ᠪᠥᠬᠦ ᠲᠣᠭᠤᠷᠢᠭ ᠤᠨ ᠪᠠᠷᠢᠯᠭ᠎ᠠ ᠶᠢᠨ ᠦᠶ᠋ᠯᠡᠰ ᠤᠨ ᠨᠡᠮᠡᠭᠳᠡᠯ ᠥᠷᠲᠡᠭ ᠨᠢ 33.9 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ 2.7% ᠪᠠᠷ ᠪᠠᠭᠠᠰᠪᠠ᠃ ᠪᠠᠶᠢᠭᠤᠯᠵᠤ ᠪᠠᠶᠢᠭ᠎ᠠ ᠬᠡᠷ ᠪᠠᠶᠢᠰᠢᠩ 74 ᠪᠠᠶᠢᠵᠤ᠂ ᠪᠠᠷᠢᠯᠭ᠎ᠠ ᠶᠢᠨ | ᠲᠠᠯᠠᠪᠠᠶ 380 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠦᠨ᠎ᠡ ᠨᠢ 52.17 ᠳ᠋ᠦᠩᠰᠢᠭᠤᠷ | ᠲᠥᠭᠦᠷᠢᠭ ᠬᠦᠷᠴᠡᠶ︔ ᠬᠤᠲᠠ ᠶᠢᠨ ᠶᠠᠪᠤᠳᠠᠯ ᠤᠨ ᠢᠨᠵᠧᠨᠧᠷᠢᠩ 13 ᠲᠥᠷᠥᠯ ᠪᠠᠶᠢᠵᠤ᠂ ᠢᠨᠵᠧᠨᠧᠷᠢᠩ ᠤᠨ | ᠦᠨ᠎ᠡ ᠨᠢ 8.7 ᠳ᠋ᠦᠩᠰᠢᠭᠤᠷ ᠲᠥᠭᠦᠷᠢᠭ ᠬᠦᠷᠪᠡ᠃ 2017 ᠣᠨ᠂ 2018 ᠣᠨ ᠤ ᠳᠥᠭᠦᠮ ᠪᠦᠳᠦᠴᠡᠳᠦ | ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ 21876 ᠢᠵᠢ ᠭᠡᠷ | ᠪᠠᠶᠢᠰᠢᠩ ᠶᠢ ᠭᠡᠷ᠎ᠡ ᠲᠣᠭᠲᠠᠨ ᠲᠣᠭᠠᠴᠠᠭ᠎ᠠ ᠬᠢᠵᠦ᠂ ᠲᠠᠲᠠᠪᠤᠷᠢᠯᠠᠨ ᠨᠤᠷᠠᠭᠠᠵᠤ ᠨᠡᠭᠦᠯᠭᠡᠬᠦ ᠡᠯ᠎ᠡ ᠲᠥᠷᠥᠯ ᠤᠨ | ᠨᠥᠬᠦᠪᠥᠷᠢ ᠪᠠᠯᠠ ᠮᠥᠩᠭᠦ ᠶᠢ 128.43 ᠳ᠋ᠦᠩᠰᠢᠭᠤᠷ ᠲᠥᠭᠦᠷᠢᠭ ︵ᠳᠡᠭᠡᠳᠦ ᠬᠤᠷᠳᠤᠴᠠᠲᠤ ᠲᠡᠮᠦᠷ ᠵᠠᠮ ᠳᠤ | 16 ᠳ᠋ᠦᠩᠰᠢᠭᠤᠷ ᠲᠥᠭᠦᠷᠢᠭ᠂ ᠰᠢᠶᠠ ᠸᠠ ᠽᠢ ᠶᠢᠨ ᠳᠣᠯᠣᠳᠤᠭᠠᠷ ᠨᠠᠢᠮᠠᠳᠤᠭᠠᠷ ᠲᠤᠭᠤᠶᠢᠯᠠᠩ ᠤᠨ 8 | ᠳ᠋ᠦᠩᠰᠢᠭᠤᠷ ᠲᠥᠭᠦᠷᠢᠭ ᠢ ᠪᠠᠭᠲᠠᠨ᠎ᠠ︶ ᠲᠠᠷᠬᠠᠭᠠᠪᠠ᠃ ᠵᠧᠨ ᠰᠢᠩ ᠵᠡᠭᠡᠯᠢ ᠭᠤᠳᠤᠮᠵᠢ ᠶᠢᠨ ᠮᠦᠯᠠᠨ ᠵᠠᠬ᠎ᠠ | ᠳᠡᠯᠭᠡᠭᠦᠷ ᠤᠨ ᠪᠠᠷᠠᠭᠤᠨ ᠭᠤᠳᠤᠮᠵᠢ᠂ ᠵᠧᠨ ᠰᠢᠩ ᠵᠡᠭᠡᠯᠢ ᠭᠤᠳᠤᠮᠵᠢ ᠶᠢᠨ ᠬᠡᠦᠬᠡᠳ ᠤᠨ ᠰᠤᠷᠭᠠᠨ ᠬᠥᠮᠦᠵᠢᠯ ᠤᠨ | ᠭᠤᠳᠤᠮᠵᠢ᠂ ᠰᠦᠩᠵᠧᠦ ᠵᠡᠭᠡᠯᠢ ᠭᠤᠳᠤᠮᠵᠢ ᠶᠢᠨ ᠰᠣᠶᠣᠯ ᠤᠨ ᠭᠤᠳᠤᠮᠵᠢ ᠶᠢᠨ ᠪᠠᠷᠠᠭᠤᠨ ᠬᠡᠰᠡᠭ ᠤᠨ ᠭᠤᠷᠪᠠᠨ | ᠭᠤᠳᠤᠮᠵᠢ ᠶᠢ ᠰᠡᠷᠭᠦᠭᠡᠨ ᠵᠠᠰᠠᠵᠤ᠂ ᠨᠡᠶᠢᠲᠡ 200 ᠲᠦᠮᠡᠨ ᠲᠥᠭᠦᠷᠢᠭ ᠤᠨ ᠪᠡᠯᠡ ᠣᠷᠤᠭᠤᠯᠪᠠ᠃ 1.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠦᠩ ᠱᠠᠨ ᠵᠡᠭᠡᠯᠢ ᠵᠢᠴᠢ ᠶᠢᠨ ᠾᠧ ᠵᠠᠮ ᠢ ᠥᠭᠡᠷᠡᠴᠢᠯᠡᠨ | ᠵᠠᠰᠠᠬᠤ ᠢᠨᠵᠧᠨᠧᠷᠢᠩ ᠢ ᠪᠡᠶᠡᠯᠡᠭᠦᠯᠵᠦ᠂ 5 ᠺᠢᠯᠣᠮᠧᠳ᠋ᠷ ᠤᠨ ᠵᠠᠮ ᠢ ᠥᠭᠡᠷᠡᠴᠢᠯᠡᠨ ᠵᠠᠰᠠᠵᠤ᠂ 5 ᠺᠢᠯᠣᠮᠧᠳ᠋ᠷ ᠤᠨ | ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠶᠢ ᠰᠢᠨ᠎ᠡ ᠪᠠᠷ ᠪᠠᠶᠢᠭᠤᠯᠪᠠ᠃ | 587.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠶᠠ ᠵᠢᠶᠠ ᠳ᠋ᠢᠶᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠪᠠ ᠪᠠ ᠵᠢᠶᠠ ᠲᠣᠰᠬᠤᠨ ᠤ 2 ᠪᠣᠬᠢᠷ ᠤᠰᠤᠨ ᠤ ᠦᠢᠯᠡᠳᠪᠦᠷᠢ ᠶᠢᠨ ᠢᠨᠵᠧᠨᠧᠷᠢᠩ ᠢ | ᠪᠡᠶᠡᠯᠡᠭᠦᠯᠪᠡ᠃ ᠵᠢᠦ ᠯᠦᠩ᠂ ᠡᠯ ᠱᠦᠶ ᠴᠠᠩ ᠵᠡᠷᠭᠡ 2 ᠲᠤᠰᠬᠠᠶ ᠭᠠᠵᠠᠷ ᠤᠨ ᠬᠤᠲᠠ ᠶᠢᠨ ᠳᠡᠰ ᠤᠨ ᠤᠰᠤᠨ ᠤ | ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ | ᠂ ᠡᠯ᠎ᠡ ᠲᠥᠷᠥᠯ ᠤᠨ ᠣᠷᠴᠢᠨ ᠲᠣᠭᠤᠷᠢᠨ ᠤ ᠠᠰᠠᠭᠤᠳᠠᠯ ᠢ 33 ᠵᠢᠭᠰᠠᠭᠠᠨ ᠪᠠᠶᠢᠴᠠᠭᠠᠬᠤ᠂ ︽ᠤᠯᠠᠭᠠᠨᠬᠠᠳᠠ | ᠬᠤᠲᠠ ᠶᠢᠨ ᠲᠥᠪ ᠬᠤᠲᠠ ᠲᠣᠭᠤᠷᠢᠭ ︵ᠰᠦᠩᠱᠠᠨ ᠲᠣᠭᠤᠷᠢᠭ︶ ᠤᠨ ᠭᠠᠵᠠᠷ ᠳᠣᠤᠷᠠᠬᠢ ᠤᠰᠤᠨ ᠤ | ᠬᠡᠯᠪᠡᠷᠢ ᠶᠢᠨ ᠤᠤᠭᠤᠬᠤ ᠤᠰᠤᠨ ᠤ ᠤᠰᠤᠨ ᠤ ᠰᠤᠷᠪᠤᠯᠵᠢ ᠶᠢᠨ ᠭᠠᠵᠠᠷ ᠢ ᠴᠡᠭᠴᠡᠯᠡᠨ ᠵᠠᠰᠠᠬᠤ ᠬᠡᠷᠡᠭᠵᠢᠭᠦᠯᠬᠦ | ᠲᠥᠰᠦᠯ︾ ᠢ ᠨᠠᠶᠢᠷᠠᠭᠤᠯᠤᠨ ᠳᠠᠭᠤᠰᠬᠠᠪᠠ᠃ ︽ᠰᠦᠩᠱᠠᠨ ᠲᠣᠭᠤᠷᠢᠭ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠪᠴᠢᠶ᠎ᠠ ᠶᠢᠨ ᠭᠤᠤᠯ ᠤᠨ ᠵᠠᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ | ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠪᠠᠷᠢᠮᠵᠢᠶ᠎ᠠ ᠠᠴᠠ ᠬᠡᠲᠦᠷᠡᠭᠰᠡᠨ ᠣᠭᠲᠣᠯᠤᠭᠠᠰᠤ ᠶᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠪᠥᠬᠦ ᠲᠣᠭᠤᠷᠢᠭ ᠤᠨ 63 ᠲᠣᠰᠣ ᠨᠡᠮᠡᠬᠦ ᠥᠷᠲᠡᠭᠡ ᠶᠢᠨ | 5 ᠶᠢ ᠨᠢ ᠨᠢᠭᠡᠨᠲᠡ ᠨᠤᠷᠠᠭᠠᠵᠤ᠂ 2 ᠶᠢ ᠨᠢ ᠬᠦᠴᠦᠨ ᠥᠬᠡᠶ ᠪᠣᠯᠭᠠᠨ᠂ 53 ᠲᠣᠰᠣ ᠨᠡᠮᠡᠬᠦ ᠥᠷᠲᠡᠭᠡ ᠨᠢ ᠭᠠᠵᠠᠷ | ᠳᠣᠤᠷᠠᠬᠢ ᠲᠣᠰᠣ ᠰᠠᠪᠠᠯᠠᠬᠤ ᠰᠠᠪᠠ ᠶᠢᠨ ᠨᠡᠪᠴᠢᠬᠦ ᠶᠢ ᠰᠡᠷᠭᠡᠶᠢᠯᠡᠬᠦ ᠵᠠᠰᠠᠯᠲᠠ ᠥᠭᠡᠷᠡᠴᠢᠯᠡᠯᠲᠡ ᠶᠢ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 94.1% ᠳᠤ ᠬᠥᠷᠪᠡ᠃ ᠰᠦᠩᠱᠠᠨ ᠲᠣᠭᠤᠷᠢᠭ ᠤᠨ ᠪᠣᠬᠢᠷᠲᠤᠯ ᠤᠨ ᠡᠬᠢ | ᠰᠤᠷᠪᠤᠯᠵᠢ ᠶᠢ ᠨᠡᠶᠢᠳᠡᠮ ᠪᠠᠶᠢᠴᠠᠭᠠᠬᠤ ᠠᠯᠪᠠᠨ ᠭᠡᠷ ᠨᠢ 207 ᠡᠷᠦᠬᠡ ᠠᠵᠤ ᠦᠢᠯᠡᠳᠪᠦᠷᠢ ᠶᠢᠨ ᠡᠬᠢ ᠰᠤᠷᠪᠤᠯᠵᠢ᠂ | ᠠᠮᠢᠳᠤᠷᠠᠯ ᠤᠨ ᠡᠬᠢ ᠰᠤᠷᠪᠤᠯᠵᠢ ᠪᠣᠯᠬᠤ 29 ᠭᠦᠸᠧᠯᠦ᠂ 30 ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ | ᠠᠮᠠ᠂ 60 ᠰᠢᠯᠵᠢᠮᠡᠯ ᠡᠬᠢ ᠰᠤᠷᠪᠤᠯᠵᠢ᠂ ᠵᠠᠰᠠᠭ ᠵᠠᠬᠢᠷᠭᠠᠨ ᠤ ᠲᠣᠰᠬᠤᠨ ᠪᠣᠯᠬᠤ 248᠂ ᠲᠠᠷᠢᠶᠠᠯᠠᠩ ᠤᠨ ᠡᠬᠢ | ᠰᠤᠷᠪᠤᠯᠵᠢ 228 ᠶᠢ ᠴᠥᠮ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠣᠬᠢᠷᠲᠤᠯ ᠤᠨ ᠡᠬᠢ ᠰᠤᠷᠪᠤᠯᠵᠢ ᠶᠢ | ᠨᠡᠶᠢᠳᠡᠮ ᠪᠠᠶᠢᠴᠠᠭᠠᠬᠤ ᠰᠢᠰᠲ᠋ᠧᠮ ᠳᠤ ᠣᠷᠣᠭᠤᠯᠵᠤ᠂ ᠬᠢᠨᠠᠨ ᠬᠠᠷᠭᠤᠭᠤᠯᠬᠤ ᠪᠠ ᠲᠣᠭᠠᠴᠠᠭ᠎ᠠ ᠬᠢᠵᠦ ᠪᠠᠲᠤᠯᠠᠭᠰᠠᠨ | ᠨᠣᠷᠮ᠎ᠠ ᠨᠢ ᠴᠥᠮ 100 % ᠪᠣᠯᠤᠨ᠎ᠠ᠃ ᠣᠷᠴᠢᠨ ᠲᠣᠭᠤᠷᠢᠨ ᠤ ᠦᠨᠡᠯᠡᠯᠲᠡ ᠶᠢ ᠳᠠᠩᠰᠠᠯᠠᠬᠤ ᠬᠦᠰᠦᠨᠦᠭᠲᠦ ᠶᠢ | ᠰᠦᠯᠵᠢᠶᠡᠨ ᠳᠡᠭᠡᠷ᠎ᠡ ᠳᠠᠩᠰᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠳᠠᠩᠰᠠᠯᠠᠬᠤ ᠬᠦᠰᠦᠨᠦᠭᠲᠦ ᠶᠢ 281 | ᠳᠠᠩᠰᠠᠯᠠᠭᠤᠯᠪᠠ᠃ ᠵᠢᠯ ᠤᠨ ᠳᠣᠲᠣᠷ᠎ᠠ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ 17 ᠬᠡᠷᠡᠭ ᠢ | ᠪᠠᠶᠢᠴᠠᠭᠠᠨ ᠰᠢᠢᠳᠪᠦᠷᠢᠯᠡᠵᠦ᠂ 8 ᠬᠡᠷᠡᠭ ᠢ ᠳᠠᠭᠤᠰᠬᠠᠪᠠ᠃ | | | | | | | | | | | ᠁ |