ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠥᠩᠬᠡᠢ ᠡᠪᠯᠡᠯ 1996 | ᠣᠨ ᠤ 12 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠡᠪᠯᠡᠯ | ᠪᠦᠯᠬᠦᠮ ᠤᠨ ᠬᠠᠮᠢᠶᠠᠷᠤᠯᠲᠠ ᠶᠢᠨ ᠲᠣᠪᠴᠢᠶ᠎ᠠ ᠳᠤ ᠲᠡᠮᠳᠡᠭᠯᠡᠭᠦᠯᠥᠨ ᠳᠠᠩᠰᠠᠯᠠᠭᠤᠯᠵᠤ᠂ 2008 ᠣᠨ ᠤ 11 | ᠳ᠋ᠦ᠋ᠭᠡᠷ ᠰᠠᠷ᠎ᠠ ᠶᠢᠨ 26 ᠤ ᠡᠳᠦᠷ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠭᠤᠯᠪᠠ᠃ ᠲᠡᠭᠦᠨ ᠤ ᠵᠣᠷᠢᠯᠲᠠ ᠨᠢ | ᠪᠣᠯ᠄ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠦ᠂ ᠳᠤᠮᠳᠠᠳᠤ ᠶᠢᠨ ᠥᠨᠳᠦᠰᠦᠲᠡᠨ ᠤ ᠶᠠᠳᠠᠭᠤ | ᠬᠦᠴᠢᠷᠳᠡᠯᠲᠡᠢ ᠶᠢ ᠳᠡᠳᠭᠦᠨ ᠲᠤᠰᠠᠯᠠᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠮᠠᠨᠳᠤᠭᠤᠯᠤᠨ᠂ ᠨᠡᠶᠢᠭᠡᠮ | ᠳᠡᠭᠡᠷᠡᠬᠢ ᠠᠵᠠ ᠪᠣᠰᠤ ᠶᠢᠨ ᠬᠤᠪᠢ ᠬᠥᠮᠥᠨ ᠪᠠ ᠬᠦᠴᠢᠷᠳᠡᠯ ᠲᠠᠢ ᠨᠡᠶᠢᠲᠡ ᠴᠣᠭᠴᠠ ᠶᠢ ᠬᠠᠪᠰᠤᠷᠴᠤ᠂ | ᠭᠠᠮᠰᠢᠭ ᠠᠴᠠ ᠠᠪᠤᠷᠠᠬᠤ᠂ ᠶᠠᠳᠠᠭᠤ ᠶᠢ ᠳᠡᠳᠬᠦᠬᠦ᠂ ᠨᠠᠰᠤᠲᠠᠨ ᠢ ᠠᠰᠠᠷᠠᠬᠤ᠂ ᠥᠨᠦᠴᠢᠨ ᠢ ᠲᠤᠰᠠᠯᠠᠬᠤ᠂ ᠰᠤᠷᠭᠠᠨ | ᠬᠦᠮᠥᠵᠢᠯ ᠢ ᠲᠤᠰᠠᠯᠠᠬᠤ᠂ ᠰᠤᠷᠤᠯᠭ᠎ᠠ ᠳᠤ ᠳᠡᠳᠬᠦᠬᠦ᠂ ᠵᠡᠮᠳᠡᠭᠴᠦᠳ ᠢ ᠲᠤᠰᠠᠯᠠᠬᠤ᠂ ᠡᠮᠨᠡᠯᠭᠡ ᠪᠠᠷ ᠲᠤᠰᠠᠯᠠᠬᠤ | ᠵᠡᠷᠭᠡ ᠤᠯᠠᠨ ᠵᠦᠢᠯ ᠤᠨ ᠬᠡᠯᠪᠡᠷᠢ ᠪᠦᠬᠦᠢ ᠨᠡᠶᠢᠭᠡᠮ ᠤᠨ ᠲᠡᠩᠬᠡᠷᠡᠭᠦᠯᠥᠨ ᠲᠤᠰᠠᠯᠠᠬᠤ ᠠᠵᠢᠯᠯᠠᠭ᠎ᠠ ᠦᠷᠨᠢᠭᠦᠯᠬᠦ | ᠪᠣᠯᠤᠨ᠎ᠠ᠃ | ᠨᠢᠭᠡ᠂ ᠨᠢᠭᠦᠯᠡᠰᠦᠩᠭᠦᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠠᠢ ᠦᠷᠨᠢᠭᠦᠯᠪᠡ᠃ ᠤᠷᠢᠳ | ᠬᠤᠵᠢᠳ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠣᠯᠣᠨ ᠤᠯᠠᠭᠠᠨᠬᠠᠳᠠ ᠬᠤᠲᠠ ᠶᠢᠨ ᠷᠠᠳᠢᠣ᠋ ᠲᠧᠯᠸᠢᠰ | ᠬᠤᠷᠢᠶ᠎ᠠ ᠲᠠᠢ ᠬᠤᠷᠰᠢᠯᠴᠠᠨ᠂ ᠮᠣᠩᠭᠤᠯ ᠬᠢᠲᠠᠳ ᠬᠡᠯᠡᠨ ᠤ ᠷᠠᠳᠢᠣ᠋ ᠫᠷᠦᠭᠷᠡᠮ ︽ᠮᠠᠯᠴᠢᠨ ᠲᠠᠷᠢᠶᠠᠴᠢᠳ ᠤᠨ ᠬᠠᠨᠢ︾ | ᠵᠡᠷᠭᠡ ᠫᠷᠦᠭᠷᠡᠮ ᠳᠤ ᠨᠢᠭᠦᠯᠡᠰᠦᠩᠭᠦᠢ ᠶᠢᠨ ᠠᠵᠢᠯ᠂ ᠨᠢᠭᠦᠯᠡᠰᠦᠩᠭᠦᠢ ᠶᠢᠨ ᠣᠨᠣᠯᠵᠢᠬᠤᠨ᠂ ᠨᠢᠭᠦᠯᠡᠰᠦᠩᠭᠦᠢ ᠶᠢᠨ | ᠰᠣᠶᠣᠯ ᠵᠡᠷᠭᠡ ᠲᠠᠯ᠎ᠠ ᠪᠠᠷ ᠤᠬᠠᠭᠤᠯᠭ᠎ᠠ ᠶᠢᠨ ᠮᠡᠳᠡᠭᠡᠯᠡᠯ ᠬᠢᠵᠦ᠂ ᠤᠬᠠᠭᠤᠯᠭ᠎ᠠ ᠶᠢᠨ ᠪᠡᠯᠡ ᠮᠥᠩᠭᠦ ᠨᠡᠶᠢᠲᠡ 40 | ᠭᠠᠷᠤᠢ ᠲᠥᠮᠡᠨ ᠲᠥᠬᠦᠷᠢᠭ ᠣᠷᠣᠭᠤᠯᠪᠠ᠃ | ᠬᠤᠶᠠᠷ᠂ ᠨᠢᠭᠦᠯᠡᠰᠦᠩᠭᠦᠢ ᠶᠢᠨ ᠲᠡᠩᠬᠡᠷᠡᠭᠦᠯᠥᠨ ᠲᠤᠰᠠᠯᠠᠬᠤ ᠠᠵᠢᠯ ᠢ ᠢᠳᠡᠪᠬᠢᠲᠡᠢ ᠦᠷᠨᠢᠭᠦᠯᠪᠡ᠃ | ᠡᠮᠨᠡᠯᠭᠡ ᠪᠠᠷ ᠳᠡᠳᠬᠦᠬᠦ ᠲᠠᠯ᠎ᠠ ᠪᠠᠷ᠂ 2001 ᠣᠨ ᠠᠴᠠ ᠣᠳᠣ ᠪᠣᠯᠲᠠᠯ᠎ᠠ᠂ ᠳᠤᠮᠳᠠᠳᠤ ᠶᠢᠨ ᠨᠢᠭᠦᠯᠡᠰᠦᠩᠭᠦᠢ ᠶᠢᠨ | ᠶᠡᠷᠥᠩᠬᠡᠢ ᠡᠪᠯᠡᠯ ᠤᠨ ᠵᠢᠯᠣᠭᠤᠳᠤᠯᠭ᠎ᠠ ᠳᠣᠣᠷ᠎ᠠ᠂ ᠠᠮᠧᠷᠢᠺᠠ ᠶᠢᠨ ︽ᠮᠦᠰᠢᠶᠡᠩᠭᠦᠢ ᠴᠤᠪᠤᠭ᠎ᠠ ᠲᠡᠷᠭᠡ︾ ᠶᠢᠨ | ᠪᠠᠶᠢᠭᠤᠯᠤᠮᠵᠢ ᠲᠠᠢ ᠬᠤᠷᠰᠢᠯᠴᠠᠨ᠂ ᠪᠦᠬᠦ ᠣᠷᠣᠨ ᠤ 2300 ᠭᠠᠷᠤᠢ ᠨᠡᠷᠡᠰ ᠤᠷᠤᠭᠤᠯ ᠲᠠᠩᠨᠠᠢ ᠶᠢᠨ ᠠᠩᠭᠠᠷᠬᠠᠢ | ᠡᠪᠡᠳᠴᠢᠲᠡᠨ ᠳᠤ ᠵᠠᠯᠠᠷᠠᠭᠤᠯᠤᠨ ᠵᠠᠰᠠᠬᠤ ᠮᠡᠰᠡ ᠵᠠᠰᠠᠯ ᠬᠢᠵᠦ᠂ ᠠᠮᠵᠢᠯᠲᠠ ᠣᠯᠣᠭᠰᠠᠨ ᠨᠣᠷᠮ᠎ᠠ ᠨᠢ 100% | ᠬᠦᠷᠪᠡ᠃ ᠪᠦᠬᠦ ᠣᠷᠣᠨ ᠤ 120 ᠭᠠᠷᠤᠢ ᠨᠡᠷᠡᠰ ᠴᠢᠰᠤ ᠴᠠᠶᠢᠬᠤ ᠡᠪᠡᠳᠴᠢᠨ ᠤᠯᠤᠭᠰᠠᠨ ᠡᠪᠡᠳᠴᠢᠲᠡᠨ ᠳᠤ | ᠠᠷᠠᠳ ᠤᠨ ᠵᠣᠭᠤᠰ 20106750 ᠲᠥᠬᠦᠷᠢᠭ ᠪᠠ ᠡᠮ ᠤᠨ ᠵᠦᠢᠯ ᠬᠠᠩᠭᠠᠪᠠ᠃ ᠡᠭᠦᠨ ᠤ ᠬᠠᠮᠲᠤ᠂ | ᠢᠳᠡᠪᠬᠢᠲᠠᠢ ᠪᠠᠷ 440 ᠲᠥᠮᠡᠨ ᠲᠥᠬᠦᠷᠢᠭ ᠤᠨ ᠪᠡᠯᠡ ᠮᠥᠩᠭᠦ ᠴᠤᠭᠯᠠᠭᠤᠯᠵᠤ᠂ ᠡᠮᠨᠡᠯᠭᠡ ᠪᠠᠷ ᠲᠤᠰᠠᠯᠠᠬᠤ᠂ | ᠰᠤᠷᠤᠯᠭ᠎ᠠ ᠳᠤ ᠳᠡᠳᠬᠦᠬᠦ᠂ ᠥᠨᠥᠴᠢᠨ ᠢ ᠲᠤᠰᠠᠯᠠᠬᠤ᠂ ᠵᠡᠮᠳᠡᠭᠴᠦᠳ ᠢ ᠲᠤᠰᠠᠯᠠᠬᠤ ᠵᠡᠷᠭᠡ ᠲᠠᠯ᠎ᠠ ᠳᠤ ᠬᠡᠷᠡᠭᠯᠡᠪᠡ᠃ | | ᠭᠤᠷᠪᠠ᠂ ᠨᠢᠭᠦᠯᠡᠰᠦᠩᠭᠦᠢ ᠶᠢᠨ ᠭᠠᠮᠰᠢᠭᠳᠠᠭᠰᠠᠳ ᠢ ᠳᠡᠳᠬᠦᠬᠦ ᠠᠵᠢᠯ᠃ 1998 ᠣᠨ ᠠᠴᠠ ᠡᠬᠢᠯᠡᠨ᠂ | ᠤᠷᠢᠳ ᠬᠤᠵᠢᠳ ᠳᠤᠮᠳᠠᠳᠤ ᠶᠢᠨ ᠨᠢᠭᠦᠯᠡᠰᠦᠩᠭᠦᠢ ᠶᠢᠨ ᠶᠡᠷᠥᠩᠬᠡᠢ ᠡᠪᠯᠡᠯ ᠤᠨ ᠲᠤᠰᠠᠯᠠᠭᠰᠠᠨ 3273 ᠲᠥᠮᠡᠨ | ᠲᠥᠭᠦᠷᠢᠭ ᠢ ᠣᠯᠵᠦ᠂ ᠭᠠᠮᠰᠢᠭᠳᠠᠭᠰᠠᠨ ᠠᠷᠠᠳ ᠤᠨ ᠰᠢᠨ᠎ᠡ ᠲᠣᠰᠬᠤᠨ 59᠂ ᠠᠰᠠᠷᠠᠮᠵᠢ ᠶᠢᠨ ᠪᠡᠯᠡᠳᠭᠡᠮᠵᠢ 11 | ᠭᠠᠵᠠᠷ ᠪᠠ ᠨᠠᠰᠤᠲᠠᠳ ᠠᠰᠠᠷᠠᠬᠤ ᠬᠦᠷᠢᠶᠡᠯᠩ 18 ᠶᠢ ᠪᠠᠶᠢᠭᠤᠯᠪᠠ᠃ ᠡᠭᠦᠨ ᠠᠴᠠ ᠭᠠᠳᠠᠨ᠎ᠠ᠂ ᠢᠳᠡᠪᠬᠢᠲᠡᠢ ᠪᠠᠷ | ᠪᠡᠯᠡ ᠮᠥᠩᠭᠦ ᠴᠤᠭᠯᠠᠭᠤᠯᠬᠤ ᠪᠠᠷ ᠳᠠᠮᠵᠢᠭᠤᠯᠤᠨ᠂ ᠦᠬᠠᠢ᠂ ᠤᠯᠠᠭᠠᠨᠬᠠᠳᠠ᠂ ᠪᠠᠶᠠᠨᠨᠠᠭᠤᠷ᠂ ᠤᠯᠠᠭᠠᠨᠴᠠᠪ ᠵᠡᠷᠭᠡ | ᠠᠶᠢᠮᠠᠭ ᠬᠤᠲᠠ ᠶᠢᠨ ᠭᠠᠮᠰᠢᠭᠳᠠᠭᠰᠠᠨ ᠣᠷᠣᠨ ᠳᠤ ᠤᠷᠢᠳ ᠬᠤᠵᠢᠳ 161.7 ᠲᠦᠮᠡᠨ ᠲᠦᠭᠦᠷᠢᠭ ᠤᠨ | ᠭᠠᠮᠰᠢᠭ ᠠᠴᠠ ᠠᠪᠤᠷᠠᠬᠤ ᠪᠡᠯᠡ ᠮᠥᠩᠭᠦ ᠪᠠᠭᠤᠯᠭᠠᠪᠠ᠃ ᠰᠧᠴᠤᠸᠠᠨ ᠤ ᠸᠧᠨ ᠴᠤᠸᠠᠨ ᠳᠤ ᠬᠦᠴᠥᠲᠠᠢ ᠭᠠᠵᠠᠷ | ᠬᠦᠳᠡᠯᠥᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠥᠩᠬᠡᠢ ᠡᠪᠯᠡᠯ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠠᠮᠲᠤᠷᠠᠨ ᠵᠣᠭᠤᠰ ᠮᠥᠩᠭᠦ | ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠨᠡᠶᠢᠲᠡ 3.6 ᠳ᠋ᠦᠩᠰᠢᠭᠤᠷ ᠲᠦᠭᠦᠷᠢᠭ ᠤᠨ ᠭᠠᠮᠰᠢᠭ ᠠᠴᠠ ᠠᠪᠤᠷᠠᠬᠤ | ᠵᠣᠭᠤᠰ ᠪᠠ ᠡᠳ᠋ ᠪᠠᠷᠠᠭ᠎ᠠ ᠴᠤᠭᠯᠠᠭᠤᠯᠪᠠ᠃ | | | | | | | | | | | ᠁ |