᠩ ᠰᠢᠶᠠᠨ ᠢ ᠳᠡᠪᠰᠢᠭᠦᠯᠦᠨ ᠤᠯᠠᠭᠠᠨᠬᠠᠳᠠ ᠰᠢᠭᠤᠳ ᠬᠠᠷᠢᠶ᠎ᠠ ᠵᠧᠦ ᠪᠣᠯᠭᠠᠵᠠᠢ᠃ ᠢᠷᠭᠡᠨ ᠤᠯᠤᠰ ᠤᠨ 2 ᠣᠨ ︵1913 ᠣᠨ︶ ᠤ 7 ᠰᠠᠷ᠎ᠠ ᠳᠤ ᠤᠯᠠᠭᠠᠨᠬᠠᠳᠠ ᠰᠢᠭᠤᠳ ᠬᠠᠷᠢᠶ᠎ᠠ ᠵᠧᠦ ᠶᠢ ᡂᠢ ᠹᠧᠩ ᠰᠢᠶᠠᠨ ᠪᠣᠯᠭᠠᠨ ᠰᠡᠷᠭᠦᠭᠡᠪᠡ᠃ ᠢᠷᠭᠡᠨ ᠤᠯᠤᠰ ᠤᠨ 29 ᠣᠨ ︵1940 ᠣᠨ︶ ᠤ 1 ᠰᠠᠷ᠎ᠠ ᠳᠤ᠂ ᡂᠢ ᠹᠧᠩ ᠢ ᠣᠩᠨᠢᠭᠤᠳ ᠪᠠᠷᠠᠭᠤᠨ ᠬᠤᠰᠢᠭᠤᠨ ᠳᠤ ᠨᠡᠶᠢᠯᠡᠭᠦᠯᠦᠨ ᠣᠷᠣᠭᠤᠯᠵᠤ᠂ ᠢᠷᠭᠡᠨ ᠤᠯᠤᠰ ᠤᠨ 34 ᠣᠨ ︵1945 ᠣᠨ︶ ᠤ 8 ᠰᠠᠷ᠎ᠠ ᠳᠤ ᠣᠩᠨᠢᠭᠤᠳ ᠪᠠᠷᠠᠭᠤᠨ ᠬᠤᠰᠢᠭᠤ ᠶᠢ ᡂᠢ ᠹᠧᠩ ᠰᠢᠶᠠᠨ ᠪᠣᠯᠭᠠᠨ ᠥᠭᠡᠷᠡᠴᠢᠯᠡᠵᠦ᠂ ᠷᠧ ᠾᠧ ᠮᠤᠵᠢ ᠳᠤ ᠬᠠᠷᠢᠶᠠᠯᠠᠭᠤᠯᠪᠠ᠃ 1946 ᠣᠨ ᠤ 10 ᠰᠠᠷ᠎ᠠ ᠳᠤ ᡂᠢ ᠹᠧᠩ ᠰᠢᠶᠠᠨ ᠠᠴᠠ ᡂᠢ ᠹᠧᠩ ᠰᠢ ᠰᠢᠶᠠᠨ ᠢ ᠰᠠᠯᠭᠠᠨ ᠪᠠᠶᠢᠭᠤᠯᠵᠤ᠂ 1947 ᠣᠨ ᠤ 10 ᠰᠠᠷ᠎ᠠ ᠳᠤ ᠤᠯᠠᠭᠠᠨᠬᠠᠳᠠ ᠬᠤᠲᠠ ᠶᠢ ᡂᠢ ᠹᠧᠩ ᠰᠢᠶᠠᠨ ᠲᠠᠢ ᠨᠡᠶᠢᠯᠡᠭᠦᠯᠪᠡ᠃ 1948 ᠣᠨ ᠤ 9 ᠰᠠᠷ᠎ᠠ ᠳᠤ᠂ ᡂᠢ ᠹᠧᠩ ᠰᠢᠶᠠᠨ ᠠᠴᠠ ᠤᠯᠠᠭᠠᠨᠬᠠᠳᠠ ᠬᠤᠲᠠ ᠶᠢ ᠰᠠᠯᠭᠠᠨ ᠪᠠᠶᠢᠭᠤᠯᠵᠤ᠂ ᡂᠢ ᠰᠢ ᠰᠢᠶᠠᠨ ᠨᠢ ᡂᠢ ᠹᠧᠩ ᠰᠢᠶᠠᠨ ᠲᠠᠢ ᠨᠡᠶᠢᠯᠡᠪᠡ᠃ 1952 ᠣᠨ ᠤ 5 ᠰᠠᠷ᠎ᠠ ᠳᠤ᠂ ᠤᠯᠠᠭᠠᠨᠬᠠᠳᠠ ᠬᠤᠳᠠ ᠶᠢ ᡂᠢ ᠹᠧᠩ ᠰᠢᠶᠠᠨ ᠲᠠᠢ ᠨᠡᠶᠢᠯᠡᠭᠦᠯᠪᠡ᠃ 1956 ᠣᠨ ᠤ 1 ᠰᠠᠷ᠎ᠠ ᠳᠤ ᠷᠧ ᠾᠧ ᠮᠤᠵᠢ ᠶᠢᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠵᠤ᠂ ᡂᠢ ᠹᠧᠩ ᠰᠢᠶᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠤᠤ ᠤᠳᠠ ᠠᠶᠢᠮᠠᠭ ᠲᠤ ᠬᠠᠷᠢᠶᠠᠯᠠᠭᠤᠯᠪᠠ᠃ 1958 ᠣᠨ ᠤ 10 ᠰᠠᠷ᠎ᠠ ᠳᠤ᠂ ᡂᠢ ᠹᠧᠩ ᠰᠢᠶᠠᠨ ᠢ ᠬᠦᠴᠦᠨ ᠦᠭᠡᠢ ᠪᠣᠯᠭᠠᠵᠤ ᠤᠯᠠᠭᠠᠨᠬᠠᠳᠠ ᠬᠤᠲᠠ ᠶᠢ ᠪᠠᠶᠢᠭᠤᠯᠤᠨ ᠂ 1962 ᠣᠨ ᠤ 9 ᠰᠠᠷ᠎ᠠ ᠳᠤ ᠤᠯᠠᠭᠠᠨᠬᠠᠳᠠ ᠬᠤᠲᠠ ᠠᠴᠠ ᡂᠢ ᠹᠧᠩ ᠰᠢᠶᠠᠨ ᠢ ᠰᠠᠯᠭᠠᠨ ᠪᠠᠶᠢᠭᠤᠯᠪᠠ᠃ 1969 ᠣᠨ ᠤ 7 ᠰᠠᠷ᠎ᠠ ᠳᠤ ᡂᠢ ᠹᠧᠩ ᠰᠢᠶᠠᠨ ᠨᠢ ᠵᠣᠣ ᠤᠳᠠ ᠠᠶᠢᠮᠠᠭ ᠢ ᠳᠠᠭᠠᠯᠳᠤᠨ ᠯᠢᠶᠣᠤᠨᠢᠩ ᠮᠤᠵᠢ ᠳᠤ ᠬᠠᠷᠢᠶᠠᠯᠠᠭᠳᠠᠵᠤ᠂ 1979 ᠣᠨ ᠤ 7 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠤᠴᠠᠵᠤ ᠢᠷᠡᠪᠡ᠃ 1983 ᠣᠨ 10 ᠰᠠᠷ᠎ᠠ ᠳᠤ ᠬᠤᠲᠠ ᠪᠠᠷ ᠰᠢᠶᠠᠨ ᠢ ᠬᠠᠮᠢᠶᠠᠷᠬᠤ ᠪᠠᠢᠭᠤᠯᠤᠮᠵᠢ ᠶᠢ ᠬᠡᠷᠡᠭᠵᠢᠭᠦᠯᠵᠦ᠂ ᡂᠢ ᠹᠧᠩ ᠰᠢᠶᠠᠨ ᠢ ᠤᠯᠠᠭᠠᠨᠬᠠᠳᠠ ᠬᠤᠲᠠ ᠶᠢᠨ ᠲᠡᠭᠦᠷᠭᠡ ᠲᠣᠭᠤᠷᠢᠭ ᠪᠣᠯᠭᠠᠨ ᠥᠭᠡᠷᠡᠴᠢᠯᠡᠪᠡ᠃ 1993 ᠣᠨ ᠤ 7 ᠰᠠᠷ᠎ᠠ ᠳᠤ᠂ ᠤᠯᠠᠭᠠᠨᠬᠠᠳᠠ ᠬᠤᠲᠠ ᠶᠢᠨ ᠲᠡᠭᠦᠷᠭᠡ ᠲᠣᠭᠤᠷᠢᠭ ᠢ ᠬᠤᠲᠠ ᠶᠢᠨ ᠬᠠᠷᠢᠶ᠎ᠠ ᠲᠣᠭᠤᠷᠢᠭ ᠪᠣᠯᠭᠠᠨ ᠥᠭᠡᠷᠡᠴᠢᠯᠡᠵᠦ᠂ ᠯᠢᠶᠣᠤ ᠤᠯᠤᠰ ᠤᠨ ᠰᠥᠩ ᠱᠠᠨ ᠰᠢᠶᠠᠨ ᠠᠴᠠ ᠰᠥᠩᠱᠠᠨ ᠲᠣᠭᠤᠷᠢᠭ ᠪᠣᠯᠭᠠᠨ ᠥᠭᠡᠷᠡᠴᠢᠯᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号