2019 ᠣᠨ ᠤ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ ᠪᠠ ᠡᠷᠡᠭᠦᠯ ᠬᠠᠮᠠᠭᠠᠯᠠᠯ
ᠨᠡᠶᠢᠲᠡᠯᠡᠭᠰᠡᠨ ᠴᠠᠭ᠄
2021/1/25
    ᠪᠥᠬᠦ ᠲᠣᠭᠤᠷᠢᠭ ᠲᠤ ᠰᠣᠶᠣᠯ᠂ ᠤᠷᠠᠯᠢᠭ ᠤᠨ ᠣᠷᠳᠣᠨ ᠥᠷᠲᠡᠭᠡ 22᠂ ᠮᠦᠽᠧᠶ 1᠂ ᠨᠣᠮ ᠤᠨ ᠰᠠᠩ 1 ᠪᠣᠶ᠃ ᠪᠦᠬᠦ ᠵᠢᠯ ᠳᠤ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ 190 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠰᠢᠲᠠᠷ᠎ᠠ ᠶᠢᠨ ᠲᠥᠷᠥᠯ᠂ ᠪᠥᠮᠪᠦᠭᠡ ᠶᠢᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠵᠡᠷᠭᠡ ᠲᠠᠮᠢᠷ ᠢ ᠬᠦᠳᠡᠯᠭᠡᠭᠡᠨ ᠢ 400 ᠭᠠᠷᠤᠶ ᠲᠠᠯᠠᠪᠤᠷ ︵ᠤᠳᠠᠭ᠎ᠠ︶ ᠳᠠᠭᠠᠭᠠᠨ ᠡᠷᠭᠢᠯᠡᠵᠦ᠂ ᠪᠥᠬᠦ ᠤᠯᠤᠰ ᠤᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ 1 ᠲᠥᠷᠥᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠷᠠᠭᠤᠯᠤᠯ ᠢ 1 ᠲᠥᠷᠥᠯ᠂ ᠬᠤᠲᠠ ᠶᠢᠨ ᠲᠠᠰ ᠤᠨ ᠤᠷᠤᠯᠳᠤᠭᠠᠨ ᠢ 8 ᠲᠥᠷᠥᠯ᠂ ᠲᠣᠭᠤᠷᠢᠭ ᠤᠨ ᠲᠠᠰ ᠤᠨ ᠤᠷᠤᠯᠳᠤᠭᠠᠨ ᠢ 24 ᠲᠥᠷᠥᠯ ᠢ ᠳᠠᠭᠠᠭᠠᠨ ᠭᠦᠢᠴᠡᠳᠬᠡᠪᠡ᠃     ᠵᠢᠯ ᠤᠨ ᠡᠴᠦᠰ ᠲᠤ᠂ ᠪᠥᠬᠦ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 4 ᠪᠠᠶᠢᠵᠤ᠂ 3653 ᠰᠣᠷᠣᠭᠴᠢ ᠡᠯᠰᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ 11228 ᠬᠥᠮᠦᠨ᠂ ᠲᠡᠭᠦᠰᠬᠦ ᠰᠣᠷᠣᠭᠴᠢ 3950 ᠬᠥᠮᠦᠨ ᠪᠣᠯᠤᠨ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 15 ᠪᠠᠶᠢᠵᠤ᠂ 5044 ᠰᠣᠷᠣᠭᠴᠢ ᠡᠯᠰᠡᠨ᠂ ᠰᠤᠷᠭᠠᠭᠤᠯᠢ ᠳᠤ ᠪᠠᠶᠢᠭ᠎ᠠ ᠰᠣᠷᠣᠭᠴᠢ 15932 ᠬᠦᠮᠦᠨ᠂ ᠲᠡᠭᠦᠰᠦᠭᠰᠡᠨ ᠰᠣᠷᠣᠭᠴᠢ 5576 ᠬᠦᠮᠦᠨ ᠪᠠᠶᠢᠨ᠎ᠠ᠂ ᠡᠩ ᠤᠨ ᠪᠠᠭ᠎ᠠ ᠰᠤᠷᠭᠠᠭᠤᠯᠢ 52 ᠪᠠᠶᠢᠵᠤ᠂ 7480 ᠰᠣᠷᠣᠭᠴᠢ ᠡᠯᠰᠡᠵᠦ᠂ ᠰᠤᠷᠭᠠᠭᠤᠯᠢ ᠳᠤ ᠪᠠᠶᠢᠭ᠎ᠠ ᠰᠣᠷᠣᠭᠴᠢ 40563 ᠬᠦᠮᠦᠨ᠂ ᠲᠡᠭᠦᠰᠦᠭᠰᠡᠨ ᠰᠣᠷᠣᠭᠴᠢ 6371 ᠬᠦᠮᠦᠨ ᠪᠠᠶᠢᠨ᠎ᠠ᠂ ᠬᠡᠤᠬᠡᠳ ᠤᠨ ᠴᠡᠴᠡᠷᠯᠢᠭ 26 ᠪᠠᠶᠢᠵᠤ᠂ ᠴᠡᠴᠡᠷᠯᠢᠭ ᠲᠤ ︵ᠠᠩᠭᠢ︶ ᠪᠠᠶᠢᠭ᠎ᠠ ᠬᠡᠤᠬᠡᠳ ᠤᠨ ᠲᠤᠭ᠎ᠠ 5596 ᠬᠦᠮᠦᠨ ᠪᠣᠶ᠃ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ 100 % ᠳᠤ ᠬᠦᠷᠪᠡ᠃ᠵᠢᠯ ᠤᠨ ᠡᠴᠦᠰ ᠲᠤ ᠪᠥᠬᠦ ᠲᠣᠭᠤᠷᠢᠭ ᠲᠤ ᠨᠡᠶᠢᠲᠡ 53 ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠪᠠᠶᠢᠵᠤ᠂ ᠡᠭᠦᠨ ᠳᠤ ᠡᠮᠨᠡᠯᠭᠡ ᠶᠢᠨ ᠬᠤᠷᠢᠶ᠎ᠠ 14᠂ ᠡᠷᠡᠭᠦᠯ ᠬᠠᠮᠠᠭᠠᠯᠠᠯ ᠤᠨ ᠬᠤᠷᠢᠶ᠎ᠠ 29᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ 1᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ 7᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 1᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ 1 ᠪᠣᠶ᠃ ᠪᠥᠬᠦ ᠲᠣᠭᠤᠷᠢᠭ ᠲᠤ ᠨᠡᠶᠢᠲᠡ 3777 ᠣᠷᠣ ᠲᠠᠢ᠂ ᠠᠵᠢᠯᠲᠠᠨ ᠠᠵᠢᠯᠴᠢᠨ ᠤ ᠲᠤᠭ᠎ᠠ 5572 ᠬᠥᠮᠦᠨ ᠪᠠᠶᠢᠵᠤ᠂ ᠡᠭᠦᠨ ᠳᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 4426 ᠬᠥᠮᠦᠨ ᠪᠣᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号