2019 ᠣᠨ ᠤ ᠰᠦᠩᠱᠠᠨ ᠲᠣᠭᠤᠷᠢᠭ ᠤᠨ ᠡᠮ ᠡᠮᠨᠡᠯᠭᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠪᠠᠶᠢᠳᠠᠯ
ᠨᠡᠶᠢᠲᠡᠯᠡᠭᠰᠡᠨ ᠴᠠᠭ᠄
2021/1/25
              2019 ᠣᠨ ᠤ ᠰᠦᠩᠱᠠᠨ ᠲᠣᠭᠤᠷᠢᠭ ᠤᠨ ᠡᠮ ᠡᠮᠨᠡᠯᠭᠡ ᠶᠢᠨ                    ᠦᠢᠯᠡᠴᠢᠯᠡᠭᠡᠨ ᠤ ᠮᠡᠳᠡᠭᠡ ᠵᠠᠩᠭᠢ ᠶᠢᠨ ᠪᠠᠶᠢᠳᠠᠯ     ᠪᠥᠬᠦ ᠲᠣᠭᠤᠷᠢᠭ ᠲᠤ ᠨᠡᠶᠢᠲᠡ 699 ᠡᠮᠴᠢᠯᠡᠭᠡᠨ ᠤ ᠪᠠᠶᠢᠭᠤᠯᠤᠮᠵᠢ ᠲᠠᠢ᠂ ᠡᠭᠦᠨ ᠳᠤ ᠲᠣᠭᠤᠷᠢᠭ ᠤᠨ ᠰᠢᠭᠤᠳ ᠬᠠᠷᠢᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ 5 ᠪᠣᠶ︔ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 29᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 7 ᠪᠣᠶ ︔ ᠡᠷᠡᠭᠦᠯ ᠬᠠᠮᠠᠭᠠᠯᠠᠯ ᠤᠨ ᠲᠠᠰᠤᠭ 233 ᠪᠣᠢ︔ ᠠᠷᠠᠳ ᠠᠴᠠ ᠡᠵᠡᠩᠨᠡᠭᠰᠡᠨ ᠨᠢᠭᠡᠳᠦᠭᠡᠷ ᠳᠡᠰ ᠤᠨ ᠲᠤᠰᠬᠠᠶ ᠮᠡᠷᠭᠡᠵᠢᠯ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ 9 ᠪᠣᠶ︔ ᠬᠤᠪᠢ ᠶᠢᠨ ᠡᠮᠨᠡᠯᠭᠡ ᠶᠢᠨ ᠭᠠᠵᠠᠷ 397 ᠪᠤᠢ︔ ᠨᠡᠶᠢᠭᠡᠮ ᠠᠴᠠ ᠡᠷᠭᠢᠯᠡᠭᠰᠡᠨ ᠪᠠᠶᠢᠭᠤᠯᠤᠮᠵᠢ 19 ᠪᠣᠶ᠃ ᠨᠡᠶᠢᠲᠡ 2093 ᠡᠮᠴᠢᠯᠡᠭᠡᠨ ᠤ ᠣᠷᠣ ᠲᠠᠢ ᠪᠣᠯᠵᠣ᠂ 2015 ᠣᠨ ᠤ ᠬᠢ ᠠᠴᠠ 467 ᠨᠡᠮᠡᠭᠳᠡᠨ᠂ ᠮᠢᠩᠭᠠᠨ ᠬᠥᠮᠦᠨ ᠠᠮᠠ ᠪᠦᠷᠢ ᠳᠤ 3.49 ᠡᠪᠡᠳᠴᠢᠲᠡᠨ ᠤ ᠣᠷᠣ ᠨᠣᠭᠳᠠᠵᠤ᠂ 2015 ᠣᠨ ᠤ ᠬᠢ ᠠᠴᠠ 0.78 ᠨᠡᠮᠡᠭᠳᠡᠵᠡᠶ᠃ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠨᠡᠶᠢᠲᠡ 2574 ᠬᠥᠮᠦᠨ ᠪᠠᠶᠢᠵᠤ᠂ 2015 ᠣᠨ ᠤ ᠬᠢ ᠠᠴᠠ 139 ᠬᠥᠮᠦᠨ ᠨᠡᠮᠡᠭᠳᠡᠨ᠂ ᠳᠤᠮᠳᠠᠴᠢ ᠪᠠᠷ ᠮᠢᠩᠭᠠᠨ ᠬᠥᠮᠦᠨ ᠪᠦᠷᠢ ᠳᠤ 4.61 ᠬᠥᠮᠦᠨ ᠨᠣᠭᠳᠠᠵᠤ᠂ 2015 ᠣᠨ ᠤ ᠬᠢ ᠠᠴᠠ 0.55 ᠨᠡᠮᠡᠭᠳᠡᠵᠡᠶ᠃ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ 19.94 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 2015 ᠣᠨ ᠤ ᠬᠢ ᠠᠴᠠ 6.02 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠪᠡ᠃ ᠲᠦᠮᠡᠨ ᠲᠥᠭᠦᠷᠢᠭ ᠠᠴᠠ ᠳᠡᠭᠡᠭᠰᠢᠬᠢ ᠡᠮᠴᠢᠯᠡᠭᠡᠨ ᠤ ᠲᠥᠬᠦᠭᠡᠷᠦᠮᠵᠢ 1045 ᠰᠠᠭᠤᠷᠢ ︵ᠲᠣᠨᠤᠭ︶ ᠪᠣᠯᠵᠣ᠂ 2015 ᠣᠨ ᠤ ᠬᠢ ᠠᠴᠠ 536 ᠰᠠᠭᠤᠷᠢ ︵ᠲᠣᠨᠤᠭ︶ ᠨᠡᠮᠡᠭᠳᠡᠨ᠂ ᠥᠷᠲᠡᠭ ᠨᠢ 3.41 ᠳ᠋ᠦᠩᠰᠢᠭᠤᠷ ᠲᠥᠭᠦᠷᠢᠭ ᠲᠤ ᠬᠦᠷᠦᠨ᠂ 2015 ᠣᠨ ᠤ ᠬᠢ ᠠᠴᠠ 2.12 ᠳ᠋ᠦᠩᠰᠢᠭᠤᠷ ᠲᠥᠭᠦᠷᠢᠭ ᠨᠡᠮᠡᠭᠳᠡᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠨᠡᠯᠢᠶᠡᠳ ᠲᠦᠷᠭᠡᠨ ᠬᠥᠭᠵᠢᠪᠡ᠃                    ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ                      ᠬᠤᠷᠢᠶᠠᠨ ᠤ ᠲᠣᠪᠴᠢ ᠲᠠᠨᠢᠯᠴᠠᠭᠤᠯᠭ᠎ᠠ     ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶ᠎ᠠ 1955 ᠣᠨ ᠳᠤ ᠪᠠᠶᠢᠭᠤᠯᠤᠭᠳᠠᠵᠤ᠂ ᠡᠮᠴᠢᠯᠡᠭᠡ᠂ ᠲᠦᠷᠭᠡᠨ ᠠᠪᠤᠷᠠᠯᠳᠠ᠂ ᠡᠷᠡᠭᠦᠯᠵᠢᠯ᠂ ᠡᠷᠡᠭᠦᠯᠵᠢᠯ ᠢ ᠨᠢᠭᠡ ᠴᠤᠬᠴᠠᠵᠢᠭᠤᠯᠤᠬᠰᠠᠨ ᠬᠤᠶᠠᠳᠤᠭᠠᠷ ᠳᠡᠰ ᠤᠨ ᠬᠦᠭᠡ ᠵᠡᠷᠭᠡ ᠶᠢᠨ ᠶᠡᠷᠦᠩᠬᠡᠶᠢᠯᠡᠭᠰᠡᠨ ᠴᠢᠨᠠᠷᠲᠠᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠨ᠎ᠠ᠂ ᠰᠦᠩᠱᠠᠨ ᠲᠣᠭᠤᠷᠢᠭ ᠤᠨ 60 ᠲᠦᠮᠡᠨ ᠬᠥᠮᠦᠨ ᠠᠮᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯ ᠵᠢᠴᠢ ᠭᠤᠣᠯ ᠬᠤᠳᠠ ᠶᠢᠨ ᠲᠣᠭᠤᠷᠢᠭ ᠤᠨ ᠬᠡᠰᠡᠭ ᠡᠮ ᠡᠮᠨᠡᠯᠭᠡ᠂ ᠡᠷᠡᠭᠦᠯᠵᠢᠯ ᠵᠢᠴᠢ ᠲᠦᠷᠭᠡᠨ ᠠᠪᠤᠷᠠᠯᠳᠠ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ 2019 ᠣᠨ ᠤ 7 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠤᠯᠠᠭᠠᠨᠬᠠᠳᠠ ᠶᠢᠨ ᠰᠥᠩᠱᠠᠨ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠣᠰᠤᠭᠠᠷ ᠪᠠᠶᠢᠷᠢᠯᠠᠭᠤᠯᠬᠤ ᠶᠢ ᠵᠥᠪᠰᠢᠶᠡᠷᠡᠬᠦ ᠲᠤᠬᠠᠢ ᠴᠣᠬᠤᠯᠠᠪᠤᠷᠢ ︵ᠥᠪᠥᠷ ᠡᠷᠡᠭᠦᠯ ᠡᠮᠨᠡᠯᠭᠡ ᠦᠰᠦᠭ ﹇2019﹈ 338 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠶᠣᠰᠣᠭᠠᠷ᠂ ᠮᠠᠨ ᠤ ᠬᠤᠷᠢᠶ᠎ᠠ ᠶᠢᠨ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠣᠰᠣᠭᠠᠷ ᠪᠠᠶᠢᠷᠢᠯᠠᠭᠤᠯᠬᠤ ᠶᠢ ᠵᠥᠪᠰᠢᠶᠡᠷᠡᠪᠡ᠃     ᠡᠮᠨᠡᠯᠭᠡ ᠶᠢᠨ ᠬᠤᠷᠢᠶᠠᠨ ᠤ ᠣᠲᠣ ᠶᠢᠨ ᠪᠠᠶᠢᠭ᠎ᠠ ᠭᠠᠵᠠᠷ ᠨᠢ 41 ᠮᠥ ᠭᠠᠵᠠᠷ ᠡᠵᠡᠯᠡᠵᠦ᠂ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠨᠢ 68012 ᠲᠡᠭᠰᠢ ᠳᠥᠷᠪᠡᠯᠵᠢᠨ ᠮᠧᠲᠷ ᠪᠠᠶᠢᠵᠤ᠂ 559 ᠡᠮᠴᠢᠯᠡᠭᠡᠨ ᠤ ᠣᠷᠣ ᠲᠠᠢ᠂ 34 ᠡᠮᠴᠢᠯᠡᠭᠡᠨ ᠤ ᠰᠠᠯᠠᠭ᠎ᠠ ᠲᠠᠰᠤᠭ ᠲᠠᠢ᠂ 12 ᠡᠮᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠲᠠᠰᠤᠭ ᠲᠠᠢ᠂ 24 ᠵᠠᠰᠠᠭ ᠵᠠᠬᠢᠷᠭᠠᠨ ᠤ ᠦᠢᠯᠡᠴᠢᠯᠡᠭᠡᠨ ᠤ ᠰᠠᠯᠠᠭ᠎ᠠ ᠲᠠᠰᠤᠭ ᠲᠠᠢ᠂ 27 ᠡᠪᠡᠳᠴᠢᠲᠡᠨ ᠤ ᠲᠣᠭᠤᠷᠢᠭ ᠲᠠᠢ᠂ ᠲᠣᠭᠲᠠᠮᠠᠯ ᠬᠥᠷᠥᠩᠭᠡ ᠨᠢ 8.3 ᠳ᠋ᠦᠩᠰᠢᠭᠤᠷ ᠲᠥᠭᠦᠷᠢᠭ ᠪᠣᠯᠤᠨ᠎ᠠ᠃ ᠣᠲᠣ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ 972 ᠬᠥᠮᠦᠨ ᠪᠣᠶ᠂ ᠡᠭᠦᠨ ᠳᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠨ 32 ᠪᠣᠢ᠂ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠲᠠᠢ ᠬᠥᠮᠦᠨ 108 ᠪᠣᠢ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠨ 186 ᠪᠣᠢ᠂ ᠠᠰᠫᠢᠷᠠᠨᠲ 19 ᠪᠣᠶ᠃ ᠣᠲᠣ 1212 ᠢᠵᠢ ᠡᠮᠴᠢᠯᠡᠭᠡᠨ ᠤ ᠲᠥᠬᠦᠭᠡᠷᠦᠮᠵᠢ ᠲᠠᠢ᠂ ᠡᠭᠦᠨ ᠳᠤ ᠣᠨᠣᠰᠢᠯᠠᠬᠤ ᠲᠥᠷᠥᠯ ᠤᠨ ᠲᠥᠬᠦᠭᠡᠷᠦᠮᠵᠢ 384 ︵ᠢᠵᠢ︶᠂ ᠡᠮᠨᠡᠨ ᠵᠠᠰᠠᠬᠤ ᠲᠥᠷᠥᠯ ᠤᠨ ᠲᠥᠬᠦᠭᠡᠷᠦᠮᠵᠢ 508 ︵ᠢᠵᠢ︶᠂ ᠲᠤᠰᠠᠯᠠᠬᠤ ᠲᠥᠷᠥᠯ ᠤᠨ ᠲᠥᠬᠦᠭᠡᠷᠦᠮᠵᠢ 320 ︵ᠢᠵᠢ︶ ᠪᠣᠶ᠃ ᠲᠣᠨᠤᠭ ᠲᠥᠬᠦᠭᠡᠷᠦᠮᠵᠢ ᠶᠢᠨ ᠶᠡᠷᠦᠩᠬᠡᠶ ᠬᠥᠷᠥᠩᠭᠡ 2.3 ᠳ᠋ᠦᠩᠰᠢᠭᠤᠷ ᠲᠥᠭᠦᠷᠢᠭ ᠪᠣᠯᠤᠨ᠎ᠠ᠃     2019 ᠣᠨ ᠤ ᠲᠦᠷᠦᠭᠦᠤ ᠭᠤᠷᠪᠠᠨ ᠤᠯᠠᠷᠢᠯ ᠳᠤ᠂ ᠲᠤᠬᠠᠶᠢᠯᠠᠭᠰᠠᠨ ᠠᠵᠢᠯ ᠤᠨ ᠣᠷᠣᠯᠭ᠎ᠠ 2.43 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 25.2% ᠢᠶᠠᠷ ᠨᠡᠮᠡᠭᠳᠡᠪᠡ︔ ᠡᠮᠨᠡᠯᠭᠡ ᠶᠢᠨ ᠬᠤᠷᠢᠶᠠᠨ ᠤ ᠲᠥᠷᠭᠡᠨ ᠠᠪᠤᠷᠠᠯᠲᠠ ᠶᠢᠨ ᠡᠮᠴᠢᠯᠡᠭᠡ ᠨᠢ 19.21 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.95% ᠪᠠᠷ ᠨᠡᠮᠡᠭᠳᠡᠪᠡ︔ ᠡᠮᠨᠡᠯᠭᠡ ᠠᠴᠠ ᠭᠠᠷᠤᠭᠰᠠᠨ ᠡᠪᠡᠳᠴᠢᠲᠡᠨ 2.04 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠪᠡ︔ ᠡᠯ᠎ᠡ ᠲᠥᠷᠥᠯ ᠤᠨ ᠮᠡᠰᠡ ᠵᠠᠰᠠᠯ ᠢ 4862 ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 27.44% ᠨᠡᠮᠡᠭᠳᠡᠪᠡ᠂ ᠡᠭᠦᠨ ᠳᠤ ᠭᠤᠷᠪᠠᠳᠤᠭᠠᠷ ᠳᠡᠰ ᠠᠴᠠ ᠳᠡᠭᠡᠭᠰᠢᠬᠢ ᠮᠡᠰᠡ ᠵᠠᠰᠠᠯ 3486 ᠪᠠᠶᠢᠵᠤ᠂ 71.6% ᠶᠢ ᠡᠵᠡᠯᠡᠪᠡ︔ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 78.31% ᠪᠠᠷ ᠨᠡᠮᠡᠭᠳᠡᠪᠡ︔ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ 8929 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.4% ᠪᠠᠷ ᠪᠠᠭᠤᠷᠠᠪᠠ︔ ᠡᠮ ᠤᠨ ᠡᠵᠡᠯᠡᠬᠦ ᠬᠠᠷᠢᠴᠠᠯ 31.7% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.3% ᠪᠠᠷ ᠪᠠᠭᠤᠷᠠᠪᠠ︔ ᠡᠮᠨᠡᠯᠭᠡ ᠳᠤ ᠰᠠᠭᠤᠭᠰᠠᠨ ᠳᠤᠮᠳᠠᠴᠢ ᠡᠳᠦᠷ 8.66 ᠡᠳᠦᠷ ᠪᠣᠯᠤᠨ᠎ᠠ︔ ᠡᠪᠡᠳᠴᠢᠲᠡᠨ ᠤ ᠣᠷᠣ ᠶᠢᠨ ᠡᠷᠭᠢᠯᠲᠡ ᠶᠢᠨ ᠲᠤᠭ᠎ᠠ 25.6 ᠪᠠᠶᠢᠵᠤ᠂ ᠡᠪᠡᠳᠴᠢᠲᠡᠨ ᠤ ᠣᠷᠣ ᠶᠢᠨ ᠳᠤᠮᠳᠠᠴᠢ ᠬᠡᠷᠡᠭᠯᠡᠯᠲᠡ ᠶᠢᠨ ᠨᠣᠷᠮ᠎ᠠ 80.93% ᠳᠤ ᠬᠦᠷᠴᠡᠶ᠃     ᠡᠮᠨᠡᠯᠭᠡ ᠶᠢᠨ ᠬᠤᠷᠢᠶ᠎ᠠ ᠨᠢ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠵᠡᠪᠰᠡᠭᠲᠦ ᠴᠠᠭᠳᠠᠭ᠎ᠠ ᠶᠢᠨ ᠲᠠᠷᠢᠬᠢᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ᠂ ᠭᠢᠷᠢᠨ ᠶᠡᠭᠡ ᠰᠤᠷᠭᠠᠭᠤᠯᠢ ᠶᠢᠨ ᠳᠤᠮᠳᠠᠳᠤ ᠶᠠᠫᠣᠨ ᠤ ᠨᠥᠬᠦᠷᠯᠡᠯ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠤᠤ ᠶᠠᠩ ᠡᠮᠨᠡᠯᠭᠡ ᠶᠢᠨ ᠬᠤᠷᠢᠶ᠎ᠠ᠂ ᠱᠠᠩᠬᠠᠢ ᠶᠢᠨ ᠱᠣ᠋ ᠭᠤᠸᠠᠩ ᠡᠮᠨᠡᠯᠭᠡ ᠶᠢᠨ ᠬᠤᠷᠢᠶ᠎ᠠ ᠲᠠᠢ ᠤᠷᠲᠤ ᠬᠤᠭᠤᠴᠠᠭᠠᠨ ᠤ ᠲᠤᠬᠠᠶᠢᠯᠠᠭᠰᠠᠨ ᠠᠵᠢᠯ ᠤᠨ ᠳᠡᠮᠵᠢᠯᠭᠡ ᠵᠢᠴᠢ ᠬᠠᠮᠵᠢᠯᠴᠠᠬᠤ ᠬᠠᠷᠢᠴᠠᠭ᠎ᠠ ᠪᠠᠶᠢᠭᠤᠯᠵᠠᠢ᠃ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶᠠᠨ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠤᠯᠪᠣᠭᠠᠲᠤ ᠴᠣᠭᠴᠠ ᠳᠤ ᠣᠷᠤᠯᠴᠠᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠪᠦᠯᠦᠭᠯᠡᠯ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠱᠧᠩ ᠵᠢᠩ ᠡᠮᠨᠡᠯᠭᠡ ᠶᠢᠨ ᠬᠤᠷᠢᠶᠠᠨ ᠤ ︽ᠱᠧᠩ ᠵᠢᠩ ᠡᠮᠴᠢᠯᠡᠭᠡᠨ ᠤ ᠬᠤᠯᠪᠣᠭ᠎ᠠ︾ ᠳᠤ ᠣᠷᠣᠪᠠ᠃ ᠤᠷᠢᠳ ᠬᠤᠵᠢᠳ 10 ᠭᠠᠷᠤᠶ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ ᠣᠷᠳᠣ ᠬᠤᠭᠤᠴᠠᠭ᠎ᠠ ᠪᠠᠷ ᠡᠮᠨᠡᠯᠭᠡ ᠳᠤ ᠠᠵᠢᠯᠯᠠᠭᠤᠯᠪᠠ᠃ ᠡᠭᠦᠨ ᠤ ᠬᠠᠮᠲᠤ᠂ ᠡᠯ᠎ᠡ ᠡᠮᠴᠢᠯᠡᠭᠡ᠂ ᠠᠨᠠᠭᠠᠬᠤ ᠤᠬᠠᠭᠠᠨ ᠮᠡᠷᠭᠡᠵᠢᠯ ᠤᠨ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠱᠧᠩ ᠵᠢᠩ ᠡᠮᠨᠡᠯᠭᠡ ᠶᠢᠨ ᠬᠤᠷᠢᠶ᠎ᠠ᠂ ᠪᠡᠭᠡᠵᠢᠩ ᠤᠨ 301 ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠴᠤᠤ ᠶᠠᠩ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠵᠡᠪᠰᠡᠭᠲᠦ ᠴᠠᠭᠳᠠᠭᠠᠨ ᠤ ᠲᠠᠷᠢᠬᠢᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠠᠭᠠᠷ ᠤᠨ ᠴᠡᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠵᠡᠷᠭᠡ ᠣᠷᠣᠨ ᠤ ᠳᠣᠲᠣᠨ᠎ᠠ ᠭᠠᠳᠠᠨᠠᠬᠢ ᠣᠯᠠᠨ ᠨᠠᠷᠠᠲᠤ ᠡᠮᠨᠡᠯᠭᠡ ᠶᠢᠨ ᠬᠤᠷᠢᠶ᠎ᠠ ᠳᠤ ᠲᠣᠮᠢᠯᠠᠨ ᠳᠠᠪᠲᠠᠨ ᠰᠤᠷᠤᠯᠴᠠᠭᠤᠯᠵᠤ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠮᠠᠨ ᠤ ᠡᠮᠨᠡᠯᠭᠡ ᠶᠢᠨ ᠬᠤᠷᠢᠶ᠎ᠠ ᠨᠢ ᠲᠦᠩᠯᠢᠶᠣᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠭᠢᠷᠢᠨ ᠤ ᠲᠦᠩ ᠬᠤᠸᠠ ᠪᠠᠭᠰᠢ ᠶᠢᠨ ᠳᠡᠭᠡᠳᠦ ᠰᠤᠷᠭᠠᠭᠤᠯᠢ᠂ ᠪᠠᠶ ᠴᠧᠩ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠶᠢᠨ ᠵᠢᠭᠠᠨ ᠰᠤᠷᠭᠠᠯᠲᠠ ᠶᠢᠨ ᠡᠮᠨᠡᠯᠭᠡ ᠶᠢᠨ ᠬᠤᠷᠢᠶ᠎ᠠ ᠪᠣᠯᠬᠤ ᠪᠥᠭᠡᠳ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠦᠨᠳᠦᠰᠦᠨ ᠱᠠᠲᠤᠨ ᠤ ᠶᠡᠷᠦᠩᠬᠡᠶ ᠰᠠᠯᠠᠭᠠᠨ ᠤ ᠡᠮᠴᠢ ᠶᠢ ᠪᠣᠯᠪᠠᠰᠤᠷᠠᠭᠤᠯᠬᠤ ᠡᠭᠦᠷᠭᠡ ᠶᠢ ᠡᠭᠦᠷᠭᠡᠯᠡᠵᠦ ᠪᠣᠢ᠃ ᠵᠢᠯ ᠪᠦᠷᠢ ᠡᠯ᠎ᠡ ᠲᠥᠷᠥᠯ ᠤᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠠᠳᠤᠯᠭ᠎ᠠ᠂ ᠬᠥᠳᠡᠭᠡ ᠲᠣᠰᠬᠤᠨ ᠤ ᠡᠮᠴᠢ ᠶᠢᠨ ᠳᠠᠪᠲᠠᠨ ᠪᠣᠯᠪᠠᠰᠤᠷᠠᠭᠤᠯᠤᠯ ᠵᠡᠷᠭᠡ ᠶᠢ 170 ᠭᠠᠷᠤᠶ ᠬᠥᠮᠦᠨ ᠤᠳᠠᠭ᠎ᠠ ᠭᠥᠯᠢᠶᠡᠨ ᠠᠪᠴᠤ ᠪᠣᠢ᠃     ᠣᠳᠣᠬᠠᠨ ᠳᠤ᠂ ᠮᠠᠨ ᠤ ᠡᠮᠨᠡᠯᠭᠡ ᠶᠢᠨ ᠬᠤᠷᠢᠶ᠎ᠠ ᠨᠢ ︽ᠡᠷᠡᠭᠦᠯ ᠬᠠᠮᠠᠭᠠᠯᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︿ᠡᠮᠴᠢᠯᠡᠭᠡᠨ ᠤ ᠮᠡᠷᠭᠡᠵᠢᠯ ᠤᠨ ᠡᠮᠴᠢᠯᠡᠭᠡᠨ ᠤ ᠬᠡᠷᠡᠭᠯᠡᠭᠡᠨ ᠤ ᠬᠠᠮᠢᠶᠠᠷᠤᠯᠲᠠ ᠶᠢᠨ ᠠᠷᠭ᠎ᠠ﹀ ︵ᠡᠷᠡᠭᠦᠯ ᠬᠠᠮᠠᠭᠠᠯᠠᠯ ᠡᠮᠨᠡᠯᠭᠡ ᠵᠠᠰᠠᠭ ᠲᠠᠷᠬᠠᠭᠠᠭᠰᠠᠨ ﹇2009﹈ 18 ᠳ᠋ᠤᠭᠠᠷ ᠲᠣᠭᠠᠲᠤ︶︾ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠣᠢ ᠪᠦᠬᠦᠢ ᠨᠢᠭᠡᠳᠦᠭᠡᠷ ᠲᠥᠷᠥᠯ ᠤᠨ ᠡᠮᠴᠢᠯᠡᠭᠡᠨ ᠤ ᠮᠡᠷᠭᠡᠵᠢᠯ ᠢ ᠥᠷᠨᠢᠭᠦᠯᠵᠦ ᠳᠡᠶᠢᠯᠬᠦ ᠠᠴᠠ ᠭᠠᠳᠠᠨ᠎ᠠ᠂ ᠪᠠᠰᠠ ᠨᠢᠭᠡ ᠬᠡᠰᠡᠭ ᠬᠤᠶᠠᠳᠤᠭᠠᠷ᠂ ᠭᠤᠷᠪᠠᠳᠤᠭᠠᠷ ᠲᠥᠷᠥᠯ ᠤᠨ ᠡᠮᠴᠢᠯᠡᠭᠡᠨ ᠤ ᠮᠡᠷᠭᠡᠵᠢᠯ ᠢ ᠥᠷᠨᠢᠭᠦᠯᠵᠡᠢ᠃ ᠵᠢᠷᠦᠬᠡᠨ ᠲᠢᠲᠢᠮ ᠡᠪᠡᠳᠴᠢᠨ ᠢ ᠣᠨᠣᠰᠢᠯᠠᠨ ᠡᠮᠨᠡᠬᠦ ᠮᠡᠷᠭᠡᠵᠢᠯ᠂ ᠵᠢᠷᠦᠬᠡᠨ ᠴᠣᠬᠢᠯᠭ᠎ᠠ ᠬᠡᠪ ᠢᠶᠠᠨ ᠠᠯᠳᠠᠬᠤ ᠶᠢ ᠣᠨᠣᠰᠢᠯᠠᠨ ᠡᠮᠨᠡᠬᠦ ᠮᠡᠷᠭᠡᠵᠢᠯ᠂ ᠲᠥᠷᠥᠯᠬᠢ ᠴᠢᠨᠠᠷᠲᠠᠶ ᠵᠢᠷᠦᠬᠡᠨ ᠡᠪᠡᠳᠴᠢᠨ ᠢ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠠᠴᠠ ᠳᠡᠭᠡᠭᠰᠢᠬᠢ ᠭᠠᠳᠠᠷ ᠣᠷᠴᠢᠨ ᠤ ᠴᠢᠰᠤᠨ ᠰᠤᠳᠠᠯ ᠤᠨ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠠᠴᠠ ᠳᠡᠭᠡᠭᠰᠢᠬᠢ ᠡᠩ ᠤᠨ ᠭᠠᠳᠠᠷ ᠰᠠᠯᠠᠭᠠᠨ ᠤ ᠳᠣᠲᠣᠷ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠠᠴᠠ ᠳᠡᠭᠡᠭᠰᠢᠬᠢ ᠰᠢᠭᠡᠰᠦ ᠰᠢᠭᠦᠷᠡᠭᠦᠯᠬᠦ ᠭᠠᠳᠠᠷ ᠰᠠᠯᠠᠭᠠᠨ ᠤ ᠳᠣᠲᠣᠷ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠠᠴᠠ ᠳᠡᠭᠡᠭᠰᠢᠬᠢ ᠦᠶ᠎ᠡ ᠶᠢᠨ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠡᠭᠡᠳᠡᠩ ᠪᠦᠷᠬᠦᠪᠴᠢ ᠶᠢᠨ ᠬᠥᠨᠳᠡᠶ ᠶᠢᠨ ᠬᠡᠳᠦ ᠳᠠᠭᠤᠨ ᠳᠣᠯᠭᠢᠶᠠᠨ ᠢᠶᠠᠷ ᠨᠡᠪᠲᠡᠯᠦᠨ ᠬᠠᠳᠬᠤᠬᠤ ᠵᠠᠰᠠᠯ ᠂ ᠬᠡᠳᠦ ᠳᠠᠭᠤᠨ ᠳᠣᠯᠭᠢᠶᠠᠨ ᠤ ᠨᠡᠪᠲᠡᠯᠬᠦ ᠡᠰ ᠤᠨ ᠰᠤᠳᠤᠯᠤᠯ ᠪᠠ ᠨᠡᠬᠡᠳᠡᠰᠦ ᠶᠢᠨ ᠰᠤᠳᠤᠯᠤᠯ ᠤᠨ ᠪᠠᠶᠢᠴᠠᠭᠠᠯᠲᠠ᠂ ᠭᠤᠷᠪᠠᠳᠤᠭᠠᠷ ᠳᠡᠰ ᠠᠴᠠ ᠳᠡᠭᠡᠭᠰᠢᠬᠢ ᠰᠢᠩᠭᠡᠭᠡᠯᠲᠡ ᠶᠢᠨ ᠳᠣᠲᠣᠷ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠤᠨ ᠵᠠᠯᠭᠢᠭᠤᠷ ᠬᠤᠭᠤᠯᠠᠶ ᠶᠢᠨ ᠡᠮᠨᠡᠯᠭᠡ ᠶᠢᠨ ᠳᠣᠲᠣᠷ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠴᠠᠭᠠᠨ ᠬᠠᠷᠠᠩ ᠢ ᠬᠡᠳᠦ ᠳᠠᠭᠤᠨ ᠢᠶᠠᠷ ᠴᠡᠶᠢᠳᠡᠮᠵᠢᠭᠦᠯᠬᠦ ᠮᠡᠷᠭᠡᠵᠢᠯ᠂ ᠡᠮᠨᠡᠯᠭᠡ ᠶᠢᠨ ᠥᠨᠳᠥᠷ ᠬᠦᠴᠦᠳᠡᠯᠲᠦ ᠬᠦᠴᠢᠯᠲᠥ᠋ᠷᠥᠭᠴᠢ ᠪᠠᠷ ᠵᠠᠰᠠᠬᠤ ᠮᠡᠷᠭᠡᠵᠢᠯ᠂ ᠵᠣᠬᠢᠶᠠᠮᠠᠯ ᠰᠡᠭᠦᠵᠢᠨ ᠦᠶ᠎ᠡ ᠶᠢ ᠰᠣᠯᠢᠬᠤ ᠮᠡᠷᠭᠡᠵᠢᠯ᠂ ᠭᠤᠷᠪᠠᠳᠤᠭᠠᠷ ᠳᠡᠰ ᠤᠨ ᠡᠮᠡᠭᠲᠡᠶ ᠶᠢᠨ ᠰᠠᠯᠠᠭᠠᠨ ᠤ ᠬᠡᠪᠡᠯᠢ ᠶᠢᠨ ᠬᠥᠨᠳᠡᠶ ᠶᠢᠨ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠭᠤᠷᠪᠠᠳᠤᠭᠠᠷ ᠳᠡᠰ ᠤᠨ ᠡᠮᠡᠭᠲᠡᠶ ᠶᠢᠨ ᠰᠠᠯᠠᠭᠠᠨ ᠤ ᠰᠠᠪᠠ ᠶᠢᠨ ᠳᠤᠷᠠᠨ ᠢᠶᠠᠷ ᠣᠨᠣᠰᠢᠯᠠᠨ ᠡᠮᠨᠡᠬᠦ ᠮᠡᠷᠭᠡᠵᠢᠯ᠂ ᠰᠠᠴᠤᠷᠠᠭ ᠢᠳᠡᠪᠬᠢ ᠮᠥᠬᠦᠯᠢᠭ ᠢ ᠲᠠᠷᠢᠨ ᠣᠷᠣᠭᠤᠯᠵᠤ ᠣᠨᠣᠰᠢᠯᠠᠨ ᠡᠮᠨᠡᠬᠦ ᠮᠡᠷᠭᠡᠵᠢᠯ᠂ ᠬᠠᠪᠤᠳᠠᠷ ᠢ ᠠᠷᠢᠯᠭᠠᠬᠤ ᠡᠮᠴᠢᠯᠡᠭᠡᠨ ᠤ ᠮᠡᠷᠭᠡᠵᠢᠯ᠂ ᠬᠠᠪᠤᠳᠠᠷ ᠤᠨ ᠭᠦᠨ ᠬᠡᠰᠡᠭ ᠤᠨ ᠬᠠᠯᠠᠭᠤᠨ ᠵᠠᠰᠠᠯ ᠪᠠ ᠪᠦᠬᠦ ᠪᠡᠶ᠎ᠡ ᠶᠢᠨ ᠬᠠᠯᠠᠭᠤᠨ ᠵᠠᠰᠠᠯ ᠤᠨ ᠮᠡᠷᠭᠡᠵᠢᠯ ᠵᠡᠷᠭᠡ ᠶᠢ ᠪᠠᠭᠲᠠᠭᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号