ᠵᠦᠢᠯᠡᠰ ᠤᠨ ᠳ᠋ᠤᠭᠠᠷᠯᠠᠯ᠄ 0100039000 | ᠵᠦᠢᠯᠡᠰ ᠤᠨ ᠲᠥᠷᠥᠯ᠄ ᠵᠠᠰᠠᠭ ᠵᠠᠬᠢᠷᠭᠠᠨ ᠤ ᠵᠥᠪᠰᠢᠶᠡᠷᠡᠯ | ᠭᠦᠢᠴᠡᠳᠬᠡᠬᠦ ᠮᠠᠲ᠋ᠧᠷᠢᠶᠠᠯ ᠤᠨ ᠲᠥᠷᠥᠯ᠄ ᠠᠮᠠᠯᠠᠯᠲᠠ ᠶᠢᠨ ᠮᠠᠲ᠋ᠧᠷᠢᠶᠠᠯ | ᠬᠡᠷᠡᠭᠵᠢᠭᠦᠯᠬᠦ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ᠬᠡᠷᠡᠭᠵᠢᠭᠦᠯᠬᠦ ᠭᠤᠣᠯ ᠴᠣᠭᠴᠠ᠄ ᠬᠠᠤᠯᠢ ᠶᠣᠰᠣᠨ ᠤ ᠪᠠᠶᠢᠭᠤᠯᠭ᠎ᠠ | ᠭᠦᠢᠴᠡᠳᠬᠡᠬᠦ ᠱᠠᠲᠤ ᠳᠡᠰ᠄ ᠥᠪᠡᠷᠲᠡᠭᠡᠨ ᠵᠠᠰᠠᠬᠤ ᠣᠷᠣᠨ ᠤ ᠱᠠᠲᠤ | ᠲᠣᠭᠠᠨ ᠤ ᠬᠢᠵᠠᠭᠠᠷ᠄ | ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠬᠤᠭᠤᠴᠠᠭ᠎ᠠ᠄ 15 ︵ᠠᠵᠢᠯᠯᠠᠬᠤ ᠡᠳᠦᠷ︶ | ᠠᠮᠠᠯᠠᠯᠲᠠ ᠶᠢᠨ ᠭᠦᠢᠴᠡᠳᠬᠡᠬᠦ ᠬᠤᠭᠤᠴᠠᠭ᠎ᠠ᠄ 15 ︵ᠠᠵᠢᠯᠯᠠᠬᠤ ᠡᠳᠦᠷ︶ | ᠰᠦᠢᠳᠬᠡᠯ ᠬᠤᠷᠢᠶᠠᠬᠤ ᠡᠰᠡᠬᠦ᠄ ᠦᠭᠡᠢ | ᠭᠦᠢᠴᠡᠳᠬᠡᠭᠰᠡᠨ ᠳ᠋ᠦᠩ ᠤᠨ ᠲᠥᠷᠥᠯ᠄ ᠵᠥᠪᠰᠢᠶᠡᠷᠡᠯ ᠤᠨ ᠪᠢᠴᠢᠭ | ᠭᠦᠢᠴᠡᠳᠬᠡᠭᠰᠡᠨ ᠳ᠋ᠦᠩ ᠢ ᠠᠪᠬᠤ ᠠᠷᠭ᠎ᠠ ᠮᠠᠶ᠋ᠢᠭ᠄ ᠥᠪᠡᠷ ᠢᠶᠠᠨ ᠠᠪᠤᠨ᠎ᠠ | ᠭᠦᠢᠴᠡᠳᠬᠡᠬᠦ ᠬᠡᠯᠪᠡᠷᠢ᠄ ᠴᠣᠩᠬᠤᠪᠴᠢ ᠪᠠᠷ ᠭᠦᠢᠴᠡᠳᠬᠡᠨ᠎ᠡ | ᠬᠢᠨᠠᠯᠲᠠ ᠵᠠᠭᠠᠯᠳᠤᠯᠭ᠎ᠠ᠄ ᠣᠳᠣ ᠳᠠᠭᠠᠨ ᠠᠯᠠᠭ᠎ᠠ | ᠯᠠᠪᠯᠠᠬᠤ ᠤᠲᠠᠰᠤ᠄ ᠣᠳᠣ ᠳᠠᠭᠠᠨ ᠠᠯᠠᠭ᠎ᠠ | ᠬᠦᠯᠢᠶᠡᠨ ᠠᠪᠴᠤ ᠭᠦᠢᠴᠡᠳᠬᠡᠬᠦ ᠨᠥᠬᠦᠴᠡᠯ᠄ | ︵1︶ ᠬᠠᠤᠯᠢ ᠶᠣᠰᠣᠭᠠᠷ ᠪᠦᠷᠢᠳᠬᠡᠭᠦᠯᠦᠭᠰᠡᠨ ᠪᠤᠶᠤ ᠪᠤᠶᠠᠨ ᠤ ᠵᠣᠬᠢᠶᠠᠨ ᠪᠠᠶᠢᠭᠤᠯᠤᠯᠲᠠ ᠭᠡᠵᠦ | ᠮᠠᠭᠠᠳᠯᠠᠭᠳᠠᠭᠠᠳ ᠪᠦᠬᠦᠯᠢ ᠬᠤᠶᠠᠷ ᠵᠢᠯ ᠪᠣᠯᠣᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ︵ᠰᠠᠭᠤᠷᠢ | ᠮᠥᠩᠭᠦᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ︶ ᠨᠢ ᠢᠯᠡ ᠪᠠᠷ | ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠬᠤ ᠳᠤ᠂ ᠳᠠᠷᠠᠭᠠᠬᠢ ᠨᠥᠬᠦᠴᠡᠯ ᠳᠤ ᠨᠡᠶᠢᠴᠡᠭᠰᠡᠨ ᠪᠠᠶᠢᠪᠠᠯ ᠵᠣᠬᠢᠨ᠎ᠠ | ᠄ 1. ᠬᠠᠤᠯᠢ ᠴᠠᠭᠠᠵᠠ ᠬᠠᠤᠯᠢ ᠳᠦᠷᠢᠮ ᠪᠠ ᠲᠤᠰ ᠵᠣᠬᠢᠶᠠᠨ ᠪᠠᠶᠢᠭᠤᠯᠤᠯᠲᠠ ᠶᠢᠨ ᠳᠦᠷᠢᠮ ᠢ ᠦᠨᠳᠦᠰᠦᠯᠡᠨ | ᠪᠦᠲᠦᠴᠡ ᠶᠢ ᠵᠠᠰᠠᠨ ᠴᠡᠭᠴᠡᠯᠡᠵᠦ᠂ ᠬᠡᠷᠡᠭ ᠡᠷᠬᠢᠯᠡᠭᠴᠢᠳ ᠤᠨ ᠵᠦᠪᠯᠡᠯ ᠡᠷᠴᠢᠮᠲᠡᠢ ᠰᠢᠢᠳᠪᠦᠷᠢ ᠭᠠᠷᠭᠠᠵᠤ᠂ | ᠬᠠᠷᠢᠭᠤᠴᠠᠯᠭᠠᠲᠠᠨ ᠤ ᠲᠤᠰᠢᠶᠠᠯ ᠡᠭᠦᠷᠭᠡ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠵᠤ᠂ ᠬᠡᠷᠡᠭ | ᠡᠷᠬᠢᠯᠡᠬᠦ ᠵᠥᠪᠯᠡᠯ ᠤᠨ ᠪᠦᠷᠢᠯᠳᠦᠬᠦᠨ ᠪᠠ ᠬᠠᠷᠢᠭᠤᠴᠠᠯᠭᠠᠲᠠᠨ ᠨᠢ ᠲᠤᠰᠢᠶᠠᠯ ᠢᠶᠠᠨ ᠬᠢᠴᠢᠶᠡᠩᠭᠦᠢ ᠭᠦᠢᠴᠡᠳᠬᠡᠳᠡᠭ᠂ | ᠦᠨᠡᠨᠴᠢ ᠢᠲᠡᠭᠡᠮᠵᠢ ᠲᠠᠢ ᠪᠠᠶᠢᠬᠤ᠃ 2. ᠬᠡᠷᠡᠭ ᠡᠷᠬᠢᠯᠡᠬᠦ ᠵᠥᠪᠯᠡᠯ ᠤᠨ ᠪᠦᠷᠢᠯᠳᠦᠬᠦᠨ ᠨᠢ ᠠᠳᠠᠯᠢ ᠨᠢᠭᠡ ᠵᠣᠬᠢᠶᠠᠨ | ᠪᠠᠶᠢᠭᠤᠯᠤᠯᠲᠠ ᠪᠣᠯᠣᠨ ᠬᠤᠭᠤᠷᠣᠨᠳᠤ ᠪᠠᠨ ᠬᠤᠯᠪᠣᠭ᠎ᠠ ᠪᠦᠬᠦᠢ ᠬᠠᠷᠢᠯᠴᠠᠭ᠎ᠠ ᠲᠠᠢ ᠵᠣᠬᠢᠶᠠᠨ ᠪᠠᠶᠢᠭᠤᠯᠤᠯᠲᠠ ᠠᠴᠠ | ᠢᠷᠠᠯ ᠲᠠᠢ ᠬᠡᠰᠡᠭ ᠨᠢ ᠭᠤᠷᠪᠠᠨ ᠤ ᠨᠢᠭᠡ ᠠᠴᠠ ᠳᠠᠪᠠᠵᠤ ᠪᠣᠯᠬᠤ ᠦᠭᠡᠢ᠂ ᠬᠤᠭᠤᠷᠣᠨᠳᠤ ᠪᠠᠨ ᠣᠶᠢᠷ᠎ᠠ ᠰᠠᠳᠤᠨ ᠤ | ᠬᠠᠷᠢᠯᠴᠠᠭ᠎ᠠ ᠲᠠᠢ ᠬᠥᠮᠥᠰ ᠬᠡᠷᠡᠭ ᠡᠷᠬᠢᠯᠡᠬᠦ ᠵᠥᠪᠯᠡᠯ ᠳᠤ ᠴᠤᠭ ᠢᠶᠠᠷ ᠲᠤᠰᠢᠶᠠᠯ ᠡᠭᠦᠷᠭᠡᠯᠡᠬᠦ ᠦᠭᠡᠢ ᠪᠠᠶᠢᠬᠤ᠃ 3. | ᠬᠡᠷᠡᠭ ᠡᠷᠬᠢᠯᠡᠬᠦ ᠵᠥᠪᠯᠡᠯ ᠤᠨ ᠪᠦᠷᠢᠯᠳᠦᠬᠦᠨ ᠳᠣᠲᠣᠷ᠎ᠠ ᠡᠬᠡ ᠭᠠᠵᠠᠷ ᠤᠨ ᠪᠤᠰᠤ ᠰᠠᠭᠤᠭᠠᠯᠢ ᠠᠷᠠᠳ ᠭᠤᠷᠪᠠᠨ ᠤ | ᠨᠢᠭᠡ ᠠᠴᠠ ᠳᠠᠪᠠᠵᠤ ᠪᠤᠯᠬᠤ ᠦᠭᠡᠢ᠂ ᠬᠠᠤᠯᠢ ᠶᠣᠰᠣᠨ ᠤ ᠲᠥᠯᠥᠭᠡᠯᠡᠭᠴᠢ ᠶᠢ ᠡᠬᠡ ᠭᠠᠵᠠᠷ ᠤᠨ ᠰᠠᠭᠤᠭᠠᠯᠢ ᠠᠷᠠᠳ | ᠡᠭᠦᠷᠭᠡᠯᠡᠨ᠎ᠡ᠃ 4. ᠨᠠᠷᠢᠨ ᠪᠢᠴᠢᠭ ᠤᠨ ᠳᠠᠷᠤᠭ᠎ᠠ ᠨᠢ ᠲᠤᠰᠬᠠᠢ ᠲᠤᠰᠢᠶᠠᠯ ᠲᠠᠢ ᠪᠠᠶᠢᠨ᠎ᠠ᠂ ᠬᠡᠷᠡᠭ | ᠡᠷᠬᠢᠯᠡᠭᠴᠢᠳ ᠤᠨ ᠳᠠᠷᠤᠭ᠎ᠠ ︵ᠨᠡᠶᠢᠭᠡᠮᠯᠢᠭ ᠤᠨ ᠳᠠᠷᠤᠭ᠎ᠠ︶᠂ ᠨᠠᠷᠢᠨ ᠪᠢᠴᠢᠭ ᠤᠨ ᠳᠠᠷᠤᠭ᠎ᠠ ᠶᠢ ᠨᠢᠭᠡ ᠬᠥᠮᠥᠨ | ᠬᠠᠪᠰᠤᠷᠭᠠᠨ ᠡᠭᠦᠷᠭᠡᠯᠡᠵᠦ ᠪᠣᠯᠬᠤ ᠦᠭᠡᠢ᠃ ᠲᠤᠰ ᠪᠤᠶᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ | ᠶᠠᠪᠤᠭᠤᠯᠬᠤ ᠳᠤ ᠵᠣᠬᠢᠴᠠᠭᠰᠠᠨ ᠲᠤᠰᠬᠠᠢ ᠲᠤᠰᠢᠶᠠᠯᠲᠤ ᠠᠵᠢᠯᠲᠠᠨ ᠲᠠᠢ ᠪᠠᠶᠢᠬᠤ᠃ 5. ᠮᠤᠵᠢ ᠶᠢᠨ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠪᠦᠷᠢᠳᠬᠡᠭᠦᠯᠦᠭᠰᠡᠨ ᠪᠤᠶᠠᠨ ᠤ ᠵᠣᠬᠢᠶᠠᠨ | ᠪᠠᠶᠢᠭᠤᠯᠤᠯᠲᠠ ᠨᠢ ᠭᠤᠷᠪᠠ ᠠᠴᠠ ᠳᠡᠭᠡᠭᠰᠢ ᠬᠢᠨᠠᠭᠴᠢ ᠠᠴᠠ ᠪᠦᠷᠢᠯᠳᠦᠭᠰᠡᠨ ᠬᠢᠨᠠᠭᠴᠢ ᠶᠢᠨ ᠵᠥᠪᠯᠡᠯ ᠲᠠᠢ ᠪᠠᠶᠢᠨ᠎ᠠ᠃ | 6. ᠬᠠᠤᠯᠢ ᠶᠣᠰᠣᠭᠠᠷ ᠭᠠᠶᠢᠯᠢ ᠶᠢᠨ ᠳᠠᠩᠰᠠᠯᠠᠭᠤᠯᠤᠯᠲᠠ ᠬᠢᠵᠦ᠂ ᠭᠠᠶᠢᠯᠢ ᠲᠤᠰᠢᠶᠠᠬᠤ ᠡᠭᠦᠷᠭᠡ ᠪᠠᠨ ᠭᠦᠢᠴᠡᠳᠬᠡᠨ᠎ᠡ | ᠃ 7. ᠲᠣᠭᠲᠠᠭᠠᠯ ᠶᠣᠰᠣᠭᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠯᠲᠡ ᠳᠤ ᠣᠷᠣᠯᠴᠠᠨ᠂ | ᠦᠨᠡᠯᠡᠯᠲᠡ ᠶᠢᠨ ᠳ᠋ᠦᠩ ᠨᠢ 3A ᠠᠴᠠ ᠳᠡᠭᠡᠭᠰᠢ ᠪᠠᠶᠢᠬᠤ᠃ 8. ᠭᠤᠶᠤᠴᠢᠯᠠᠬᠤ ᠦᠶ᠎ᠡ ᠳᠤ ᠬᠡᠪ ᠤᠨ ᠪᠤᠰᠤ | ᠨᠡᠷᠡᠰ ᠤᠨ ᠵᠢᠭᠰᠠᠭᠠᠯᠲᠠ ᠳᠤ ᠣᠷᠤᠭ᠎ᠠ ᠦᠭᠡᠢ ᠪᠠᠶᠢᠬᠤ᠃ 9. ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ | ᠭᠤᠶᠤᠴᠢᠯᠠᠬᠤ ᠠᠴᠠ ᠡᠮᠦᠨᠡᠬᠢ ᠬᠤᠶᠠᠷ ᠵᠢᠯ ᠳᠤ᠂ ᠨᠡᠶᠢᠭᠡᠮ ᠤᠨ ᠵᠣᠬᠢᠶᠠᠯ ᠪᠠᠶᠢᠭᠤᠯᠤᠯᠲᠠ ᠶᠢᠨ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠵᠦ ᠵᠠᠰᠠᠭ ᠵᠠᠬᠢᠷᠭᠠᠨ ᠤ ᠰᠢᠢᠳᠬᠡᠯ ᠣᠯᠤᠭ᠎ᠠ ᠦᠭᠡᠢ᠂ ᠬᠠᠤᠯᠢ | ᠴᠠᠭᠠᠵᠠ᠂ ᠬᠠᠤᠯᠢ ᠳᠦᠷᠢᠮ᠂ ᠤᠯᠤᠰ ᠤᠨ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ ᠪᠤᠰᠤᠳ ᠠᠵᠢᠯᠯᠠᠭ᠎ᠠ | ᠦᠭᠡᠢ ᠪᠠᠶᠢᠬᠤ᠃ | ︵2︶ ︽ᠪᠤᠶᠠᠨ ᠤ ᠦᠢᠯᠡᠰ ᠤᠨ ᠬᠠᠤᠯᠢ︾ ᠨᠡᠶᠢᠲᠡᠯᠡᠭᠳᠡᠬᠦ ᠠᠴᠠ ᠡᠮᠦᠨ᠎ᠡ ᠪᠠᠶᠢᠭᠤᠯᠤᠭᠰᠠᠨ ᠠᠯᠪᠠᠨ ᠤ | ᠬᠠᠨᠳᠢᠪ ᠤᠨ ᠪᠤᠰᠤ ᠰᠠᠭᠤᠷᠢ ᠮᠥᠩᠭᠦᠨ ᠤ ᠨᠡᠶᠢᠭᠡᠮᠯᠢᠭ ᠨᠢ᠂ ᠠᠰᠠᠷᠠᠮᠵᠢ ᠶᠢᠨ ᠰᠢᠨᠵᠢ ᠲᠠᠢ ᠬᠠᠨᠳᠢᠪ ᠥᠭᠭᠦᠯᠭᠡ ᠶᠢᠨ | ᠭᠠᠶᠢᠯᠢ ᠶᠢᠨ ᠡᠮᠦᠨ᠎ᠡ ᠰᠠᠭᠤᠳᠬᠠᠬᠤ ᠬᠢᠷᠢ ᠬᠡᠮ ᠲᠠᠢ ᠨᠡᠶᠢᠭᠡᠮ ᠤᠨ ᠪᠦᠯᠬᠦᠮ ᠪᠣᠯ᠂ ᠪᠦᠷᠬᠦᠭᠦᠯᠦᠭᠰᠡᠨ | ᠡᠳᠦᠷ ᠢᠶᠠᠷ ᠨᠢ ᠪᠦᠬᠦᠯᠢ ᠬᠤᠶᠠᠷ ᠵᠢᠯ ᠭᠦᠢᠴᠡᠭᠰᠡᠨ ᠨᠥᠬᠦᠴᠡᠯ ᠲᠠᠢ ᠡᠬᠢᠯᠡᠯᠲᠡ ᠶᠢᠨ ᠴᠡᠭ ᠪᠣᠯᠭᠠᠨ᠎ᠠ᠂ | ᠪᠦᠷᠢᠳᠬᠡᠭᠡᠳ ᠪᠦᠬᠦᠯᠢ ᠬᠤᠶᠠᠷ ᠵᠢᠯ ᠪᠣᠯᠵᠤ᠂ ᠪᠤᠶᠠᠨ ᠤ ᠵᠣᠬᠢᠶᠠᠨ ᠪᠠᠶᠢᠭᠤᠯᠤᠯᠲᠠ ᠪᠠᠷ ᠮᠠᠭᠠᠳᠯᠠᠭᠰᠠᠨ ᠪᠣᠯ᠂ | ᠳᠡᠭᠡᠷᠡᠬᠢ ᠨᠥᠬᠦᠴᠡᠯ ᠢᠶᠠᠷ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠨ᠎ᠠ᠃ | ︵3︶ ︽ᠪᠤᠶᠠᠨ ᠤ ᠦᠢᠯᠡᠰ ᠤᠨ ᠬᠠᠤᠯᠢ︾ ᠨᠡᠶᠢᠲᠡᠯᠡᠭᠳᠡᠬᠦ ᠠᠴᠠ ᠡᠮᠦᠨ᠎ᠡ ᠪᠦᠷᠢᠳᠬᠡᠭᠦᠯᠵᠦ | ᠪᠠᠶᠢᠭᠤᠯᠤᠭᠰᠠᠨ ᠨᠡᠶᠢᠲᠡ ᠶᠢᠨ ᠬᠠᠨᠳᠢᠪ ᠤᠨ ᠰᠠᠭᠤᠷᠢ ᠮᠥᠩᠭᠦᠨ ᠤ ᠨᠡᠶᠢᠭᠡᠮᠯᠢᠭ ᠨᠢ ᠪᠤᠶᠠᠨ ᠤ ᠵᠣᠬᠢᠶᠠᠨ | ᠪᠠᠶᠢᠭᠤᠯᠤᠯᠲᠠ ᠶᠢᠨ ᠰᠢᠨᠵᠢ ᠴᠢᠨᠠᠷ ᠢ ᠬᠠᠷᠠᠭᠤᠯᠤᠭᠰᠠᠨ ᠳᠠᠩᠰᠠᠯᠠᠭᠤᠯᠤᠯᠲᠠ ᠤᠨ ᠦᠨᠡᠮᠯᠡᠯ ᠢᠶᠠᠷ ᠢᠶᠠᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠠᠴᠠ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠰᠢᠭᠤᠳ | ᠭᠤᠶᠤᠴᠢᠯᠠᠵᠤ ᠠᠪᠤᠨ᠎ᠠ᠃ | ᠲᠣᠬᠢᠷᠠᠭᠤᠯᠤᠭᠰᠠᠨ ᠦᠨᠳᠦᠰᠦᠯᠡᠯ᠄ | ︽ᠪᠤᠶᠠᠨ ᠤ ᠦᠢᠯᠡᠰ ᠤᠨ ᠬᠠᠤᠯᠢ︾᠂ ︽ᠪᠤᠶᠠᠨ ᠤ ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪ | ᠴᠤᠭᠯᠠᠭᠤᠯᠬᠤ ᠶᠢ ᠬᠠᠮᠢᠶᠠᠷᠬᠤ ᠠᠷᠭ᠎ᠠ︾ | | | | | | | | | | | ᠁ |