2020 ᠣᠨ ᠤ ᠬᠢᠵᠢᠭ ᠤᠨ ᠪᠠᠶᠢᠳᠠᠯ ᠨᠢ ᠪᠣᠶ ᠪᠥᠬᠦᠶ ᠠᠵᠢᠯ ᠲᠥᠷᠥᠯ ᠳᠤ ᠴᠥᠮ ᠠᠳᠠᠯᠢ ᠪᠤᠰᠤ ᠨᠥᠯᠥᠭᠡ | ᠦᠵᠡᠭᠦᠯᠦᠨ᠂ ᠠᠷᠠᠯᠵᠢᠶᠠᠨ ᠤ ᠠᠵᠢᠯ ᠲᠥᠷᠥᠯ ᠳᠤ ᠦᠵᠡᠭᠦᠯᠦᠭᠰᠡᠨ ᠨᠥᠯᠥᠭᠡ ᠨᠢ ᠨᠠᠩ ᠲᠣᠪᠤᠶᠢᠮ᠎ᠠ ᠪᠠᠶᠢᠵᠤ᠂ | ᠬᠤᠨᠤᠭ ᠪᠠᠭᠤᠳᠠᠯ ᠤᠨ ᠦᠶ᠋ᠯᠡᠰ ᠪᠣᠯᠤᠨ ᠢᠳᠡᠭᠡᠨ ᠤᠮᠳᠠᠭᠠᠨ ᠤ ᠦᠶ᠋ᠯᠡᠰ ᠨᠠᠩ ᠬᠦᠨᠳᠦ ᠨᠣᠴᠢᠲᠠᠶ ᠪᠣᠯᠵᠠᠢ᠃ | ᠬᠢᠵᠢᠭ ᠤᠨ ᠪᠠᠶᠢᠳᠠᠯ ᠤᠨ ᠨᠥᠯᠥᠭᠡ ᠤᠯᠠᠮ ᠠᠴᠠ ᠪᠠᠭ᠎ᠠ ᠪᠣᠯᠬᠤ ᠶᠢ ᠳᠠᠭᠠᠯᠳᠤᠨ᠂ ᠡᠯ᠎ᠡ ᠠᠵᠢᠯ ᠲᠥᠷᠥᠯ ᠴᠦ | ᠲᠠᠰᠤᠷᠠᠯᠲᠠ ᠥᠬᠡᠶ ᠰᠡᠷᠭᠦᠬᠦ ᠪᠠᠶᠢᠳᠠᠯ ᠳᠤ ᠣᠷᠤᠵᠠᠢ᠂ ᠰᠦᠩᠱᠠᠨ ᠲᠣᠭᠤᠷᠢᠭ ᠤᠨ ᠦᠨᠳᠦᠰᠦᠨ ᠲᠤᠭ᠎ᠠ ᠨᠡᠯᠢᠶᠡᠳ | ᠶᠡᠭᠡ ᠪᠠᠶᠢᠵᠤ᠂ ᠰᠡᠷᠭᠦᠬᠦ ᠬᠤᠷᠳᠤᠴᠠ ᠨᠡᠯᠢᠶᠡᠳ ᠤᠳᠠᠭᠠᠨ ᠪᠠᠶᠢᠨ᠎ᠠ᠃ ᠡᠮᠦᠨᠡᠬᠢ ᠬᠤᠭᠤᠴᠠᠭᠠᠨ ᠳᠤ ᠬᠢᠵᠢᠭ ᠤᠨ | ᠨᠥᠯᠥᠭᠡ ᠠᠴᠠ ᠪᠣᠯᠵᠤ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ | ᠤᠮᠳᠠᠭᠠᠨ ᠤ ᠠᠵᠢᠯ ᠲᠥᠷᠥᠯ ᠮᠥᠨ ᠬᠦ ᠬᠥᠩᠭᠡᠪᠲᠦᠷ ᠨᠥᠯᠥᠭᠡ ᠲᠠᠢ ᠪᠠᠶᠢᠪᠠ᠃ | ᠨᠢᠭᠡ᠂ ᠪᠥᠭᠡᠮ ᠢᠶᠠᠷ ᠬᠤᠳᠠᠯᠳᠤᠬᠤ ᠠᠵᠤ ᠦᠢᠯᠡᠰ | ᠰᠦᠩᠱᠠᠨ ᠲᠣᠭᠤᠷᠢᠭ ᠤᠨ ᠬᠢᠵᠠᠭᠠᠷᠲᠤ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠳᠤ ᠭᠤᠤᠯᠳᠠᠭᠤ ᠨᠡᠭᠦᠷᠡᠰᠦ᠂ ᠠᠮᠤ ᠪᠤᠳᠠᠭ᠎ᠠ ᠵᠡᠷᠭᠡ ᠪᠠᠶᠢᠨ᠎ᠠ᠃ | 1 . ᠨᠡᠭᠦᠷᠡᠰᠦᠨ ᠤ ᠲᠥᠷᠥᠯ᠃ ᠣᠳᠣᠬᠠᠨ ᠳᠤ ᠤᠯᠤᠰ ᠠᠴᠠ ᠡᠨᠧᠷᠭᠢ ᠶᠢᠨ ᠰᠤᠷᠪᠤᠯᠵᠢ᠂ ᠣᠷᠴᠢᠨ | ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠬᠢ ᠬᠢᠵᠠᠭᠠᠷᠯᠠᠯ ᠢ ᠶᠡᠬᠡᠰᠬᠡᠵᠦ ᠪᠠᠶᠢᠭ᠎ᠠ ᠶᠢᠨ ᠰᠢᠯᠲᠠᠭᠠᠨ ᠭᠡᠪᠡᠯ᠂ | ᠤᠮᠠᠷᠠᠲᠤ ᠣᠷᠣᠨ ᠤ ᠨᠡᠭᠦᠷᠡᠰᠦᠨ ᠤ ᠠᠵᠢᠯ ᠲᠦᠷᠦᠯ ᠤᠨ ᠡᠵᠡᠩᠨᠡᠯᠲᠡ ᠶᠢᠨ ᠬᠢᠵᠠᠭᠠᠷᠯᠠᠯ ᠵᠢᠴᠢ ᠺᠣᠮᠫᠠᠨᠢ ᠶᠢᠨ | ᠳᠣᠲᠣᠭᠠᠳᠤ ᠶᠢᠨ ᠥᠭᠡᠷᠡᠴᠢᠯᠡᠯᠲᠡ ᠨᠢ ᠤᠮᠠᠷᠠᠲᠤ ᠣᠷᠣᠨ ᠳᠤ ᠨᠡᠭᠦᠷᠡᠰᠦ ᠪᠣᠷᠣᠯᠠᠭᠤᠯᠵᠤ ᠪᠣᠯᠬᠤ ᠦᠭᠡᠢ᠂ | ᠡᠶᠢᠮᠦ ᠠᠴᠠ ᠵᠥᠪᠬᠡᠨ ᠡᠮᠦᠨᠡᠲᠦ ᠣᠷᠣᠨ ᠳᠤ ᠪᠣᠷᠣᠯᠠᠭᠤᠯᠵᠤ᠂ ᠨᠡᠭᠦᠷᠡᠰᠦᠨ ᠤ ᠪᠣᠷᠣᠯᠠᠭᠤᠯᠤᠯᠲᠠ ᠶᠢᠨ ᠬᠡᠮᠵᠢᠶ᠎ᠡ ᠶᠢ | ᠶᠡᠭᠡ ᠪᠠᠷ ᠪᠠᠭᠠᠰᠬᠠᠭᠰᠠᠨ ᠪᠠᠶᠢᠨ᠎ᠠ︔ | 2 . ᠠᠮᠤ ᠪᠤᠳᠠᠭᠠᠨ ᠤ ᠲᠥᠷᠥᠯ᠃ ᠠᠮᠤ ᠪᠤᠳᠠᠭ᠎ᠠ ᠬᠤᠳᠠᠯᠳᠤᠨ ᠠᠪᠬᠤ ᠨᠢ ᠤᠯᠠᠷᠢᠯ ᠤᠨ ᠴᠢᠨᠠᠷᠲᠠᠶ ᠪᠥᠭᠡᠳ | ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠪᠠᠰᠠ ᠠᠮᠤ ᠪᠤᠳᠠᠭ᠎ᠠ ᠶᠢᠨ ᠦᠨ᠎ᠡ ᠬᠠᠶᠠᠵᠤ ᠬᠤᠳᠠᠯᠳᠤᠬᠤ | ᠲᠠᠪᠴᠠᠩ ᠤᠨ ᠬᠢᠵᠠᠭᠠᠷᠯᠠᠯ ᠢ ᠬᠦᠯᠢᠶᠡᠨ᠂ ᠦᠨ᠎ᠡ ᠬᠠᠶᠠᠵᠤ ᠬᠤᠳᠠᠯᠳᠤᠬᠤ ᠥᠷᠢᠰᠦᠯᠳᠦᠭᠡᠨ ᠡᠰᠡᠬᠦ ᠨᠢ | ᠪᠣᠷᠣᠯᠠᠭᠤᠯᠭ᠎ᠠ ᠶᠢᠨ ᠬᠡᠮᠵᠢᠶ᠎ᠡ ᠶᠢᠨ ᠬᠤᠪᠢᠷᠠᠯᠲᠠ ᠶᠢᠨ ᠲᠠᠪᠲᠠᠮᠵᠢ ᠶᠢ ᠰᠢᠭᠤᠳ ᠨᠥᠯᠥᠭᠡᠯᠡᠬᠦ ᠪᠣᠯᠤᠨ᠎ᠠ᠃ | ᠬᠤᠶᠠᠷ᠂ ᠵᠢᠵᠢᠭᠯᠡᠨ ᠬᠤᠳᠠᠯᠳᠤᠬᠤ ᠠᠵᠤ ᠦᠢᠯᠡᠰ | ᠰᠦᠩᠱᠠᠨ ᠲᠣᠭᠤᠷᠢᠭ ᠤᠨ ᠬᠢᠵᠠᠭᠠᠷᠲᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠳᠤ ᠭᠤᠤᠯᠳᠠᠭᠤ ᠴᠢᠯᠠᠭᠤᠨ ᠲᠣᠰᠣ᠂ ᠴᠠᠬᠢᠯᠭᠠᠨ ᠬᠡᠷᠡᠭᠰᠡᠯ ᠵᠡᠷᠭᠡ ᠪᠠᠶᠢᠨ᠎ᠠ᠃ | 1 . ᠴᠢᠯᠠᠭᠤᠨ ᠲᠣᠰᠣᠨ ᠤ ᠲᠥᠷᠥᠯ᠃ ᠲᠣᠰ ᠵᠢᠯ ᠤᠨ ᠲᠣᠰᠣ ᠨᠡᠮᠡᠬᠦ ᠥᠷᠲᠡᠭᠡ ᠶᠢᠨ ᠶᠡᠭᠡ ᠬᠡᠮᠵᠢᠶ᠎ᠡ ᠪᠠᠷ | ᠳᠠᠬᠢᠨ ᠪᠠᠶᠢᠭᠤᠯᠵᠤ ᠳᠡᠰ ᠳᠡᠪᠰᠢᠭᠦᠯᠬᠦ ᠪᠠ ᠡᠯ᠎ᠡ ᠲᠥᠷᠥᠯ ᠤᠨ ᠴᠢᠯᠠᠭᠤᠨ ᠲᠣᠰᠣᠨ ᠤ ᠠᠵᠤ ᠠᠬᠤᠶᠢᠯᠠᠯ ᠤᠨ | ᠥᠷᠢᠰᠥᠯᠳᠦᠭᠡᠨ ᠠᠴᠠ ᠪᠣᠯᠵᠤ᠂ ᠬᠢᠵᠠᠭᠠᠷᠲᠤ ᠴᠢᠯᠠᠭᠤᠨ ᠲᠣᠰᠣᠨ ᠤ ᠠᠵᠢᠯ ᠲᠥᠷᠥᠯ ᠤᠨ ᠵᠢᠵᠢᠭᠯᠡᠨ ᠬᠤᠳᠠᠯᠳᠤᠬᠤ | ᠲᠤᠭ᠎ᠠ ᠶᠢ ᠡᠳᠦᠶ ᠲᠡᠳᠦᠶ ᠪᠠᠭᠤᠷᠠᠭᠤᠯᠪᠠ᠃ ᠴᠢᠯᠠᠭᠤᠨ ᠲᠣᠰᠣ ᠶᠢ ᠰᠢᠭᠤᠳ ᠪᠥᠭᠡᠮ ᠢᠶᠠᠷ ᠪᠣᠷᠤᠯᠠᠭᠤᠯᠬᠤ | ᠬᠡᠷᠡᠭᠯᠡᠭᠴᠢ ᠠᠳᠠᠯᠢ ᠪᠤᠰᠤ ᠠᠷᠭ᠎ᠠ ᠶᠢ ᠰᠤᠩᠭᠤᠨ ᠲᠣᠰᠣ ᠭᠠᠷᠭᠠᠵᠤ ᠪᠣᠯᠤᠨ᠎ᠠ᠂ ᠲᠣᠰᠣᠨ ᠬᠥᠮᠥᠷᠭᠡ ᠠᠴᠠ ᠲᠣᠰᠣ | ᠳᠡᠭᠡᠬᠦ ᠪᠤᠶᠤ ᠲᠣᠰᠣᠨ ᠫᠤᠤ ᠠᠴᠠ ᠰᠢᠭᠤᠳ ᠲᠣᠰᠣ ᠭᠠᠷᠭᠠᠵᠤ ᠪᠣᠯᠤᠨ᠎ᠠ᠂ ᠡᠨᠡ ᠨᠢ ᠵᠢᠵᠢᠭᠯᠡᠨ ᠬᠤᠳᠠᠯᠳᠤᠬᠤ | ᠬᠡᠮᠵᠢᠶᠡᠨ ᠤ ᠳᠡᠭᠡᠭᠰᠢ ᠲᠣᠷᠤᠭᠰᠢ ᠬᠡᠯᠪᠡᠯᠵᠡᠯᠲᠡ ᠶᠢᠨ ᠬᠡᠮᠵᠢᠶ᠎ᠡ ᠶᠢ ᠰᠢᠭᠤᠳ ᠨᠥᠯᠥᠭᠡᠯᠡᠨ᠎ᠡ᠃ | 2 . ᠴᠠᠬᠢᠯᠭᠠᠨ ᠬᠡᠷᠡᠭᠰᠡᠯ ᠤᠨ ᠲᠥᠷᠥᠯ᠃ ᠴᠠᠬᠢᠯᠭᠠᠨ ᠬᠡᠷᠡᠭᠰᠡᠯ ᠤᠨ ᠪᠣᠳᠠᠲᠤ ᠳᠡᠯᠭᠡᠭᠦᠷ ᠵᠢᠴᠢ ᠤᠯᠠᠮ ᠠᠴᠠ | ᠤᠯᠠᠮ ᠣᠯᠠᠨ ᠡᠯᠧᠺᠲᠷᠣᠨ ᠬᠤᠳᠠᠯᠳᠤᠭ᠎ᠠ ᠲᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠵᠠᠬ᠎ᠠ ᠳᠡᠯᠭᠡᠭᠦᠷ ᠤᠨ | ᠬᠤᠪᠢ ᠶᠢᠨ ᠲᠤᠭ᠎ᠠ ᠤᠯᠠᠮ ᠠᠴᠠ ᠤᠯᠠᠮ ᠪᠠᠭᠠᠰᠴᠤ᠂ ᠥᠷᠢᠰᠦᠯᠳᠦᠬᠦ ᠬᠦᠴᠦᠨ ᠤᠯᠠᠮ ᠠᠴᠠ ᠤᠯᠠᠮ ᠶᠡᠭᠡ ᠪᠣᠯᠵᠠᠶ | ᠃ ᠬᠡᠷᠡᠭᠯᠡᠭᠴᠢᠳ ᠤᠨ ᠬᠤᠳᠠᠯᠳᠤᠨ ᠠᠪᠬᠤ ᠴᠢᠳᠠᠪᠤᠷᠢ ᠨᠢ ᠡᠨᠡ ᠵᠢᠯ ᠪᠠᠰᠠ ᠪᠠᠭᠤᠷᠠᠵᠤ᠂ ᠴᠠᠬᠢᠯᠭᠠᠨ ᠬᠡᠷᠡᠭᠰᠡᠯ ᠤᠨ | ᠠᠵᠢᠯ ᠲᠥᠷᠥᠯ ᠢ ᠪᠠᠭᠤᠷᠠᠬᠤ ᠬᠠᠨᠳᠤᠰᠢ ᠲᠠᠢ ᠪᠣᠯᠭᠠᠪᠠ᠃ | ᠭᠤᠷᠪᠠ᠂ ᠢᠳᠡᠭᠡᠨ ᠤᠮᠳᠠᠭᠠᠨ᠂ ᠬᠤᠨᠤᠭ ᠪᠠᠭᠤᠳᠠᠯ ᠤᠨ ᠠᠵᠤ ᠦᠢᠯᠡᠰ | ᠢᠳᠡᠭᠡᠨ ᠤᠮᠳᠠᠭᠠᠨ ᠬᠤᠨᠤᠭ ᠪᠠᠭᠤᠳᠠᠯ ᠤᠨ ᠦᠶ᠋ᠯᠡᠰ ᠪᠣᠯ ᠬᠢᠵᠢᠭ ᠤᠨ ᠪᠠᠶᠢᠳᠠᠯ ᠳᠤ ᠬᠠᠮᠤᠭ ᠤᠨ ᠶᠡᠭᠡ | ᠨᠥᠯᠥᠭᠡᠯᠡᠭᠳᠡᠭᠰᠡᠨ ᠠᠵᠢᠯ ᠲᠥᠷᠥᠯ ᠪᠣᠯᠤᠨ᠎ᠠ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠴᠤᠭᠯᠠᠷᠠᠯ ᠤᠨ | ᠴᠢᠨᠠᠷᠲᠠᠶ ᠠᠵᠢᠯᠯᠠᠭ᠎ᠠ ᠶᠡᠭᠡ ᠪᠠᠷ ᠪᠠᠭᠠᠰᠴᠤ᠂ ᠬᠠᠮᠲᠦ ᠬᠤᠭᠤᠯᠠ ᠢᠳᠡᠬᠦ᠂ ᠬᠤᠷᠠᠯ᠂ ᠤᠷᠤᠯᠳᠤᠭᠠᠨ᠂ | ᠵᠢᠭᠤᠯᠴᠢᠯᠠᠯ ᠢ ᠦᠨᠳᠦᠰᠦᠨ ᠳᠡᠭᠡᠨ ᠴᠥᠮ ᠵᠣᠭᠰᠤᠭᠠᠵᠤ᠂ ᠬᠤᠨᠤᠭ ᠪᠠᠭᠤᠳᠠᠯ ᠤᠨ ᠦᠶ᠋ᠯᠡᠰ ᠪᠠ ᠢᠳᠡᠭᠡᠨ | ᠤᠮᠳᠠᠭᠠᠨ ᠤ ᠦᠶ᠋ᠯᠡᠰ ᠤᠨ ᠡᠵᠡᠩᠨᠡᠯᠲᠡ ᠶᠢᠨ ᠪᠠᠶᠢᠳᠠᠯ ᠢ ᠬᠦᠨᠳᠦ ᠨᠣᠴᠢᠲᠠᠶ ᠪᠠᠭᠤᠷᠠᠭᠤᠯᠪᠠ᠃ ᠠᠷᠠᠯᠵᠢᠶᠠᠨ ᠤ | ᠠᠭᠤᠯᠤᠮᠵᠢ ᠬᠦᠷᠦᠯᠴᠡᠬᠦ ᠦᠭᠡᠢ᠂ ᠤᠷᠲᠤ ᠬᠤᠭᠤᠴᠠᠭ᠎ᠠ ᠡᠵᠡᠩᠨᠡᠭᠰᠡᠨ ᠦᠭᠡᠢ ᠠᠴᠠ ᠪᠣᠯᠵᠤ ᠬᠤᠨᠤᠭ ᠪᠠᠭᠤᠳᠠᠯ᠂ | ᠢᠳᠡᠭᠡᠨ ᠤᠮᠳᠠᠭᠠᠨ ᠢ ᠳᠠᠮᠫᠤᠷᠠᠭᠤᠯᠬᠤ᠂ ᠳᠠᠩᠰᠠᠨ ᠠᠴᠠ ᠬᠠᠰᠤᠬᠤ ᠪᠠᠶᠢᠳᠠᠯ ᠨᠡᠯᠢᠶᠡᠳ ᠣᠯᠠᠨ ᠪᠣᠯᠵᠠᠢ᠃ ᠳᠡᠭᠡᠷ᠎ᠡ | ᠬᠠᠭᠠᠰ ᠵᠢᠯ ᠤᠨ ᠬᠢ ᠲᠠᠢ ᠬᠠᠷᠢᠴᠠᠭᠤᠯᠪᠠᠯ᠂ ᠠᠭᠠᠵᠢᠮ ᠢᠶᠠᠷ ᠰᠡᠷᠭᠦᠬᠦ ᠪᠠᠶᠢᠳᠠᠯ ᠳᠤ ᠣᠷᠣᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠪᠠᠭᠤᠷᠠᠬᠤ ᠬᠠᠨᠳᠤᠰᠢ ᠲᠠᠢ ᠪᠣᠯᠵᠠᠶ᠂ ᠭᠡᠪᠡᠴᠦ ᠮᠠᠰᠢ ᠣᠯᠠᠨ ᠬᠤᠷᠢᠮ ᠤᠨ ᠶᠣᠰᠣᠯᠠᠯ᠂ | ᠬᠤᠷᠠᠯ ᠨᠢ ᠴᠥᠮ ᠭᠤᠷᠪᠠᠳᠤᠭᠠᠷ᠂ ᠳᠥᠷᠪᠡᠳᠦᠭᠡᠷ ᠤᠯᠠᠷᠢᠯ ᠳᠤ ᠬᠤᠶᠢᠰᠢᠯᠠᠵᠤ᠂ ᠳᠡᠭᠡᠷ᠎ᠡ ᠤᠯᠠᠷᠢᠯ ᠲᠠᠢ | ᠬᠠᠷᠢᠴᠠᠭᠤᠯᠪᠠᠯ ᠪᠠᠭ᠎ᠠ ᠬᠡᠮᠵᠢᠶ᠎ᠡ ᠪᠠᠷ ᠳᠡᠭᠡᠭᠰᠢᠯᠡᠭᠰᠡᠨ ᠪᠠᠶᠢᠨ᠎ᠠ᠃ | | | | | | | | | | | ᠁ |