2019 ᠣᠨ ᠤ ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠲᠦᠢᠮᠣ ᠪᠠᠶᠢᠳᠠᠯ
ᠨᠡᠶᠢᠲᠡᠯᠡᠭᠰᠡᠨ ᠴᠠᠭ᠄
2021/1/25
    ᠰᠦᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 150.4 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠤ ᠵᠢᠯ ᠤᠨ ᠬᠢ ᠠᠴᠠ 8% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 160.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ 7.3% ᠪᠠᠶᠢᠵᠤ᠂ GDP ᠶᠢᠨ ᠶᠡᠷᠦᠩᠬᠡᠶ ᠬᠡᠮᠵᠢᠶ᠎ᠡ ᠶᠢᠨ 59.4% ᠶᠢ ᠡᠵᠡᠯᠡᠪᠡ ᠃ ᠭᠤᠷᠪᠠᠳᠤᠭᠠᠷ ᠠᠵᠤ ᠦᠢᠯᠡᠰ ᠲᠤ ᠠᠵᠢᠯᠯᠠᠵᠤ ᠪᠠᠶᠢᠭ᠎ᠠ ᠬᠥᠮᠦᠨ ᠤ ᠲᠤᠭ᠎ᠠ 10.29 ᠲᠦᠮᠡ ᠳᠤ ᠬᠦᠷᠴᠡᠶ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠶ ᠲᠤᠭ᠎ᠠ 1.35 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠭᠠᠳᠠᠭᠠᠳᠤ ᠭᠠᠷᠭᠠᠯᠲᠠ ᠶᠢᠨ ᠲᠤᠭ᠎ᠠ 0.84 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠣᠷᠣᠭᠤᠯᠤᠯᠲᠠ 0.51 ᠳ᠋ᠦᠩᠰᠢᠭᠤᠷ ᠲᠥᠭᠦᠷᠢᠭ ᠲᠤ ᠬᠦᠷᠴᠡᠶ᠃ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ ᠦᠢᠯᠡᠰ ᠤᠨ ᠵᠢᠵᠢᠭᠯᠡᠨ ᠬᠤᠳᠠᠯᠳᠤᠬᠤ ᠲᠤᠭ᠎ᠠ ᠶᠢ 132.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7.5% ᠪᠠᠷ ᠨᠡᠮᠡᠭᠳᠡᠪᠡ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 17.7 ᠳ᠋ᠦᠩᠰᠢᠭᠤᠷ ᠲᠥᠭᠦᠷᠢᠭ ᠲᠤ ᠬᠦᠷᠴᠦ᠂ 7.9% ᠪᠠᠷ ᠨᠡᠮᠡᠭᠳᠡᠪᠡ᠃     ᠪᠥᠬᠦ ᠲᠣᠭᠤᠷᠢᠭ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠴᠡᠭ 17712 ᠪᠣᠯᠪᠠ᠂ ᠡᠭᠦᠨ ᠳᠤ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠬᠤᠳᠠᠯᠳᠤᠭᠠᠨ ᠤ ᠴᠡᠭ 12 ᠪᠣᠶ ︵ᠶᠦᠩ ᠶᠧ ᠠᠭᠤᠳᠠᠮ ᠲᠠᠯᠠᠪᠠᠶ᠂ ᠵᠥᠩ ᠯᠢᠶᠠᠨ ᠠᠭᠤᠳᠠᠮ ᠲᠠᠯᠠᠪᠠᠶ᠂ ᠴᠢ ᠼᠠᠢ ᠴᠧᠩ᠂ ᠱᠠᠩ ᠫᠢᠨ ᠡᠯᠧᠺᠲᠷᠣᠨ ᠲᠣᠭᠠᠴᠢᠯ᠂ ᠬᠤᠸᠠ ᠯᠢᠶᠠᠨ ᠬᠤᠳᠠᠯᠳᠤᠭᠠᠨ ᠤ ᠲᠥᠪ᠂ ᠬᠤᠩ ᠴᠢ ᠬᠤᠳᠠᠯᠳᠤᠭ᠎ᠠ᠂ ᠰᠢᠨ ᠲᠢᠶᠠᠨ ᠳ᠋ᠢ ᠠᠭᠤᠳᠠᠮ ᠲᠠᠯᠠᠪᠠᠶ᠂ ᠸᠤ᠋ ᠡᠯ ᠮᠠ ᠬᠡᠲᠦ ᠳᠡᠯᠭᠡᠭᠦᠷ᠂ ᠵᠢᠶᠠ ᠵᠢᠶᠠ ᠬᠡᠲᠦ ᠳᠡᠯᠭᠡᠭᠦᠷ᠂ ᠪᠠᠶ ᠯᠢᠦ ᠬᠡᠲᠦ ᠳᠡᠯᠭᠡᠭᠦᠷ ᠤᠨ ᠭᠤᠸᠠᠨ ᠳ᠋ᠦᠩ ᠳᠡᠯᠭᠡᠭᠦᠷ᠂ ᠪᠠᠶ ᠯᠢᠦ ᠬᠡᠲᠦ ᠳᠡᠯᠭᠡᠭᠦᠷ ᠤᠨ ᠰᠢᠨ ᠲᠢᠶᠠᠨ ᠳ᠋ᠢ ᠳᠡᠯᠭᠡᠭᠦᠷ᠂ ᠬᠤᠸᠠ ᠯᠢᠶᠠᠨ ᠬᠡᠲᠦ ᠳᠡᠯᠭᠡᠭᠦᠷ︶᠂ ᠠᠷᠠᠯᠵᠢᠶᠠᠯᠠᠬᠤ ᠲᠤᠭ᠎ᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠵᠠᠬ᠎ᠠ ᠳᠡᠯᠭᠡᠭᠦᠷ 7 ᠪᠠᠶᠢᠨ᠎ᠠ ︵ᠢᠦᠶ ᠷᠦᠨ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠪᠠᠷᠠᠭᠠᠨ ᠤ  ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ᠂ ᠮᠤᠩ ᠳ᠋ᠦᠩ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ᠂ ᠲᠡᠮᠦᠷᠯᠢᠭ ᠮᠠᠰᠢᠨ ᠴᠠᠬᠢᠯᠭᠠᠨ ᠤ ᠬᠤᠲᠠ ᠶᠢᠨ ᠨᠢᠭᠡᠳᠦᠭᠡᠷ ᠬᠤᠭᠤᠴᠠᠭ᠎ᠠ᠂ ᠮᠤᠩ ᠯᠦᠩ ᠪᠣᠯᠣᠳ ᠮᠠᠲ᠋ᠧᠷᠢᠶᠠᠯ ᠮᠣᠳᠣᠨ ᠮᠠᠲ᠋ᠧᠷᠢᠶᠠᠯ ᠤᠨ ᠵᠠᠬ᠎ᠠ ᠳᠡᠯᠭᠡᠭᠦᠷ᠂ ᠪᠠᠶᠠᠨᠬᠤᠸᠠ ᠨᠡᠭᠦᠷᠡᠰᠦᠨ ᠤ ᠵᠠᠬ᠎ᠠ ᠳᠡᠯᠭᠡᠭᠦᠷ᠂ ᠪᠣᠭᠤᠮᠲᠠ ᠶᠢᠨ ᠭᠠᠳᠠᠨᠠᠬᠢ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠠᠷ᠎ᠠ ᠳᠣᠬᠤᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ︶᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号