ᠨᠢᠭᠡ᠂ ᠰᠦᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠤ | ᠠᠬᠤᠶ ᠶᠢᠨ ᠠᠵᠢᠯᠯᠠᠭᠠᠨ ᠤ ᠪᠠᠶᠢᠳᠠᠯ | ︵ᠨᠢᠭᠡ︶ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠠᠴᠠ ᠦᠵᠡᠪᠡᠯ | 500 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ | 159 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 3 . 8 % ᠪᠠᠷ ᠨᠡᠮᠡᠭᠳᠡᠪᠡ᠃ ᠡᠭᠦᠨ ᠳᠤ 500 - | 5000 ᠲᠦᠮᠡᠨ ᠲᠥᠭᠦᠷᠢᠭ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 9 . 3 % ᠪᠠᠷ ᠪᠠᠭᠤᠷᠠᠪᠠ᠃ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27% ᠨᠡᠮᠡᠭᠳᠡᠪᠡ᠃ ᠬᠡᠷ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1 . 4 % ᠪᠠᠷ ᠪᠠᠭᠤᠷᠠᠪᠠ᠃ | ︵ᠬᠤᠶᠠᠷ︶ ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ | 2020 ᠣᠨ ᠤ 12 ᠰᠠᠷ᠎ᠠ ᠳᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠳᠣᠲᠣᠷ᠎ᠠ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠨᠢ ᠠᠳᠠᠯᠢ | ᠬᠤᠭᠤᠴᠠᠭᠠᠨ ᠤ ᠬᠢ ᠠᠴᠠ 33 . 7 % ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ 73.1% ᠶᠢ ᠡᠵᠡᠯᠡᠪᠡ︔ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠨᠢ | ᠠᠳᠠᠯᠢ ᠬᠤᠭᠤᠴᠠᠭᠠᠨ ᠤ ᠬᠢ ᠠᠴᠠ 41 . 2 % ᠢᠶᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ 0 . 8 % ᠶᠢ ᠡᠵᠡᠯᠡᠪᠡ︔ ᠪᠤᠰᠤᠳ ᠵᠠᠷᠤᠳᠠᠯ ᠨᠢ ᠠᠳᠠᠯᠢ ᠬᠤᠭᠤᠴᠠᠭᠠᠨ ᠤ ᠬᠢ ᠠᠴᠠ 35. | 2% ᠢᠶᠠᠷ ᠪᠠᠭᠤᠷᠠᠵᠤ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 26 . 1 % ᠶᠢ | ᠡᠵᠡᠯᠡᠪᠡ᠃ | ︵ᠭᠤᠷᠪᠠ︶ ᠭᠤᠷᠪᠠᠨ ᠠᠵᠤ ᠦᠢᠯᠡᠰ ᠠᠴᠠ ᠦᠵᠡᠪᠡᠯ | 2020 ᠣᠨ ᠤ 12 ᠰᠠᠷ᠎ᠠ ᠳᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠳᠠᠬᠢ ᠨᠢᠭᠡᠳᠦᠭᠡᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 22 . 7 % ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 1 . 3 % ᠶᠢ | ᠡᠵᠡᠯᠡᠪᠡ︔ ᠬᠤᠶᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14 . | 1 % ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 7 . 2 % ᠢ ᠡᠵᠡᠯᠡᠪᠡ︔ | ᠭᠤᠷᠪᠠᠳᠤᠭᠠᠷ ᠠᠵᠤ ᠦᠶ᠋ᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.9% ᠪᠠᠷ | ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 91 . 5 % ᠶᠢ ᠡᠵᠡᠯᠡᠪᠡ᠃ | ᠬᠤᠶᠠᠷ᠂ ᠬᠦᠷᠦᠩᠭᠡ ᠣᠷᠣᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠯ ᠬᠦᠷᠦᠯᠴᠡᠬᠦ ᠥᠬᠡᠶ | 2020 ᠣᠨ ᠤ 12 ᠰᠠᠷ᠎ᠠ ᠳᠤ᠂ ᠮᠠᠨ ᠤ ᠲᠣᠭᠤᠷᠢᠭ ᠤᠨ 5000 ᠲᠦᠮᠡ ᠠᠴᠠ ᠳᠡᠭᠡᠭᠰᠢᠬᠢ ᠴᠢᠬᠤᠯᠠ | ᠶᠡᠭᠡ ᠲᠥᠷᠥᠯ ᠵᠦᠢᠯ ᠨᠢ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢᠨ 23 . 9 % ᠶᠢ ᠡᠵᠡᠯᠡᠪᠡ᠃ | ᠣᠳᠣᠬᠠᠨ ᠳᠤ ᠮᠠᠨ ᠤ ᠲᠣᠭᠤᠷᠢᠭ ᠲᠤ ᠳᠠᠶᠢᠴᠢᠯᠠᠬᠤ ᠬᠦᠴᠦᠨ ᠢᠶᠠᠷ ᠴᠢᠩᠭ᠎ᠠ᠂ ᠵᠢᠱᠢᠶ᠎ᠡ ᠦᠵᠡᠭᠦᠯᠬᠦ ᠨᠥᠯᠥᠭᠡᠯᠡᠬᠦ | ᠦᠢᠯᠡᠳᠦᠯ ᠢᠶᠠᠷ ᠴᠢᠩᠭ᠎ᠠ ᠴᠢᠬᠤᠯᠠ ᠶᠡᠭᠡ ᠲᠥᠷᠥᠯ ᠵᠦᠢᠯ ᠳᠤᠲᠠᠭᠳᠠᠵᠤ ᠪᠠᠶᠢᠨ᠎ᠠ᠃ | ︵ᠬᠤᠶᠠᠷ︶ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠰᠡᠯᠭᠦᠬᠦ ᠬᠦᠴᠦ | ᠬᠠᠷᠢᠴᠠᠩᠭᠤᠶ ᠪᠠᠷ ᠳᠤᠲᠠᠮᠠᠭ | ᠪᠦᠬᠦ ᠲᠣᠭᠤᠷᠢᠭ ᠤᠨ ᠲᠥᠷᠥᠯ ᠵᠦᠢᠯ ᠤᠨ ᠨᠥᠭᠡᠴᠡᠯᠡᠭᠰᠡᠨ ᠪᠠᠶᠢᠳᠠᠯ ᠠᠴᠠ ᠦᠵᠡᠪᠡᠯ᠂ ᠶᠡᠷᠦᠩᠬᠡᠶ ᠳᠤᠨᠢ | ᠠᠪᠴᠤ ᠬᠡᠯᠡᠪᠡᠯ ᠮᠠᠨ ᠤ ᠲᠣᠭᠤᠷᠢᠭ ᠤᠨ ᠲᠣᠮᠣ ᠲᠥᠷᠥᠯ ᠵᠦᠢᠯ ᠴᠥᠭᠡᠨ᠂ ᠨᠥᠯᠥᠭᠡ ᠪᠠᠷ ᠠᠯᠤᠰ ᠬᠡᠳᠦ ᠶᠢᠨ᠂ | ᠲᠤᠯᠭᠠᠭᠤᠷᠢᠯᠠᠬᠤ ᠬᠦᠴᠦᠨ ᠢᠶᠠᠷ ᠴᠢᠩᠭ᠎ᠠ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ᠂ | ᠠᠷᠠᠳ ᠤᠨ ᠠᠮᠢᠳᠤᠷᠠᠯ ᠢ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠢᠯᠡᠷᠬᠡᠶ ᠴᠢᠬᠤᠯᠠ ᠶᠡᠭᠡ ᠲᠥᠷᠥᠯ ᠵᠦᠢᠯ | ᠢᠯᠠᠩᠭᠤᠶ᠎ᠠ 5 ᠳ᠋ᠦᠩᠰᠢᠭᠤᠷ ᠠᠴᠠ ᠳᠡᠭᠡᠭᠰᠢᠬᠢ ᠲᠣᠮᠣ ᠲᠥᠷᠥᠯ ᠵᠦᠢᠯ ᠴᠥᠭᠡᠨ ᠪᠠᠶᠢᠵᠤ᠂ ᠪᠡᠯᠡ | ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠢᠶᠠᠷ ᠬᠢᠵᠠᠭᠠᠷ ᠲᠠᠢ ᠪᠠᠶᠢᠨ᠎ᠠ᠃ | ᠭᠤᠷᠪᠠ᠂ ᠲᠠᠷᠠᠭᠠᠴᠢ ᠶᠢᠨ ᠱᠠᠲᠤᠨ ᠤ ᠮᠠᠨ ᠤ ᠲᠣᠭᠤᠷᠢᠭ ᠤᠨ ᠪᠦᠲᠦᠮᠵᠢᠲᠡᠶ ᠪᠠᠯᠠ ᠣᠷᠣᠭᠤᠯᠤᠯᠲᠠ ᠶᠢ | ᠨᠡᠮᠡᠭᠳᠡᠭᠦᠯᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ | ︵ᠨᠢᠭᠡ︶ ᠵᠣᠬᠢᠴᠠᠩᠭᠤᠶ ᠪᠠᠷ ᠬᠥᠭᠵᠢᠭᠦᠯᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠳᠡᠭᠡᠷ᠎ᠡ ᠰᠢᠨ᠎ᠡ | ᠠᠮᠵᠢᠯᠲᠠ ᠭᠠᠷᠭᠠᠬᠤ ᠶᠢ ᠠᠬᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ | ᠴᠣᠮᠬᠠᠳᠬᠠᠵᠤ᠂ ᠦᠶ᠋ᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠦᠴᠢᠷᠳᠡᠯ ᠢ ᠰᠢᠢᠳᠪᠦᠷᠢᠯᠡᠵᠦ᠂ ᠠᠵᠤ ᠶᠢᠨ ᠠᠵᠤ ᠦᠢᠯᠡᠰ ᠲᠤ ᠰᠠᠶᠢᠨ ᠰᠠᠶᠢᠬᠠᠨ | ᠬᠥᠭᠵᠢᠯᠲᠡ ᠶᠢ ᠬᠠᠩᠭᠠᠨ᠎ᠠ᠃ | ︵ᠬᠤᠶᠠᠷ︶ ᠡᠮᠦᠨᠡᠬᠢ ᠬᠤᠭᠤᠴᠠᠭ᠎ᠠ ᠶᠢ ᠠᠳᠬᠤᠵᠤ᠂ ᠴᠢᠬᠤᠯᠠ ᠶᠡᠭᠡ ᠲᠥᠷᠥᠯ ᠵᠦᠢᠯ ᠢ ᠲᠦᠯᠬᠢᠨ | ᠠᠬᠢᠭᠤᠯᠬᠤ ᠶᠢ ᠴᠢᠩᠭᠠᠷᠠᠭᠤᠯᠬᠤ ᠬᠡᠷᠡᠭᠲᠡᠶ᠃ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠳᠠᠶᠢᠴᠢᠯᠠᠬᠤ | ᠴᠢᠨᠠᠷ ᠢᠶᠠᠷ ᠴᠢᠩᠭ᠎ᠠ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ ᠲᠥᠷᠥᠯ ᠵᠦᠢᠯ ᠢ ᠲᠦᠯᠬᠢᠨ ᠠᠬᠢᠭᠤᠯᠬᠤ | ᠠᠵᠢᠯ ᠢ ᠦᠷᠭᠦᠯᠵᠢᠯᠡᠨ ᠲᠣᠪᠤᠶᠢᠮ᠎ᠠ ᠰᠠᠶᠢᠲᠤᠷ ᠠᠳᠬᠤᠵᠤ᠂ ᠴᠢᠬᠤᠯᠠ ᠶᠡᠭᠡ ᠲᠥᠷᠥᠯ ᠵᠦᠢᠯ ᠢ ᠡᠷᠲᠡᠬᠡᠨ | ᠨᠠᠶᠢᠳᠠᠪᠤᠷᠢᠵᠢᠭᠤᠯᠤᠨ᠂ ᠡᠷᠲᠡᠬᠡᠨ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠵᠤ᠂ ᠲᠣᠮᠣ ᠲᠥᠷᠥᠯ ᠵᠦᠢᠯ᠂ ᠰᠠᠶᠢᠨ | ᠲᠥᠷᠥᠯ ᠵᠦᠢᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠨᠥᠭᠡᠴᠡ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ᠃ | ︵ᠭᠤᠷᠪᠠ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ | ᠠᠵᠤ ᠦᠶ᠋ᠯᠡᠳᠪᠦᠷᠢ ᠶᠢᠨ ᠪᠡᠯᠡ ᠣᠷᠣᠭᠤᠯᠤᠯᠲᠠ ᠶᠢᠨ ᠠᠵᠤ ᠠᠬᠤᠶ ᠶᠢᠨ ᠨᠡᠮᠡᠭᠳᠡᠯ ᠳᠠᠬᠢ ᠲᠦᠯᠬᠢᠴᠡ ᠬᠦᠴᠦᠨ ᠢ | ᠪᠦᠬᠦ ᠲᠠᠯ᠎ᠠ ᠪᠠᠷ ᠪᠠᠳᠠᠷᠠᠭᠤᠯᠬᠤ ᠬᠡᠷᠡᠭᠲᠡᠶ᠃ ᠤᠯᠠᠮᠵᠢᠯᠠᠯᠲᠤ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠪᠡᠯᠡ ᠣᠷᠣᠭᠤᠯᠤᠯᠲᠠ᠂ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠡᠷᠴᠢᠮ ᠢᠶᠠᠨ | ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠂ ᠮᠡᠷᠭᠡᠵᠢᠯ ᠤᠨ ᠥᠭᠡᠷᠡᠴᠢᠯᠡᠯᠲᠡ ᠪᠠᠷ | ᠳᠠᠮᠵᠢᠭᠤᠯᠤᠨ ᠳᠠᠬᠢᠨ ᠦᠢᠯᠡᠳᠪᠦᠷᠢᠯᠡᠯ ᠢ ᠥᠷᠭᠡᠳᠬᠡᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠦᠨ᠂ | ᠤᠯᠠᠮᠵᠢᠯᠠᠯᠲᠤ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠴᠢᠳᠠᠯ ᠪᠣᠯᠤᠨ ᠦᠷᠭᠦᠯᠵᠢᠯᠡᠨ ᠬᠥᠭᠵᠢᠬᠦ | ᠴᠢᠳᠠᠪᠤᠷᠢ ᠶᠢ ᠨᠡᠮᠡᠭᠳᠡᠭᠦᠯᠦᠨ᠎ᠡ᠃ | | | | | | | | | | | ᠁ |