ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ | ᠪᠦᠲᠥᠭᠡᠨ ᠬᠤᠲᠠ ︹2009︺ 158 ᠳ᠋ᠤᠭᠠᠷ ᠲᠣᠭᠠᠲᠦ | ᠡᠯ᠎ᠡ ᠮᠤᠵᠢ᠂ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ | ᠪᠠᠶᠢᠭᠤᠯᠤᠯᠲᠠ ᠶᠢᠨ ᠲᠢᠩᠬᠢᠮ᠂ ᠪᠡᠭᠡᠵᠢᠩ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠣᠪᠴᠢᠶ᠎ᠠ᠂ | ᠲᠢᠶᠠᠨᠵᠢᠨ ᠬᠤᠲᠠ ᠶᠢᠨ ᠪᠦᠲᠥᠭᠡᠨ ᠪᠠᠶᠢᠭᠤᠯᠤᠯᠲᠠ ᠵᠠᠮ ᠬᠠᠷᠢᠯᠴᠠᠭ᠎ᠠ ᠶᠢᠨ ᠵᠦᠪᠯᠡᠯ᠂ ᠬᠤᠲᠠ ᠶᠢᠨ ᠦᠵᠡᠮᠵᠢ | ᠴᠡᠴᠡᠷᠯᠢᠭ ᠤᠨ ᠬᠠᠮᠢᠶᠠᠷᠤᠯᠲᠠ ᠶᠢᠨ ᠵᠦᠪᠯᠡᠯ᠂ ᠱᠠᠩᠬᠠᠢ ᠬᠤᠲᠠ ᠶᠢᠨ ᠨᠣᠭᠤᠭᠠᠷᠠᠭᠤᠯᠤᠯᠲᠠ ᠬᠤᠲᠠ ᠶᠢᠨ | ᠦᠵᠡᠮᠵᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠦᠩᠴᠢᠩ ᠬᠤᠲᠠ ᠶᠢᠨ ᠴᠡᠴᠡᠷᠯᠢᠭ ᠤᠨ ᠠᠵᠢᠯ ᠦᠢᠯᠡᠰ ᠤᠨ | ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠶᠠᠩ ᠤᠨ ᠦᠢᠯᠡᠳᠪᠥᠷᠢᠯᠡᠯ ᠪᠦᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ | ᠪᠦᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠤ ᠲᠠᠯ᠎ᠠ ᠶᠢᠨ ᠶᠡᠷᠥᠩᠬᠡᠢ ᠬᠡᠯᠲᠡᠰ ᠤᠨ ᠴᠡᠷᠢᠭ ᠤᠨ ᠬᠤᠸᠠᠷᠠᠨ ᠤ | ᠪᠠᠷᠢᠯᠭ᠎ᠠ ᠶᠢᠨ ᠲᠣᠪᠴᠢᠶ᠎ᠠ ᠳᠤ᠄ | ︽ᠪᠦᠭᠦᠳᠡ ᠨᠠᠶᠢᠷᠠᠮᠳᠠᠬᠤ ᠳᠤᠮᠳᠠᠳᠦ ᠤᠯᠤᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠠᠤᠯᠢ︾᠂ ︽ | ᠪᠦᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠭᠦᠯᠬᠦ | ᠠᠵᠢᠯ ᠤᠨ ᠳᠦᠷᠢᠮ︾ ᠢ ᠦᠨᠳᠥᠰᠥᠯᠡᠨ᠂ ᠵᠢᠴᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ | ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠪᠤᠳᠠᠲᠦ | ᠪᠠᠶᠢᠳᠠᠯ ᠲᠠᠢ ᠤᠶᠠᠯᠳᠤᠭᠤᠯᠵᠦ᠂ ᠮᠡᠳᠡᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ | ᠬᠡᠷᠡᠭ ᠡᠷᠬᠢᠯᠡᠬᠦ ᠲᠡᠰ ᠳᠠᠷᠠᠭᠠᠯᠠᠯ ᠢ ᠳᠦᠭᠦᠮᠴᠢᠯᠡᠵᠦ᠂ ᠬᠢᠨᠠᠨ ᠵᠦᠪᠰᠢᠶᠡᠷᠡᠬᠦ ᠦᠷ᠎ᠡ ᠪᠦᠲᠥᠮᠵᠢ ᠶᠢ | ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠶᠠᠮᠤᠨ ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ | ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ︾ ᠢ | ᠲᠣᠭᠲᠠᠭᠠᠨ᠂ ᠡᠳᠥᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠥᠭᠡᠢ᠃ | ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠣᠷᠣᠨ ᠰᠠᠭᠤᠴᠠ ᠬᠤᠲᠠ | ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ | 2009 ᠣᠨ ᠤ 10 ᠳᠤ ᠳ᠋ᠤᠭᠠᠷ ᠰᠠᠷ᠎ᠠ ᠶᠢᠨ 9 ᠤ ᠡᠳᠥᠷ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ | ᠨᠢᠭᠡᠳᠥᠭᠡᠷ ᠵᠦᠢᠯ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ | ᠲᠡᠰ ᠤᠨ ᠬᠢᠷᠢ ᠴᠢᠳᠠᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ | ᠂ ︽ᠪᠦᠭᠦᠳᠡ ᠨᠠᠶᠢᠷᠠᠮᠳᠠᠬᠤ ᠳᠤᠮᠳᠠᠳᠦ ᠤᠯᠤᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠠᠤᠯᠢ︾᠂ ︽ | ᠬᠤᠲᠠ ᠶᠢᠨ ᠨᠣᠭᠤᠭᠠᠷᠠᠭᠤᠯᠤᠯᠲᠠ ᠶᠢᠨ ᠳᠦᠷᠢᠮ︾᠂ ︽ᠪᠦᠲᠥᠭᠡᠨ ᠪᠠᠶᠢᠭᠤᠯᠤᠯᠲᠠ ᠶᠢᠨ ᠶᠠᠮᠤᠨ ᠤ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠭᠦᠯᠬᠦ ᠠᠵᠢᠯ ᠤᠨ ᠳᠦᠷᠢᠮ︾᠂ ︽ᠪᠦᠲᠥᠭᠡᠨ | ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠰᠢᠭᠤᠳ ᠬᠡᠷᠡᠭᠵᠢᠭᠦᠯᠬᠦ ᠵᠠᠰᠠᠭ ᠵᠠᠬᠢᠷᠭᠠᠨ ᠤ ᠵᠦᠪᠰᠢᠶᠡᠷᠡᠯ ᠤᠨ | ᠵᠦᠢᠯᠡᠰ ᠤᠨ ᠬᠤᠯᠪᠤᠭᠳᠠᠯ ᠪᠦᠬᠦᠢ ᠲᠣᠭᠲᠠᠭᠠᠯ ᠪᠣᠯᠣᠨ ᠠᠭᠤᠯᠭ᠎ᠠ ᠶᠢᠨ ᠲᠤᠬᠠᠢ ᠠᠯᠪᠠᠨ ᠵᠠᠷ︾ ᠵᠡᠷᠭᠡ ᠬᠠᠣᠯᠢ | ᠴᠠᠭᠠᠵᠠ᠂ ᠬᠠᠤᠯᠢ ᠲᠣᠭᠲᠠᠭᠠᠯ ᠪᠣᠯᠣᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠦᠨᠳᠥᠰᠥᠯᠡᠨ᠂ ᠲᠤᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠬᠢᠷᠢ ᠴᠢᠳᠠᠮᠵᠢ ᠶᠢ ᠬᠢᠨᠠᠨ ᠵᠦᠪᠰᠢᠶᠡᠷᠡᠬᠦ ᠭᠤᠶᠤᠴᠢᠯᠠᠯ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠪᠠᠷ ᠭᠤᠶᠤᠴᠢᠯᠠᠵᠦ ᠬᠢᠨᠠᠨ ᠲᠣᠭᠲᠠᠭᠠᠯᠭᠠᠬᠤ ᠠᠵᠦ ᠠᠬᠤᠶᠢᠯᠠᠯ ᠤᠷᠢᠳᠠᠪᠡᠷ ᠠᠵᠦ ᠠᠬᠤᠶᠢᠯᠠᠯ ᠤᠨ | ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠮᠣᠵᠢ᠂ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ | ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠲᠢᠩᠬᠢᠮ ᠪᠤᠶᠤ ᠰᠢᠭᠤᠳ ᠬᠠᠷᠢᠶ᠎ᠠ ᠬᠤᠲᠠ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠳᠣᠷᠣᠭᠰᠢ ︽ᠮᠣᠵᠢ ᠶᠢᠨ ᠱᠠᠲᠤᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ︾ ᠭᠡᠵᠦ ᠲᠣᠪᠴᠢᠯᠠᠨ ᠨᠡᠷᠡᠯᠡᠨ᠎ᠡ︶ ᠲᠤ ᠭᠤᠶᠤᠴᠢᠯᠠᠯ ᠢᠶᠠᠨ | ᠳᠤᠷᠠᠳᠬᠤ ᠶᠢᠨ ᠬᠠᠮᠲᠦ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ᠃ | ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠵᠦ ᠠᠬᠤᠶᠢᠯᠠᠯ ᠤᠨ | ᠭᠤᠶᠣᠴᠢᠯᠠᠭᠰᠠᠨ ᠮᠠᠲ᠋ᠧᠷᠢᠶᠠᠯ ᠳᠤ ᠠᠩᠬ᠎ᠠ ᠬᠢᠨᠠᠯᠲᠠ ᠬᠢᠵᠦ᠂ ᠠᠩᠬ᠎ᠠ ᠭᠢᠨᠠᠬᠤ ᠶᠢ ᠳᠠᠭᠤᠰᠬᠠᠭᠰᠠᠨ ᠤ ᠳᠠᠷᠠᠭ᠎ᠠ | ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠭᠤᠶᠤᠴᠢᠯᠠᠭᠰᠠᠨ ᠠᠵᠦ ᠠᠬᠤᠶᠢᠯᠠᠯ | ᠠᠩᠬ᠎ᠠ ᠬᠢᠨᠠᠭᠰᠠᠨ ᠰᠠᠨᠠᠯ ᠪᠣᠯᠣᠨ ᠭᠤᠶᠤᠴᠢᠯᠠᠭᠰᠠᠨ ᠮᠠᠲ᠋ᠧᠷᠢᠶᠠᠯ ᠢ ᠣᠷᠣᠨ ᠰᠠᠭᠤᠴᠠ ᠬᠤᠲᠠ ᠬᠦᠳᠡᠭᠡ ᠶᠢᠨ | ᠪᠦᠲᠥᠭᠡᠨ ᠪᠠᠶᠢᠭᠤᠯᠤᠯᠲᠠ ᠶᠢᠨ ᠶᠠᠮᠤᠨ ᠳᠤ ᠮᠡᠳᠡᠭᠦᠯᠥᠨ ᠬᠦᠷᠭᠡᠨ᠎ᠡ᠃ | ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠢᠨ ᠲᠦᠪᠯᠡᠷᠡᠭᠦᠯᠥᠨ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ︵ | ᠳᠣᠷᠣᠭᠰᠢ ︽ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ︾ ᠭᠡᠵᠦ ᠲᠣᠪᠴᠢᠯᠠᠨ ᠨᠡᠷᠡᠯᠡᠨ᠎ᠡ︶ ᠨᠢ | ᠠᠵᠦ ᠠᠬᠤᠶᠢᠯᠠᠯ ᠤᠨ ᠭᠤᠶᠤᠴᠢᠯᠠᠭᠰᠠᠨ ᠮᠠᠲ᠋ᠧᠷᠢᠶᠠᠯ ᠢ ᠬᠦᠯᠢᠶᠡᠨ ᠠᠪᠬᠤ᠂ ᠭᠤᠶᠣᠴᠢᠯᠠᠭᠰᠠᠨ ᠮᠠᠲ᠋ᠧᠷᠢᠶᠠᠯ ᠤᠨ | ᠭᠤᠣᠯ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ᠂ ᠬᠢᠨᠠᠨ ᠲᠣᠭᠲᠠᠭᠠᠰᠠᠨ ᠦᠷ᠎ᠡ ᠳ᠋ᠦᠩ ᠢ ᠨᠡᠶᠢᠲᠡ ᠳᠤ ᠵᠠᠷᠯᠠᠬᠤ᠂ | ᠬᠢᠷᠢ ᠴᠢᠳᠠᠮᠵᠢ ᠶᠢ ᠬᠤᠪᠢᠷᠠᠭᠠᠬᠤ ᠵᠢᠴᠢ ᠬᠢᠷᠢ ᠴᠢᠳᠠᠮᠵᠢ ᠶᠢᠨ ᠦᠨᠡᠮᠯᠡᠯ ᠳᠠᠷᠤᠮᠠᠯᠯᠠᠬᠤ ᠪᠠ ᠣᠯᠭᠤᠬᠤ ᠶᠢ | ᠬᠠᠷᠢᠭᠤᠴᠠᠨ᠎ᠠ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ | ᠪᠦᠲᠥᠭᠡᠨ ᠪᠠᠶᠢᠭᠤᠯᠤᠯᠲᠠ ᠶᠢᠨ ᠵᠤᠷᠭᠠᠨ ᠨᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ | ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠵᠦᠪᠰᠢᠶᠡᠷᠡᠯ ᠣᠯᠭᠤᠬᠤ ᠶᠢ ᠬᠡᠷᠡᠭᠵᠢᠭᠦᠯᠬᠦ᠂ ᠬᠢᠨᠠᠨ ᠬᠠᠮᠢᠶᠠᠷᠬᠤ ᠬᠠᠮᠢᠶ᠎ᠠ | ᠪᠦᠬᠦᠢ ᠪᠠᠳᠠᠲᠠᠢ ᠠᠵᠢᠯ ᠢ ᠬᠠᠷᠢᠭᠤᠴᠠᠨ᠎ᠠ᠃ | ᠭᠤᠷᠪᠠᠳᠤᠭᠠᠷ ᠵᠦᠢᠯ ᠭᠤᠶᠤᠴᠢᠯᠠᠯ ᠤᠨ ᠮᠠᠲ᠋ᠧᠷᠢᠶᠠᠯ | ︵ᠨᠢᠭᠡ︶ ᠭᠤᠶᠤᠴᠢᠯᠠᠯ ᠤᠨ ᠮᠠᠲ᠋ᠧᠷᠢᠶᠠᠯ ᠤᠨ ᠠᠭᠤᠯᠭ᠎ᠠ | ᠠᠵᠦ ᠠᠬᠤᠶᠢᠯᠠᠯ ᠤᠨ ᠬᠢᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ | ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠭᠤᠶᠤᠴᠢᠯᠠᠵᠦ ᠬᠢᠨᠠᠨ ᠲᠣᠭᠲᠠᠭᠠᠯᠭᠠᠬᠤ ᠳᠠᠭᠠᠨ᠂ ᠳᠣᠣᠷ᠎ᠠ | ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃ ᠤᠭ ᠵᠦᠢᠯ ᠪᠣᠯᠣᠨ ᠪᠠᠭᠤᠯᠭᠠᠪᠥᠷᠢ ︵ᠪᠤᠶᠤ | ᠰᠢᠷᠪᠢᠭᠰᠡᠨ ᠮᠠᠲ᠋ᠧᠷᠢᠶᠠᠯ︶ ᠶᠢ ᠬᠠᠮᠲᠦ ᠳᠤᠨᠢ ᠲᠤᠰᠢᠶᠠᠬᠤ ᠶᠢ ᠱᠠᠭᠠᠷᠳᠠᠭᠰᠠᠨ ᠮᠠᠲ᠋ᠧᠷᠢᠶᠠᠯ ᠳᠠᠬᠢ ᠪᠠᠭᠤᠯᠭᠠᠪᠥᠷᠢ ︵ | ᠪᠤᠶᠤ ᠰᠢᠷᠪᠢᠭᠰᠡᠨ ᠮᠠᠲ᠋ᠧᠷᠢᠶᠠᠯ︶ ᠳᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ | ᠲᠡᠭᠦᠨ ᠤ ᠨᠠᠶᠢᠳᠠᠭᠰᠠᠨ ᠲᠤᠰᠬᠠᠢ ᠣᠷᠣᠨ ᠤ ᠱᠠᠲᠤᠨ ᠠᠴᠠ ᠳᠡᠭᠡᠭᠰᠢᠬᠢ ᠬᠤᠲᠠ ᠶᠢᠨ ᠣᠷᠣᠨ ᠰᠠᠭᠤᠴᠠ ᠬᠤᠲᠠ | ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠭ | ᠵᠦᠢᠯ ᠯᠦᠭᠡ ᠨᠢ ᠬᠠᠷᠭᠤᠭᠤᠯᠬᠠᠤ ᠶᠢᠨ ᠬᠠᠮᠲᠦ ︽ᠤᠭ ᠵᠦᠢᠯ ᠯᠦᠭᠡ ᠨᠡᠶᠢᠴᠡᠨ᠎ᠡ ᠭᠡᠰᠡᠨ ᠲᠠᠮᠠᠭ᠎ᠠ︾ ᠳᠠᠷᠤᠨ᠎ᠠ᠃ | 1. ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠴᠢ | ᠴᠢᠳᠠᠮᠵᠢ ᠭᠤᠶᠤᠴᠢᠯᠠᠠᠬᠤ ᠬᠦᠰᠥᠨᠥᠭᠲᠦ︾ ︵ᠨᠢᠭᠡ ᠶᠠᠩᠵᠦ ᠶᠢᠨ ᠭᠤᠷᠪᠠᠨ ᠬᠤᠪᠢ︶︔ | 2. ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ ᠶᠢᠨ ᠳᠡᠳ᠋ | ᠳᠡᠪᠲᠡᠷ᠂ ᠪᠡᠯᠡ ᠰᠢᠯᠭᠠᠭᠰᠠᠨ ᠭᠡᠷᠡᠴᠢ ᠪᠣᠯᠣᠨ ᠠᠵᠦ ᠠᠬᠤᠶᠢᠯᠠᠯ ᠤᠨ ᠳᠦᠷᠢᠮ ᠤᠨ ᠤᠭ ᠵᠦᠢᠯ ᠬᠢᠭᠡᠳ | ᠪᠠᠭᠤᠯᠭᠠᠪᠥᠷᠢ︔ | 3. ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠤᠨ ᠵᠢᠩᠬᠢᠨᠢ᠂ ᠳᠡᠳ᠋ ᠳᠡᠪᠲᠡᠷ ᠤᠨ ᠤᠭ ᠵᠦᠢᠯ | ᠬᠢᠭᠡᠳ ᠰᠢᠷᠪᠢᠭᠰᠡᠨ ᠮᠠᠲ᠋ᠧᠷᠢᠶᠠᠯ︔ | 4. ᠠᠵᠦ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠦᠯᠥᠭᠡᠯᠡᠭᠴᠢ ᠶᠢᠨ ᠪᠡᠶ᠎ᠡ ᠶᠢᠨ ᠭᠡᠷᠡᠴᠢ ᠶᠢᠨ ᠤᠭ | ᠵᠦᠢᠯ ᠬᠢᠭᠡᠳ ᠰᠢᠷᠪᠢᠭᠰᠡᠨ ᠮᠠᠲ᠋ᠧᠷᠢᠶᠠᠯ︔ | 5. ᠠᠵᠦ ᠠᠬᠤᠶᠢᠯᠠᠯ ᠤᠨ ᠳᠠᠭᠠᠭᠠᠮᠠᠯ ᠤᠨ ᠲᠤᠰᠢᠶᠠᠯ ᠬᠠᠷᠢᠭᠤᠴᠠᠭᠰᠠᠨ ᠪᠢᠴᠢᠭ ᠮᠠᠲ᠋ᠧᠷᠢᠶᠠᠯ ᠬᠢᠭᠡᠳ | ᠪᠠᠭᠤᠯᠭᠠᠪᠥᠷᠢ᠂ ᠮᠡᠷᠭᠡᠵᠢᠯ ᠤᠨ ᠴᠤᠯᠠ ᠶᠢᠨ ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ ᠪᠤᠶᠤ ᠪᠠᠭᠤᠯᠭᠠᠪᠥᠷᠢ᠂ | ᠣᠷᠴᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠶᠢᠨ ᠤᠭ ᠵᠦᠢᠯ ᠪᠠ | ᠰᠦᠢᠳᠭᠡᠯ ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ︔ | 6. ᠠᠵᠦ ᠠᠬᠤᠶᠢᠯᠠᠯ ᠤᠨ ᠶᠡᠷᠥᠩᠬᠡᠢ ᠢᠨᠵᠧᠨᠧᠷ᠂ ᠶᠡᠷᠥᠩᠬᠡᠢ ᠨᠢᠭᠲᠠᠯᠠᠨ ᠪᠣᠳᠤᠬᠤ ᠮᠡᠷᠭᠡᠵᠢᠯᠲᠡᠨ᠂ | ᠶᠡᠷᠥᠩᠬᠡᠢ ᠠᠵᠦ ᠠᠬᠤᠶᠢᠴᠢ ᠶᠢᠨ ᠲᠤᠰᠢᠶᠠᠯ ᠬᠠᠷᠢᠭᠤᠴᠠᠭᠰᠠᠨ ᠪᠢᠴᠢᠭ ᠮᠠᠲ᠋ᠧᠷᠢᠶᠠᠯ ᠤᠨ ᠤᠭ ᠵᠦᠢᠯ ᠬᠢᠭᠡᠳ | ᠪᠠᠭᠤᠯᠭᠠᠪᠥᠷᠢ᠂ ᠮᠡᠷᠭᠡᠵᠢᠯ ᠤᠨ ᠴᠤᠯᠠ ᠶᠢᠨ ᠦᠨᠡᠮᠯᠡᠯ᠂ ᠰᠤᠷᠭᠠᠭᠤᠯᠢ ᠲᠡᠭᠦᠰᠥᠭᠰᠡᠨ ᠦᠨᠡᠮᠯᠡᠯ ᠪᠣᠯᠣᠨ ᠪᠡᠶ᠎ᠡ ᠶᠢᠨ | ᠦᠨᠡᠮᠯᠡᠯ ᠶᠢᠨ ᠤᠭ ᠵᠦᠢᠯ ᠬᠢᠭᠡᠳ ᠰᠢᠷᠪᠢᠭᠰᠡ ᠮᠠᠲ᠋ᠧᠷᠢᠶᠠᠯ᠂ ᠬᠦᠳᠡᠯᠮᠥᠷᠢ ᠶᠢᠨ ᠭᠡᠷ᠎ᠡ ᠶᠢᠨ ᠤᠭ ᠵᠦᠢᠯ ᠬᠢᠭᠡᠳ | ᠪᠠᠭᠤᠯᠭᠠᠪᠥᠷᠢ᠂ ᠣᠷᠴᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠶᠢᠨ | ᠤᠭ ᠵᠦᠢᠯ ᠪᠠ ᠰᠦᠢᠳᠭᠡᠯ ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ︔ | 7. ᠠᠵᠦ ᠠᠬᠤᠶᠢᠯᠠᠯ ᠤᠨ ᠬᠢᠷᠢ ᠴᠢᠳᠠᠮᠵᠢ ᠭᠤᠶᠤᠴᠢᠯᠠᠬᠤ ᠬᠦᠰᠥᠨᠥᠭᠲᠦ ᠳᠤ ᠵᠢᠭᠰᠠᠭᠠᠭᠰᠠᠨ ᠪᠦᠬᠦ | ᠢᠨᠵᠧᠨᠧᠷᠢᠭ ᠤᠨ ᠮᠡᠷᠭᠡᠵᠢᠯ ᠪᠣᠯᠣᠨ ᠠᠵᠦ ᠠᠬᠤᠢ ᠶᠢᠨ ᠬᠠᠮᠢᠶᠠᠷᠤᠯᠲᠠ ᠶᠢᠨ ᠠᠵᠢᠯᠲᠠᠨ ᠤ ᠮᠡᠷᠭᠡᠵᠢᠯ ᠤᠨ ᠴᠤᠯᠠ᠂ | ᠰᠤᠷᠭᠠᠭᠤᠯᠢ ᠲᠡᠭᠦᠰᠥᠭᠰᠡᠨ ᠦᠨᠡᠮᠯᠡᠯ ᠪᠣᠯᠣᠨ ᠪᠡᠶ᠎ᠡ ᠶᠢᠨ ᠦᠨᠡᠮᠯᠡᠯ ᠤᠨ ᠤᠭ ᠵᠦᠢᠯ ᠬᠢᠭᠡᠳ ᠰᠢᠷᠪᠢᠭᠰᠡᠨ | ᠮᠠᠲ᠋ᠧᠷᠢᠶᠠᠯ᠂ ᠬᠦᠳᠡᠯᠮᠥᠷᠢ ᠶᠢᠨ ᠭᠡᠷ᠎ᠡ ᠶᠢᠨ ᠤᠭ ᠵᠦᠢᠯ ᠬᠢᠭᠡᠳ ᠪᠠᠭᠤᠯᠭᠠᠪᠥᠷᠢ᠂ ᠣᠷᠴᠢᠮ ᠤᠨ ᠭᠤᠷᠪᠠᠨ | ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠶᠢᠨ ᠤᠭ ᠵᠦᠢᠯ ᠪᠣᠯᠣᠨ ᠰᠦᠢᠳᠭᠡᠯ | ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ᠂ ᠡᠭᠦᠨ ᠳᠤ ᠳᠤᠮᠳᠠ ᠵᠡᠷᠭᠡ ᠠᠴᠠ ᠳᠡᠭᠡᠭᠰᠢ | ᠮᠡᠷᠭᠡᠵᠢᠯ ᠤᠨ ᠴᠤᠯᠠ ᠲᠠᠢ ᠬᠦᠮᠥᠰ ᠤᠨ ᠬᠠᠩᠭᠠᠬᠤ ᠴᠢᠬᠤᠯᠠᠲᠠᠢ ᠨᠠᠮᠲᠠᠷ ᠤᠨ ᠬᠦᠰᠥᠨᠥᠭᠲᠦ᠂ ᠴᠡᠴᠡᠷᠯᠢᠭ ᠤᠨ | ᠲᠤᠰᠬᠠᠢ ᠮᠡᠷᠭᠡᠵᠢᠯ ᠤᠨ ᠳᠤᠮᠳᠠ ᠵᠡᠷᠭᠡ ᠠᠴᠠ ᠳᠡᠭᠡᠭᠰᠢ ᠮᠡᠷᠭᠡᠵᠢᠯ ᠤᠨ ᠴᠤᠯᠠ ᠲᠠᠢ ᠬᠦᠮᠥᠰ ᠤᠨ ᠬᠠᠩᠭᠠᠬᠤ | ᠴᠢᠬᠤᠯᠠᠲᠠᠢ ᠮᠡᠷᠭᠡᠵᠢᠯ ᠤᠨ ᠴᠤᠯᠠ ᠬᠢᠨᠠᠨ ᠲᠣᠭᠲᠠᠭᠠᠬᠤ ᠬᠦᠰᠥᠨᠥᠭᠲᠦ ᠶᠢᠨ ᠤᠭ ᠵᠦᠢᠯ ᠬᠢᠭᠡᠳ ᠪᠠᠭᠤᠯᠭᠠᠪᠥᠷᠢ︔ | 8. ᠠᠵᠦ ᠠᠬᠤᠶᠢᠯᠠᠯ ᠤᠨ ᠬᠢᠷᠢ ᠴᠢᠳᠠᠮᠵᠢ ᠭᠤᠶᠤᠴᠢᠯᠠᠬᠤ ᠬᠦᠰᠥᠨᠥᠭᠲᠦ ᠳᠤ ᠵᠢᠭᠰᠠᠭᠠᠭᠰᠠᠨ ᠪᠦᠬᠦ ᠳᠤᠮᠳᠠ | ᠵᠡᠷᠭᠡ ᠠᠴᠠ ᠳᠡᠭᠡᠭᠰᠢ ᠮᠡᠷᠭᠡᠵᠢᠯ ᠤᠨ ᠠᠵᠢᠯᠴᠢᠨ ᠤ ᠠᠵᠢᠯ ᠤᠨ ᠪᠠᠶᠢᠷᠢ ᠶᠢᠨ ᠦᠨᠡᠮᠯᠡᠯ᠂ ᠪᠡᠶ᠎ᠡ ᠶᠢᠨ ᠦᠨᠡᠮᠯᠡᠯ ᠤᠨ | ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ᠂ ᠬᠦᠳᠡᠯᠮᠥᠷᠢ ᠶᠢᠨ ᠭᠡᠷ᠎ᠡ ᠶᠢᠨ ᠤᠭ ᠵᠦᠢᠯ ᠬᠢᠭᠡᠳ ᠪᠠᠭᠤᠯᠭᠠᠪᠥᠷᠢ᠂ | ᠣᠷᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠪᠠ ᠰᠦᠢᠳᠭᠡᠯ | ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ︔ | 9. ᠠᠵᠦ ᠠᠬᠤᠶᠢᠯᠠᠯ ᠤᠨ ᠬᠢᠷᠢ ᠬᠡᠮ ᠭᠤᠶᠤᠴᠢᠯᠠᠬᠤ ᠬᠦᠰᠥᠨᠥᠭᠲᠦ ᠳᠤ ᠵᠢᠭᠰᠠᠭᠠᠭᠰᠠᠨ ᠣᠷᠢᠴᠮ ᠤᠨ | ᠭᠤᠷᠪᠠᠨ ᠵᠢᠯ ᠤᠨ ᠪᠠᠷᠢᠯᠭ᠎ᠠ ᠶᠢᠨ ᠲᠦᠷᠥᠯ ᠵᠦᠢᠯ ᠢ ᠲᠦᠯᠥᠭᠡᠯᠡᠭᠰᠡᠨ ᠳᠠᠭᠠᠭᠠᠴᠢᠯᠠᠯᠲᠠ ᠣᠯᠣᠭᠰᠠᠨ ᠮᠡᠳᠡᠭᠳᠡᠯ ᠤᠨ | ᠪᠢᠴᠢᠭ᠂ ᠪᠠᠷᠢᠯᠭ᠎ᠠ ᠪᠠᠷᠢᠬᠤ ᠵᠦᠪᠰᠢᠶᠡᠷᠡᠯ ᠤᠨ ᠦᠨᠡᠮᠯᠡᠯ ︵ᠠᠵᠢᠯ ᠡᠬᠢᠯᠡᠭᠦᠯᠬᠦ ᠮᠡᠳᠡᠭᠦᠯᠥᠯᠲᠡ︶᠂ ᠭᠡᠷ᠎ᠡ᠂ | ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠭᠡᠷᠡᠴᠢ ᠪᠠ ᠳ᠋ᠦᠩᠨᠡᠨ ᠪᠣᠳᠤᠭᠰᠠᠨ ᠲᠣᠳᠤᠷᠬᠠᠢ ᠬᠠᠭᠤᠳᠠᠰᠦ ᠶᠢᠨ | ᠤᠭ ᠵᠦᠢᠯ ᠬᠢᠭᠡᠳ ᠪᠠᠭᠤᠯᠭᠠᠪᠥᠷᠢ︔ 1 | 0. ᠠᠵᠦ ᠠᠬᠤᠶᠢᠯᠠᠯ ᠤᠨ ᠣᠷᠴᠢᠮ ᠤᠨ ᠭᠤᠷᠪᠠᠨ ᠵᠢᠯ ᠤᠨ ᠡᠳ᠋ ᠤᠨ ᠶᠠᠪᠤᠳᠠᠯ ᠤᠨ ᠬᠢᠨᠠᠨ ᠪᠣᠳᠤᠭᠰᠠ | ᠮᠡᠳᠡᠭᠦᠯᠥᠯᠲᠡ ︵ᠠᠵᠦ ᠠᠬᠤᠶᠢᠯᠠᠯ ᠤᠨ ᠲᠣᠭᠲᠠᠮᠠᠯ ᠬᠦᠷᠥᠩᠭᠡ ᠶᠢᠨ ᠨᠠᠷᠢᠨ ᠳᠠᠩᠰᠠ ᠶᠢ ᠳᠠᠭᠠᠯᠳᠤᠭᠤᠯᠬᠤ ᠬᠡᠷᠡᠭᠲᠡᠢ︶ | ᠂ ᠡᠳ᠋ ᠤᠨ ᠶᠠᠪᠤᠳᠠᠯ ᠤᠨ ᠳ᠋ᠦᠩᠨᠡᠨ ᠪᠣᠳᠤᠭᠰᠠᠨ ᠣᠨ ᠤ ᠮᠡᠳᠡᠭᠦᠯᠥᠯᠲᠡ ᠶᠢᠨ ᠬᠦᠰᠥᠨᠥᠭᠲᠦ ᠪᠠ ᠠᠵᠦ | ᠠᠬᠤᠶᠢᠯᠠᠯ ᠤᠨ ᠡᠵᠡᠩᠨᠡᠯᠲᠡ ᠶᠢᠨ ᠭᠠᠶᠢᠯᠢ ᠶᠢᠨ ᠫᠢᠶᠤᠤ ᠶᠢᠨ ᠤᠭ ᠵᠦᠢᠯ ᠬᠢᠭᠡᠳ ᠪᠠᠭᠤᠯᠭᠠᠪᠥᠷᠢ︔ | 11. ᠠᠵᠦ ᠠᠬᠤᠶᠢᠯᠠᠯ ᠤᠨ ᠵᠤᠯᠵᠠᠭ᠎ᠠ ᠮᠣᠳᠤᠨ ᠤ ᠰᠠᠭᠤᠷᠢᠨ ᠭᠠᠵᠠᠷ ᠤᠨ ᠦᠪᠡᠷ ᠤᠨ ᠭᠠᠵᠠᠷ ᠰᠢᠷᠣᠢ ᠶᠢᠨ | ᠭᠡᠷᠡᠴᠢ ᠶᠢᠨ ᠤᠭ ᠵᠦᠢᠯ ᠬᠢᠭᠡᠳ ᠪᠠᠭᠤᠯᠭᠠᠪᠥᠷᠢ᠂ ᠡᠰᠡᠭᠦᠯ᠎ᠡ ᠠᠵᠦ ᠠᠬᠤᠶᠢᠯᠠᠯ ᠤᠨ ᠵᠤᠯᠵᠠᠭ᠎ᠠ ᠮᠣᠳᠦ | ᠦᠢᠯᠡᠳᠪᠥᠷᠢᠯᠡᠵᠦ ᠪᠤᠶᠢᠵᠢᠭᠤᠯᠬᠤ ᠰᠠᠭᠤᠷᠢᠨ ᠭᠠᠵᠠᠷ ᠤᠨ ᠭᠡᠷ᠎ᠡ ᠬᠤᠭᠤᠴᠠᠭ᠎ᠠ ᠨᠢ ᠲᠠᠪᠤᠨ ᠵᠢᠯ ᠠᠴᠠ ᠳᠡᠭᠡᠭᠰᠢᠬᠢ | ᠲᠦᠷᠢᠶᠡᠰᠥᠯᠡᠭᠰᠡᠨ ᠭᠡᠷ᠎ᠡ ᠪᠣᠯᠣᠨ ᠣᠷᠴᠢᠮ ᠤᠨ ᠨᠢᠭᠡ ᠵᠢᠯ ᠤᠨ ᠲᠦᠷᠢᠶᠡᠰᠥᠨ ᠮᠦᠩᠭᠦ ᠵᠠᠷᠤᠴᠠᠭᠤᠯᠤᠭᠰᠠᠨ | ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ᠃ | ︵ᠬᠤᠶᠠᠷ︶ ᠭᠤᠶᠤᠴᠢᠯᠠᠯ ᠤᠨ ᠮᠠᠲ᠋ᠧᠷᠢᠶᠠᠯ ᠤᠨ ᠱᠠᠭᠠᠷᠳᠠᠯᠭ᠎ᠠ | 1. ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠪᠠᠷ ᠭᠤᠶᠤᠴᠢᠯᠠᠬᠤ ᠬᠦᠰᠥᠨᠥᠭᠲᠦ︾ ᠨᠢᠭᠡ ᠶᠠᠩᠵᠦ ᠶᠢᠨ ᠭᠤᠷᠪᠠᠨ ᠬᠤᠪᠢ᠂ ᠳᠠᠭᠠᠯᠳᠤᠭᠤᠯᠤᠯ | ᠮᠠᠲ᠋ᠧᠷᠢᠶᠠᠯ ᠨᠢᠭᠡ ᠢᠵᠢ᠃ ᠳᠠᠭᠠᠯᠳᠤᠭᠤᠯᠤᠯ ᠮᠠᠲ᠋ᠧᠷᠢᠶᠠᠯ ᠤᠨ ᠬᠡᠪ ᠪᠠᠷᠢᠮᠵᠢᠶ᠎ᠠ ᠨᠢ A4 ︵210 × | 297mm︶ ᠬᠡᠯᠪᠡᠷᠢ ᠶᠢᠨ ᠴᠠᠭᠠᠰᠥᠨ ᠤ ᠪᠦᠭᠡᠳ ᠬᠠᠭᠤᠳᠠᠰᠤᠨ ᠳ᠋ᠤᠭᠠᠷ ᠢ ᠲᠣᠳᠤᠷᠬᠠᠶᠢᠯᠠᠭᠰᠠᠨ ᠶᠡᠷᠥᠩᠬᠡᠢ | ᠭᠠᠷᠴᠠᠭ ᠲᠠᠢ ᠪᠠᠶᠢᠵᠦ᠂ ᠵᠦᠭᠡᠯᠡᠨ ᠭᠠᠳᠠᠷ ᠪᠠ ᠨᠢᠭᠤᠷ ᠠᠷᠤ ᠨᠢᠭᠤᠷ ᠲᠠᠢ᠂ ᠬᠠᠭᠤᠳᠠᠰᠦ ᠳᠠᠷᠠᠭᠠᠯᠠᠨ ᠨᠢᠭᠤᠷ ᠤᠨ | ᠳ᠋ᠤᠭᠠᠷ ᠪᠢᠴᠢᠭᠰᠡᠨ ᠪᠠᠶᠢᠬᠤ ᠶᠢᠨ ᠬᠠᠮᠲᠦ ᠳᠣᠣᠷ᠎ᠠ ᠵᠢᠭᠰᠠᠭᠠᠰᠠᠨ ᠳᠠᠷᠠᠭᠠᠯᠠᠯ ᠶᠣᠰᠤᠭᠠᠷ ᠦᠳᠡᠭᠰᠡᠨ ᠪᠠᠶᠢᠬᠤ ᠶᠢ | ᠱᠠᠭᠠᠷᠳᠠᠨ᠎ᠠ᠄ | ᠨᠢᠭᠡᠳᠥᠭᠡᠷ ᠳᠡᠪᠲᠡᠷ᠄ ᠶᠡᠷᠥᠩᠬᠡᠶᠢᠯᠡᠭᠰᠡᠨ ᠮᠠᠲ᠋ᠧᠷᠢᠶᠠᠯ᠂ ᠡᠭᠦᠨ ᠳᠤ ᠭᠤᠶᠤᠴᠢᠯᠠᠯ ᠤᠨ ᠮᠠᠲ᠋ᠧᠷᠢᠶᠠᠯ ᠤᠨ | ᠠᠭᠤᠯᠭ᠎ᠠ ᠳᠠᠬᠢ 2 — 6᠂ 10᠂ 11 ᠳ᠋ᠤᠭᠡᠷ ᠵᠦᠢᠯ︔ | ᠬᠤᠶᠠᠳᠤᠭᠠᠷ ᠳᠡᠪᠲᠡᠷ᠄ ᠬᠦᠮᠥᠰ ᠤᠨ ᠮᠠᠲ᠋ᠧᠷᠢᠶᠠᠯ᠂ ᠡᠭᠦᠨ ᠳᠤ ᠭᠤᠶᠤᠴᠢᠯᠠᠯ ᠤᠨ ᠮᠠᠲ᠋ᠧᠷᠢᠶᠠᠯ ᠤᠨ | ᠠᠭᠤᠯᠭ᠎ᠠ ᠳᠠᠬᠢ 7᠂ 8 ᠳ᠋ᠤᠭᠠᠷ ᠵᠦᠢᠯ ᠪᠠᠭᠲᠠᠨ᠎ᠠ︔ | ᠭᠤᠷᠪᠠᠳᠤᠭᠠᠷ ᠳᠡᠪᠲᠡᠷ᠄ ᠢᠨᠵᠧᠨᠧᠷᠢᠩ ᠤᠨ ᠠᠮᠵᠢᠯᠲᠠ ᠪᠦᠲᠥᠮᠵᠢ ᠶᠢᠨ ᠮᠠᠲ᠋ᠧᠷᠢᠶᠠᠯ᠂ ᠡᠭᠦᠨ ᠳᠤ | ᠭᠤᠶᠤᠴᠢᠯᠠᠯ ᠤᠨ ᠮᠠᠲ᠋ᠧᠷᠢᠶᠠᠯ ᠤᠨ ᠠᠭᠤᠯᠭ᠎ᠠ ᠳᠠᠬᠢ 9 ᠳ᠋ᠤᠭᠡᠷ ᠵᠦᠢᠯ ᠪᠠᠭᠲᠠᠨ᠎ᠠ᠃ | 2. ᠭᠤᠶᠤᠴᠢᠯᠠᠯ ᠤᠨ ᠮᠠᠲ᠋ᠧᠷᠢᠶᠠᠯ ᠤᠨ ᠲᠤᠭ᠎ᠠ ᠪᠠᠷᠢᠮᠲᠠ ᠨᠢ ᠪᠦᠷᠢᠨ ᠭᠦᠢᠴᠡᠳ᠂ ᠬᠦᠰᠥᠨᠥᠭᠲᠦ | ᠲᠠᠭᠯᠠᠭᠰᠠᠨ ᠨᠢ ᠵᠢᠷᠤᠮᠵᠢᠯ ᠲᠠᠢ᠂ ᠲᠠᠮᠠᠭ᠎ᠠ ᠶᠢᠨ ᠬᠡᠪ ᠶᠠᠩᠵᠦ ᠨᠢ ᠲᠤᠳᠤᠷᠬᠠᠢ᠂ ᠦᠰᠥᠭ ᠨᠢ ᠲᠣᠳᠦ ᠪᠦᠭᠡᠳ | ᠲᠡᠭᠰᠢ ᠪᠠᠶᠢᠵᠦ᠂ ᠰᠢᠷᠪᠢᠭᠰᠡᠨ ᠮᠠᠲ᠋ᠧᠷᠢᠶᠠᠯ ᠪᠣᠯᠣᠨ ᠪᠠᠭᠤᠯᠭᠠᠪᠥᠷᠢ ᠨᠢ ᠡᠷᠬᠡᠪᠰᠢ ᠲᠣᠳᠣ᠂ ᠢᠯᠭᠠᠪᠥᠷᠢᠲᠠᠢ ᠪᠠᠶᠢᠬᠤ | ᠬᠡᠷᠡᠭᠲᠡᠢ᠃ | 3. ᠪᠣᠢ ᠪᠦᠬᠦᠢ ᠦᠨᠡᠮᠯᠡᠯ ︵ᠬᠢᠷᠢ ᠴᠢᠳᠠᠮᠵᠢ ᠶᠢᠨ ᠦᠨᠡᠮᠯᠡᠯ᠂ ᠪᠡᠶ᠎ᠡ ᠶᠢᠨ ᠦᠨᠡᠮᠯᠡᠯ᠂ ᠮᠡᠷᠭᠡᠵᠢᠯ ᠤᠨ | ᠴᠤᠯᠠ ᠶᠢᠨ ᠦᠨᠡᠮᠯᠡᠯ᠂ ᠠᠵᠢᠯ ᠤᠨ ᠪᠠᠶᠢᠷᠢ ᠶᠢᠨ ᠦᠨᠡᠮᠯᠡᠯ᠂ ᠰᠤᠷᠭᠠᠭᠤᠯᠢ ᠲᠡᠭᠦᠰᠥᠭᠰᠡᠨ ᠦᠨᠡᠮᠯᠡᠯ ᠵᠡᠷᠭᠡ ᠪᠠᠭᠲᠠᠨ᠎ᠠ | ︶ ᠢ ᠴᠦᠮ ᠰᠢᠷᠪᠢᠭᠰᠡᠨ ᠮᠠᠲ᠋ᠧᠷᠢᠶᠠᠯ ᠢᠶᠠᠷ ᠬᠠᠩᠭᠠᠬᠤ ᠬᠡᠷᠡᠭᠲᠡᠢ᠃ | 4. ᠮᠡᠷᠭᠡᠵᠢᠯ ᠤᠨ ᠴᠤᠯᠠ ᠶᠢᠨ ᠦᠨᠡᠮᠯᠡᠯ ᠢ ᠡᠷᠬᠡᠪᠰᠢ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠪᠤᠶᠤ | ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠤᠨ ᠡᠷᠬᠡ ᠣᠯᠭᠤᠵᠦ ᠮᠡᠳᠡᠷᠡᠭᠰᠡᠨ ᠪᠠᠶᠢᠭᠤᠯᠭ᠎ᠠ ᠣᠯᠭᠤᠭᠰᠠᠨ ᠪᠠᠶᠢᠬᠤ | ᠬᠡᠷᠡᠭᠲᠡᠢ︔ | 5. ᠠᠵᠦ ᠠᠬᠤᠶᠢᠯᠠᠯ ᠤᠨ ᠡᠳ᠋ ᠤᠨ ᠶᠠᠪᠤᠳᠠᠯ ᠤᠨ ᠬᠢᠨᠠᠨ ᠪᠣᠳᠤᠭᠰᠠᠨ ᠮᠡᠳᠡᠭᠦᠯᠥᠯᠲᠡ ᠪᠣᠯᠣᠨ ᠡᠳ᠋ ᠤᠨ | ᠶᠠᠪᠤᠳᠠᠯ ᠤᠨ ᠳ᠋ᠦᠩᠨᠡᠨ ᠪᠣᠳᠤᠭᠰᠠᠨ ᠮᠡᠳᠡᠭᠦᠯᠬᠦ ᠬᠦᠰᠥᠨᠥᠭᠲᠦ ᠨᠢ ᠡᠷᠬᠡᠪᠰᠢ ᠬᠠᠤᠯᠢ ᠪᠠᠷ ᠲᠣᠭᠲᠠᠭᠠᠭᠰᠠᠨ ᠬᠢᠷᠢ | ᠬᠡᠮ ᠲᠠᠢ ᠬᠢᠨᠠᠨ ᠪᠣᠳᠤᠯᠲᠠ ᠶᠢᠨ ᠬᠡᠷᠡᠭ ᠡᠷᠬᠢᠯᠡᠬᠦ ᠭᠠᠵᠠᠷ ᠪᠤᠶᠤ ᠨᠢᠭᠲᠠᠯᠠᠨ ᠪᠣᠳᠤᠯᠲᠠ ᠶᠢᠨ ᠬᠡᠷᠡᠭ ᠡᠷᠬᠢᠯᠡᠬᠦ | ᠭᠠᠵᠠᠷ ᠠᠴᠠ ᠬᠢᠭᠰᠡᠨ ᠪᠠᠶᠢᠬᠤ ᠬᠡᠷᠡᠭᠲᠡᠢ᠃ | ᠳᠦᠷᠪᠡᠳᠥᠭᠡᠷ ᠵᠦᠢᠯ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠬᠤ ᠶᠠᠮᠤᠨ ᠭᠤᠶᠤᠴᠢᠯᠠᠯ ᠤᠨ | ᠮᠠᠲ᠋ᠧᠷᠢᠶᠠᠯ ᠢ ᠬᠦᠯᠢᠶᠡᠨ ᠠᠪᠴᠦ ᠰᠢᠢᠳᠪᠥᠷᠢᠯᠡᠬᠦ ᠶᠠᠪᠤᠳᠠᠯ ᠢ ᠭᠦᠢᠴᠡᠳᠭᠡᠬᠦ ᠳᠤ᠂ ᠡᠷᠬᠡᠪᠰᠢ ᠬᠦᠯᠢᠶᠡᠨ ᠠᠪᠤᠭᠰᠠᠨ | ᠪᠢᠴᠢᠭᠯᠡᠭᠰᠡᠨ ᠪᠠᠷᠢᠮᠲᠠ ᠬᠢᠵᠦ ᠦᠭᠴᠦ᠂ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠤᠨ ᠲᠠᠮᠠᠭ᠎ᠠ ᠶᠢ | ᠳᠠᠷᠤᠭᠰᠠᠨ ᠤ ᠳᠠᠷᠠᠭ᠎ᠠ ᠰᠠᠶ᠋ᠢ ᠬᠦᠴᠥᠨ ᠲᠠᠢ᠃ | ︵ᠨᠢᠭᠡ︶ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ | ᠬᠢᠷᠢ ᠴᠢᠳᠠᠮᠵᠢ ᠪᠠᠷ ᠭᠤᠶᠤᠴᠢᠯᠠᠬᠤ ᠮᠠᠲ᠋ᠧᠷᠢᠶᠠᠯ ᠢ ᠮᠡᠳᠡᠭᠦᠯᠥᠨ ᠬᠦᠷᠭᠡᠬᠦ ᠳᠡᠭᠡᠨ᠂ ᠮᠣᠵᠢ ᠶᠢᠨ ᠱᠠᠲᠤᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠩᠬᠢᠨᠢ ᠮᠡᠳᠡᠭᠦᠯᠥᠨ ᠬᠦᠷᠭᠡᠬᠦ ᠠᠯᠪᠠᠨ ᠵᠠᠬᠢᠳᠠᠯ᠂ ᠠᠩᠬ᠎ᠠ | ᠬᠢᠨᠠᠭᠰᠠᠨ ᠰᠠᠨᠠᠯ᠂ ᠠᠵᠦ ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠭᠰᠠᠨ ᠮᠠᠲ᠋ᠧᠷᠢᠶᠠᠯ ᠢ ᠴᠠᠭᠠᠰᠥᠨ | ᠮᠠᠲ᠋ᠧᠷᠢᠶᠠᠯ ᠯᠤᠭ᠎ᠠ ᠨᠢ ᠬᠠᠷᠭᠤᠭᠤᠯᠤᠭᠠᠳ ᠨᠤᠲᠠᠯᠠᠭᠰᠠᠨ ᠬᠠᠭᠤᠳᠠᠰᠦ ᠯᠤᠭ᠎ᠠ ᠬᠠᠮᠲᠦ ᠳᠤᠨᠢ ᠲᠤᠰᠢᠶᠠᠬᠤ ᠬᠡᠷᠡᠭᠲᠡᠢ᠃ | | ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ | ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠭᠤᠶᠤᠴᠢᠯᠠᠯ ᠤᠨ ᠮᠠᠲ᠋ᠧᠷᠢᠶᠠᠯ ᠤᠨ ᠬᠤᠪᠢ ᠶᠢᠨ ᠲᠤᠭ᠎ᠠ ᠨᠢ | ᠪᠦᠷᠢᠨ ᠭᠦᠢᠴᠡᠳ ᠪᠦᠭᠡᠳ ᠬᠠᠤᠯᠢ ᠪᠠᠷ ᠲᠣᠭᠲᠠᠭᠠᠭᠰᠠᠨ ᠬᠡᠯᠪᠡᠷᠢ ᠶᠢᠨ ᠨᠦᠬᠦᠴᠡᠯ ᠳᠤ ᠨᠡᠶᠢᠴᠡᠵᠦ ᠪᠠᠶᠢᠪᠠᠯ᠂ | ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠡᠳᠥᠷ ᠠᠴᠠ | ᠡᠬᠢᠯᠡᠨ 2 ᠠᠵᠢᠯᠯᠠᠬᠤ ᠡᠳᠥᠷ ᠤᠨ ᠲᠣᠲᠤᠷ᠎ᠠ ᠬᠦᠯᠢᠶᠡᠨ ᠠᠪᠴᠦ᠂ ᠭᠤᠶᠤᠴᠢᠯᠠᠯ ᠤᠨ ᠮᠠᠲ᠋ᠧᠷᠢᠶᠠᠯ ᠢ ᠠᠩᠬ᠎ᠠ | ᠬᠢᠨᠠᠬᠤ ᠰᠠᠯᠠᠭ᠎ᠠ ᠮᠦᠴᠢᠷ ᠲᠤ ︽ᠪᠦᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ | ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠪᠠᠷᠢᠮᠲᠠ︾ ᠬᠢᠵᠦ ᠦᠭᠬᠦ ᠶᠢᠨ ᠬᠠᠮᠲᠦ ᠭᠤᠶᠤᠴᠢᠯᠠᠯ ᠤᠨ | ᠮᠠᠲ᠋ᠧᠷᠢᠶᠠᠯ ᠤᠨ ᠭᠤᠣᠯ ᠮᠡᠳᠡᠭᠡ ᠵᠠᠩᠭᠢ ︵ᠠᠵᠦ ᠠᠬᠤᠶᠢᠯᠠᠯ ᠤᠨ ᠨᠡᠷᠡᠶᠢᠳᠥᠯ᠂ ᠡᠳ᠋ ᠬᠦᠷᠥᠩᠭᠡ ᠶᠢᠨ ᠪᠠᠶᠢᠳᠠᠯ᠂ | ᠭᠤᠣᠯ ᠪᠣᠯᠬᠤ ᠮᠡᠷᠭᠡᠵᠢᠯ ᠬᠢᠭᠡᠳ ᠬᠠᠮᠢᠶᠠᠷᠤᠯᠲᠠ ᠶᠢᠨ ᠠᠵᠢᠯᠲᠠᠨ ᠢ ᠵᠢᠭᠰᠠᠭᠠᠭᠰᠠᠨ ᠬᠦᠰᠥᠨᠥᠭᠲᠦ᠂ ᠲᠦᠯᠥᠭᠡᠯᠡᠬᠦ | ᠪᠠᠷᠢᠯᠭ᠎ᠠ ᠶᠢᠨ ᠲᠦᠷᠥᠯ ᠵᠦᠢᠯ ᠢ ᠵᠢᠭᠰᠠᠭᠠᠭᠰᠠᠨ ᠬᠦᠰᠥᠨᠥᠭᠲᠦ ᠪᠠᠭᠲᠠᠨ᠎ᠠ︶ ᠶᠢ ᠣᠷᠣᠨ ᠰᠠᠭᠤᠴᠠ ᠬᠤᠲᠠ | ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠪᠠᠷ ᠨᠡᠶᠢᠲᠡ ᠳᠤ ᠵᠠᠷᠯᠠᠵᠦ᠂ | ᠨᠡᠶᠢᠲᠡ ᠳᠤ ᠵᠠᠷᠯᠠᠵᠦ ᠳᠠᠭᠤᠰᠲᠠᠯ᠎ᠠ ᠲᠤᠰᠬᠠᠢ ᠮᠡᠷᠭᠡᠵᠢᠯᠲᠡᠳ ᠤᠨ ᠬᠢᠨᠠᠨ ᠲᠣᠭᠲᠠᠭᠠᠬᠤ ᠠᠵᠢᠯ ᠡᠬᠢᠯᠡᠨ᠎ᠡ᠃ | ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠪᠠᠷ ᠲᠣᠭᠲᠠᠭᠠᠭᠰᠠᠨ ᠬᠡᠯᠪᠡᠷᠢ ᠶᠢᠨ ᠨᠦᠬᠦᠴᠡᠯ ᠳᠤ ᠨᠡᠶᠢᠴᠡᠬᠦ | ᠦᠭᠡᠢ ᠪᠣᠯ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ | ᠡᠳᠥᠷ ᠠᠴᠠ ᠡᠬᠢᠯᠡᠨ 2 ᠠᠵᠢᠯᠯᠠᠬᠤ ᠡᠳᠥᠷ ᠤᠨ ᠲᠣᠲᠤᠷ᠎ᠠ ᠭᠤᠶᠤᠴᠢᠯᠠᠯ ᠤᠨ ᠮᠠᠲ᠋ᠧᠷᠢᠶᠠᠯ ᠢ ᠠᠩᠬ᠎ᠠ ᠬᠢᠨᠠᠬᠤ | ᠰᠠᠯᠠᠭ᠎ᠠ ᠮᠦᠴᠢᠷ ᠲᠤ ︽ᠪᠦᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠤᠨ | ᠮᠠᠲ᠋ᠧᠷᠢᠶᠠᠯ ᠢ ᠬᠦᠯᠢᠶᠡᠨ ᠠᠪᠬᠤ ᠦᠭᠡᠢ ᠭᠡᠰᠡᠨ ᠪᠠᠷᠢᠮᠲᠠ︾ ᠬᠢᠵᠦ ᠦᠭᠬᠦ ᠶᠢᠨ ᠬᠠᠮᠲᠦ ᠭᠤᠶᠤᠴᠢᠯᠠᠯ ᠤᠨ | ᠮᠠᠲ᠋ᠧᠷᠢᠶᠠᠯ ᠢ ᠪᠤᠴᠠᠭᠠᠨ᠎ᠠ᠃ | ᠬᠦᠯᠢᠶᠡᠨ ᠠᠪᠬᠤ ᠭᠠᠷᠳᠠᠮ ᠭᠦᠢᠴᠡᠳᠭᠡᠭᠰᠡᠨ ᠭᠤᠶᠤᠴᠢᠯᠠᠯ ᠤᠨ ᠮᠠᠲ᠋ᠧᠷᠢᠶᠠᠯ ᠳᠤ ᠲᠤᠬᠠᠶᠢᠯᠠᠭᠰᠠᠨ ᠠᠵᠢᠯ ᠤᠨ | ᠵᠣᠷᠭᠠᠨ ᠱᠠᠭᠠᠷᠳᠠᠯᠭ᠎ᠠ ᠳᠤᠷᠠᠳᠬᠤ ᠶᠢ ᠭᠠᠷᠭᠠᠪᠠᠯ᠂ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ | ᠵᠠᠷᠴᠢᠮ ᠳᠡᠭᠡᠷ᠎ᠡ ᠪᠠᠨ ᠶᠠᠮᠠᠷᠪᠠ ᠬᠠᠮᠢᠶ᠎ᠠ ᠪᠦᠬᠦᠢ ᠨᠦᠬᠦᠪᠥᠷᠢᠯᠡᠬᠦ ᠮᠠᠲ᠋ᠧᠷᠢᠶᠠᠯ ᠢ ᠬᠦᠯᠢᠶᠡᠨ ᠠᠪᠬᠤ ᠦᠭᠡᠢ ᠪᠦᠭᠡᠳ | ᠶᠠᠮᠠᠷᠪᠠ ᠰᠢᠯᠲᠠᠭᠠᠨ ᠤ ᠮᠠᠲ᠋ᠧᠷᠢᠶᠠᠯ ᠪᠤᠴᠠᠭᠠᠬᠤ ᠤᠴᠢᠷ ᠶᠠᠪᠤᠳᠠᠯ ᠢ ᠭᠡᠳ ᠭᠦᠢᠴᠡᠳᠭᠡᠬᠦ ᠦᠭᠡᠢ᠃ | ︵ᠬᠤᠶᠠᠷ︶ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠠᠩᠬ᠎ᠠ | ᠬᠢᠨᠠᠭᠤᠯᠤᠭᠰᠠᠨ ᠬᠤᠪᠢᠷᠠᠭᠠᠬᠤ ︵ᠦᠨᠡᠮᠯᠡᠯ ᠨᠦᠬᠦᠬᠦ︶ ᠮᠠᠲ᠋ᠧᠷᠢᠶᠠᠯ ᠳᠤ ᠶᠠᠮᠤᠨ ᠤ ᠬᠦᠯᠢᠶᠡᠨ ᠠᠪᠴᠦ | ᠰᠢᠢᠳᠪᠥᠷᠢᠯᠡᠬᠦ ᠠᠯᠪᠠᠨ ᠭᠡᠷ ᠨᠢ ᠮᠠᠲ᠋ᠧᠷᠢᠶᠠᠯ ᠬᠦᠷᠭᠡᠭᠴᠢ ᠳᠤ ︽ᠬᠤᠪᠢᠷᠠᠭᠠᠬᠤ ︵ᠦᠨᠡᠮᠯᠡᠯ ᠨᠦᠬᠦᠬᠦ︶ | ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠪᠠᠷᠢᠮᠲᠠ︾ ᠶᠢ ᠳᠠᠷᠦ᠋ᠢᠬᠠᠨ ᠬᠢᠵᠦ ᠦᠭᠬᠦ ᠶᠢᠨ ᠬᠠᠮᠲᠦ | ᠮᠠᠲ᠋ᠧᠷᠢᠶᠠᠯ ᠬᠦᠷᠭᠡᠭᠴᠢ ᠲᠠᠭᠦᠨ ᠢᠶᠠᠷ ᠨᠢ ᠦᠨᠡᠮᠯᠡᠯ ᠠᠪᠤᠨ᠎ᠠ᠃ | ︵ᠭᠤᠷᠪᠠ︶ ᠠᠵᠦ ᠠᠬᠤᠶᠢᠯᠠᠯ ᠤᠨ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠮᠡᠳᠡᠭᠦᠯᠥᠨ ᠬᠦᠷᠭᠡᠭᠰᠡᠨ | ᠲᠣᠭᠠᠴᠢᠭᠰᠠᠨ ᠮᠠᠲ᠋ᠧᠷᠢᠶᠠᠯ ᠤᠨ ᠨᠡᠶᠢᠲᠡ ᠳᠤ ᠵᠠᠷᠯᠠᠬᠤ ᠬᠤᠭᠤᠴᠠᠭᠠᠨ ᠳᠤ ᠢᠯᠡᠭᠡᠭᠰᠡᠨ ᠪᠦᠬᠦᠨ ᠢ ᠶᠠᠮᠤᠨ ᠤ | ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠬᠦᠯᠢᠶᠡᠨ ᠠᠪᠬᠤ ᠬᠡᠷᠡᠭᠲᠡᠢ ᠪᠦᠭᠡᠳ ᠲᠣᠭᠠᠴᠢᠭᠰᠠᠨ ᠮᠠᠲ᠋ᠧᠷᠢᠶᠠᠯ ᠢ | ᠠᠩᠬ᠎ᠠ ᠬᠢᠨᠠᠬᠤ ᠰᠠᠯᠠᠭ᠎ᠠ ᠮᠦᠴᠢᠷ ᠲᠤ ︽ᠪᠦᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ | ᠲᠣᠭᠠᠴᠢᠭᠰᠠᠨ ᠮᠠᠲ᠋ᠧᠷᠢᠶᠠᠯ ᠢ ᠬᠦᠯᠢᠶᠡᠨ ᠠᠪᠤᠭᠰᠠᠨ ᠪᠠᠷᠢᠮᠲᠠ︾ ᠬᠢᠵᠦ ᠦᠭᠴᠦ᠂ ᠴᠠᠭ ᠬᠤᠭᠤᠴᠠᠭ᠎ᠠ ᠶᠢ ᠨᠢ | ᠰᠢᠤᠳᠠᠨ ᠤ ᠲᠠᠮᠠᠭ᠎ᠠ ᠶᠢᠨ ᠡᠳᠥᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ᠃ | ᠲᠠᠪᠤᠳᠤᠭᠠᠷ ᠵᠦᠢᠯ ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠪᠠ ᠨᠡᠶᠢᠲᠡ ᠳᠤ ᠵᠠᠷᠯᠠᠬᠤ | ᠬᠤᠲᠠ ᠶᠢᠨ ᠴᠡᠴᠡᠷᠯᠢᠭ ᠤᠨ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠢᠨᠠᠨ | ᠪᠠᠶᠢᠴᠠᠭᠠᠬᠤ ᠶᠠᠪᠤᠳᠠᠯ ᠳᠤ ᠢᠯᠡ᠂ ᠲᠦᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠂ ᠠᠵᠦ ᠠᠬᠤᠶᠢᠯᠠᠯ ᠠᠴᠠ | ᠶᠠᠮᠠᠷᠪᠠ ᠵᠠᠷᠤᠳᠠᠯ ᠬᠤᠷᠢᠶᠠᠬᠤ ᠦᠭᠡᠢ᠂ ᠠᠵᠦ ᠠᠬᠤᠶᠢᠯᠠᠯ ᠢ ᠡᠭᠦᠨ ᠤ ᠲᠦᠯᠥᠭᠡ ᠶᠠᠮᠠᠷᠪᠠ ᠬᠡᠯᠪᠡᠷᠢ ᠶᠢᠨ | ᠤᠬᠠᠭᠤᠯᠭ᠎ᠠ ᠬᠢᠯᠭᠡᠬᠦ ᠪᠠᠷ ᠱᠠᠭᠠᠷᠳᠠᠬᠤ ᠦᠭᠡᠢ ᠪᠠᠶᠢᠵᠦ᠂ ᠨᠡᠶᠢᠭᠡᠮ ᠤᠨ ᠶᠠᠮᠠᠷᠪᠠ ᠪᠠᠶᠢᠭᠤᠯᠤᠮᠵᠢ ᠶᠢᠨ ᠣᠷᠣᠯᠴᠠᠬᠤ ᠶᠢ | ᠵᠦᠪᠰᠢᠶᠡᠷᠡᠬᠦ ᠦᠭᠡᠢ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ | ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠵᠦ | ᠠᠬᠤᠶᠢᠯᠠᠯ ᠤᠨ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠬᠠᠷᠢᠭᠤᠴᠠᠵᠦ᠂ ᠬᠢᠨᠠᠨ ᠲᠣᠭᠲᠠᠭᠠᠭᠰᠠᠨ | ᠦᠷ᠎ᠡ ᠳ᠋ᠦᠩ ᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠨᠢ ᠣᠷᠣᠨ ᠰᠠᠭᠤᠴᠠ ᠬᠤᠲᠠ | ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ︵www.mohurd.gov. | cn︶ ᠪᠠᠷ ᠨᠡᠶᠢᠲᠡ ᠳᠤ ᠵᠠᠷᠯᠠᠨ᠎ᠠ᠂ ᠨᠡᠶᠢᠲᠡ ᠳᠤ ᠵᠠᠷᠯᠠᠬᠤ ᠬᠤᠭᠤᠴᠠᠭ᠎ᠠ ᠨᠢ 10 ᠡᠳᠥᠷ ᠪᠣᠯᠤᠨ᠎ᠠ᠃ | ᠨᠡᠶᠢᠲᠡ ᠳᠤ ᠵᠠᠷᠯᠠᠬᠤ ᠬᠤᠭᠤᠴᠠᠭᠠᠨ ᠳᠤ ᠡᠯ᠎ᠡ ᠬᠤᠯᠪᠤᠭᠳᠠᠯ ᠪᠦᠬᠦᠢ ᠠᠵᠦ ᠠᠬᠤᠶᠢᠯᠠᠯ ᠤᠳ ᠬᠢᠨᠠᠨ | ᠲᠣᠭᠲᠠᠭᠠᠭᠰᠠᠨ ᠦᠷ᠎ᠡ ᠳ᠋ᠦᠩ ᠳᠤ ᠲᠣᠭᠠᠴᠢᠭᠰᠠᠨ ᠰᠠᠨᠠᠯ ᠢᠶᠠᠨ ᠳᠤᠷᠠᠳᠴᠦ ᠪᠣᠯᠬᠤ ᠪᠦᠭᠡᠳ ᠨᠡᠶᠢᠲᠡ ᠳᠤ ᠵᠠᠷᠯᠠᠬᠤ | ᠬᠤᠭᠤᠴᠠᠭᠠᠨ ᠳᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠭᠤᠯᠤᠭᠰᠠᠨ | ᠪᠢᠴᠢᠭᠯᠡᠭᠰᠡᠨ ᠲᠣᠭᠠᠴᠢᠭᠰᠠᠨ ᠮᠠᠲ᠋ᠧᠷᠢᠶᠠᠯ ᠢ ᠪᠣᠯ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ | ᠬᠦᠷᠭᠡᠨ᠎ᠡ︔ ᠬᠡᠷᠪᠡ ᠣᠨᠳᠤᠤ ᠰᠠᠨᠠᠯ ᠲᠠᠢ ᠪᠣᠯ᠂ ᠶᠠᠮᠠᠷᠪᠠ ᠨᠢᠭᠡᠴᠡ ᠪᠤᠶᠤ ᠬᠤᠪᠢ ᠬᠦᠮᠥᠨ ︵ᠰᠢᠤᠳᠠᠨ ᠤ | ᠲᠠᠮᠠᠭ᠎ᠠ ᠶᠢᠨ ᠡᠳᠥᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ | ᠠᠯᠪᠠᠨ ᠭᠡᠷ ᠪᠤᠶᠤ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠳᠤ ᠪᠤᠳᠠᠲᠠᠢ ᠪᠠᠶᠢᠳᠠᠯ ᠢᠶᠠᠨ ᠪᠢᠴᠢᠭᠯᠡᠭᠰᠡᠨ | ᠬᠡᠯᠪᠡᠷᠢ ᠪᠠᠷ ᠲᠤᠰᠬᠠᠵᠦ ᠪᠣᠯᠬᠤ ᠪᠦᠭᠡᠳ ᠨᠢᠭᠡᠴᠡ ᠪᠠᠶᠢᠳᠠᠯ ᠲᠤᠰᠬᠠᠬᠤ ᠳᠤ ᠨᠢᠭᠡᠴᠡ ᠶᠢᠨ ᠲᠠᠮᠠᠭ᠎ᠠ ᠪᠠᠨ ᠳᠠᠷᠤᠵᠦ᠂ | ᠬᠤᠪᠢ ᠬᠦᠮᠥᠨ ᠪᠠᠶᠢᠳᠠᠯ ᠲᠤᠰᠬᠠᠬᠤ ᠳᠤ ᠦᠨᠡᠨ ᠪᠤᠳᠠᠲᠠᠢ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ | ᠲᠣᠳᠤᠷᠬᠠᠶᠢᠯᠠᠬᠤ ᠬᠡᠷᠡᠭᠲᠡᠢ᠃ | ᠨᠡᠶᠢᠲᠡ ᠳᠤ ᠵᠠᠷᠯᠠᠬᠤ ᠬᠤᠭᠤᠴᠠᠭ᠎ᠠ ᠳᠦᠭᠦᠷᠪᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ | ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠨᠢ ᠲᠤᠰᠬᠠᠢ ᠮᠡᠷᠭᠡᠵᠢᠯᠲᠡᠳ ᠢ | ᠵᠣᠬᠢᠶᠠᠨ ᠪᠠᠶᠢᠭᠤᠯᠤᠨ ᠠᠵᠦ ᠠᠬᠤᠶᠢᠯᠠᠯ ᠤᠨ ᠲᠣᠭᠠᠴᠢᠭᠰᠠᠨ ᠮᠠᠲ᠋ᠧᠷᠢᠶᠠᠯ ᠳᠤ ᠳᠠᠬᠢᠨ ᠬᠢᠨᠠᠯᠲᠠ ᠬᠢᠬᠦ ᠶᠢᠨ ᠬᠠᠮᠲᠦ | ᠬᠡᠷᠡᠭᠴᠡᠭᠡ ᠪᠠᠨ ᠦᠨᠳᠥᠰᠥᠯᠡᠨ ᠢᠯᠡᠴᠢᠯᠡᠨ ᠮᠡᠳᠡᠭᠦᠯᠥᠭᠳᠡᠭᠰᠡᠨ ᠠᠵᠦ ᠠᠬᠤᠶᠢᠯᠠᠯ ᠢ ᠵᠣᠬᠢᠶᠠᠨ ᠪᠠᠶᠢᠭᠤᠯᠤᠨ ᠪᠤᠳᠠᠲᠦ | ᠭᠠᠵᠠᠷ ᠲᠤᠨᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ | ᠵᠢᠷᠭᠤᠳᠤᠭᠠᠷ ᠵᠦᠢᠯ ᠬᠢᠷᠢ ᠴᠢᠳᠠᠮᠵᠢ ᠶᠢ ᠠᠯᠪᠠᠨ ᠳᠤ ᠵᠠᠷᠯᠠᠬᠤ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠬᠢᠷᠢ ᠴᠢᠳᠠᠮᠵᠢ ᠶᠢᠨ | ᠵᠦᠪᠰᠢᠶᠡᠷᠡᠯ ᠳᠤ ᠠᠯᠪᠠᠨ ᠳᠤ ᠵᠠᠷᠯᠠᠬᠤ ᠳᠦᠷᠢᠮ ᠢ ᠬᠡᠷᠡᠭᠵᠢᠭᠦᠯᠥᠨ᠎ᠡ᠃ ᠣᠷᠣᠨ ᠰᠠᠭᠤᠴᠠ ᠬᠤᠲᠠ ᠬᠦᠳᠡᠭᠡ ᠶᠢᠨ | ᠪᠦᠲᠥᠭᠡᠨ ᠪᠠᠶᠢᠭᠤᠯᠤᠯᠲᠠ ᠶᠢᠨ ᠶᠠᠮᠤᠨ ᠨᠢ ᠬᠢᠨᠠᠨ ᠵᠦᠪᠰᠢᠶᠡᠷᠡᠭᠰᠡᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ | ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢᠲᠦ ᠠᠵᠦ ᠠᠬᠤᠶᠢᠯᠠᠯ ᠤᠨ ᠨᠡᠷᠡᠰ ᠢ ᠣᠷᠣᠨ ᠰᠠᠭᠤᠴᠠ | ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠳᠡᠭᠡᠷ᠎ᠡ ᠠᠯᠪᠠᠨ ᠳᠤ | ᠵᠠᠷᠯᠠᠵᠦ᠂ ᠨᠡᠶᠢᠲᠡ ᠣᠯᠠᠨ ᠡᠷᠢᠵᠦ ᠦᠵᠡᠬᠦ ᠡᠷᠬᠡ ᠲᠠᠢ᠃ | ᠳᠣᠯᠣᠳᠤᠭᠠᠷ ᠵᠦᠢᠯ ᠬᠢᠷᠢ ᠴᠢᠳᠠᠮᠵᠢ ᠶᠢᠨ ᠦᠨᠡᠮᠯᠡᠯ ᠤᠨ ᠬᠠᠮᠢᠶᠠᠷᠤᠯᠲᠠ | ︵ᠨᠢᠭᠡ︶ ᠦᠨᠡᠮᠯᠡᠯ ᠠᠪᠬᠤ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠶᠢᠨ ᠦᠨᠡᠮᠯᠡᠯ ᠢ ᠠᠯᠪᠠᠨ ᠵᠠᠷ ᠨᠡᠶᠢᠲᠡᠯᠡᠭᠰᠡᠨ 2 ᠠᠵᠢᠯᠯᠠᠬᠤ ᠡᠳᠥᠷ ᠤᠨ ᠳᠠᠷᠠᠭ᠎ᠠ ᠠᠴᠠ ᠡᠬᠢᠯᠡᠨ | ᠣᠯᠭᠤᠨ᠎ᠠ᠂ ᠠᠵᠦ ᠠᠬᠤᠶᠢᠯᠠᠯ ᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠰᠢᠭᠤᠳ | ᠬᠦᠷᠴᠦ ᠦᠨᠡᠮᠯᠡᠯ ᠠᠪᠬᠤ ᠭᠠᠷᠳᠠᠮ ᠭᠦᠢᠴᠡᠳᠭᠡᠵᠦ ᠪᠣᠯᠤᠨ᠎ᠠ᠂ ᠰᠢᠤᠳᠠᠨ ᠢᠶᠠᠷ ᠢᠯᠡᠭᠡᠯᠭᠡᠬᠦ ᠪᠠᠷ ᠭᠤᠶᠤᠴᠢᠯᠠᠭᠰᠠᠨ | ᠴᠦ ᠪᠣᠯᠤᠨ᠎ᠠ᠂ ᠬᠢᠷᠢ ᠴᠢᠳᠠᠮᠵᠢ ᠶᠢᠨ ᠦᠨᠡᠮᠯᠡᠯ ᠠᠪᠬᠤ ᠳᠠᠭᠠᠨ ᠠᠵᠦ ᠠᠬᠤᠶᠢᠯᠠᠯ ᠤᠨ ᠤᠤᠯ ᠤᠨ ᠪᠠᠶᠢᠭᠰᠠᠨ ᠬᠢᠷᠢ | ᠴᠢᠳᠠᠮᠵᠢ ᠶᠢᠨ ᠦᠨᠡᠮᠯᠡᠯ ᠤᠨ ᠵᠢᠩᠬᠢᠨᠢ ᠳᠡᠪᠲᠡᠷ᠂ ᠳᠡᠳ᠋ ᠳᠡᠪᠲᠡᠷ ᠤᠨ ᠤᠭ ᠵᠦᠢᠯ ᠢ ᠬᠠᠮᠲᠦ ᠳᠤᠨᠢ ᠶᠠᠮᠤᠨ ᠤ | ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠲᠤᠰᠢᠶᠠᠬᠤ ᠬᠡᠷᠡᠭᠲᠡᠢ᠃ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠶᠢᠨ ᠦᠨᠡᠮᠯᠡᠯ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠠᠴᠠ | ᠨᠢᠭᠡᠲᠥᠯᠲᠡᠢ ᠳᠠᠷᠤᠮᠠᠯᠯᠠᠨ ᠵᠣᠬᠢᠶᠠᠵᠦ᠂ ᠪᠦᠬᠦ ᠤᠯᠤᠰ ᠲᠤ ᠨᠢᠭᠡᠲᠥᠯᠲᠠᠢ ᠳ᠋ᠤᠭᠠᠷ ᠢ ᠬᠡᠷᠡᠭᠵᠢᠭᠦᠯᠥᠨ᠎ᠡ᠃ ᠬᠢᠷᠢ | ᠴᠢᠳᠠᠮᠵᠢ ᠶᠢᠨ ᠦᠨᠡᠮᠯᠡᠯ ᠨᠢ ᠨᠢᠭᠡ ᠵᠢᠩᠬᠢᠨᠢ ᠳᠡᠪᠲᠡᠷ ᠲᠠᠪᠤᠨ ᠳᠡᠳ᠋ ᠳᠡᠪᠲᠡᠷ ᠪᠠᠶᠢᠵᠦ᠂ ᠵᠢᠩᠬᠢᠨᠢ ᠳᠡᠪᠲᠡᠷ ᠪᠠ ᠳᠡᠳ᠋ | ᠳᠡᠪᠲᠡᠷ ᠨᠢ ᠠᠳᠠᠯᠢ ᠵᠡᠷᠭᠡ ᠶᠢᠨ ᠬᠠᠤᠯᠢ ᠴᠠᠭᠠᠵᠠ ᠶᠢᠨ ᠬᠦᠴᠥᠨ ᠲᠠᠢ ᠪᠦᠭᠡᠳ ᠬᠦᠴᠥᠨ ᠲᠠᠢ ᠬᠤᠭᠤᠴᠠᠭ᠎ᠠ ᠨᠢ | ᠭᠤᠷᠪᠠᠨ ᠵᠢᠯ ᠪᠣᠯᠤᠨ᠎ᠠ᠃ | ︵ᠬᠤᠶᠠᠷ︶ ᠦᠨᠡᠮᠯᠡᠯ ᠬᠤᠪᠢᠷᠠᠭᠠᠬᠤ | ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭᠠᠨ ᠳᠤ ᠠᠵᠦ | ᠠᠬᠤᠶᠢᠯᠠᠯ ᠤᠨ ᠨᠡᠷᠡᠶᠢᠳᠥᠯ᠂ ᠬᠠᠶ᠋ᠢᠭ᠂ ᠳᠠᠩᠰᠠᠯᠠᠭᠤᠯᠤᠭᠰᠠᠨ ᠪᠡᠯᠡ ᠮᠦᠩᠭᠦ᠂ ᠬᠠᠤᠯᠢ ᠪᠠᠷ ᠲᠣᠭᠲᠠᠭᠠᠭᠰᠠᠨ | ᠲᠦᠯᠥᠭᠡᠯᠡᠭᠴᠢ᠂ ᠮᠡᠷᠭᠡᠵᠢᠯ ᠤᠨ ᠬᠠᠷᠢᠭᠤᠴᠠᠯᠭᠠᠲᠠᠨ ᠵᠡᠷᠭᠡ ᠦᠨᠡᠮᠯᠡᠯ ᠤᠨ ᠮᠡᠳᠡᠭᠡ ᠵᠠᠩᠭᠢ ᠪᠠᠨ ᠬᠤᠪᠢᠷᠠᠭᠠᠬᠤ ᠳᠤ᠂ | ᠠᠵᠦ ᠦᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠬᠤᠪᠢᠷᠠᠭᠠᠬᠤ ᠭᠠᠷᠳᠠᠮ ᠭᠦᠢᠴᠡᠳᠭᠡᠭᠰᠡᠨ ᠤ ᠳᠠᠷᠠᠭᠠᠬᠢ 30 ᠡᠳᠥᠷ ᠤᠨ ᠲᠣᠲᠤᠷ᠎ᠠ᠂ ᠠᠵᠦ ᠠᠬᠤᠶᠢᠯᠠᠯ ᠤᠨ ᠠᠵᠦ | ᠦᠢᠯᠡᠳᠪᠥᠷᠢ ᠬᠤᠳᠠᠯᠳᠤᠭ᠎ᠠ ᠳᠤ ᠳᠠᠩᠰᠠᠯᠠᠭᠤᠯᠤᠭᠰᠠᠨ ᠭᠠᠵᠠᠷ ᠤᠨ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠲᠤ ᠬᠤᠪᠢᠷᠠᠭᠠᠬᠤ ᠭᠤᠶᠤᠴᠢᠯᠠᠯ ᠭᠠᠷᠭᠠᠬᠤ ᠬᠡᠷᠡᠭᠲᠡᠢ᠃ | ᠮᠤᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ ᠢ ᠬᠦᠯᠢᠶᠡᠨ ᠠᠪᠤᠭᠰᠠᠨ | ᠡᠳᠥᠷ ᠠᠴᠠ ᠡᠬᠢᠯᠡᠨ 2 ᠠᠵᠢᠯᠯᠠᠬᠤ ᠡᠳᠥᠷ ᠤᠨ ᠲᠣᠲᠤᠷ᠎ᠠ ᠬᠤᠪᠢᠷᠠᠭᠠᠬᠤ ᠬᠤᠯᠪᠤᠭᠳᠠᠯ ᠪᠦᠬᠦᠢ ᠭᠡᠷᠡᠴᠢᠯᠡᠬᠦ | ᠮᠠᠲ᠋ᠧᠷᠢᠶᠠᠯ ᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠮᠡᠳᠡᠭᠦᠯᠵᠦ᠂ ᠶᠠᠮᠤᠨ ᠤ ᠬᠦᠯᠢᠶᠡᠨ | ᠠᠪᠴᠦ ᠰᠢᠢᠳᠪᠥᠷᠢᠯᠡᠬᠦ ᠠᠯᠪᠠᠨ ᠭᠡᠷ ᠬᠦᠯᠢᠶᠡᠨ ᠠᠪᠤᠭᠰᠠᠨ ᠤᠨ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ | ᠦᠨᠡᠮᠯᠡᠯ ᠬᠤᠪᠢᠷᠠᠭᠠᠬᠤ ᠭᠠᠷᠳᠠᠮ ᠢ ᠬᠢᠵᠦ ᠳᠠᠭᠤᠰᠬᠠᠬᠤ ᠬᠡᠷᠡᠭᠲᠡᠢ᠃ | ᠬᠢᠷᠢ ᠴᠢᠳᠠᠮᠵᠢ ᠶᠢᠨ ᠦᠨᠡᠮᠯᠡᠯ ᠢ ᠭᠤᠶᠤᠴᠢᠯᠠᠨ ᠬᠤᠪᠢᠷᠠᠭᠠᠬᠤ ᠳᠤ᠂ ᠳᠣᠣᠷᠠᠬᠢ ᠮᠠᠲ᠋ᠧᠷᠢᠶᠠᠯ ᠤᠳ ᠢ | ᠲᠤᠰᠢᠶᠠᠬᠤ ᠬᠡᠷᠡᠭᠲᠡᠢ᠄ | 1. ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢᠶᠠᠨ ᠬᠤᠪᠢᠷᠠᠭᠠᠬᠤ ᠭᠤᠶᠤᠴᠢᠯᠠᠯ ᠬᠢᠭᠡᠳ | ᠲᠣᠳᠤᠷᠬᠠᠶᠢᠯᠠᠯᠲᠠ︔ | 2. ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠳᠤ ᠳᠠᠩᠰᠠᠯᠠᠭᠤᠯᠤᠭᠰᠠᠨ ᠭᠠᠵᠠᠷ ᠤᠨ | ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠭᠰᠠᠨ ᠰᠠᠨᠠᠯ︔ | 3. ᠬᠤᠪᠢᠷᠠᠭᠠᠬᠤ ᠶᠢᠨ ᠡᠮᠥᠨ᠎ᠡ ᠬᠤᠶᠢᠨ᠎ᠠ ᠶᠢᠨ ︽ᠠᠵᠦ ᠠᠬᠤᠶᠢᠯᠠᠯ ᠤᠨ ᠬᠠᠤᠯᠢ ᠶᠢᠨ ᠡᠷᠬᠡᠲᠡᠨ ᠤ | ᠡᠵᠡᠩᠨᠡᠯᠲᠡ ᠶᠢᠨ ᠦᠨᠡᠮᠯᠡᠯ︾ ᠤᠨ ᠳᠡᠳ᠋ ᠳᠡᠪᠲᠡᠷ ᠤᠨ ᠬᠠᠭᠤᠯᠪᠥᠷᠢ︔ | 4. ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢ ᠶᠢᠨ ᠦᠨᠡᠮᠯᠡᠯ ᠤᠨ ᠪᠦᠬᠦ ᠵᠢᠩᠬᠢᠨᠢ᠂ ᠳᠡᠳ᠋ ᠳᠡᠪᠲᠡᠷ ᠤᠨ ᠤᠭ ᠵᠦᠢᠯ︔ | 5. ᠬᠢᠷᠢ ᠴᠢᠳᠠᠮᠵᠢ ᠬᠤᠪᠢᠷᠠᠭᠠᠬᠤ ᠵᠦᠢᠯ ᠯᠦᠭᠡ ᠬᠤᠯᠪᠤᠭᠳᠠᠯ ᠲᠠᠢ ᠭᠡᠷᠡᠴᠢᠯᠡᠬᠦ ᠮᠠᠲ᠋ᠧᠷᠢᠶᠠᠯ᠃ | ᠠᠵᠦ ᠠᠬᠤᠶᠢᠯᠠᠯ ᠳᠦᠷᠢᠮ ᠢᠶᠠᠨ ᠦᠭᠡᠷᠡᠴᠢᠯᠡᠭᠰᠡᠨ᠂ ᠰᠲ᠋ᠣᠺ ᠤᠨ ᠡᠷᠬᠡ ᠪᠠᠨ ᠬᠤᠪᠢᠷᠠᠭᠠᠭᠰᠠᠨ ᠪᠤᠶᠤ | ᠨᠡᠶᠢᠯᠡᠭᠦᠯᠥᠭᠰᠡᠨ ᠵᠡᠷᠭᠡ ᠠᠴᠠ ᠪᠣᠯᠵᠦ ᠬᠢᠷᠢ ᠴᠢᠳᠠᠮᠵᠢ ᠪᠠᠨ ᠬᠤᠪᠢᠷᠠᠭᠠᠬᠤ ᠳᠤ᠂ ᠠᠵᠦ ᠠᠬᠤᠶᠢᠯᠠᠯ ᠤᠨ | ᠳᠦᠷᠢᠮ ᠢᠶᠠᠨ ᠦᠭᠡᠷᠡᠴᠢᠯᠡᠬᠦ ᠪᠤᠶᠤ ᠰᠲ᠋ᠣᠺ ᠤᠨ ᠡᠷᠬᠡ ᠪᠠᠨ ᠬᠤᠪᠢᠷᠠᠭᠠᠬᠤ ᠲᠤᠬᠠᠢ ᠠᠵᠦ ᠠᠬᠤᠶᠢᠯᠠᠯ ᠤᠨ | ᠠᠵᠢᠯᠲᠠᠨ ᠠᠵᠢᠯᠴᠢᠨ ᠤ ᠲᠦᠯᠥᠭᠡᠯᠡᠭᠴᠢᠳ ᠤᠨ ᠶᠡᠭᠡ ᠬᠤᠷᠠᠯ ᠪᠤᠶᠤ ᠬᠤᠪᠢ ᠣᠷᠣᠭᠤᠯᠤᠭᠴᠢᠳ ᠤᠨ ᠶᠡᠭᠡ | ᠬᠤᠷᠠᠯ ᠤᠨ ᠰᠢᠢᠳᠪᠥᠷᠢ᠂ ᠠᠵᠦ ᠠᠬᠤᠶᠢᠯᠠᠯ ᠤᠨ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠨ ᠴᠣᠬᠤᠯᠠᠪᠥᠷᠢᠯᠠᠨ ᠬᠠᠷᠢᠭᠤᠯᠤᠭᠰᠠᠨ ᠪᠢᠴᠢᠭ ᠮᠠᠲ᠋ᠧᠷᠢᠶᠠᠯ ᠪᠣᠯᠣᠨ ᠨᠢᠭᠡᠳᠥᠭᠡᠷ ᠲᠡᠰ ᠤᠨ ᠠᠵᠦ | ᠠᠬᠤᠶᠢᠯᠠᠯ ᠤᠨ ᠪᠠᠷᠢᠮᠵᠢᠶ᠎ᠠ ᠳᠤ ᠬᠤᠯᠪᠤᠭᠳᠠᠬᠤ ᠡᠯ᠎ᠡ ᠲᠦᠷᠥᠯ ᠤᠨ ᠬᠦᠮᠥᠰ ᠤᠨ ᠬᠠᠮᠢᠶ᠎ᠠ ᠪᠦᠬᠦᠢ ᠭᠡᠷᠡᠴᠢᠯᠡᠬᠦ | ᠮᠠᠲ᠋ᠧᠷᠢᠶᠠᠯ ᠢ ᠪᠠᠰᠠ ᠲᠤᠰᠢᠶᠠᠬᠤ ᠬᠡᠷᠡᠭᠲᠡᠢ᠃ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠬᠦᠯᠢᠶᠡᠨ | ᠠᠪᠤᠭᠰᠠᠨ ᠤ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ ᠬᠠᠮᠢᠶ᠎ᠠ ᠪᠦᠬᠦᠢ ᠮᠠᠲ᠋ᠧᠷᠢᠶᠠᠯ ᠢ ᠬᠤᠲᠠ ᠶᠢᠨ ᠪᠦᠲᠥᠭᠡᠨ | ᠪᠠᠶᠢᠭᠤᠯᠤᠯᠲᠠ ᠶᠢᠨ ᠵᠣᠷᠭᠠᠨ ᠳᠤ ᠰᠢᠯᠵᠢᠭᠦᠯᠥᠨ ᠦᠭᠴᠦ ᠬᠢᠨᠠᠭᠤᠯᠬᠤ ᠬᠡᠷᠡᠭᠲᠡᠢ᠃ ᠬᠢᠨᠠᠬᠤ ᠪᠠᠷ ᠳᠠᠮᠵᠢᠭᠠᠳ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠪᠠᠷᠢᠮᠵᠢᠶ᠎ᠠ ᠳᠤ ᠮᠦᠨᠬᠦ | ᠨᠡᠶᠢᠴᠡᠵᠦ ᠪᠠᠶᠢᠪᠠᠯ᠂ ᠦᠨᠡᠮᠯᠡᠯ ᠬᠤᠪᠢᠷᠠᠭᠠᠬᠤ ᠶᠢ ᠰᠢᠭᠤᠳ ᠶᠠᠪᠤᠭᠳᠠᠭᠤᠯᠤᠨ᠎ᠠ᠃ ᠬᠢᠨᠠᠬᠤ ᠪᠠᠷ ᠳᠠᠮᠵᠢᠭᠠᠳ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠬᠢᠷᠢ ᠴᠢᠳᠠᠮᠵᠢ ᠶᠢᠨ | ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠬᠢᠷᠢ ᠴᠢᠳᠠᠮᠵᠢ ᠬᠢᠨᠠᠨ ᠵᠦᠪᠰᠢᠶᠡᠷᠡᠬᠦ ᠲᠡᠰ ᠳᠠᠷᠠᠭᠠᠯᠠᠯ ᠤᠨ ᠶᠣᠰᠤᠭᠠᠷ | ᠬᠢᠷᠢ ᠴᠢᠳᠠᠮᠵᠢ ᠶᠢᠨ ᠲᠡᠰ ᠢ ᠳᠠᠬᠢᠵᠦ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠤᠯᠬᠤ ᠶᠢ ᠱᠠᠭᠠᠷᠳᠠᠬᠤ ᠬᠡᠷᠡᠭᠲᠡᠢ᠃ | | ︵ᠭᠤᠷᠪᠠ︶ ᠦᠨᠡᠮᠯᠡᠯ ᠢᠶᠠᠨ ᠭᠡᠭᠡᠭᠰᠡᠨ ᠤ ᠨᠦᠬᠦᠵᠦ ᠠᠪᠬᠤ ᠠᠵᠦ ᠠᠬᠤᠶᠢᠯᠠᠯ ᠨᠢ ᠬᠤᠲᠠ ᠶᠢᠨ | ᠴᠡᠴᠡᠷᠯᠢᠭ ᠤᠨ ᠨᠣᠭᠤᠭᠠᠷᠠᠭᠤᠯᠬᠤ | ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠦᠨᠡᠮᠯᠡᠯ ᠢᠶᠠᠨ ᠭᠡᠭᠡᠭᠰᠡᠨ ᠪᠣᠯ ᠣᠯᠠᠨ | ᠨᠡᠶᠢᠲᠡ ᠶᠢᠨ ᠵᠠᠭᠤᠴᠢᠯᠠᠭᠤᠷ ᠳᠡᠭᠡᠷ᠎ᠡ ᠦᠨᠡᠮᠯᠡᠯ ᠢᠶᠠᠨ ᠭᠡᠭᠡᠭᠰᠡᠨ ᠢᠯᠡᠷᠬᠡᠶᠢᠯᠡᠯᠲᠡ ᠶᠢ ᠴᠠᠭ ᠲᠤᠬᠠᠢ ᠳᠤᠨᠢ ᠨᠡᠶᠢᠲᠡᠯᠡᠬᠦ | ᠬᠡᠷᠡᠭᠲᠡᠢ᠃ ᠦᠨᠡᠮᠯᠡᠯ ᠨᠦᠬᠦᠵᠦ ᠠᠪᠬᠤ ᠪᠠᠷ ᠭᠤᠶᠤᠴᠢᠯᠠᠬᠤ ᠳᠠᠭᠠᠨ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ | ᠠᠯᠪᠠᠨ ᠭᠡᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | 1. ᠬᠢᠷᠢ ᠴᠢᠳᠠᠮᠵᠢ ᠶᠢᠨ ᠦᠨᠡᠮᠯᠡᠯ ᠢᠶᠠᠨ ᠭᠡᠭᠡᠭᠰᠡᠨ ᠪᠠᠶᠢᠳᠠᠯ ᠤᠨ ᠲᠣᠳᠤᠷᠬᠠᠶᠢᠯᠠᠯᠲᠠ ᠪᠠ ᠨᠦᠬᠦᠵᠦ ᠠᠪᠬᠤ | ᠭᠤᠶᠤᠴᠢᠯᠠᠯ︔ | 2. ᠣᠯᠠᠨ ᠨᠡᠶᠢᠲᠡ ᠶᠢᠨ ᠵᠠᠭᠤᠴᠢᠯᠠᠭᠤᠷ ᠳᠡᠭᠡᠷ᠎ᠡ ᠠᠵᠦ ᠠᠬᠤᠶᠢᠯᠠᠯ ᠤᠨ ᠨᠡᠶᠢᠲᠡᠯᠡᠭᠰᠡᠨ ᠦᠨᠡᠮᠯᠡᠯ ᠢᠶᠠᠨ | ᠭᠡᠭᠡᠭᠰᠡᠨ ᠢᠯᠡᠷᠬᠡᠶᠢᠯᠡᠯᠲᠡ︔ | 3. ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠳᠤ ᠳᠠᠩᠰᠠᠯᠠᠭᠤᠯᠤᠭᠰᠠᠨ ᠭᠠᠵᠠᠷ ᠤᠨ | ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠭᠰᠠᠨ ᠰᠠᠨᠠᠯ︔ | ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠦᠨᠡᠮᠯᠡᠯ ᠨᠦᠬᠦᠵᠦ ᠠᠪᠬᠤ ᠭᠤᠶᠤᠴᠢᠯᠠᠯ ᠢ | ᠬᠦᠯᠢᠶᠡᠨ ᠠᠪᠤᠭᠰᠠᠨ ᠤ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ ᠰᠢᠨ᠎ᠡ ᠦᠨᠡᠮᠯᠡᠯ ᠨᠦᠬᠦᠵᠦ ᠣᠯᠭᠤᠬᠤ ᠶᠢᠨ | ᠬᠠᠮᠲᠦ ᠨᠦᠬᠦᠵᠦ ᠣᠯᠭᠤᠬᠤ ᠦᠨᠡᠮᠯᠡᠯ ᠢ ᠭᠠᠷ ᠤᠨ ᠦᠰᠥᠭ ᠵᠢᠷᠤᠵᠦ ᠶᠠᠪᠤᠭᠤᠯᠤᠭᠰᠠᠨ ᠤ ᠳᠠᠷᠠᠭ᠎ᠠ 2 ᠠᠵᠢᠯᠯᠠᠬᠤ | ᠡᠳᠥᠷ ᠤᠨ ᠲᠣᠲᠤᠷ᠎ᠠ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ | ᠰᠦᠯᠵᠢᠶᠡᠨ ᠦᠷᠲᠡᠭᠡ ᠳᠡᠭᠡᠷ᠎ᠡ ᠭᠡᠭᠡᠭᠰᠡᠨ ᠦᠨᠡᠮᠯᠡᠯ ᠤᠨ ᠬᠦᠴᠥᠨ ᠦᠭᠡᠢ ᠪᠣᠯᠣᠭᠰᠠᠨ ᠭᠡᠳᠡᠭ ᠤᠨ ᠠᠯᠪᠠᠨ ᠵᠠᠷ | ᠲᠠᠯᠪᠢᠬᠤ ᠬᠡᠷᠡᠭᠲᠡᠢ᠃ | ︵ᠳᠦᠷᠪᠡ︶ ᠦᠨᠡᠮᠯᠡᠯ ᠢ ᠬᠦᠴᠥᠨ ᠦᠭᠡᠢ ᠪᠣᠯᠭᠠᠬᠤ | ᠬᠢᠨᠠᠨ ᠵᠦᠪᠰᠢᠶᠡᠷᠡᠭᠦᠯᠥᠭᠰᠡᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ | ᠨᠢᠭᠡᠳᠥᠭᠡᠷ ᠲᠡᠰ ᠤᠨ ᠬᠢᠷᠢ ᠴᠢᠳᠠᠮᠵᠢᠲᠦ ᠠᠵᠦ ᠠᠬᠤᠶᠢᠯᠠᠯ ᠲᠠᠮᠫᠤᠷᠠᠬᠰᠠᠨ᠂ ᠡᠭᠦᠳᠡ ᠪᠠᠨ ᠬᠠᠭᠠᠬᠰᠠᠨ ᠵᠡᠷᠭᠡ | ᠰᠢᠯᠲᠠᠭᠠᠨ ᠠᠴᠠ ᠪᠣᠯᠵᠦ ᠲᠤᠬᠠᠶᠢᠯᠠᠭᠰᠠᠨ ᠠᠵᠢᠯ ᠤᠨ ᠠᠵᠢᠯᠯᠠᠭ᠎ᠠ ᠪᠠᠨ ᠵᠣᠭᠰᠤᠭᠠᠬᠤ ᠳᠤ᠂ ᠬᠢᠷᠢ ᠴᠢᠳᠠᠮᠵᠢ ᠬᠢᠨᠠᠨ | ᠵᠦᠪᠰᠢᠶᠡᠷᠡᠭᠦᠯᠬᠦ ᠭᠤᠶᠤᠴᠢᠯᠠᠯ ᠤᠨ ᠲᠡᠰ ᠳᠠᠷᠠᠭᠠᠯᠠᠯ ᠶᠣᠰᠤᠭᠠᠷ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ | ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠴᠠᠭ | ᠲᠤᠬᠠᠢ ᠳᠤᠨᠢ ᠬᠦᠷᠴᠦ ᠬᠢᠷᠢ ᠴᠢᠳᠠᠮᠵᠢ ᠶᠢᠨ ᠦᠨᠡᠮᠯᠡᠯ ᠢᠶᠠᠨ ᠬᠦᠴᠥᠨ ᠦᠭᠡᠢ ᠪᠣᠯᠭᠠᠬᠤ ᠭᠠᠷᠳᠠᠮ ᠭᠦᠢᠴᠡᠳᠭᠡᠵᠦ᠂ | ᠤᠤᠯ ᠤᠨ ᠬᠢᠷᠢ ᠴᠢᠳᠠᠮᠵᠢ ᠶᠢᠨ ᠦᠨᠡᠮᠯᠡᠯ ᠤᠨ ᠵᠢᠩᠬᠢᠨᠢ᠂ ᠳᠡᠳ᠋ ᠳᠡᠪᠲᠡᠷ ᠤᠨ ᠤᠭ ᠵᠦᠢᠯ ᠢ ᠬᠠᠮᠲᠦ ᠳᠤᠨᠢ | ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠲᠤᠰᠢᠶᠠᠵᠦ ᠨᠢᠭᠡᠲᠥᠯᠲᠡᠢ ᠤᠰᠠᠳᠬᠠᠯᠭᠠᠬᠤ ᠬᠡᠷᠡᠭᠲᠡᠢ | ᠃ | ᠨᠠᠢᠮᠠᠳᠤᠭᠠᠷ ᠵᠦᠢᠯ ᠬᠢᠷᠢ ᠴᠢᠳᠠᠮᠵᠢ ᠶᠢ ᠬᠢᠨᠠᠨ ᠬᠠᠮᠢᠶᠠᠷᠬᠤ | ︵ᠨᠢᠭᠡ︶ ᠮᠡᠳᠡᠭᠡ ᠵᠠᠩᠭᠢ ᠬᠤᠪᠢᠷᠠᠭᠠᠬᠤ ᠶᠢ ᠳᠠᠩᠰᠠᠯᠠᠭᠤᠯᠬᠤ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢᠲᠦ ᠠᠵᠦ ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠭᠰᠠᠨ ᠮᠠᠲ᠋ᠧᠷᠢᠶᠠᠯ ᠤᠨ ᠬᠤᠯᠪᠤᠭᠳᠠᠬᠤ | ᠬᠦᠮᠥᠰ ᠲᠤ ᠬᠤᠪᠢᠷᠠᠯᠲᠠ ᠭᠠᠷᠠᠤᠭᠰᠠᠨ ᠪᠦᠬᠦᠨ ᠨᠢ ᠴᠠᠭ ᠲᠤᠬᠠᠢ ᠳᠤᠨᠢ ᠭᠤᠶᠤᠴᠢᠯᠠᠨ ᠰᠦᠯᠵᠢᠶᠡᠨ ᠳᠡᠭᠡᠷ᠎ᠡ | ᠮᠡᠳᠡᠭᠡ ᠵᠠᠩᠭᠢ ᠪᠠᠨ ᠬᠤᠪᠢᠷᠠᠭᠠᠬᠤ ᠶᠢᠨ ᠬᠠᠮᠲᠦ ᠬᠤᠪᠢᠷᠭᠠᠭᠰᠠᠨ ᠪᠠᠶᠢᠳᠠᠯ ᠤᠨ ᠪᠢᠴᠢᠭᠯᠡᠭᠰᠡᠨ ᠮᠠᠲ᠋ᠧᠷᠢᠶᠠᠯ ᠢᠶᠠᠨ ᠬᠢᠷᠢ | ᠴᠢᠳᠠᠮᠵᠢ ᠬᠢᠨᠠᠨ ᠵᠦᠪᠰᠢᠶᠡᠷᠡᠭᠦᠯᠬᠦ ᠲᠡᠰ ᠳᠠᠷᠠᠭᠠᠯᠠᠯ ᠤᠨ ᠶᠣᠰᠤᠭᠠᠷ ᠦᠨᠡᠮᠯᠡᠯ ᠣᠯᠭᠤᠭᠰᠠᠨ ᠪᠠᠶᠢᠭᠤᠯᠭ᠎ᠠ ᠳᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ︵ᠬᠤᠶᠠᠷ︶ ᠴᠢᠳᠠᠮᠵᠢ ᠶᠢ ᠦᠷᠭᠦᠯᠵᠢᠯᠡᠭᠦᠯᠬᠦ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ | ᠴᠢᠳᠠᠮᠵᠢᠲᠦ ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠤᠨ ᠢᠶᠠᠨ ᠬᠦᠴᠥᠨ ᠲᠠᠢ ᠬᠤᠭᠤᠴᠠᠭ᠎ᠠ | ᠳᠦᠭᠦᠷᠬᠦ ᠠᠴᠠ 30 ᠡᠳᠥᠷ ᠤᠨ ᠡᠮᠥᠨ᠎ᠡ᠂ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠲᠡᠰ ᠳᠠᠷᠠᠭᠠᠯᠠᠯ ᠤᠨ | ᠱᠠᠭᠠᠷᠳᠠᠯᠭ᠎ᠠ ᠶᠣᠰᠤᠭᠠᠷ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠳᠤ | ᠭᠤᠶᠤᠴᠢᠯᠠᠵᠦ ᠬᠢᠷᠢ ᠴᠢᠳᠠᠮᠵᠢ ᠪᠠᠨ ᠦᠷᠭᠦᠯᠵᠢᠯᠡᠭᠦᠯᠬᠦ ᠬᠡᠷᠡᠭᠲᠡᠢ᠃ ᠬᠢᠷᠢ ᠴᠢᠳᠠᠮᠵᠢ ᠪᠠᠨ ᠦᠷᠭᠦᠯᠵᠢᠯᠡᠭᠦᠯᠬᠦ ᠪᠠᠷ | ᠭᠤᠶᠤᠴᠢᠯᠠᠬᠤ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠢ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ | ᠭᠤᠶᠤᠴᠢᠯᠠᠯ ᠤᠨ ᠮᠠᠲ᠋ᠧᠷᠢᠶᠠᠯ ᠯᠤᠭ᠎ᠠ ᠠᠳᠠᠯᠢ ᠪᠠᠶᠢᠯᠭᠠᠬᠤ ᠬᠡᠷᠡᠭᠲᠡᠢ᠃ | ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭ᠎ᠠ ᠨᠢ ᠳᠦᠭᠦᠷᠥᠭᠡᠳ᠂ ᠦᠷᠭᠦᠯᠵᠢᠯᠡᠭᠦᠯᠬᠦ ᠪᠠᠨ | ᠬᠠᠤᠯᠢ ᠶᠣᠰᠤᠭᠠᠷ ᠭᠤᠶᠤᠴᠢᠯᠠᠭᠠᠳᠥᠢ ᠠᠵᠦ ᠠᠬᠤᠶᠢᠯᠠᠯ ᠳᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ | ᠪᠠᠶᠢᠭᠤᠯᠤᠯᠲᠠ ᠶᠢᠨ ᠶᠠᠮᠤᠨ ᠠᠴᠠ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ | ᠲᠡᠰ ᠤᠨ ᠬᠢᠷᠢ ᠴᠢᠳᠠᠮᠵᠢ ᠶᠢ ᠨᠢ ᠬᠦᠴᠥᠨ ᠦᠭᠡᠢ ᠪᠣᠯᠭᠠᠬᠤ ᠶᠢᠨ ᠬᠠᠮᠲᠦ ᠬᠢᠷᠢ ᠴᠢᠳᠠᠮᠵᠢ ᠶᠢᠨ ᠦᠨᠡᠮᠯᠡᠯ ᠨᠢ | ᠬᠦᠴᠥᠨ ᠦᠭᠡᠢ ᠪᠣᠯᠣᠭᠰᠠᠨ ᠢ ᠠᠯᠪᠠᠨ ᠳᠤ ᠵᠠᠷᠯᠠᠨ᠎ᠠ᠃ ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠤᠨ | ᠵᠢᠩᠬᠢᠨᠢ᠂ ᠳᠡᠳ᠋ ᠳᠡᠪᠲᠡᠷ ᠤᠨ ᠤᠭ ᠵᠦᠢᠯ ᠢ ᠬᠠᠮᠲᠦ ᠳᠤᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ | ᠭᠡᠷ ᠲᠤ ᠲᠤᠰᠢᠶᠠᠵᠦ ᠨᠢᠭᠡᠲᠥᠯᠲᠡᠢ ᠤᠰᠠᠳᠬᠠᠯᠭᠠᠬᠤ ᠬᠡᠷᠡᠭᠲᠡᠢ᠃ ᠣᠷᠣᠨ ᠰᠠᠭᠤᠴᠠ ᠬᠤᠲᠠ ᠬᠦᠳᠡᠭᠡ ᠶᠢᠨ | ᠪᠦᠲᠥᠭᠡᠨ ᠪᠠᠶᠢᠭᠤᠯᠤᠯᠲᠠ ᠶᠢᠨ ᠶᠠᠮᠤᠨ ᠪᠤᠶᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠨᠢ ᠠᠵᠦ ᠠᠬᠤᠶᠢᠯᠠᠯ ᠤᠨ ᠭᠤᠶᠤᠴᠢᠯᠠᠯ ᠢ ᠦᠨᠳᠥᠰᠥᠯᠡᠨ ᠬᠢᠷᠢ ᠴᠢᠳᠠᠮᠵᠢ ᠶᠢᠨ ᠲᠡᠰ ᠢ ᠨᠢ ᠳᠠᠬᠢᠵᠦ ᠬᠢᠨᠠᠨ | ᠲᠣᠭᠲᠠᠭᠠᠨ᠎ᠠ᠃ | ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ᠂ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠵᠠᠬ᠎ᠠ ᠳᠡᠯᠭᠡᠭᠦᠷ ᠤᠨ ᠡᠷᠡᠭᠦᠯ ᠪᠣᠰᠦ | ᠦᠢᠯᠡ ᠠᠵᠢᠯᠯᠠᠭ᠎ᠠ ᠶᠢᠨ ᠲᠡᠮᠳᠡᠭᠯᠡᠯ ᠦᠭᠡᠢ ᠪᠦᠭᠡᠳ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ | ᠪᠠᠶᠢᠭᠤᠯᠤᠯᠲᠠ ᠶᠢᠨ ᠶᠠᠮᠤᠨ ᠢᠶᠠᠷ ᠬᠢᠨᠠᠭᠤᠯᠤᠭᠠᠳ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ | ᠲᠡᠰ ᠤᠨ ᠠᠵᠦ ᠠᠬᠤᠶᠢᠯᠠᠯ ᠤᠨ ᠪᠠᠷᠢᠮᠵᠢᠶ᠎ᠠ ᠳᠤ ᠨᠡᠶᠢᠴᠡᠭᠰᠡᠨ ᠠᠵᠦ ᠠᠬᠤᠶᠢᠯᠠᠯ ᠤᠨ ᠬᠢᠷᠢ ᠴᠢᠳᠠᠮᠵᠢ ᠶᠢᠨ | ᠦᠨᠡᠮᠯᠡᠯ ᠤᠨ ᠬᠦᠴᠥᠨ ᠲᠠᠢ ᠬᠤᠭᠤᠴᠠᠭ᠎ᠠ ᠶᠢ ᠨᠢ 3 ᠵᠢᠯ ᠤᠷᠲᠤᠳᠬᠠᠵᠦ ᠦᠭᠭᠦᠨ᠎ᠡ᠃ | ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ | ᠪᠤᠶᠤ ᠵᠠᠬ᠎ᠠ ᠳᠡᠯᠭᠡᠭᠦᠷ ᠤᠨ ᠡᠷᠡᠭᠦᠯ ᠪᠣᠰᠦ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠠᠵᠦ ᠠᠬᠤᠶᠢᠯᠠᠯ ᠢ | ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠶᠤ ᠵᠠᠬ᠎ᠠ ᠳᠡᠯᠭᠡᠭᠦᠷ ᠤᠨ ᠡᠷᠡᠭᠦᠯ ᠪᠣᠰᠦ ᠦᠢᠯᠡ ᠠᠵᠢᠯᠯᠠᠭ᠎ᠠ | ᠭᠠᠷᠭᠠᠭᠰᠠᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠤᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠬᠠᠤᠯᠢ ᠶᠣᠰᠤᠭᠠᠷ ᠪᠠᠶᠢᠴᠠᠭᠠᠨ ᠰᠢᠢᠳᠪᠥᠷᠢᠯᠡᠬᠦ ᠶᠢᠨ ᠬᠠᠮᠲᠦ ᠬᠠᠤᠯᠢ ᠠᠴᠠ ᠵᠦᠷᠢᠴᠡᠭᠰᠡᠨ | ᠪᠤᠲᠠᠳᠦ ᠬᠡᠷᠡᠭ᠂ ᠰᠢᠢᠳᠪᠥᠷᠢᠯᠡᠭᠰᠡᠨ ᠦᠷ᠎ᠡ ᠳ᠋ᠦᠩ ᠪᠤᠶᠤ ᠰᠢᠢᠳᠪᠥᠷᠢᠯᠡᠬᠦ ᠰᠠᠨᠠᠭᠤᠯᠭ᠎ᠠ ᠶᠢ ᠣᠷᠣᠨ ᠰᠠᠭᠤᠴᠠ | ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃ | ︵ᠭᠤᠷᠪᠠ︶ ᠬᠢᠷᠢ ᠴᠢᠳᠠᠮᠵᠢ ᠶᠢ ᠬᠠᠰᠤᠬᠤ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠷᠣᠨ ᠰᠠᠭᠤᠴᠠ ᠬᠤᠲᠠ ᠬᠦᠳᠡᠭᠡ ᠶᠢᠨ | ᠪᠦᠲᠥᠭᠡᠨ ᠪᠠᠶᠢᠭᠤᠯᠤᠯᠲᠠ ᠶᠢᠨ ᠶᠠᠮᠤᠨ ᠠᠰᠢᠭ ᠬᠤᠣᠷ ᠤᠨ ᠬᠠᠷᠢᠴᠠᠭ᠎ᠠ ᠲᠠᠢ ᠬᠦᠮᠥᠨ ᠤ ᠭᠤᠶᠤᠴᠢᠯᠠᠭᠰᠠᠨ ᠢ | ᠦᠨᠳᠥᠰᠥᠯᠠᠬᠦ ᠪᠤᠶᠤ ᠡᠷᠬᠡ ᠲᠤᠰᠢᠶᠠᠯ ᠢᠶᠠᠨ ᠦᠨᠳᠥᠰᠥᠯᠡᠨ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ | ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠠᠰᠤᠨ᠎ᠠ᠄ | 1. ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠠᠵᠢᠯᠲᠠᠨ ᠡᠷᠬᠡ | ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠲᠤᠰᠢᠶᠠᠯ ᠤᠨ ᠰᠠᠬᠢᠯᠭ᠎ᠠ ᠪᠠᠲᠦ ᠶᠢ ᠤᠮᠳᠤᠭᠠᠶᠢᠯᠠᠨ ᠬᠤᠲᠠ ᠶᠢᠨ | ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠵᠦᠪᠰᠢᠶᠡᠷᠡᠯ ᠢ | ᠵᠦᠪᠰᠢᠶᠡᠷᠡᠭᠰᠡᠨ︔ | 2. ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢ ᠵᠦᠷᠢᠴᠡᠨ ᠬᠤᠲᠠ ᠶᠢᠨ ᠴᠡᠴᠡᠷᠯᠢᠭ ᠤᠨ | ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠵᠦᠪᠰᠢᠶᠡᠷᠡᠯ ᠢ | ᠵᠦᠪᠰᠢᠶᠡᠷᠡᠭᠰᠡᠨ︔ | 3. ᠵᠦᠪᠰᠢᠶᠡᠷᠡᠯ ᠣᠯᠭᠤᠬᠤ ᠨᠦᠬᠦᠴᠡᠯ ᠳᠤ ᠨᠡᠶᠢᠴᠡᠬᠦ ᠦᠭᠡᠢ ᠠᠵᠦ ᠠᠬᠤᠶᠢᠯᠠᠯ ᠳᠤ ᠬᠤᠲᠠ ᠶᠢᠨ | ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠵᠦᠪᠰᠢᠶᠡᠷᠡᠯ ᠢ ᠵᠦᠪᠰᠢᠶᠡᠷᠡᠭᠰᠡᠨ︔ | | 4. ᠠᠵᠦ ᠠᠬᠤᠶᠢᠯᠠᠯ ᠤᠨ ᠬᠢᠷᠢ ᠴᠢᠳᠠᠮᠵᠢ ᠶᠢ ᠬᠠᠤᠯᠢ ᠶᠣᠰᠤᠭᠠᠷ ᠬᠠᠰᠤᠵᠦ ᠪᠣᠯᠬᠤ ᠪᠤᠰᠤᠳ ᠪᠠᠶᠢᠳᠠᠯ᠃ | ︵ᠳᠦᠷᠪᠡ︶ ᠬᠢᠷᠢ ᠴᠢᠳᠠᠮᠵᠢ ᠶᠢ ᠬᠦᠴᠥᠨ ᠦᠭᠡᠢ ᠪᠣᠯᠭᠠᠬᠤ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠷᠣᠨ ᠰᠠᠭᠤᠴᠠ ᠬᠤᠲᠠ ᠬᠦᠳᠡᠭᠡ ᠶᠢᠨ | ᠪᠦᠲᠥᠭᠡᠨ ᠪᠠᠶᠢᠭᠤᠯᠤᠯᠲᠠ ᠶᠢᠨ ᠶᠠᠮᠤᠨ ᠨᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ | ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠠᠤᠯᠢ ᠶᠣᠰᠤᠭᠠᠷ ᠬᠦᠴᠥᠨ ᠦᠭᠡᠢ ᠪᠣᠯᠭᠠᠬᠤ ᠶᠢᠨ ᠬᠠᠮᠲᠦ ᠬᠢᠷᠢ | ᠴᠢᠳᠠᠮᠵᠢ ᠶᠢᠨ ᠦᠨᠡᠮᠯᠡᠯ ᠢ ᠨᠢ ᠬᠦᠴᠥᠨ ᠦᠭᠡᠢ ᠪᠣᠯᠭᠠᠭᠰᠨ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ | ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠳᠡᠭᠡᠷ᠎ᠡ ᠠᠯᠪᠠᠨ ᠳᠤ ᠵᠠᠷᠯᠠᠨ᠎ᠠ᠄ | 1. ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭ᠎ᠠ ᠨᠢ ᠳᠦᠭᠦᠷᠥᠭᠰᠡᠨ ᠪᠠᠶᠢᠲᠠᠯ᠎ᠠ | ᠦᠷᠭᠦᠯᠵᠢᠯᠡᠭᠦᠯᠬᠦ ᠪᠠᠷ ᠬᠠᠤᠯᠢ ᠶᠣᠰᠤᠭᠠᠷ ᠭᠤᠶᠤᠴᠢᠯᠠᠭᠰᠠᠨ ᠦᠭᠡᠢ︔ | 2. ᠠᠵᠦ ᠠᠬᠤᠶᠢᠯᠠᠯ ᠲᠠᠮᠫᠤᠷᠠᠭᠰᠠᠨ᠂ ᠡᠭᠦᠳᠡ ᠪᠠᠨ ᠬᠠᠭᠠᠭᠰᠠᠨ ᠵᠡᠷᠭᠡ ᠰᠢᠯᠲᠠᠭᠠᠨ ᠠᠴᠠ ᠪᠣᠯᠵᠦ ᠬᠠᠤᠯᠢ | ᠶᠣᠰᠤᠭᠠᠷ ᠳᠠᠭᠤᠰᠤᠭᠰᠠᠨ︔ | 3. ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠢᠶᠠᠨ ᠬᠠᠰᠤᠭᠤᠯᠤᠭᠰᠠᠨ᠂ ᠪᠤᠴᠠᠭᠠᠯᠭᠠᠭᠰᠠᠨ ᠪᠤᠶᠤ | ᠬᠤᠷᠢᠶᠠᠯᠭᠠᠭᠠᠳ ᠬᠦᠴᠥᠨ ᠦᠭᠡᠢ ᠪᠣᠯᠭᠠᠭᠳᠠᠭᠰᠠᠨ︔ | 4. ᠬᠢᠷᠢ ᠴᠢᠳᠠᠮᠵᠢ ᠶᠢ ᠬᠦᠴᠥᠨ ᠦᠭᠡᠢ ᠪᠣᠯᠭᠠᠬᠤ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ | ᠲᠣᠭᠲᠠᠭᠠᠭᠰᠠᠨ ᠪᠤᠰᠤᠳ ᠪᠠᠶᠢᠳᠠᠯ᠃ | ︵ᠲᠠᠪᠤ︶ ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠳᠠᠬᠢᠵᠦ ᠬᠢᠨᠠᠨ ᠲᠣᠭᠲᠠᠭᠠᠬᠤ | ᠬᠢᠷᠢ ᠴᠢᠳᠠᠮᠵᠢ ᠣᠯᠣᠭᠰᠠᠨ ᠤᠨ ᠳᠠᠷᠠᠭ᠎ᠠ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ | ᠠᠬᠠᠦ᠋ᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠤᠭᠰᠠᠨ ᠪᠣᠯ | ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠠᠰᠢᠭ ᠬᠤᠣᠷ ᠤᠨ | ᠬᠠᠷᠢᠴᠠᠭ᠎ᠠ ᠲᠠᠢ ᠬᠦᠮᠥᠨ ᠤ ᠭᠤᠶᠤᠴᠢᠯᠠᠭᠰᠠᠨ ᠢ ᠦᠨᠳᠥᠰᠥᠯᠡᠬᠦ ᠪᠤᠶᠤ ᠡᠷᠬᠡ ᠲᠤᠰᠢᠶᠠᠯ ᠢᠶᠠᠨ ᠦᠨᠳᠥᠰᠥᠯᠡᠨ | ᠵᠠᠷᠯᠢᠭᠳᠠᠵᠦ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ ᠬᠢᠯᠭᠡᠨ᠎ᠡ︔ ᠬᠤᠭᠤᠴᠠᠭ᠎ᠠ ᠬᠡᠲᠥᠷᠡᠲᠡᠯ᠎ᠡ | ᠵᠠᠯᠠᠷᠠᠭᠤᠯᠬᠤ ᠦᠭᠡᠢ ᠪᠣᠯ ᠣᠷᠣᠨ ᠰᠠᠭᠤᠴᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠬᠢᠷᠢ | ᠴᠢᠳᠠᠮᠵᠢ ᠶᠢ ᠨᠢ ᠪᠤᠴᠠᠭᠠᠵᠦ ᠠᠪᠤᠨ᠎ᠠ᠃ ᠬᠢᠷᠢ ᠴᠢᠳᠠᠮᠵᠢ ᠪᠠᠨ ᠪᠤᠴᠠᠭᠠᠯᠭᠠᠭᠰᠠᠨ ᠠᠵᠦ ᠠᠬᠤᠶᠢᠯᠠᠯ ᠪᠤᠳᠠᠲᠠᠢ | ᠬᠦᠷᠥᠭᠰᠡᠨ ᠬᠢᠷᠢ ᠴᠢᠳᠠᠮᠵᠢ ᠶᠢᠨ ᠢᠶᠠᠨ ᠪᠠᠷᠢᠮᠵᠢᠶ᠎ᠠ ᠪᠣᠯᠣᠨ ᠬᠢᠷᠢ ᠴᠢᠳᠠᠮᠵᠢ ᠬᠢᠨᠠᠨ ᠵᠦᠪᠰᠢᠶᠡᠷᠡᠬᠦ ᠲᠡᠰ | ᠳᠠᠷᠠᠭᠠᠯᠠᠯ ᠤᠨ ᠱᠠᠭᠠᠷᠳᠠᠯᠭ᠎ᠠ ᠶᠣᠰᠤᠭᠠᠷ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ | ᠶᠠᠮᠤᠨ ᠪᠤᠶᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠢᠷᠢ ᠴᠢᠳᠠᠮᠵᠢ ᠶᠢᠨ ᠢᠶᠠᠨ | ᠲᠡᠰ ᠢ ᠳᠠᠬᠢᠵᠦ ᠬᠢᠨᠠᠨ ᠲᠣᠭᠲᠠᠭᠠᠯᠭᠠᠬᠤ ᠪᠠᠷ ᠭᠤᠶᠤᠴᠢᠯᠠᠵᠦ ᠪᠣᠯᠤᠨ᠎ᠠ᠃ | ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠳᠦᠷᠢᠮ ᠢᠶᠠᠨ ᠦᠭᠡᠷᠡᠴᠢᠯᠡᠭᠰᠡᠨ᠂ ᠳᠠᠬᠢᠨ ᠵᠣᠬᠢᠶᠠᠨ | ᠪᠠᠶᠢᠭᠤᠯᠤᠭᠰᠠᠨ ᠪᠤᠶᠤ ᠰᠠᠯᠭᠠᠵᠦ ᠪᠠᠶᠢᠭᠤᠯᠤᠭᠰᠠᠨ ᠠᠵᠦ ᠠᠬᠤᠶᠢᠯᠠᠯ ᠬᠡᠷᠪᠡ ᠬᠢᠷᠢ ᠴᠢᠳᠠᠮᠵᠢ ᠪᠠᠨ ᠬᠤᠪᠢᠷᠠᠭᠠᠬᠤ | ᠨᠦᠬᠦᠴᠡᠯ ᠳᠤ ᠨᠡᠶᠢᠴᠡᠬᠦ ᠦᠭᠡᠢ ᠪᠣᠯ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠲᠡᠰ ᠳᠠᠷᠠᠭᠠᠯᠠᠯ ᠤᠨ ᠶᠣᠰᠤᠭᠠᠷ᠂ | ᠬᠢᠷᠢ ᠴᠢᠳᠠᠮᠵᠢ ᠶᠢᠨ ᠲᠡᠰ ᠢᠶᠠᠨ ᠳᠠᠬᠢᠵᠦ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃ | ᠶᠢᠰᠥᠳᠥᠭᠡᠷ ᠵᠦᠢᠯ ᠪᠤᠰᠤᠳ ᠬᠤᠯᠪᠤᠭᠳᠠᠯ ᠪᠦᠬᠦᠢ ᠤᠴᠢᠷ ᠢ ︽ᠪᠦᠲᠥᠭᠡᠨ ᠪᠠᠶᠢᠭᠤᠯᠤᠯᠲᠠ ᠶᠢᠨ ᠶᠠᠮᠤᠨ ᠤ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠠᠵᠢᠯ ᠤᠨ ᠳᠦᠷᠢᠮ︾ ᠤᠨ ᠶᠣᠰᠤᠭᠠᠷ ᠬᠡᠷᠡᠭᠵᠢᠭᠦᠯᠥᠨ᠎ᠡ᠃ | | ᠠᠷᠪᠠᠳᠤᠭᠠᠷ ᠵᠦᠢᠯ ᠲᠤᠰ ᠳᠦᠷᠢᠮ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ | ᠪᠠᠶᠢᠭᠤᠯᠤᠯᠲᠠ ᠶᠢᠨ ᠶᠠᠮᠤᠨ ᠬᠠᠷᠢᠭᠤᠴᠠᠨ ᠲᠠᠶᠢᠯᠪᠥᠷᠢᠯᠡᠵᠦ᠂ ᠨᠡᠶᠢᠲᠡᠯᠡᠭᠰᠡᠨ ᠡᠳᠥᠷ ᠠᠴᠠ ᠡᠬᠢᠯᠡᠵᠦ ᠬᠡᠷᠡᠭᠵᠢᠭᠦᠯᠥᠨ᠎ᠡ | ᠃ ᠤᠤᠯ ᠤᠨ ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠬᠢᠷᠢ ᠴᠢᠳᠠᠮᠵᠢ ᠶᠢᠨ | ᠬᠠᠮᠢᠶᠠᠷᠤᠯᠲᠠ ᠶᠢᠨ ᠠᠷᠭ᠎ᠠ︾ ︵ᠪᠦᠲᠥᠭᠡᠨ ᠬᠤᠲᠠ ︹1995︺ 383 ᠳ᠋ᠤᠭᠠᠷ ᠲᠣᠭᠠᠲᠦ︶ ᠪᠣᠯᠣᠨ ︽ | ᠪᠦᠲᠥᠭᠡᠨ ᠪᠠᠶᠢᠭᠤᠯᠤᠯᠲᠠ ᠶᠢᠨ ᠶᠠᠮᠤᠨ ᠤ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ | ᠠᠬᠤᠶᠢᠯᠠᠯ ᠤᠨ ᠬᠢᠷᠢ ᠴᠢᠳᠠᠮᠵᠢ ᠪᠠᠷ ᠮᠡᠳᠡᠭᠦᠯᠬᠦ ᠪᠠ ᠬᠢᠨᠠᠨ ᠵᠦᠪᠰᠢᠶᠡᠷᠡᠬᠦ ᠳᠦᠷᠢᠮ︾ ︵ᠪᠦᠲᠥᠭᠡᠨ ᠬᠤᠲᠠ | ︹2007︺ 27 ᠳ᠋ᠤᠭᠠᠷ ᠲᠣᠭᠠᠲᠦ︶ ᠢ ᠡᠭᠦᠨ ᠤ ᠬᠠᠮᠲᠦ ᠬᠦᠴᠥᠨ ᠦᠭᠡᠢ ᠪᠣᠯᠭᠠᠨ᠎ᠠ᠃ | | | | | | | | | | | ᠁ |