2019 ᠣᠨ ᠤ ᠠᠵᠤ ᠦᠢᠯᠡᠳᠪᠦᠷᠢ ᠶᠢᠨ ᠪᠠᠶᠢᠳᠠᠯ
ᠨᠡᠶᠢᠲᠡᠯᠡᠭᠰᠡᠨ ᠴᠠᠭ᠄
2021/1/22
    ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 27.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.2% ᠢᠶᠠᠷ ᠨᠡᠮᠡᠭᠳᠡᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 12.8% ᠳᠤ ᠬᠦᠷᠪᠡ᠃ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠨᠢ 99.3% ᠳᠤ ᠬᠦᠷᠴᠡᠢ᠃ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 5 ᠳ᠋ᠦᠩᠰᠢᠭᠤᠷ ᠲᠥᠭᠦᠷᠢᠭ ᠲᠤ ᠬᠦᠷᠴᠦ᠂ 38.3% ᠪᠠᠷ ᠪᠠᠭᠠᠰᠪᠠ︔ ᠭᠠᠶᠢᠯᠢ ᠶᠢᠨ ᠮᠥᠩᠭᠦ ᠶᠢᠨ ᠶᠡᠷᠦᠩᠬᠡᠶ ᠲᠤᠭ᠎ᠠ ᠨᠢ 3.2 ᠳ᠋ᠦᠩᠰᠢᠭᠤᠷ ᠲᠥᠭᠦᠷᠢᠭ ᠪᠠᠶᠢᠵᠤ᠂ 11% ᠪᠠᠷ ᠪᠠᠭᠠᠰᠪᠠ︔ ᠲᠤᠰᠢᠶᠠᠪᠠᠰᠤ ᠵᠣᠬᠢᠬᠤ ᠨᠡᠮᠡᠭᠳᠡᠯ ᠥᠷᠲᠡᠭ ᠤᠨ ᠭᠠᠶᠢᠯᠢ ᠶᠢ 2 ᠳ᠋ᠦᠩᠰᠢᠭᠤᠷ ᠲᠥᠭᠦᠷᠢᠭ ᠲᠤ ᠬᠦᠷᠭᠡᠵᠦ᠂ 0.1% ᠪᠠᠷ ᠨᠡᠮᠡᠭᠳᠡᠭᠰᠡᠨ ᠪᠠᠶᠢᠨ᠎ᠠ᠃ ᠠᠵᠤ ᠦᠢᠯᠡᠳᠪᠦᠷᠢ ᠶᠢᠨ ᠭᠤᠣᠯ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠨᠡᠮᠡᠭᠳᠡᠯ ᠬᠠᠰᠤᠭᠳᠠᠯ ᠲᠠᠢ ᠪᠠᠶᠢᠵᠤ᠂ ᠡᠭᠦᠨ ᠳᠤ ᠰᠢᠬᠢᠷ ᠤᠨ ᠭᠠᠷᠤᠯᠲᠠ 5 ᠲᠦᠮᠡᠨ ᠲᠣᠨ ᠳᠤ ᠬᠦᠷᠴᠦ᠂ 1% ᠪᠠᠷ ᠨᠡᠮᠡᠭᠳᠡᠪᠡ︔ ᠲᠠᠸᠠᠷ ᠤᠨ ᠪᠧᠲ᠋ᠤᠨ ᠤ ᠭᠠᠷᠤᠯᠲᠠ 33 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 27% ᠪᠠᠷ ᠬᠠᠰᠤᠭᠳᠠᠪᠠ︔ ᠴᠠᠬᠢᠯᠭᠠᠨ ᠭᠠᠷᠭᠠᠬᠤ ᠬᠡᠮᠵᠢᠶ᠎ᠡ 71.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 8.5% ᠪᠠᠷ ᠨᠡᠮᠡᠭᠳᠡᠪᠡ︔ ᠠᠯᠲᠠᠨ ᠤ ᠭᠠᠷᠤᠯᠲᠠ 1407.6 ᠺᠢᠯᠣᠭ᠍ᠷᠠᠮ ᠪᠠᠶᠢᠵᠤ᠂ 9% ᠪᠠᠷ ᠨᠡᠮᠡᠭᠳᠡᠪᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号