ᠵᠢᠯ ᠤᠨ ᠡᠴᠦᠰ ᠲᠤ ᠪᠥᠬᠦ ᠲᠣᠭᠤᠷᠢᠭ ᠤᠨ 4 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠢ᠂ | 3624 ᠰᠣᠷᠣᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ 11533 ᠬᠥᠮᠦᠨ᠂ ᠲᠡᠭᠦᠰᠬᠦ ᠰᠣᠷᠣᠭᠴᠢ | 3951 ᠬᠥᠮᠦᠨ ᠪᠣᠯᠤᠨ᠎ᠠ᠃ 14 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ᠂ 5296 ᠰᠣᠷᠣᠭᠴᠢ | ᠡᠯᠰᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ 16464 ᠬᠦᠮᠦᠨ᠂ ᠲᠡᠭᠦᠰᠦᠭᠰᠡᠨ ᠰᠣᠷᠣᠭᠴᠢ 5564 | ᠬᠦᠮᠦᠨ ᠪᠠᠶᠢᠨ᠎ᠠ᠂ 48 ᠡᠩ ᠤᠨ ᠪᠠᠭ᠎ᠠ ᠰᠤᠷᠭᠠᠭᠤᠯᠢ ᠨᠢ᠂ 7256 ᠰᠣᠷᠣᠭᠴᠢ ᠡᠯᠰᠡᠵᠦ᠂ ᠰᠤᠷᠭᠠᠭᠤᠯᠢ ᠳᠤ | ᠪᠠᠶᠢᠭ᠎ᠠ ᠰᠣᠷᠣᠭᠴᠢ 38776 ᠬᠦᠮᠦᠨ᠂ ᠲᠡᠭᠦᠰᠦᠭᠰᠡᠨ ᠰᠣᠷᠣᠭᠴᠢ 6009 ᠬᠦᠮᠦᠨ ᠪᠠᠶᠢᠨ᠎ᠠ᠂ ᠪᠠᠭ᠎ᠠ | ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ 100 % ᠳᠤ ᠬᠦᠷᠪᠡ᠃ | ᠬᠡᠤᠬᠡᠳ ᠤᠨ ᠴᠡᠴᠡᠷᠯᠢᠭ 25 ᠪᠠᠶᠢᠵᠤ᠂ ᠴᠡᠴᠡᠷᠯᠢᠭ ᠲᠤ ︵ᠠᠩᠭᠢ︶ ᠪᠠᠶᠢᠭ᠎ᠠ ᠬᠡᠤᠬᠡᠳ ᠤᠨ ᠲᠤᠭ᠎ᠠ 4996 | ᠬᠦᠮᠦᠨ ᠪᠣᠶ᠃ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠰᠤᠷᠭᠠᠭᠤᠯᠢ 259 ᠪᠠᠶᠢᠵᠤ᠂ | ᠲᠡᠭᠦᠰᠦᠭᠰᠡᠨ ᠬᠥᠮᠦᠨ ᠤ ᠲᠤᠭ᠎ᠠ 5200 ᠬᠦᠮᠦᠨ ᠳᠤ ᠬᠦᠷᠴᠡᠢ᠃ | ᠵᠢᠯ ᠤᠨ ᠡᠴᠦᠰ ᠪᠣᠯᠬᠤ ᠳᠤ ᠪᠥᠬᠦ ᠲᠣᠭᠤᠷᠢᠭ ᠲᠤ 22 ᠰᠣᠶᠣᠯ ᠤᠷᠠᠯᠢᠭ ᠤᠨ ᠣᠷᠳᠣᠨ ᠥᠷᠲᠡᠭᠡ᠂ 1 | ᠮᠦᠽᠧᠶ᠂ 1 ᠨᠣᠮ ᠤᠨ ᠰᠠᠩ ᠲᠠᠢ ᠪᠣᠯᠵᠠᠢ᠃ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 130 ᠲᠠᠯᠠᠪᠤᠷ ︵ | ᠤᠳᠠᠭ᠎ᠠ︶ ᠵᠣᠬᠢᠶᠠᠨ ᠪᠠᠶᠢᠭᠤᠯᠤᠨ ᠥᠷᠨᠢᠭᠦᠯᠪᠡ᠃ | ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠰᠢᠲᠠᠷ᠎ᠠ ᠶᠢᠨ | ᠲᠥᠷᠥᠯ᠂ ᠪᠥᠮᠪᠦᠭᠡ ᠶᠢᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠵᠡᠷᠭᠡ ᠡᠯ᠎ᠡ ᠲᠥᠷᠥᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠢ 300 ᠭᠠᠷᠤᠶ ᠲᠠᠯᠠᠪᠤᠷ ︵ᠤᠳᠠᠭ᠎ᠠ︶ ᠳᠠᠭᠠᠭᠠᠴᠢᠯᠠᠨ᠂ ᠬᠤᠯᠪᠤᠭᠠᠯᠠᠨ ᠡᠷᠭᠢᠯᠡᠵᠦ᠂ | ᠪᠥᠬᠦ ᠲᠣᠭᠤᠷᠢᠭ ᠤᠨ ᠴᠢᠨᠠᠷᠲᠠᠶ ᠪᠡᠶ᠎ᠡ ᠶᠢᠨ ᠲᠠᠮᠢᠷ ᠤᠨ ᠬᠥᠳᠡᠯᠭᠡᠭᠡᠨ ᠢ 8 ᠵᠦᠶ᠋ᠯ ᠢ ᠳᠠᠭᠠᠭᠠᠴᠢᠯᠠᠨ ᠡᠷᠭᠢᠯᠡᠪᠡ᠃ | ᠵᠢᠯ ᠤᠨ ᠡᠴᠦᠰ ᠲᠤ ᠪᠥᠬᠦ ᠲᠣᠭᠤᠷᠢᠭ ᠲᠤ ᠨᠡᠶᠢᠲᠡ 55 ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠪᠣᠯᠵᠤ | ᠂ ᠡᠭᠦᠨ ᠳᠤ ᠡᠮᠨᠡᠯᠭᠡ ᠶᠢᠨ ᠬᠤᠷᠢᠶ᠎ᠠ 12᠂ ᠡᠷᠡᠭᠦᠯ ᠬᠠᠮᠠᠭᠠᠯᠠᠯ ᠤᠨ ᠬᠤᠷᠢᠶ᠎ᠠ 29᠂ ᠡᠬᠡ ᠨᠢᠯᠬᠠᠰ ᠤᠨ ᠡᠷᠡᠭᠦᠯ | ᠮᠡᠨᠳᠦ ᠶᠢ ᠬᠠᠮᠠᠭᠠᠯᠠᠬᠤ ᠪᠠᠶᠢᠭᠤᠯᠤᠮᠵᠢ 1᠂ ᠲᠤᠰᠬᠠᠶ ᠰᠠᠯᠠᠭᠠᠨ ᠤ ᠰᠡᠷᠭᠡᠶᠢᠯᠡᠨ ᠵᠠᠰᠠᠬᠤ ᠭᠠᠵᠠᠷ 1᠂ ᠡᠷᠡᠭᠦᠯ | ᠮᠡᠨᠳᠦ ᠶᠢᠨ ᠬᠥᠮᠦᠵᠢᠯ ᠤᠨ ᠭᠠᠵᠠᠷ 1᠂ ᠳᠤᠮᠳᠠ ᠵᠡᠷᠭᠡ ᠶᠢᠨ ᠡᠮᠨᠡᠯᠭᠡ ᠶᠢᠨ ᠬᠤᠷᠢᠶᠠᠨ ᠤ ᠰᠤᠷᠭᠠᠨ ᠬᠥᠮᠦᠵᠢᠯ ᠤᠨ | ᠪᠠᠶᠢᠭᠤᠯᠤᠮᠵᠢ 1᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ 7᠂ ᠣᠷᠣᠨ | ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠯᠪᠠᠨ ᠬᠡᠷ 1᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ | ᠲᠥᠪ 1᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠬᠠᠤᠯᠢ ᠬᠡᠷᠡᠭᠵᠢᠭᠦᠯᠬᠦ ᠲᠣᠪᠴᠢᠶ᠎ᠠ 1 ᠪᠣᠶ᠃ ᠪᠥᠬᠦ | ᠲᠣᠭᠤᠷᠢᠭ ᠲᠤ ᠨᠡᠶᠢᠲᠡ 2093 ᠣᠷᠣ ᠲᠠᠢ᠂ ᠠᠵᠢᠯᠲᠠᠨ ᠠᠵᠢᠯᠴᠢᠨ ᠤ ᠲᠤᠭ᠎ᠠ 2521 ᠬᠥᠮᠦᠨ ᠪᠠᠶᠢᠵᠤ᠂ | ᠡᠭᠦᠨ ᠳᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 2168 ᠬᠥᠮᠦᠨ ᠪᠣᠶ᠃ | | | | | | | | | | | ᠁ |