ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠵᠦ ᠪᠠᠶᠢᠭ᠎ᠠ ᠬᠤᠭᠤᠴᠠᠭᠠᠨ ᠳᠤ ᠭᠦᠢᠴᠡᠳᠭᠡᠪᠡᠰᠦ ᠵᠣᠬᠢᠬᠤ ᠡᠭᠦᠷᠭᠡ
ᠨᠡᠶᠢᠲᠡᠯᠡᠭᠰᠡᠨ ᠴᠠᠭ᠄
2021/10/12
     1. ᠭᠡᠷ ᠪᠦᠯᠢ ᠶᠢᠨ ᠪᠦᠷᠢᠯᠳᠦᠭᠦᠨ ᠵᠢᠴᠢ ᠣᠷᠣᠯᠭ᠎ᠠ ᠶᠢᠨ ᠬᠤᠪᠢᠷᠠᠯᠲᠠ ᠶᠢᠨ ᠪᠠᠶᠢᠳᠠᠯ ᠢᠶᠠᠨ ᠴᠠᠭ ᠲᠣᠬᠠᠢ ᠳᠤᠨᠢ ᠳᠡᠭᠡᠭᠰᠢ ᠮᠡᠳᠡᠭᠦᠯᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠯᠲᠠ ᠬᠢᠯᠭᠡᠨ᠎ᠠ︔      2. ᠠᠵᠢᠯ ᠣᠯᠬᠤ ᠨᠠᠰᠤᠨ ᠳᠤ ᠪᠠᠶᠢᠭ᠎ᠠ ᠬᠥᠳᠡᠯᠮᠦᠷᠢᠯᠡᠬᠦ ᠴᠢᠳᠠᠪᠤᠷᠢ ᠲᠠᠢ ᠪᠠᠶᠢᠭᠰᠠᠳ ᠰᠠᠨᠠᠭᠠᠴᠢᠯᠠᠭ᠎ᠠ ᠠᠴᠠ ᠪᠠᠨ ᠠᠵᠢᠯ ᠣᠯᠬᠤ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠲᠠᠨᠢᠯᠴᠠᠭᠤᠯᠤᠭᠰᠠᠨ ᠠᠵᠢᠯ ᠢ ᠬᠦᠯᠢᠶᠡᠵᠦ ᠠᠪᠬᠤ ᠬᠡᠷᠡᠭᠲᠡᠢ︔ ᠤᠯᠠᠷᠢᠯ ᠪᠦᠷᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠣᠯᠭᠤᠭᠰᠠᠨ ᠠᠵᠢᠯ ᠣᠯᠣᠭᠰᠠᠨ ᠪᠠᠶᠢᠳᠠᠯ ᠤᠨ ᠭᠡᠷᠡᠴᠢ ᠪᠠᠨ ᠬᠠᠩᠭᠠᠵᠤ᠂ ᠠᠵᠢᠯ ᠣᠯᠣᠭᠰᠠᠨ ᠪᠠᠶᠢᠳᠠᠯ ᠢᠶᠠᠨ ᠮᠡᠳᠡᠭᠦᠯᠦᠭᠰᠡᠨ ᠪᠠᠶᠢᠬᠤ ᠬᠡᠷᠡᠭᠲᠡᠢ︔      3. ᠠᠵᠢᠯ ᠣᠯᠬᠤ ᠨᠠᠰᠤᠨ ᠳᠤ ᠪᠠᠶᠢᠭ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠦᠭᠡᠳ ᠬᠠᠷᠠᠬᠠᠨ ᠠᠵᠢᠯ ᠣᠯᠤᠭ᠎ᠠ ᠦᠭᠡᠢ ᠬᠦᠮᠦᠰ᠂ ᠰᠠᠭᠤᠭ᠎ᠠ ᠭᠠᠵᠠᠷ ᠤᠨ ᠢᠶᠠᠨ ᠰᠠᠭᠤᠭᠠᠯᠢ ︵ᠭᠡᠷ︶ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠥᠳᠡᠯᠮᠦᠷᠢ ᠳᠤ ᠣᠷᠣᠯᠴᠠᠬᠤ ᠬᠡᠷᠡᠭᠲᠡᠢ᠃  
 
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠲᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号